ᠬᠠᠷᠠᠴᠢᠨ ᠬᠤᠰᠢᠭᠤᠨ ᠤ ᠰᠤᠷᠭᠠᠨ ᠬᠥᠮᠦᠵᠢᠯ ᠤᠨ ᠰᠢᠰᠲ᠋ᠧᠮ᠄ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠠᠵᠢᠯ ᠢ ᠴᠢᠩᠭ᠎ᠠ ᠪᠥᠭᠡᠳ ᠪᠣᠳᠠᠲᠠᠶ᠂ ᠨᠠᠷᠢᠯᠢᠭ ᠲᠦᠷᠭᠡᠨ᠂ ᠰᠠᠶᠢᠲᠤᠷ ᠠᠳᠬᠤᠬᠤ ᠬᠡᠷᠡᠭᠲᠡᠶ | 10 ᠳ᠋ᠤᠭᠠᠷ ᠰᠠᠷ᠎ᠠ ᠶᠢᠨ 24 ᠤ ᠡᠳᠦᠷ᠂ ᠬᠠᠷᠠᠴᠢᠨ ᠬᠤᠰᠢᠭᠤᠨ ᠤ ᠰᠤᠷᠭᠠᠨ ᠬᠥᠮᠦᠵᠢᠯ ᠤᠨ ᠰᠢᠰᠲ᠋ᠧᠮ ᠤᠨ | ᠬᠢᠨ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ | ᠳᠥᠯᠭᠢᠨ ᠠᠬᠢᠭᠤᠯᠬᠤ ᠬᠤᠷᠠᠯ ᠬᠤᠷᠠᠯᠳᠤᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠠᠴᠢᠮ | ᠳᠣᠭᠢᠷᠠᠭᠤᠯᠤᠨ ᠪᠠᠶᠢᠷᠢᠯᠠᠭᠤᠯᠪᠠ᠃ | ᠬᠤᠷᠠᠯ ᠠᠴᠠ ᠱᠠᠭᠠᠷᠳᠠᠭᠰᠡᠨ ᠨᠢ᠂ ᠣᠳᠣᠬᠠᠨ ᠤ ᠰᠤᠷᠭᠠᠨ ᠬᠥᠮᠦᠵᠢᠯ ᠤᠨ ᠰᠢᠰᠲ᠋ᠧᠮ ᠤᠨ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠬᠦᠨᠳᠦ ᠬᠡᠴᠡᠭᠦᠦ ᠬᠡᠯᠪᠡᠷᠢ ᠶᠢ ᠭᠦᠨᠵᠡᠭᠡᠢ ᠲᠠᠨᠢᠵᠤ᠂ ᠬᠢᠨᠠᠨ ᠬᠡᠮᠵᠢᠬᠦ ᠱᠠᠭᠠᠷᠳᠠᠯᠭ᠎ᠠ ᠶᠢ | ᠴᠢᠩᠭ᠎ᠠ ᠨᠠᠶᠢᠳᠠᠪᠤᠷᠢᠵᠢᠭᠤᠯᠵᠤ᠂ ᠭᠤᠣᠯᠳᠠᠯᠭ᠎ᠠ ᠲᠠᠢ ᠬᠥᠮᠦᠰ ᠤᠨ ᠵᠠᠮ ᠮᠥᠷ ᠢ ᠮᠥᠷᠳᠡᠨ ᠪᠠᠶᠢᠴᠠᠭᠠᠬᠤ ᠶᠢ | ᠴᠢᠩᠭᠠᠳᠬᠠᠵᠤ᠂ ᠰᠤᠷᠭᠠᠭᠤᠯᠢ ᠶᠢᠨ ᠬᠦᠷᠢᠶᠡᠨ ᠤ ᠱᠠᠭᠠᠷᠳᠠᠯᠭ᠎ᠠ ᠪᠠᠷ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠠᠵᠢᠯ ᠤᠨ ᠠᠷᠭ᠎ᠠ ᠬᠡᠮᠵᠢᠶ᠎ᠡ ᠶᠢ ᠦᠷᠭᠦᠯᠵᠢᠯᠡᠨ ᠴᠢᠩᠭᠠᠳᠬᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠴᠢᠬᠤᠯᠠ ᠶᠡᠭᠡ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠬᠤ ᠬᠡᠷᠡᠭᠲᠡᠢ᠃ | 10 ᠰᠠᠷ᠎ᠠ ᠶᠢᠨ 25 ᠤ ᠡᠳᠦᠷ ᠠᠴᠠ 26 ᠤ ᠡᠳᠦᠷ ᠪᠣᠯᠲᠠᠯ᠎ᠠ᠂ ᠲᠣᠪᠴᠢᠶ᠎ᠠ ᠶᠢᠨ ᠤᠳᠤᠷᠢᠳᠤᠯᠭ᠎ᠠ ᠡᠯ᠎ᠡ | ᠰᠤᠷᠭᠠᠭᠤᠯᠢ ᠳᠤ ᠭᠦᠨᠵᠡᠭᠡᠶᠢᠷᠡᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠵᠦ ᠪᠠᠶᠢᠴᠠᠭᠠᠨ ᠰᠢᠪᠠᠳᠠᠬᠤ ᠠᠵᠢᠯ ᠢ | ᠥᠷᠨᠢᠭᠦᠯᠵᠦ᠂ ᠬᠠᠷᠢᠭᠤ ᠮᠡᠳᠡᠭᠦᠯᠦᠯᠲᠡ ᠶᠢ ᠨᠠᠷᠢᠨ ᠬᠢᠨᠠᠮᠠᠭᠠᠢ ᠰᠣᠨᠣᠰᠴᠤ᠂ ᠰᠤᠷᠭᠠᠭᠤᠯᠢ ᠳᠤ ᠣᠷᠣᠵᠤ ᠭᠠᠷᠬᠤ | ᠪᠠᠭᠰᠢ ᠰᠤᠷᠤᠭᠴᠢᠳ ᠢ ᠬᠢᠨᠠᠨ ᠬᠡᠮᠵᠢᠬᠦ᠂ ᠬᠠᠯᠠᠭᠤᠷᠠᠵᠤ ᠪᠠᠶᠢᠭ᠎ᠠ ᠬᠦᠮᠦᠨ ᠶᠢ ᠲᠤᠰᠠᠭᠠᠷᠯᠠᠬᠤ᠂ ᠡᠳ᠋ ᠪᠣᠳᠠᠰ | ᠨᠥᠭᠡᠴᠡᠯᠡᠬᠦ᠂ ᠪᠠᠴᠢᠮ ᠪᠠᠶᠢᠳᠠᠯ ᠢ ᠠᠷᠭᠠᠴᠠᠬᠤ ᠲᠥᠰᠦᠯ᠂ ᠸᠠᠺᠼᠢᠨ ᠤ ᠲᠠᠷᠢᠯᠭ᠎ᠠ ᠲᠠᠷᠢᠬᠤ ᠵᠢᠴᠢ ︽ᠭᠡᠷ ᠤᠨ | ᠠᠬᠠᠮᠠᠳ ᠲᠤ ᠥᠭᠭᠦᠭᠰᠡᠨ ᠨᠢᠭᠡ ᠵᠠᠬᠢᠳᠠᠯ︾ ᠲᠠᠷᠬᠠᠭᠠᠬᠤ ᠵᠡᠷᠭᠡ ᠬᠠᠮᠢᠶ᠎ᠠ ᠪᠦᠬᠦᠢ ᠤᠴᠢᠷ ᠶᠠᠪᠤᠳᠠᠯ ᠢ ᠣᠶᠢᠯᠠᠭᠠᠵᠤ᠂ | ᠲᠤᠬᠠᠢ ᠶᠢᠨ ᠭᠠᠵᠠᠷ ᠲᠤᠨᠢ ᠮᠥᠷᠳᠡᠨ ᠪᠠᠶᠢᠴᠠᠭᠠᠵᠤ᠂ ᠠᠵᠢᠯ ᠤᠨ ᠳᠤᠮᠳᠠ ᠢᠯᠡᠷᠡᠭᠰᠡᠨ ᠳᠤᠲᠠᠭᠤᠳᠠᠯ ᠵᠢᠴᠢ | ᠣᠷᠣᠰᠢᠵᠤ ᠪᠠᠶᠢᠭ᠎ᠠ ᠠᠰᠠᠭᠤᠳᠠᠯ ᠳᠤ ᠴᠢᠭᠯᠡᠭᠦᠯᠦᠨ ᠴᠡᠭᠴᠡᠯᠡᠨ ᠰᠠᠶᠢᠵᠢᠷᠠᠭᠤᠯᠬᠤ ᠲᠣᠳᠣᠷᠬᠠᠢ ᠱᠠᠭᠠᠷᠳᠠᠯᠭ᠎ᠠ | ᠳᠤᠷᠠᠳᠴᠤ᠂ ᠳᠠᠷᠦ᠋ᠢᠬᠠᠨ ᠬᠡᠷᠡᠭᠵᠢᠭᠦᠯᠵᠦ ᠳᠠᠷᠦ᠋ᠢᠬᠠᠨ ᠥᠭᠡᠷᠡᠴᠢᠯᠡᠵᠦ᠂ ᠦᠴᠦᠬᠡᠨ ᠴᠦ ᠬᠦᠩᠭᠡᠪᠴᠢᠯᠡᠵᠦ ᠪᠤᠯᠬᠤ | ᠦᠭᠡᠢ᠃ | ᠲᠠᠷᠠᠭᠠᠴᠢ ᠶᠢᠨ ᠠᠯᠬᠤᠮ ᠳᠤ᠂ ᠰᠤᠷᠭᠠᠨ ᠬᠥᠮᠦᠵᠢᠯ ᠤᠨ ᠰᠢᠰᠲ᠋ᠧᠮ ᠤᠨ ᠬᠢᠨ ᠦᠳᠲᠡᠷ ᠲᠦᠷᠭᠡᠨ | ᠬᠥᠳᠡᠯᠦᠯᠴᠡᠵᠦ᠂ ᠪᠥᠬᠦ ᠬᠦᠴᠦᠨ ᠢᠶᠠᠷ ᠢᠶᠠᠨ ᠴᠢᠷᠮᠠᠶᠢᠵᠤ᠂ ᠨᠠᠷᠢᠯᠢᠭ ᠤᠨᠤᠪᠴᠢᠲᠠᠢ ᠪᠠᠷ ᠠᠷᠭ᠎ᠠ ᠪᠣᠳᠣᠯᠭ᠎ᠠ | ᠬᠡᠷᠡᠭᠵᠢᠭᠦᠯᠵᠦ᠂ ᠵᠠᠷᠯᠢᠭ ᠵᠢᠭᠠᠪᠤᠷᠢ ᠶᠢ ᠳᠠᠭᠠᠵᠤ᠂ ᠲᠣᠬᠢᠷᠠᠭᠤᠯᠤᠯᠲᠠ ᠶᠢ ᠳᠠᠭᠠᠵᠤ᠂ ᠨᠢᠭᠡᠳᠦᠯᠲᠡᠶ ᠲᠥᠯᠥᠪᠯᠡᠬᠦ ᠶᠢ | ᠴᠢᠩᠭᠠᠳᠬᠠᠨ᠂ ᠴᠢᠩᠭ᠎ᠠ ᠰᠡᠷᠭᠡᠶᠢᠯᠡᠨ ᠴᠢᠩᠭ᠎ᠠ ᠡᠵᠡᠮᠳᠡᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠵᠦ | ᠬᠤᠷᠢᠭᠯᠠᠨ ᠴᠣᠬᠢᠬᠤ ᠲᠡᠶᠢᠨ ᠤ ᠢᠯᠠᠯᠲᠠ ᠶᠢ ᠵᠠᠪᠠᠯ ᠤᠯᠬᠤ ᠪᠣᠯᠤᠨ᠎ᠠ᠃ |