ᠲᠤᠮᠳᠠᠳᠤ ᠤᠯᠤᠰ ᠤᠨ ᠡᠪ ᠬᠠᠮᠳᠤ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ ᠰᠢ ᠶᠢᠨ ᠫᠢᠩ ᠵᠦ ᠯᠢ ᠯᠦᠨ ᠤ | ᠳᠤᠮᠳᠠᠳᠤ ᠤᠯᠤᠰ ᠤᠨ ᠭᠤᠮᠢᠨᠳᠠᠩ ᠨᠠᠮ ᠤᠨ ᠲᠡᠷᠢᠭᠦᠯᠡᠭᠴᠢ ᠪᠠᠷ ᠰᠣᠩᠭᠤᠭᠳᠠᠭᠰᠠᠨ ᠳᠤ ᠴᠠᠬᠢᠯᠭᠠᠨ ᠴᠢᠮᠡᠭᠡ ᠶᠠᠪᠤᠭᠤᠯᠵᠤ | ᠪᠠᠶᠠᠷ ᠬᠦᠷᠭᠡᠪᠡ ᠵᠦ ᠯᠢ ᠯᠦᠨ ᠰᠢ ᠶᠢᠨ ᠫᠢᠩ ᠳᠤ ᠬᠠᠷᠢᠭᠤ ᠴᠠᠬᠢᠯᠭᠠᠨ ᠴᠢᠮᠡᠭᠡ ᠶᠠᠪᠤᠭᠤᠯᠵᠤ ᠲᠠᠯᠠᠷᠬᠠᠵᠤ ᠪᠠᠶᠢᠬᠤ ᠪᠠᠨ | ᠢᠯᠡᠳᠬᠡᠵᠠᠢ | ᠰᠢᠨᠬᠤᠸᠠ ᠬᠤᠷᠢᠶᠠᠨ ᠤ ᠪᠡᠭᠡᠵᠢᠩ ᠤᠨ 9 ᠰᠠᠷ᠎ᠠ ᠶᠢᠨ 26 ᠤ ᠴᠠᠬᠢᠯᠭᠠᠨ ᠮᠡᠳᠡᠭᠡ ᠲᠤᠮᠳᠠᠳᠤ ᠤᠯᠤᠰ ᠤᠨ ᠡᠪ | ᠬᠠᠮᠳᠤ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ ᠰᠢ ᠶᠢᠨ ᠫᠢᠩ 26 ᠤ ᠡᠳᠦᠷ ᠵᠦ ᠯᠢ ᠯᠦᠨ ᠳᠤ ᠴᠠᠬᠢᠯᠭᠠᠨ | ᠴᠢᠮᠡᠭᠡ ᠶᠠᠪᠤᠭᠤᠯᠵᠤ᠂ ᠲᠡᠭᠦᠨ ᠤ ᠳᠤᠮᠳᠠᠳᠤ ᠤᠯᠤᠰ ᠤᠨ ᠭᠤᠮᠢᠨᠳᠠᠩ ᠨᠠᠮ ᠤᠨ ᠲᠡᠷᠢᠭᠦᠯᠡᠭᠴᠢ ᠪᠠᠷ ᠰᠣᠩᠭᠤᠭᠳᠠᠭᠰᠠᠨ ᠳᠤ | ᠪᠠᠶᠠᠷ ᠬᠦᠷᠭᠡᠵᠦ᠂ ᠥᠩᠭᠡᠷᠡᠭᠰᠡᠨ ᠨᠢᠭᠡ ᠬᠤᠭᠤᠴᠠᠭᠠᠨ ᠳᠤ ᠬᠤᠶᠠᠷ ᠨᠠᠮ ᠢᠶᠠᠷ ᠢᠶᠠᠨ ︽ᠶᠡᠷᠡᠨ ᠬᠤᠶᠠᠷ ᠣᠨ ᠤ ᠬᠠᠮᠲᠤ ᠶᠢᠨ | ᠲᠠᠨᠢᠯᠲᠠ︾ ᠶᠢ ᠪᠠᠷᠢᠮᠲᠠᠯᠠᠵᠤ᠂ ︽ᠲᠠᠶᠢᠸᠠᠨ ᠢ ᠲᠤᠰᠠᠭᠠᠷ ᠲᠣᠭᠲᠠᠨᠢᠭᠤᠯᠬᠤ︾ ᠶᠢ ᠡᠰᠡᠷᠭᠦᠴᠡᠬᠦ ᠬᠠᠮᠲᠤ ᠶᠢᠨ ᠤᠯᠤᠰ | ᠲᠦᠷᠦ ᠶᠢᠨ ᠰᠠᠭᠤᠷᠢᠨ ᠳᠡᠭᠡᠷ᠎ᠡ ᠰᠠᠶᠢᠳᠤᠷ ᠬᠤᠷᠰᠢᠯᠴᠠᠵᠥ᠂ ᠲᠠᠶᠢᠸᠠᠨ ᠬᠤᠭᠤᠯᠠᠢ ᠶᠢᠨ ᠬᠤᠶᠠᠷ ᠬᠥᠪᠡᠭᠡᠨ ᠤ | ᠬᠠᠷᠢᠯᠴᠠᠭ᠎ᠠ ᠶᠢᠨ ᠡᠩᠬᠡ ᠲᠠᠶᠢᠪᠤᠩ ᠬᠥᠭᠵᠢᠯᠲᠡ ᠶᠢ ᠠᠬᠢᠭᠤᠯᠵᠤ᠂ ᠲᠠᠶᠢᠸᠠᠨ ᠬ᠊ ᠣᠭᠤᠯᠠᠢ ᠶᠢᠨ ᠬᠤᠶᠠᠷ ᠬᠥᠪᠡᠭᠡᠨ ᠤ | ᠠᠬ᠎ᠠ ᠳᠡᠭᠦᠦ ᠨᠡᠷ ᠲᠤ ᠪᠤᠶᠠᠨ ᠦᠢᠯᠡᠳᠴᠦ᠂ ᠢᠯᠡᠳᠳᠡ ᠦᠷ᠎ᠡ ᠪᠦᠲᠦᠮᠵᠢ ᠤᠯᠵᠠᠢ᠃ ᠬᠤᠶᠠᠷ ᠨᠠᠮ ᠥᠨᠳᠥᠷ ᠲᠤ | ᠵᠣᠭᠰᠣᠨ ᠠᠯᠤᠰ ᠢ ᠪᠡᠷᠡᠯᠡᠵᠦ᠂ ᠬᠠᠮᠲᠤ ᠶᠢᠨ ᠤᠯᠤᠰ ᠲᠥᠷᠥ ᠶᠢᠨ ᠰᠠᠭᠤᠷᠢ ᠶᠢ ᠪᠠᠷᠢᠮᠲᠠᠯᠠᠨ᠂ ᠦᠨᠳᠦᠰᠦᠲᠡᠨ ᠤ ᠶᠡᠭᠡ | ᠵᠢᠷᠤᠮ ᠢ ᠪᠠᠲᠤ ᠰᠠᠬᠢᠵᠤ᠂ ᠨᠢᠭᠳᠠ ᠬᠠᠮᠳᠤᠷᠠᠯᠴᠠᠵᠤ᠂ ᠠᠬ᠎ᠠ ᠳᠡᠭᠦᠦ ᠨᠡᠷ ᠲᠠᠭᠠᠨ ᠪᠤᠶᠠᠨ ᠵᠢᠷᠭᠠᠯ ᠣᠯᠭᠤᠵᠤ᠂ ᠲᠠᠶᠢᠸᠠᠨ | ᠬᠤᠭᠤᠯᠠᠶ ᠶᠢᠨ ᠡᠩᠬᠡ ᠲᠠᠶᠢᠪᠤᠩ ᠤᠨ ᠲᠥᠯᠥᠭᠡ ᠴᠢᠷᠮᠠᠶᠢᠵᠤ᠂ ᠤᠯᠤᠰ ᠣᠷᠣᠨ ᠤ ᠨᠢᠭᠡᠳᠦᠯ ᠤᠨ ᠲᠥᠯᠥᠭᠡ ᠴᠢᠷᠮᠠᠶᠢᠵᠤ᠂ | ᠦᠨᠳᠦᠰᠦᠲᠡᠨ ᠤ ᠰᠡᠷᠭᠦᠨ ᠮᠠᠨᠳᠤᠯᠲᠠ ᠶᠢᠨ ᠲᠥᠯᠥᠭᠡ ᠴᠢᠷᠮᠠᠶᠢᠬᠤ ᠶᠢ ᠬᠦᠰᠡᠵᠦ ᠪᠠᠶᠢᠨ᠎ᠠ ᠭᠡᠵᠤ ᠵᠢᠭᠠᠵᠤ ᠭᠠᠷᠭᠠᠪᠠ᠃ | ᠲᠤᠰ ᠡᠳᠦᠷ᠂ ᠰᠢᠨ᠎ᠡ ᠪᠠᠷ ᠰᠣᠩᠭᠤᠭᠳᠠᠭᠰᠠᠨ ᠳᠤᠮᠳᠠᠳᠤ ᠤᠯᠤᠰ ᠤᠨ ᠭᠤᠮᠢᠨᠳᠠᠩ ᠨᠠᠮ ᠤᠨ ᠲᠡᠷᠢᠭᠦᠯᠡᠭᠴᠢ ᠵᠦ ᠯᠢ | ᠯᠦᠨ ᠬᠠᠷᠢᠭᠤ ᠴᠠᠬᠢᠯᠭᠠᠨ ᠴᠢᠮᠡᠭᠡ ᠶᠠᠪᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠳᠤ ᠲᠠᠯᠠᠷᠬᠠᠵᠤ ᠪᠠᠶᠢᠬᠤ ᠪᠠᠨ | ᠢᠯᠡᠳᠬᠡᠪᠡ᠃ ᠲᠡᠷᠡ᠂ ᠲᠠᠶᠢᠸᠠᠨ ᠬᠤᠭᠤᠯᠠᠢ ᠶᠢᠨ ᠬᠤᠶᠠᠷ ᠬᠥᠪᠡᠭᠡᠨ ᠤ ᠠᠷᠠᠳ ᠲᠦᠮᠡᠨ ᠴᠥᠮ ᠶᠠᠨᠳᠢ ᠬᠤᠸᠠᠩᠳᠢ ᠶᠢᠨ | ᠦᠷ᠎ᠡ ᠬᠤᠶᠢᠴᠢᠰ ᠮᠥᠨ᠂ ᠬᠤᠶᠢᠰᠢᠳᠠ ᠬᠤᠶᠠᠷ ᠨᠠᠮ ᠢᠶᠠᠷ ᠢᠶᠠᠨ ︽ᠶᠡᠷᠡᠨ ᠬᠤᠶᠠᠷ ᠣᠨ ᠤ ᠬᠠᠮᠲᠤ ᠶᠢᠨ ᠲᠠᠨᠢᠯᠲᠠ︾᠂ ︽ | ᠲᠠᠶᠢᠸᠠᠨ ᠢ ᠲᠤᠰᠠᠭᠠᠷ ᠲᠣᠭᠲᠠᠨᠢᠭᠤᠯᠬᠤ︾ ᠶᠢ ᠡᠰᠡᠷᠭᠦᠴᠡᠬᠦ ᠰᠠᠭᠤᠷᠢᠨ ᠳᠡᠭᠡᠷ᠎ᠡ᠂ ᠢᠲᠡᠭᠡᠯᠴᠡᠭᠡ ᠠᠭᠤᠰᠤᠯᠴᠠᠯ ᠢᠶᠠᠨ | ᠨᠡᠮᠡᠭᠳᠡᠭᠦᠯᠵᠦ᠂ ᠰᠣᠯᠢᠯᠴᠠᠭ᠎ᠠ ᠬᠠᠮᠲᠤᠷᠠᠯᠴᠠᠭ᠎ᠠ ᠪᠠᠨ ᠴᠢᠩᠭᠠᠳᠬᠠᠵᠤ᠂ ᠲᠠᠶᠢᠸᠠᠨ ᠬᠤᠭᠤᠯᠠᠢ ᠶᠢᠨ ᠬᠤᠶᠠᠷ ᠬᠥᠪᠡᠭᠡᠨ ᠤ | ᠬᠠᠷᠢᠯᠴᠠᠭ᠎ᠠ ᠶᠢᠨ ᠨᠠᠶᠢᠷᠠᠮᠳᠠᠯ ᠢᠶᠠᠷ ᠬᠥᠭᠵᠢᠬᠦ ᠶᠢ ᠦᠷᠭᠦᠯᠵᠢᠯᠡᠨ ᠠᠬᠢᠭᠤᠯᠵᠤ᠂ ᠲᠠᠶᠢᠸᠠᠨ ᠬᠤᠭᠤᠯᠠᠢ ᠶᠢᠨ ᠬᠤᠶᠠᠷ | ᠬᠥᠪᠡᠭᠡᠨ ᠤ ᠠᠷᠠᠳ ᠤᠯᠠᠨ ᠳᠤ ᠬᠠᠮᠲᠤ ᠪᠠᠷ ᠪᠤᠶᠠᠨ ᠦᠢᠯᠡᠳᠴᠦ᠂ ᠲᠠᠶᠢᠸᠠᠨ ᠬᠤᠭᠤᠯᠠᠢ ᠶᠢᠨ ᠡᠩᠬᠡ ᠲᠠᠶᠢᠪᠤᠩ | ᠲᠣᠭᠲᠠᠭᠤᠨ ᠢ ᠠᠬᠢᠭᠤᠯᠬᠤ ᠶᠢ ᠳᠤᠩ ᠬᠦᠰᠡᠵᠦ ᠪᠠᠶᠢᠨ᠎ᠠ ᠭᠡᠵᠦ ᠢᠯᠡᠳᠬᠡᠪᠡ᠃ | | |