ᠬᠤᠰᠢᠭᠤᠨ ᠨᠠᠮ ᠤᠨ ᠬᠤᠷᠢᠶᠠᠨ ᠤ ᠱᠦᠵᠢ ᠹᠠᠩ ᠷᠦᠢ ᠸᠠᠩ ᠤᠨ ᠬᠤᠷᠢᠶ᠎ᠠ ᠪᠠᠯᠭᠠᠰᠤ᠂ ᠮᠡᠶᠢᠷᠡᠨ ᠪᠠᠯᠭᠠᠰᠤ᠂ ᠠᠷᠪᠠᠨ ᠭᠡᠷ ᠮᠠᠨᠵᠤ ᠦᠨᠳᠦᠰᠦᠲᠡᠨ ᠤ ᠲᠤᠰᠬᠤᠨ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠪᠠ
ᠨᠡᠶᠢᠲᠡᠯᠡᠭᠰᠡᠨ ᠴᠠᠭ᠄
2021/10/26
ᠬᠤᠰᠢᠭᠤᠨ ᠨᠠᠮ ᠤᠨ ᠬᠤᠷᠢᠶᠠᠨ ᠤ ᠱᠦᠵᠢ ᠹᠠᠩ ᠷᠦᠢ ᠸᠠᠩ ᠤᠨ ᠬᠤᠷᠢᠶ᠎ᠠ ᠪᠠᠯᠭᠠᠰᠤ᠂ ᠮᠡᠶᠢᠷᠡᠨ ᠪᠠᠯᠭᠠᠰᠤ᠂ ᠠᠷᠪᠠᠨ ᠭᠡᠷ ᠮᠠᠨᠵᠤ ᠦᠨᠳᠦᠰᠦᠲᠡᠨ ᠤ ᠲᠤᠰᠬᠤᠨ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠪᠠ     10 ᠰᠠᠷ᠎ᠠ ᠤᠨ 26 ᠤ ᠡᠳᠦᠷ᠂ ᠬᠤᠰᠢᠭᠤᠨ ᠨᠠᠮ ᠤᠨ ᠬᠤᠷᠢᠶᠠᠨ ᠤ ᠱᠦᠵᠢ ᠹᠠᠩ ᠷᠦᠢ ᠸᠠᠩ ᠤᠨ ᠬᠤᠷᠢᠶ᠎ᠠ ᠪᠠᠯᠭᠠᠰᠤ᠂ ᠮᠡᠶᠢᠷᠡᠨ ᠪᠠᠯᠭᠠᠰᠤ᠂ ᠠᠷᠪᠠᠨ ᠭᠡᠷ ᠮᠠᠨᠵᠤ ᠦᠨᠳᠦᠰᠦᠲᠡᠨ ᠤ ᠲᠤᠰᠬᠤᠨ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠪᠠ     ᠹᠠᠩ ᠷᠦᠢ ᠤᠷᠢᠳ ᠬᠤᠵᠢᠳ ᠸᠠᠩ ᠤᠨ ᠬᠤᠷᠢᠶ᠎ᠠ ᠪᠠᠯᠭᠠᠰᠤᠨ ᠤ ᠾᠧᠢ ᠱᠠᠨ ᠭᠧᠤ ᠲᠣᠰᠬᠤᠨ᠂ ᠠᠷᠪᠠᠨ ᠭᠡᠷ ᠮᠠᠨᠵᠤ ᠦᠨᠳᠦᠰᠦᠲᠡᠨ ᠤ ᠰᠢᠶᠠᠩ ᠤᠨ ᠯᠧᠦ ᠽᠢ ᠳ᠋ᠢᠶᠠᠨ ᠲᠣᠰᠬᠤᠨ᠂ ᠮᠡᠶᠢᠷᠢᠨ ᠪᠠᠯᠭᠠᠰᠤᠨ ᠤ ᠯᠢᠶᠠᠩ ᠵᠢᠶᠠ ᠲᠣᠰᠬᠤᠨ ᠪᠣᠯᠤᠨ ᠤᠯᠠᠯᠵᠢ ᠶᠢᠨ ᠳᠠᠪᠠᠭ᠎ᠠ ᠶᠢᠨ ᠪᠠᠶᠢᠴᠠᠭᠠᠬᠤ ᠥᠷᠲᠡᠭᠡ ᠵᠡᠷᠭᠡ ᠭᠠᠵᠠᠷ ᠲᠤ ᠬᠦᠷᠴᠦ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠰᠦᠯᠵᠢᠶᠡᠨ ᠤ ᠠᠵᠢᠯᠲᠠᠨ ᠲᠣᠬᠢᠷᠠᠭᠤᠯᠤᠭᠰᠠᠨ ᠪᠠᠶᠢᠳᠠᠯ ᠢ ᠨᠠᠷᠢᠨ ᠣᠶᠢᠯᠠᠭᠠᠪᠠ᠃ ᠠᠷᠪᠠᠨ ᠭᠡᠷ ᠮᠠᠨᠵᠤ ᠦᠨᠳᠦᠰᠦᠲᠡᠨ ᠤ ᠰᠢᠶᠠᠩ ᠤᠨ ᠠᠭᠤᠯᠠ ᠤᠰᠤ ᠠᠯᠤᠰ ᠠᠶᠠᠯᠠᠯ ᠤᠨ ᠱᠦᠢᠨᠢ ᠶᠢᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠲᠣᠭᠤᠷᠢᠭ᠂ ᠪᠢᠩᠯᠠᠩ ᠭᠤᠤ ᠶᠢᠨ ᠠᠭᠤᠷᠬᠠᠢ ᠶᠢᠨ ᠵᠠᠰᠠᠯᠲᠠ᠂ ᠰᠠᠨ ᠳ᠋ᠤᠤ ᠢᠩᠽᠢ ᠳᠣᠷᠣᠭᠰᠢ ᠰᠠᠭᠤᠭᠰᠠᠨ ᠣᠷᠣᠨ ᠤ ᠵᠠᠰᠠᠯᠲᠠ᠂ ᠨᠤᠭᠤᠰᠤ ᠲᠡᠵᠢᠭᠡᠬᠦ ᠪᠠᠭ᠎ᠠ ᠲᠣᠭᠤᠷᠢᠭ ᠵᠡᠷᠭᠡ ᠭᠠᠵᠠᠷ ᠲᠤ ᠬᠦᠷᠴᠦ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ᠂ ᠠᠭᠤᠷᠬᠠᠢ ᠶᠢᠨ ᠵᠠᠰᠠᠯᠲᠠ᠂ ᠡᠬᠢ ᠪᠠᠶᠠᠯᠢᠭ ᠤᠨ ᠨᠡᠶᠢᠯᠡᠯᠲᠡ᠂ ᠠᠶᠤᠯᠭᠦᠢ ᠦᠢᠯᠡᠳᠪᠦᠷᠢᠯᠡᠯ ᠵᠡᠷᠭᠡ ᠬᠠᠮᠢᠶ᠎ᠠ ᠪᠦᠬᠦᠢ ᠪᠠᠶᠢᠳᠠᠯ ᠢ ᠣᠶᠢᠯᠠᠭᠠᠪᠠ᠃     ᠹᠠᠩ ᠷᠦᠢ ᠵᠢᠭᠠᠵᠤ ᠭᠠᠷᠭᠠᠭᠰᠠᠨ ᠨᠢ᠂ ᠪᠥᠬᠦ ᠬᠤᠰᠢᠭᠤᠨ ᠤ ᠳᠡᠭᠡᠳᠦ ᠳᠤᠤᠷᠠᠳᠤ ᠱᠠᠲᠤᠨ ᠤ ᠬᠢᠨ ᠤᠯᠤᠰ ᠲᠦᠷᠦ ᠶᠢᠨ ᠵᠤᠭᠰᠤᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠨᠡ ᠬᠦ ᠬᠥᠪᠴᠢ ᠪᠠᠨ ᠴᠠᠭ ᠢᠮᠠᠭᠲᠠ ᠴᠢᠩᠭᠠᠷᠠᠭᠤᠯᠤᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠶᠯ ᠤᠨ ᠠᠵᠢᠯ ᠢ ᠴᠢᠩᠭ᠎ᠠ ᠠᠳᠬᠤᠵᠤ᠂ ᠡᠯ᠎ᠡ ᠰᠠᠯᠠᠭ᠎ᠠ ᠮᠦᠴᠢᠷ ᠤᠨ ᠬᠠᠷᠢᠭᠤᠴᠠᠯᠭ᠎ᠠ ᠶᠢ ᠨᠠᠷᠢᠨ ᠨᠠᠶᠢᠳᠠᠪᠤᠷᠢᠵᠢᠭᠤᠯᠤᠨ᠂ ᠬᠢᠵᠢᠭ ᠤᠨ ᠪᠠᠶᠢᠳᠠᠯ ᠣᠷᠣᠵᠤ ᠢᠷᠡᠬᠦ ᠠᠶᠤᠯ ᠲᠦᠭᠰᠢᠭᠦᠷᠢ ᠶᠢ ᠴᠢᠩᠭ᠎ᠠ ᠰᠡᠷᠭᠡᠶᠢᠯᠡᠬᠦ ᠬᠡᠷᠡᠭᠲᠡᠶ᠃ ᠰᠦᠯᠵᠢᠶᠡᠨ ᠤ ᠠᠵᠢᠯᠲᠠᠨ ᠤ ︽ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠮᠡᠳᠡᠭᠡ ᠵᠠᠩᠭᠢᠴᠢ︾  ᠶᠢᠨ ᠦᠶᠯᠡᠳᠦᠯ ᠢ ᠰᠠᠶᠢᠲᠤᠷ ᠪᠠᠳᠠᠷᠠᠭᠤᠯᠵᠤ᠂ ᠭᠠᠳᠠᠨ᠎ᠠ ᠠᠴᠠ ᠢᠷᠡᠭᠰᠡᠨ ᠬᠥᠮᠦᠰ ᠵᠢᠴᠢ ᠭᠤᠤᠯᠳᠠᠯᠭ᠎ᠠ ᠲᠠᠢ ᠬᠥᠮᠦᠰ ᠲᠤ ᠴᠠᠭ ᠲᠤᠬᠠᠶ ᠳᠤᠨᠢ ᠬᠢᠨᠠᠨ ᠬᠡᠮᠵᠢᠯᠲᠡ ᠬᠢᠵᠦ᠂ ᠨᠢᠭᠲᠠ ᠠᠩᠬᠠᠷᠴᠤ᠂ ᠰᠦᠯᠵᠢᠶᠡᠨ ᠤ ᠠᠵᠢᠯᠲᠠᠨ ᠤ ᠡᠩᠨᠡᠭᠡ ᠶᠢ ᠭᠦᠶᠴᠡᠳ ᠰᠠᠶᠢᠲᠤᠷ ᠬᠠᠮᠢᠶᠠᠷᠴᠤ᠂ ᠰᠠᠶᠢᠲᠤᠷ ᠬᠡᠷᠡᠭᠯᠡᠬᠦ ᠬᠡᠷᠡᠭᠲᠡᠶ᠃     ᠹᠠᠩ ᠷᠦᠢ ᠱᠠᠭᠠᠷᠳᠠᠭᠰᠠᠨ ᠨᠢ᠂ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠭᠡᠬᠦ ᠡᠨᠡ ᠬᠦ ᠵᠠᠩᠭᠢᠯᠠᠭ᠎ᠠ ᠶᠢ ᠴᠢᠩᠭ᠎ᠠ ᠠᠳᠬᠤᠵᠤ᠂ ᠲᠥᠷᠥᠯ ᠵᠦᠶᠯ ᠢ ᠲᠥᠯᠥᠪᠯᠡᠬᠦ᠂ ᠲᠡᠮᠡᠴᠡᠨ ᠤᠯᠬᠤ ᠪᠠ ᠨᠠᠶᠢᠳᠠᠪᠤᠷᠢᠵᠢᠭᠤᠯᠬᠤ ᠡᠷᠴᠢᠮ ᠢᠶᠠᠨ ᠴᠢᠩᠭᠠᠷᠠᠭᠤᠯᠤᠨ᠂ ᠪᠥᠬᠦ ᠬᠦᠴᠦᠨ ᠢᠶᠠᠷ ᠢᠶᠠᠨ ᠪᠠᠯᠠ ᠣᠷᠣᠭᠤᠯᠤᠯᠲᠠ ᠶᠢ ᠥᠷᠭᠡᠳᠬᠡᠵᠦ᠂ ᠰᠠᠭᠤᠷᠢ ᠶᠢ ᠪᠠᠲᠤᠳᠬᠠᠨ ᠂ ᠨᠡᠮᠡᠭᠳᠡᠯ ᠢ ᠪᠠᠳᠤᠯᠠᠵᠤ᠂ ᠬᠤᠰᠢᠭᠤᠨ ᠣᠷᠣᠨ ᠤ ᠠᠵᠤ ᠠᠬᠤᠶ ᠶᠢᠨ ᠬᠥᠭᠵᠢᠯᠲᠡ ᠶᠢ ᠳᠠᠶᠢᠴᠢᠯᠠᠬᠤ ᠬᠦᠴᠦᠲᠦ ᠬᠥᠳᠡᠯᠭᠡᠭᠦᠷ ᠪᠣᠯᠭᠠᠨ ᠪᠥᠲᠥᠭᠡᠨ ᠪᠠᠶᠢᠭᠤᠯᠬᠤ ᠬᠡᠷᠡᠭᠲᠡᠶ᠃  ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠪᠠ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠨᠢᠭᠡᠲᠡᠭᠦᠯᠬᠦ ᠠᠵᠢᠯ ᠢ ᠦᠷᠭᠦᠯᠵᠢᠯᠡᠨ ᠠᠬᠢᠭᠤᠯᠵᠤ᠂ ᠨᠡᠭᠡᠭᠡᠨ ᠬᠥᠭᠵᠢᠭᠦᠯᠬᠦ ᠪᠠᠶᠢᠷᠢᠰᠢᠯ ᠢ ᠰᠢᠯᠢᠳᠡᠭᠵᠢᠭᠦᠯᠦᠨ᠂ ᠡᠬᠢ ᠪᠠᠶᠠᠯᠢᠭ ᠢ ᠴᠡᠭᠴᠡᠯᠡᠨ ᠵᠠᠰᠠᠵᠤ ᠡᠮᠬᠢᠯᠡᠨ ᠨᠢᠭᠡᠲᠡᠭᠦᠯᠬᠦ ᠠᠵᠢᠯ ᠢ ᠨᠢᠭᠡᠳᠦᠯᠲᠡᠶ ᠲᠥᠯᠥᠪᠯᠡᠨ ᠠᠬᠢᠭᠤᠯᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠂ ᠨᠡᠪᠲᠡᠷᠡᠯᠴᠡᠨ ᠬᠠᠮᠵᠢᠯᠴᠠᠬᠤ ᠶᠢ ᠴᠢᠩᠭᠠᠳᠬᠠᠵᠤ᠂ ᠠᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠰᠢᠯᠭᠠᠨ ᠠᠪᠬᠤ ᠪᠠᠷᠢᠮᠵᠢᠶ᠎ᠠ ᠶᠢ ᠴᠢᠩᠳᠠᠯᠠᠵᠤ᠂ ᠴᠣᠬᠤᠶ ᠶᠢᠨ ᠴᠢᠯᠠᠭᠤᠨ ᠤ ᠠᠵᠤ ᠦᠶᠯᠡᠰ ᠤᠨ ᠴᠢᠨᠠᠷ ᠰᠠᠶᠢᠲᠠᠶ ᠬᠥᠭᠵᠢᠯᠲᠡ᠂ ᠠᠮᠢ ᠠᠬᠤᠶ ᠶᠢᠨ ᠪᠣᠯᠪᠠᠰᠤᠨ ᠤ  ᠪᠦᠲᠦᠭᠡᠨ ᠪᠠᠶᠢᠭᠤᠯᠤᠯᠲᠠ ᠶᠢ ᠳᠥᠯᠭᠢᠨ ᠠᠬᠢᠭᠤᠯᠬᠤ ᠳᠤ ᠪᠠᠲᠤᠯᠠᠭ᠎ᠠ ᠬᠠᠩᠭᠠᠬᠤ ᠬᠡᠷᠡᠭᠲᠡᠶ᠃     ᠠᠶᠤᠯᠭᠦᠢ ᠦᠢᠯᠡᠳᠪᠦᠷᠢᠯᠡᠯ ᠤᠨ ᠤᠬᠠᠮᠰᠠᠷ ᠢ ᠪᠠᠲᠤ ᠪᠤᠢ ᠪᠣᠯᠭᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠶᠤᠯᠭᠦᠢ ᠦᠢᠯᠡᠳᠪᠦᠷᠢᠯᠡᠯ ᠢ ᠰᠠᠶᠢᠲᠤᠷ ᠬᠢᠭᠰᠡᠨ ᠤᠷᠢᠲᠠᠯ ᠳᠣᠣᠷ᠎ᠠ ᠡᠯ᠎ᠡ ᠵᠦᠢᠯ ᠤᠨ ᠠᠵᠢᠯ ᠢᠶᠠᠨ ᠰᠠᠶᠢᠲᠤᠷ ᠥᠷᠨᠢᠭᠦᠯᠬᠦ ᠬᠡᠷᠡᠭᠲᠡᠢ᠃
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号