ᠬᠤᠰᠢᠭᠤᠨ ᠨᠠᠮ ᠤᠨ ᠬᠤᠷᠢᠶᠠᠨ ᠤ ᠱᠦᠵᠢ ᠹᠠᠩ ᠷᠦᠢ ᠭᠤᠤᠯᠳᠠᠯᠭ᠎ᠠ ᠲᠠᠢ ᠲᠠᠯᠠᠪᠤᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠲᠤᠬᠠᠢ ᠶᠢᠨ ᠭᠠᠵᠠᠷ ᠲᠤᠨᠢ ᠬᠦᠷᠴᠦ ᠬᠢᠨᠠᠨ ᠵᠢᠯᠤᠭᠤᠳᠴᠦ ᠪᠠᠶᠢᠴᠠᠭᠠᠯᠲᠠ ᠬᠢᠪᠠ
ᠨᠡᠶᠢᠲᠡᠯᠡᠭᠰᠡᠨ ᠴᠠᠭ᠄
2021/10/29
ᠬᠤᠰᠢᠭᠤᠨ ᠨᠠᠮ ᠤᠨ ᠬᠤᠷᠢᠶᠠᠨ ᠤ ᠱᠦᠵᠢ ᠹᠠᠩ ᠷᠦᠢ ᠭᠤᠤᠯᠳᠠᠯᠭ᠎ᠠ ᠲᠠᠢ ᠲᠠᠯᠠᠪᠤᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠲᠤᠬᠠᠢ ᠶᠢᠨ ᠭᠠᠵᠠᠷ ᠲᠤᠨᠢ ᠬᠦᠷᠴᠦ ᠬᠢᠨᠠᠨ ᠵᠢᠯᠤᠭᠤᠳᠴᠦ ᠪᠠᠶᠢᠴᠠᠭᠠᠯᠲᠠ ᠬᠢᠪᠠ10 ᠰᠠᠷ᠎ᠠ ᠶᠢᠨ 28 ᠤ ᠦᠳᠡ ᠶᠢᠨ ᠬᠤᠶᠢᠨ᠎ᠠ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠹᠠᠩ ᠷᠦᠢ ᠵᠢᠨᠱᠠᠨ ᠬᠤᠲᠠ ᠶᠢᠨ ᠲᠣᠭᠤᠷᠢᠭ ᠤᠨ ᠬᠡᠲᠦ ᠳᠡᠯᠭᠡᠭᠦᠷ᠂ ᠡᠮᠴᠢᠯᠡᠭᠡᠨ ᠤ ᠭᠠᠵᠠᠷ ᠵᠡᠷᠭᠡ ᠬᠥᠮᠦᠨ ᠣᠯᠠᠨ ᠴᠤᠭᠯᠠᠷᠠᠳᠠᠭ ᠭᠠᠵᠠᠷ ᠪᠠ ᠰᠢᠶᠠᠩ ᠶᠠᠩ ᠨᠡᠶᠢᠭᠡᠮ ᠲᠣᠭᠤᠷᠢᠭ ᠵᠡᠷᠭᠡ ᠭᠠᠵᠠᠷ ᠢᠶᠠᠷ ᠭᠦᠨᠵᠡᠭᠡᠶᠢᠷᠡᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠣᠳᠠᠲᠠᠶ ᠭᠠᠵᠠᠷ ᠲᠤᠨᠢ ᠬᠢᠨᠠᠨ ᠵᠢᠯᠣᠭᠤᠳᠴᠤ ᠪᠠᠶᠢᠴᠠᠭᠠᠪᠠ᠃ ᠬᠤᠰᠢᠭᠤᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠠᠯᠪᠠᠨ ᠬᠡᠷ ᠤᠨ ᠡᠷᠬᠢᠯᠡᠭᠴᠢ ᠶᠠᠩ ᠸᠧᠨ ᠳ᠋ᠦᠩ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠵᠡᠷᠭᠡ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠷ᠎ᠠ ᠪᠣᠯᠪᠠ᠃ᠹᠠᠩ ᠷᠦᠢ ᠴᠢᠬᠤᠯᠠᠴᠢᠯᠠᠬᠤ ᠳᠠᠭᠠᠨ᠂ ᠬᠤᠳᠠᠯᠳᠤᠭᠠᠨ ᠤ ᠳᠡᠯᠭᠡᠭᠦᠷ ᠤᠨ ᠬᠡᠳᠦ ᠳᠡᠯᠭᠡᠭᠦᠷ ᠪᠠ ᠵᠤᠭ᠎ᠠ ᠴᠡᠩᠭᠡᠯ ᠤᠨ ᠭᠠᠵᠠᠷ ᠵᠡᠷᠭᠡ ᠭᠠᠵᠠᠷ ᠲᠤ ᠬᠥᠮᠦᠰ ᠤᠨ ᠨᠢᠭᠲᠠᠴᠠ ᠶᠢᠨ ᠬᠡᠮᠵᠢᠶ᠎ᠡ ᠨᠢ ᠥᠨᠳᠥᠷ᠂ ᠰᠢᠯᠵᠢᠮᠡᠯ ᠴᠢᠨᠠᠷ ᠢᠶᠠᠷ ᠴᠢᠩᠭ᠎ᠠ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢᠨ ᠭᠤᠤᠯᠳᠠᠯᠭ᠎ᠠ ᠲᠠᠢ ᠭᠠᠵᠠᠷ ᠮᠥᠨ᠂ ᠠᠵᠤ ᠠᠬᠤᠶᠢᠯᠠᠯ ᠤᠳ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠭᠦᠷᠭᠡ ᠬᠠᠷᠢᠭᠤᠴᠠᠯᠭ᠎ᠠ ᠪᠠᠨ ᠭᠦᠶᠴᠡᠳᠬᠡᠵᠦ᠂ ᠡᠯ᠎ᠡ ᠬᠢᠨᠠᠨ ᠬᠠᠮᠢᠶᠠᠷᠬᠤ ᠨᠢᠭᠡᠴᠡ ᠨᠦᠭᠦᠳ ᠬᠢᠨᠠᠨ ᠬᠠᠮᠢᠶᠠᠷᠬᠤ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠤᠨ᠂ ᠡᠳᠦᠷ ᠲᠤᠲᠤᠮ ᠤᠨ ᠬᠢᠨᠠᠨ ᠵᠢᠯᠣᠭᠤᠳᠴᠤ ᠪᠠᠶᠢᠴᠠᠭᠠᠬᠤ ᠪᠠᠨ ᠴᠢᠩᠭᠠᠳᠬᠠᠵᠤ᠂ ᠳᠤᠯᠠᠭᠠᠨ ᠤ ᠬᠡᠮᠵᠢᠶ᠎ᠡ ᠶᠢ ᠬᠡᠮᠵᠢᠬᠦ᠂ ᠠᠮᠠᠪᠴᠢ ᠵᠡᠭᠦᠬᠦ ᠵᠡᠷᠭᠡ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠶᠯ ᠤᠨ ᠠᠷᠭ᠎ᠠ ᠬᠡᠮᠵᠢᠶ᠎ᠡ ᠶᠢ ᠬᠠᠮᠤᠭ ᠤᠨ ᠥᠨᠳᠥᠷ ᠪᠠᠷᠢᠮᠵᠢᠶ᠎ᠠ᠂ ᠬᠠᠮᠤᠭ ᠤᠨ ᠴᠢᠩᠭ᠎ᠠ ᠱᠠᠭᠠᠷᠳᠠᠯᠭ᠎ᠠ ᠪᠠᠷ ᠬᠢᠨᠠᠮᠠᠭᠠᠶ ᠰᠠᠶᠢᠲᠤᠷ ᠨᠠᠶᠢᠳᠠᠪᠤᠷᠢᠵᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠴᠢᠩᠭ᠎ᠠ ᠪᠥᠭᠡᠳ ᠨᠠᠷᠢᠯᠢᠭ ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃ᠹᠠᠩ ᠷᠦᠢ ᠵᠢᠭᠠᠵᠤ ᠭᠠᠷᠭᠠᠭᠰᠠᠨ ᠨᠢ᠂ ᠡᠮ ᠤᠨ ᠳᠡᠯᠭᠡᠭᠦᠷ᠂ ᠡᠮᠴᠢᠯᠡᠭᠡᠨ ᠤ ᠭᠠᠵᠠᠷ ᠪᠣᠯ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠤᠨ ︽ᠬᠠᠷᠠᠭᠤᠯ ᠤᠨ ᠴᠡᠭ︾ ᠮᠥᠨ᠂ ᠺᠣᠳ᠋ ᠰᠢᠷᠪᠢᠵᠦ ᠳᠠᠩᠰᠠᠯᠠᠬᠤ ᠪᠣᠯ ︽ᠡᠬᠢ ᠡᠭᠦᠰᠦᠯ ᠢ ᠨᠢ ᠡᠷᠢᠵᠦ ᠮᠥᠷᠳᠡᠬᠦ︾ ᠶᠢ ᠪᠡᠶᠡᠯᠡᠭᠦᠯᠬᠦ ᠶᠢᠨ ᠴᠢᠬᠤᠯᠠ ᠨᠢᠭᠡ ᠭᠤᠭᠴᠤᠭ᠎ᠠ ᠮᠥᠨ᠂ ᠡᠶᠢᠮᠦ ᠠᠴᠠ ᠡᠪᠡᠳᠴᠢᠨ ᠦᠵᠡᠭᠦᠯᠵᠦ ᠡᠮ ᠬᠤᠳᠠᠯᠳᠤᠨ ᠠᠪᠬᠤ ᠶᠠᠪᠤᠴᠠ ᠪᠠ ᠠᠯᠬᠤᠮ ᠳᠠᠷᠠᠭ᠎ᠠ ᠶᠢ ᠵᠢᠷᠤᠮᠵᠢᠭᠤᠯᠵᠤ᠂ ︽11 ᠲᠥᠷᠥᠯ ᠤᠨ ᠡᠪᠡᠳᠴᠢᠨ ᠤ ᠪᠠᠶᠢᠳᠠᠯ︾ ᠵᠡᠷᠭᠡ ᠬᠤᠯᠪᠣᠭᠳᠠᠯ ᠪᠥᠬᠦᠶ ᠮᠡᠳᠡᠭᠡ ᠵᠠᠩᠭᠢ ᠶᠢ ᠴᠠᠭ ᠲᠤᠬᠠᠶ ᠳᠤᠨᠢ ᠬᠠᠷᠢᠭᠤ ᠲᠤᠰᠬᠠᠵᠤ᠂ ︽ᠬᠠᠷᠠᠭᠤᠯ ᠤᠨ ᠴᠡᠭ︾ ᠢ ᠬᠢᠨᠠᠨ ᠬᠡᠮᠵᠢᠬᠦ ᠪᠠ ᠰᠢᠶᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠶ᠃ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠵᠡᠷᠭᠡ ᠰᠠᠯᠠᠭ᠎ᠠ ᠮᠥᠴᠢᠷ ᠤᠳ ᠡᠳᠦᠷ ᠪᠦᠷᠢ ᠶᠢᠨ ᠲᠣᠭᠤᠷᠢᠨ ᠪᠠᠶᠢᠴᠠᠭᠠᠬᠤ ᠲᠣᠭᠲᠠᠴᠠ ᠶᠢ ᠨᠠᠶᠢᠳᠠᠪᠤᠷᠢᠵᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠷᠢᠨ ᠪᠥᠭᠡᠳ ᠪᠣᠳᠠᠲᠠᠶ ᠪᠠᠷ ᠨᠠᠶᠢᠳᠠᠪᠤᠷᠢᠵᠢᠭᠤᠯᠵᠤ᠂ ᠬᠢᠨᠠᠯᠲᠠ ᠲᠠᠯᠪᠢᠬᠤ ᠦᠶᠯᠡᠳᠦᠯ ᠢᠶᠠᠨ ᠭᠦᠶᠴᠡᠳ ᠪᠠᠳᠠᠷᠠᠭᠤᠯᠤᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠷᠢᠭ᠎ᠠ ᠱᠤᠭᠤᠮ ᠢ ᠡᠷᠡᠰ ᠰᠠᠬᠢᠬᠤ ᠬᠡᠷᠡᠭᠲᠡᠶ᠃ᠹᠠᠩ ᠷᠦᠢ ᠴᠢᠬᠤᠯᠠᠴᠢᠯᠠᠬᠤ ᠳᠠᠭᠠᠨ᠂ ᠨᠡᠶᠢᠭᠡᠮ ᠲᠣᠭᠤᠷᠢᠭ ᠤᠨ ᠬᠢᠨ ᠲᠣᠮᠣ ᠳ᠋ᠠᠶᠢᠲ᠋ᠠ ᠶᠢᠨ ᠬᠢᠨᠠᠨ ᠬᠡᠮᠵᠢᠯᠲᠡ ᠶᠢ ᠰᠠᠶᠢᠲᠤᠷ ᠠᠰᠢᠭᠯᠠᠵᠤ᠂ ᠨᠢᠭᠡᠳᠦᠯᠲᠡᠶ ᠲᠥᠯᠥᠪᠯᠡᠨ ᠲᠣᠬᠢᠷᠠᠭᠤᠯᠬᠤ ᠶᠢ ᠴᠢᠩᠭᠠᠳᠬᠠᠨ᠂ ᠪᠠᠴᠢᠮ ᠪᠠᠶᠢᠳᠠᠯ ᠢ ᠠᠷᠭᠠᠴᠠᠬᠤ ᠬᠢᠵᠢᠭ ᠢ ᠰᠡᠷᠭᠡᠶᠢᠯᠡᠬᠦ ᠡᠳ᠋ ᠪᠣᠳᠠᠰ ᠢ ᠨᠥᠭᠡᠴᠡᠯᠡᠵᠦ᠂ ᠠᠵᠢᠯ ᠢᠶᠠᠨ ᠨᠠᠷᠢᠯᠢᠭ ᠨᠢᠮᠪᠠᠢ ᠬᠢᠬᠦ ᠬᠡᠷᠡᠭᠲᠡᠶ︔ ᠤᠬᠠᠭᠤᠯᠵᠤ ᠬᠦᠳᠦᠯᠦᠨ ᠵᠢᠯᠣᠭᠤᠳᠬᠤ ᠠᠵᠢᠯ ᠢ ᠰᠠᠶᠢᠲᠤᠷ ᠬᠢᠵᠦ᠂ ᠰᠠᠭᠤᠭᠠᠯᠢ ᠠᠷᠠᠳ ᠤᠯᠠᠨ ᠲᠦᠮᠡᠨ ᠤ ᠳᠡᠮᠵᠢᠯᠭᠡ ᠣᠶᠢᠯᠠᠭᠠᠯᠲᠠ ᠶᠢ ᠣᠯᠵᠤ᠂ ᠤᠯᠠᠨ ᠢᠶᠠᠷ ᠢᠶᠠᠨ ᠰᠡᠷᠭᠡᠶᠢᠯᠡᠵᠦ ᠤᠯᠠᠨ ᠢᠶᠠᠷ ᠢᠶᠠᠨ ᠡᠵᠡᠮᠳᠡᠬᠦ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠢ᠃
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号