ᠵᠣᠣ ᠶᠠᠨ ᠬᠤᠩ ᠪᠥᠬᠦ ᠬᠤᠰᠢᠭᠤᠨ ᠤ ︽ᠲᠠᠪᠤᠨ ᠬᠥᠭᠵᠢᠯᠲᠡ ᠶᠢᠨ ᠪᠠᠶᠢᠷᠢ ᠲᠣᠭᠲᠠᠭᠠᠯᠲᠠ︾ ᠶᠢᠨ ᠲᠥᠰᠦᠯ ᠢ ᠨᠠᠶᠢᠷᠠᠭᠤᠯᠤᠨ ᠵᠣᠬᠢᠶᠠᠬᠤ ᠪᠠ ᠲᠥᠷᠥᠯ ᠵᠦᠶᠯ ᠤᠨ ᠬᠥᠮᠥᠷᠭᠡ ᠶᠢᠨ ᠪᠥᠲᠥᠭᠡᠨ ᠪᠠᠶᠢᠭᠤᠯᠤᠯᠲᠠ ᠶᠢ ᠠᠬᠢᠭᠤᠯᠬᠤ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/10/28
ᠵᠣᠣ ᠶᠠᠨ ᠬᠤᠩ ᠪᠥᠬᠦ ᠬᠤᠰᠢᠭᠤᠨ ᠤ ︽ᠲᠠᠪᠤᠨ ᠬᠥᠭᠵᠢᠯᠲᠡ ᠶᠢᠨ ᠪᠠᠶᠢᠷᠢ ᠲᠣᠭᠲᠠᠭᠠᠯᠲᠠ︾ ᠶᠢᠨ ᠲᠥᠰᠦᠯ ᠢ ᠨᠠᠶᠢᠷᠠᠭᠤᠯᠤᠨ ᠵᠣᠬᠢᠶᠠᠬᠤ ᠪᠠ ᠲᠥᠷᠥᠯ ᠵᠦᠶᠯ ᠤᠨ ᠬᠥᠮᠥᠷᠭᠡ ᠶᠢᠨ ᠪᠥᠲᠥᠭᠡᠨ ᠪᠠᠶᠢᠭᠤᠯᠤᠯᠲᠠ ᠶᠢ ᠠᠬᠢᠭᠤᠯᠬᠤ ᠬᠤᠷᠠᠯ ᠢ ᠡᠷᠭᠢᠯᠡᠨ ᠬᠤᠷᠠᠯᠳᠤᠭᠤᠯᠪᠠ     10 ᠳ᠋ᠤᠭᠠᠷ ᠰᠠᠷ᠎ᠠ ᠶᠢᠨ 27 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠣᠷᠣᠯᠠᠭᠴᠢ ᠬᠤᠰᠢᠭᠤᠨ ᠳᠠᠷᠤᠭ᠎ᠠ ᠵᠣᠣ ᠶᠠᠨ ᠬᠤᠩ ᠪᠥᠬᠦ ᠬᠤᠰᠢᠭᠤᠨ ᠤ ︽ᠲᠠᠪᠤᠨ ᠬᠥᠭᠵᠢᠯᠲᠡ ᠶᠢᠨ ᠪᠠᠶᠢᠷᠢ ᠲᠣᠭᠲᠠᠭᠠᠯᠲᠠ︾ ᠶᠢᠨ ᠲᠥᠰᠦᠯ ᠢ ᠨᠠᠶᠢᠷᠠᠭᠤᠯᠤᠨ ᠵᠣᠬᠢᠶᠠᠬᠤ ᠪᠠ ᠲᠥᠷᠥᠯ ᠵᠦᠶᠯ ᠤᠨ ᠬᠥᠮᠥᠷᠭᠡ ᠶᠢᠨ ᠪᠥᠲᠥᠭᠡᠨ ᠪᠠᠶᠢᠭᠤᠯᠤᠯᠲᠠ ᠶᠢ ᠠᠬᠢᠭᠤᠯᠬᠤ ᠠᠵᠢᠯ ᠤᠨ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠰᠢᠭᠤᠨ ᠲᠠᠰ ᠤᠨ ᠤᠳᠤᠷᠢᠳᠤᠯᠭ᠎ᠠ ᠪᠠᠶ ᠯᠢᠩ᠂ ᠯᠢ ᠬᠦᠶ ᠹᠠᠩ᠂ ᠸᠠᠩ ᠸᠧᠨ ᡁᠢ᠂ ᠪᠢᠴᠢᠮᠡᠭ᠂ ᠮᠠ ᠶᠦᠩ ᠭᠠᠩ᠂ ᠢ ᠰᠢᠸ᠋ ᠴᠢᠤᠸᠠᠨ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠣᠷᠣᠯᠴᠠᠪᠠ᠃     ᠵᠣᠣ ᠶᠠᠨ ᠬᠤᠩ ᠵᠢᠭᠠᠵᠤ ᠭᠠᠷᠭᠠᠭᠰᠠᠨ ᠨᠢ᠂ ᠤᠯᠠᠭᠠᠨᠬᠠᠳᠠ ᠬᠤᠲᠠ ᠶᠢᠨ ︽ᠲᠠᠪᠤᠨ ᠬᠥᠭᠵᠢᠯᠲᠡ ᠶᠢᠨ ᠪᠠᠶᠢᠷᠢ ᠲᠣᠭᠲᠠᠭᠠᠯᠲᠠ︾ ᠶᠢᠨ ᠠᠵᠢᠯᠯᠠᠭᠠᠨ ᠤ ᠲᠥᠰᠦᠯ ᠪᠣᠯ ᠬᠤᠶᠢᠰᠢᠳᠠ ᠶᠢᠨ ᠨᠢᠭᠡ ᠬᠤᠭᠤᠴᠠᠭᠠᠨ ᠤ ᠪᠥᠬᠦ ᠬᠤᠲᠠ ᠶᠢᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠵᠢᠯᠣᠭᠤᠳᠣᠯᠭ᠎ᠠ ᠪᠠ ᠵᠢᠷᠤᠮᠯᠠᠯ ᠮᠥᠨ᠂ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠶᠡᠭᠡ ᠲᠠᠯ᠎ᠠ ᠳᠤ ᠬᠤᠯᠪᠣᠭᠳᠠᠨ᠎ᠠ᠃    ᠵᠣᠣ ᠶᠠᠨ ᠬᠤᠩ ᠱᠠᠭᠠᠷᠳᠠᠭᠰᠠᠨ ᠨᠢ᠂ᠬᠠᠷᠠᠴᠢᠨ ᠬᠤᠰᠢᠭᠤᠨ ᠤ ᠪᠣᠳᠠᠲᠤ ᠪᠠᠶᠢᠳᠠᠯ ᠲᠠᠢ ᠨᠢᠭᠲᠠ ᠤᠶᠠᠯᠳᠤᠭᠤᠯᠤᠨ᠂ ᠬᠤᠶᠢᠰᠢᠳᠠ ᠶᠢᠨ ᠠᠵᠤ ᠦᠶᠯᠡᠰ ᠤᠨ ᠬᠥᠭᠵᠢᠯᠲᠡ ᠶᠢᠨ ᠴᠢᠭᠯᠡᠯ ᠢ ᠨᠠᠷᠢᠨ ᠬᠢᠨᠠᠮᠠᠭᠠᠶ ᠰᠤᠳᠤᠯᠵᠤ ᠂ ᠠᠵᠤ ᠦᠶᠯᠡᠰ ᠤᠨ ᠬᠥᠭᠵᠢᠯᠲᠡ ᠲᠠᠢ ᠨᠢᠭᠲᠠ ᠤᠶᠠᠯᠳᠤᠭᠤᠯᠤᠨ᠂ ᠲᠥᠷᠥᠯ ᠵᠦᠶᠯ ᠢ ᠤᠯᠠᠮ ᠨᠢᠭᠡ ᠠᠯᠬᠤᠮ ᠰᠦᠪᠡᠭᠴᠢᠯᠡᠬᠦ ᠬᠡᠷᠡᠭᠲᠡᠶ︔ ᠠᠵᠢᠯᠲᠠᠨ ᠤ ᠲᠣᠬᠢᠷᠠᠭᠤᠯᠤᠯᠲᠠ ᠶᠢ ᠪᠣᠳᠠᠲᠠᠶᠢᠵᠢᠭᠤᠯᠵᠤ᠂ ᠠᠵᠢᠯ ᠤᠨ ᠲᠤᠰᠬᠠᠶ ᠠᠩᠭᠢ ᠶᠢᠨ ᠡᠩᠨᠡᠭᠡ ᠶᠢ ᠵᠣᠬᠢᠶᠠᠨ ᠪᠠᠶᠢᠭᠤᠯᠵᠤ᠂ ᠲᠤᠰᠬᠠᠶ ᠮᠡᠷᠭᠡᠵᠢᠯ ᠤᠨ ᠬᠦᠴᠦᠨ ᠢ ᠠᠰᠢᠭᠯᠠᠨ ᠲᠠᠪᠤᠨ ᠶᠡᠭᠡ ᠬᠥᠭᠵᠢᠯᠲᠡ ᠶᠢᠨ ᠪᠠᠶᠢᠷᠢ ᠲᠣᠭᠲᠠᠭᠠᠯᠲᠠ ᠶᠢ ᠬᠠᠮᠲᠤ ᠪᠠᠷ ᠰᠠᠶᠢᠲᠤᠷ ᠰᠤᠳᠤᠯᠬᠤ ᠬᠡᠷᠡᠭᠲᠡᠶ︔ ᠲᠦᠷᠦᠯ ᠵᠦᠢᠯ ᠤᠨ ᠲᠥᠯᠥᠪᠵᠢᠭᠦᠯᠭᠡ ᠶᠢ ᠪᠣᠳᠠᠲᠠᠢ ᠳᠤ ᠨᠠᠶᠢᠳᠠᠪᠤᠷᠢᠵᠢᠭᠤᠯᠵᠤ᠂ ᠲᠥᠰᠦᠯ ᠢ ᠨᠠᠶᠢᠷᠠᠭᠤᠯᠤᠨ ᠵᠣᠬᠢᠶᠠᠵᠤ᠂ ︽ᠠᠷᠪᠠᠨ ᠳᠥᠷᠪᠡᠳᠦᠭᠡᠷ ᠲᠠᠪᠤᠨ ᠵᠢᠯ  ︾ ᠤᠨ ᠠᠵᠤ ᠦᠢᠯᠡᠰ ᠤᠨ ᠬᠥᠭᠵᠢᠯᠲᠡ ᠲᠠᠢ ᠬᠠᠷᠢᠯᠴᠠᠨ ᠨᠡᠶᠢᠴᠡᠭᠦᠯᠬᠦ ᠬᠡᠷᠡᠭᠲᠡᠢ᠃    ᠲᠥᠷᠥᠯ ᠵᠦᠶᠯ ᠤᠨ ᠲᠤᠯᠭᠠᠭᠤᠷᠢᠯᠠᠯ ᠢ ᠴᠢᠩᠭᠠᠳᠬᠠᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠤ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠶᠯ ᠤᠨ ᠬᠥᠮᠥᠷᠭᠡ ᠶᠢ ᠰᠤᠳᠤᠯᠤᠨ ᠰᠦᠪᠡᠭᠴᠢᠯᠡᠵᠦ᠂ ᠠᠵᠤ ᠦᠶᠯᠡᠰ ᠤᠨ ᠲᠤᠯᠭᠠᠭᠤᠷᠢᠯᠠᠯ ᠳᠤ ᠠᠩᠬᠠᠷᠤᠯ ᠢᠶᠠᠨ ᠲᠥᠪᠯᠡᠷᠡᠭᠦᠯᠦᠨ᠂ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢ ᠴᠢᠩᠭᠠᠳᠬᠠᠵᠤ᠂ ᠲᠥᠰᠦᠯ᠂ ᠲᠥᠯᠥᠪᠵᠢᠭᠦᠯᠭᠡ ᠶᠢ ᠦᠨᠡᠨ ᠬᠦ ᠪᠣᠳᠠᠲᠠᠶ ᠳᠤ ᠨᠠᠶᠢᠳᠠᠪᠤᠷᠢᠵᠢᠭᠤᠯᠤᠨ᠂ ᠪᠥᠬᠦ ᠬᠤᠰᠢᠭᠤᠨ ᠤ ᠠᠵᠤ ᠠᠬᠤᠶ ᠶᠢᠨ ᠬᠥᠭᠵᠢᠯᠲᠡ ᠪᠠ ᠠᠵᠤ ᠦᠶᠯᠡᠰ ᠤᠨ ᠬᠡᠯᠪᠡᠷᠢ ᠶᠢᠨ ᠬᠤᠪᠢᠷᠠᠭᠤᠯᠤᠯᠲᠠ ᠳᠤ ᠬᠦᠴᠦᠷᠬᠡᠭ ᠶᠡᠭᠡ ᠲᠤᠯᠭᠠᠭᠤᠷᠢᠯᠠᠯ ᠤᠨ ᠬᠦᠴᠦᠨ ᠬᠠᠩᠭᠠᠬᠤ ᠬᠡᠷᠡᠭᠲᠡᠶ᠃
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号