ᠬᠠᠷᠠᠴᠢᠨ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠢᠨᠠᠯᠲᠠ ᠬᠠᠮᠢᠶᠠᠷᠤᠯᠲᠠ ᠶᠢᠨ ᠬᠦᠷᠢᠶᠡᠨ ᠳᠠᠬᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠦᠷᠭᠦᠯᠵᠢᠯᠡᠨ ᠴᠢᠩᠭᠠᠳᠬᠠᠪᠠ
ᠨᠡᠶᠢᠲᠡᠯᠡᠭᠰᠡᠨ ᠴᠠᠭ᠄
2021/10/27
ᠬᠠᠷᠠᠴᠢᠨ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠢᠨᠠᠯᠲᠠ ᠬᠠᠮᠢᠶᠠᠷᠤᠯᠲᠠ ᠶᠢᠨ ᠬᠦᠷᠢᠶᠡᠨ ᠳᠠᠬᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠦᠷᠭᠦᠯᠵᠢᠯᠡᠨ ᠴᠢᠩᠭᠠᠳᠬᠠᠪᠠ     ᠤᠳᠤᠬᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠦᠨᠳᠦ ᠴᠢᠩᠭ᠎ᠠ ᠪᠠᠶᠢᠳᠠᠯ ᠳᠤ ᠴᠢᠭᠯᠡᠭᠦᠯᠦᠨ᠂ ᠬᠠᠷᠠᠴᠢᠨ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠤᠪᠴᠢᠶ᠎ᠠ ᠬᠡᠳᠦ ᠳᠡᠯᠭᠡᠭᠦᠷ᠂ ᠲᠠᠷᠢᠶᠠᠯᠠᠩ ᠠᠷᠠᠯᠵᠢᠶ᠎ᠠ᠂ ᠢᠳᠡᠭᠡᠨ ᠤᠮᠳᠠᠭᠠᠨ ᠤ ᠠᠵᠢᠯ ᠲᠦᠷᠦᠯ᠂ ᠡᠮ ᠤᠨ ᠵᠦᠢᠯ ᠤᠨ ᠵᠢᠵᠢᠭᠯᠡᠨ ᠬᠤᠳᠠᠯᠳᠤᠬᠤ ᠵᠡᠷᠭᠡ ᠬᠢᠨᠠᠨ ᠬᠠᠮᠢᠶᠠᠷᠤᠬᠤ ᠬᠦᠷᠢᠶ᠎ᠡ ᠴᠠᠷᠠᠭ᠎ᠠ ᠶᠢᠨ ᠲᠤᠭᠤᠷᠢᠨ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠴᠠᠭᠠᠯᠲᠠ ᠦᠷᠨᠢᠭᠦᠯᠵᠦ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠦᠷᠢᠶᠡᠨ ᠳᠠᠬᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠴᠢᠩᠭ᠎ᠠ ᠪᠦᠭᠡᠳ ᠰᠠᠶᠢᠲᠤᠷ ᠬᠢᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠠᠬᠦ ᠲᠤᠤᠷ ᠢ ᠪᠠᠬᠢᠵᠢᠭᠦᠯᠪᠠ᠃     ᠭᠠᠳᠠᠭᠠᠳᠤ ᠠᠴᠠ ᠣᠷᠣᠭᠤᠯᠬᠤ ᠬᠦᠶᠲᠡᠨ ᠬᠡᠯᠬᠢᠶᠡᠲᠦ ᠢᠳᠡᠭᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠪᠦᠬᠦ ᠲᠠᠯ᠎ᠠ ᠪᠠᠷ  ᠴᠢᠩᠭᠠᠳᠬᠠᠨ᠎ᠠ᠃ ᠭᠠᠳᠠᠭᠠᠳᠤ ᠠᠴᠠ ᠤᠷᠤᠭᠤᠯᠬᠤ ᠬᠦᠢᠳᠡᠨ ᠬᠡᠯᠬᠢᠶᠡᠲᠦ ᠢᠳᠡᠭᠡᠨ ᠤ ᠦᠶᠯᠡᠳᠪᠦᠷᠢᠯᠡᠨ ᠡᠵᠡᠩᠨᠡᠭᠴᠢ ᠶᠢ ᠰᠢᠮᠳᠠᠭᠤᠯᠵᠤ ᠪᠠᠶᠢᠭᠠᠳ ᠭᠤᠤᠯ ᠴᠣᠭᠴᠠ ᠶᠢᠨ ᠬᠠᠷᠢᠭᠤᠴᠠᠯᠭ᠎ᠠ᠂ ︽ᠭᠤᠷᠪᠠᠨ ᠲᠤᠰᠬᠠᠶ ᠮᠡᠷᠭᠡᠵᠢᠯ ᠳᠥᠷᠪᠡᠨ ᠦᠨᠡᠮᠯᠡᠯ︾ ᠤᠨ ᠱᠠᠭᠠᠷᠳᠠᠯᠭ᠎ᠠ ᠪᠠ 24 ᠴᠠᠭ ᠢᠶᠠᠷ ᠮᠡᠳᠡᠭᠦᠯᠦᠨ ᠳᠠᠩᠰᠠᠯᠠᠭᠤᠯᠬᠤ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠭᠠᠳᠠᠭᠠᠳᠤ ᠠᠴᠠ ᠣᠷᠣᠭᠤᠯᠤᠭᠰᠠᠨ ᠬᠦᠶᠲᠡᠨ ᠬᠡᠯᠬᠢᠶᠡᠲᠦ ᠢᠳᠡᠭᠡᠨ ᠳᠤ ᠡᠯᠧᠺᠲᠷᠣᠨ ᠮᠥᠷᠳᠡᠬᠦ ᠺᠣᠳ᠋ ᠤᠨ ᠬᠠᠮᠢᠶᠠᠷᠤᠯᠲᠠ ᠶᠢ ᠴᠢᠩᠭ᠎ᠠ ᠬᠡᠷᠡᠭᠵᠢᠭᠦᠯᠦᠨ᠎ᠡ᠃ ᠢᠳᠡᠭᠡᠨ ᠤᠮᠳᠠᠭᠠᠨ ᠤ ᠦᠶᠯᠡᠴᠢᠯᠡᠭᠡᠨ ᠤ ᠨᠢᠭᠡᠴᠡ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠵᠢᠯᠤᠭᠤᠳᠤᠨ᠎ᠠ᠃ ᠵᠠᠬ᠎ᠠ ᠳᠡᠯᠭᠡᠭᠦᠷ ᠤᠨ ᠭᠤᠤᠯ ᠴᠣᠭᠴᠠ ᠶᠢ ᠰᠢᠮᠳᠠᠭᠤᠯᠤᠨ ᠵᠢᠯᠣᠭᠤᠳᠴᠤ ᠪᠠᠶᠢᠭᠠᠳ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠭᠤᠤᠯ ᠴᠣᠭᠴᠠ ᠶᠢᠨ ᠬᠠᠷᠢᠭᠤᠴᠠᠯᠭ᠎ᠠ ᠶᠢ ᠦᠨᠡᠨᠬᠦ ᠨᠠᠶᠢᠳᠠᠪᠤᠷᠢᠵᠢᠭᠤᠯᠵᠤ᠂ ᠰᠠᠯᠬᠢ ᠨᠡᠪᠲᠡᠷᠡᠭᠦᠯᠬᠦ᠂ ᠠᠷᠢᠭᠤᠳᠬᠠᠬᠤ᠂     ᠲᠠᠯᠠᠪᠤᠷ ᠲᠤ ᠣᠷᠣᠬᠤ ᠪᠡᠶ᠎ᠡ ᠶᠢᠨ ᠳᠤᠯᠠᠭᠠᠨ ᠢ ᠪᠠᠶᠢᠴᠠᠭᠠᠨ ᠬᠡᠮᠵᠢᠬᠦ᠂ ᠠᠮᠠᠪᠴᠢ ᠵᠡᠭᠦᠬᠦ᠂ ᠡᠷᠡᠭᠦᠯ ᠮᠡᠨᠳᠦ ᠶᠢᠨ ᠨᠣᠮᠧᠷ ᠢ ᠪᠠᠶᠢᠴᠠᠭᠠᠨ ᠰᠢᠯᠭᠠᠬᠤ᠂ ᠠᠵᠢᠯᠯᠠᠵᠤ ᠪᠠᠶᠢᠭ᠎ᠠ ᠬᠥᠮᠦᠰ ᠤᠨ ᠡᠷᠡᠭᠦᠯ ᠮᠡᠨᠳᠦ ᠶᠢᠨ ᠬᠠᠮᠢᠶᠠᠷᠤᠯᠲᠠ ᠪᠠ ᠬᠡᠷᠡᠭᠯᠡᠭᠴᠢᠳ ᠤᠨ ᠳᠡᠩᠰᠡᠯᠡᠯᠲᠡ ᠵᠡᠷᠭᠡ ᠡᠯ᠎ᠡ ᠵᠦᠶᠯ ᠤᠨ ᠲᠦᠷᠢᠮ ᠢ ᠴᠢᠩᠭ᠎ᠠ ᠬᠡᠷᠡᠭᠵᠢᠭᠦᠯᠦᠨ᠎ᠡ᠃     ᠡᠮ᠂ ᠬᠢᠮᠢ᠂ ᠵᠠᠷ ᠵᠡᠪᠰᠡᠭ ᠤᠨ ᠬᠦᠷᠢᠶᠡᠨ ᠳᠠᠬᠢ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ ᠡᠮ ᠤᠨ ᠵᠦᠶᠯ ᠤᠨ ᠡᠵᠡᠩᠨᠡᠯᠲᠡ ᠶᠢᠨ ᠨᠢᠭᠡᠴᠡ ᠶᠢ ᠰᠢᠮᠳᠠᠭᠤᠯᠵᠤ ᠪᠠᠶᠢᠭᠠᠳ ᠣᠷᠣᠵᠤ ᠭᠠᠷᠬᠤ ᠬᠥᠮᠦᠰ ᠢ ᠬᠠᠮᠢᠶᠠᠷᠤᠨ ᠡᠵᠡᠮᠳᠡᠬᠦ ᠶᠢ ᠴᠢᠩᠭᠠᠳᠬᠠᠵᠤ᠂ ᠪᠡᠶ᠎ᠡ ᠶᠢᠨ ᠳᠤᠯᠠᠭᠠᠨ ᠢ ᠪᠠᠶᠢᠴᠠᠭᠠᠨ ᠰᠢᠯᠭᠠᠬᠤ᠂ ᠡᠷᠡᠭᠦᠯ ᠮᠡᠨᠳᠦ ᠶᠢᠨ ᠨᠣᠮᠧᠷ ᠢ ᠪᠠᠶᠢᠴᠠᠭᠠᠨ ᠰᠢᠯᠭᠠᠬᠤ᠂ ᠠᠮᠠᠪᠴᠢ ᠵᠡᠭᠦᠬᠦ ᠵᠡᠷᠭᠡ ᠬᠢᠵᠢᠭ ᠢ ᠰᠡᠷᠭᠡᠶᠢᠯᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠶ︔ ᠡᠮ ᠤᠨ ᠳᠡᠯᠭᠡᠭᠦᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠵᠦ ᠤᠷᠢᠳᠴᠢᠯᠠᠨ ᠰᠡᠷᠡᠮᠵᠢᠯᠡᠭᠦᠯᠬᠦ ᠠᠵᠢᠯ ᠤᠨ ᠳᠤᠮᠳᠠᠬᠢ ︽ ᠬᠠᠷᠠᠭᠤᠯ ᠤᠨ ᠭᠠᠵᠠᠷ︾ ᠤᠨ ᠦᠶᠯᠡᠳᠦᠯ ᠢ ᠭᠦᠶᠴᠡᠳ ᠪᠠᠳᠠᠷᠠᠭᠤᠯᠵᠤ᠂ ᠰᠡᠷᠭᠡᠶᠢᠯᠡᠨ ᠡᠵᠡᠮᠳᠡᠬᠦ ᠡᠭᠦᠷᠭᠡ ᠪᠠᠨ ᠦᠨᠡᠨᠬᠦ ᠰᠠᠶᠢᠲᠤᠷ ᠭᠦᠶᠴᠡᠳᠬᠡᠨ᠎ᠡ᠃     ᠬᠥᠮᠦᠨ ᠤᠯᠠᠨ ᠬᠤᠷᠠᠨ ᠴᠤᠭᠯᠠᠷᠠᠭᠰᠠᠨ ᠭᠠᠵᠠᠷ ᠲᠠᠯᠠᠪᠤᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠨ᠎ᠡ᠃ ᠬᠤᠳᠠᠯᠳᠤᠭᠠᠨ ᠤ ᠲᠠᠯᠠᠪᠤᠷ᠂ ᠬᠡᠲᠦ ᠳᠡᠯᠭᠡᠭᠦᠷ᠂ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ ᠵᠡᠷᠭᠡ ᠨᠢᠭᠡᠴᠡ ᠨᠦᠭᠦᠳ  ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠭᠤᠤᠯ ᠴᠣᠭᠴᠠ ᠶᠢᠨ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠨᠠᠶᠢᠳᠠᠪᠤᠷᠢᠵᠢᠭᠤᠯᠵᠤ᠂ ᠡᠵᠡᠩᠨᠡᠯᠲᠡ ᠶᠢᠨ ᠲᠠᠯᠠᠪᠤᠷ ᠭᠠᠵᠠᠷ ᠲᠠᠭᠠᠨ ᠲᠣᠭᠲᠠᠮᠠᠯ ᠬᠤᠭᠤᠴᠠᠭ᠎ᠠ ᠲᠠᠢ ᠪᠠᠷ ᠰᠠᠯᠬᠢ ᠨᠡᠪᠲᠡᠷᠡᠭᠦᠯᠦᠨ ᠠᠷᠢᠭᠤᠳᠬᠠᠵᠤ᠂ ᠪᠠᠷᠠᠭ᠎ᠠ ᠣᠷᠣᠭᠤᠯᠵᠤ ᠪᠣᠷᠣᠯᠠᠭᠤᠯᠬᠤ ᠡᠬᠡ ᠲᠠᠩᠰᠠ ᠶᠢ ᠰᠠᠶᠢᠲᠤᠷ ᠬᠢᠬᠦ ᠬᠡᠷᠡᠭᠲᠠᠢ᠃ ᠬᠠᠤᠯᠢ ᠬᠡᠷᠡᠭᠵᠢᠭᠦᠯᠬᠦ ᠠᠵᠢᠯᠲᠠᠨ ᠪᠠᠶᠢᠴᠠᠭᠠᠯᠲᠠ ᠬᠢᠬᠦ ᠶᠢᠨ ᠬᠠᠮᠲᠤ᠂ ᠡᠵᠡᠩᠨᠡᠯᠲᠡ ᠶᠢᠨ ᠬᠡᠯᠪᠡᠷᠢ ᠪᠠᠶᠢᠳᠠᠯ ᠢ ᠬᠢᠨᠠᠨ ᠬᠠᠮᠢᠶᠠᠷᠴᠤ ᠪᠠᠶᠢᠭᠠᠳ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠤᠬᠠᠭᠤᠯᠭ᠎ᠠ ᠶᠢᠨ ᠠᠵᠢᠯ ᠢ ᠢᠳᠡᠪᠬᠢᠲᠡᠶ ᠰᠠᠶᠢᠲᠤᠷ ᠬᠢᠵᠦ᠂ ᠲᠡᠷᠭᠡᠨ ᠳᠡᠭᠡᠷᠡᠬᠢ ᠪᠦᠷᠢᠶ᠎ᠡ ᠪᠠᠷ ᠳᠠᠮᠵᠢᠭᠤᠯᠤᠨ ᠬᠢᠵᠢᠭ ᠤᠨ ᠪᠠᠶᠢᠳᠠᠯ ᠤᠨ ᠲᠤᠬᠠᠶ ᠤᠬᠠᠭᠤᠯᠭ᠎ᠠ ᠬᠢᠬᠦ ᠬᠡᠷᠡᠭᠲᠡᠶ ᠭᠡᠵᠦ ᠱᠠᠭᠠᠷᠳᠠᠪᠠ᠃     ᠣᠲᠣ ᠪᠣᠯᠲᠠᠯ᠎ᠠ᠂ ᠡᠯ᠎ᠡ ᠲᠥᠷᠥᠯ ᠤᠨ ᠵᠠᠬ᠎ᠠ ᠳᠡᠯᠭᠡᠭᠦᠷ ᠤᠨ ᠭᠤᠤᠯ ᠴᠣᠭᠴᠠ ᠶᠢ ᠨᠡᠶᠢᠲᠡ 870 ᠭᠠᠷᠤᠶ ᠪᠠᠶᠢᠴᠠᠭᠠᠵᠤ᠂ 3 ᠬᠤᠪᠢ ᠬᠠᠷᠢᠭᠤᠴᠠᠯᠭ᠎ᠠ ᠶᠢᠨ ᠥᠭᠡᠷᠡᠴᠢᠯᠡᠯᠲᠡ ᠪᠠᠭᠤᠯᠭᠠᠵᠤ᠂ 1 ᠵᠠᠬ᠎ᠠ ᠳᠡᠯᠭᠡᠭᠦᠷ ᠤᠨ ᠠᠵᠢᠯ ᠢ ᠵᠣᠭᠰᠣᠭᠠᠨ ᠴᠡᠭᠴᠡᠯᠡᠪᠡ᠃
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号