ᠪᠠᠶ ᠯᠢᠩ ᠪᠥᠬᠦ ᠬᠤᠰᠢᠭᠤᠨ ᠤ ᠠᠶᠤᠯᠭᠦᠶ ᠦᠶᠯᠡᠳᠪᠦᠷᠢᠯᠡᠯ ᠪᠠ ︽ᠲᠠᠯᠪᠢᠬᠤ ᠬᠠᠮᠢᠶᠠᠷᠬᠤ ᠦᠶᠯᠡᠴᠢᠯᠡᠬᠦ ︾ ᠥᠭᠡᠷᠡᠴᠢᠯᠡᠯᠲᠡ ᠶᠢᠨ ᠠᠵᠢᠯ ᠳᠤ ᠪᠠᠶᠢᠴᠠᠭᠠᠨ ᠰᠤᠳᠤᠯᠤᠯᠲᠠ ᠬᠢᠪᠠ
ᠨᠡᠶᠢᠲᠡᠯᠡᠭᠰᠡᠨ ᠴᠠᠭ᠄
2021/10/9
ᠪᠠᠶ ᠯᠢᠩ ᠪᠥᠬᠦ ᠬᠤᠰᠢᠭᠤᠨ ᠤ ᠠᠶᠤᠯᠭᠦᠶ ᠦᠶᠯᠡᠳᠪᠦᠷᠢᠯᠡᠯ ᠪᠠ ︽ᠲᠠᠯᠪᠢᠬᠤ ᠬᠠᠮᠢᠶᠠᠷᠬᠤ ᠦᠶᠯᠡᠴᠢᠯᠡᠬᠦ︾ ᠥᠭᠡᠷᠡᠴᠢᠯᠡᠯᠲᠡ ᠶᠢᠨ ᠠᠵᠢᠯ ᠳᠤ ᠪᠠᠶᠢᠴᠠᠭᠠᠨ ᠰᠤᠳᠤᠯᠤᠯᠲᠠ ᠬᠢᠪᠠ    10 ᠰᠠᠷ᠎ᠠ ᠶᠢᠨ 7 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ  ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ  ᠳᠡᠳ᠋ ᠳᠠᠷᠤᠭ᠎ᠠ ᠪᠠᠶ ᠯᠢᠩ ᠤᠷᠢᠳ ᠬᠤᠵᠢᠳ ᠬᠠᠷᠠᠴᠢᠨ ᠬᠤᠰᠢᠭᠤᠨ ᠤ ᠵᠢᠨᠱᠠᠨ ᠠᠶᠠᠨᠴᠢᠳ ᠤᠨ ᠮᠠᠰᠢᠨ ᠲᠡᠷᠭᠡᠨ ᠤ ᠥᠷᠲᠡᠭᠡ ᠪᠠ ᠮᠠ ᠠᠨ ᠱᠠᠨ ᠣᠶ ᠰᠢᠭᠤᠶ ᠶᠢᠨ ᠲᠠᠯᠠᠪᠠᠶ ᠳᠤ ᠬᠦᠷᠴᠦ᠂ ᠠᠶᠠᠨᠴᠢᠳ ᠤᠨ ᠵᠠᠮ ᠬᠠᠷᠢᠯᠴᠠᠭ᠎ᠠ ᠪᠠ ᠣᠶ ᠰᠢᠭᠤᠶ ᠨᠤᠲᠤᠭ ᠪᠡᠯᠴᠢᠭᠡᠷ ᠤᠨ ᠭᠠᠯ   ᠢ ᠰᠡᠷᠭᠡᠶᠢᠯᠡᠬᠦ ᠠᠮᠤᠷ ᠲᠦᠪᠰᠢᠨ ᠤ ᠠᠵᠢᠯ ᠤᠨ ᠲᠤᠬᠠᠶ ᠪᠠᠶᠢᠴᠠᠭᠠᠨ ᠰᠤᠳᠤᠯᠤᠯᠲᠠ ᠬᠢᠵᠡᠶ᠃    ᠵᠢᠨᠱᠠᠨ ᠤ ᠠᠶᠠᠨᠴᠢᠳ ᠤᠨ ᠲᠡᠭᠡᠭᠡᠪᠦᠷᠢ ᠶᠢᠨ ᠦᠷᠳᠡᠭᠡ ᠳᠤ᠂ ᠪᠠᠢ ᠯᠢᠩ ᠠᠶᠠᠨᠴᠢᠳ ᠤᠨ ᠲᠡᠭᠡᠭᠡᠪᠦᠷᠢ ᠶᠢᠨ ᠦᠷᠳᠡᠭᠡ ᠶᠢᠨ ᠡᠳᠦᠷ ᠪᠦᠷᠢ ᠶᠢᠨ ᠣᠷᠣᠵᠤ ᠭᠠᠷᠬᠤ ᠮᠠᠰᠢᠨ ᠲᠡᠷᠭᠡᠨ ᠤ ᠠᠮᠤᠷ ᠲᠦᠪᠰᠢᠨ ᠤ ᠪᠠᠶᠢᠴᠠᠭᠠᠯᠲᠠ᠂ ᠠᠵᠢᠯᠳᠠᠨ ᠤ ᠪᠠᠶᠢᠴᠠᠭᠠᠯᠲᠠ᠂ ᠠᠶᠠᠨᠴᠢᠳ ᠤᠨ ᠲᠤᠭ᠎ᠠ ᠬᠡᠮᠵᠢᠶ᠎ᠡ ᠪᠣᠯᠤᠨ ᠰᠤᠷᠭᠠᠭᠤᠯᠢ ᠶᠢᠨ ᠲᠡᠷᠭᠡ ᠶᠢᠨ ᠲᠡᠭᠡᠭᠡᠪᠦᠷᠢ ᠶᠢᠨ ᠠᠮᠤᠷ ᠲᠦᠪᠰᠢᠨ ᠵᠡᠷᠭᠡ ᠠᠵᠢᠯ ᠢ ᠨᠠᠷᠢᠨ ᠣᠶᠢᠯᠠᠭᠠᠪᠠ᠃ ᠪᠠᠶ ᠯᠢᠩ ᠴᠢᠬᠤᠯᠠᠴᠢᠯᠠᠬᠤ ᠳᠠᠭᠠᠨ᠂ ᠠᠶᠠᠨᠴᠢᠳ ᠤᠨ ᠲᠡᠭᠡᠭᠡᠪᠦᠷᠢ ᠶᠢᠨ ᠲᠡᠷᠭᠡᠨ ᠤ ᠠᠮᠤᠷ ᠲᠦᠪᠰᠢᠨ ᠤ ᠬᠢᠨᠠᠨ ᠬᠠᠮᠢᠶᠠᠷᠤᠯᠲᠠ ᠶᠢ ᠴᠢᠩᠭᠠᠳᠬᠠᠵᠤ᠂ ᠵᠢᠯᠣᠭᠤᠴᠢ ᠶᠢᠨ ᠵᠢᠷᠤᠮᠵᠢᠯ ᠲᠠᠢ ᠪᠠᠷ ᠵᠢᠯᠣᠭᠤᠳᠬᠤ ᠶᠢ ᠴᠢᠩᠭ᠎ᠠ ᠱᠠᠭᠠᠷᠳᠠᠵᠤ᠂ ᠠᠶᠠᠨᠴᠢᠳ ᠤᠨ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠶ ᠭᠡᠵᠡᠶ᠃    ᠮᠠ ᠠᠨ ᠱᠠᠨ ᠤᠢ ᠰᠢᠭᠤᠢ ᠶᠢᠨ ᠲᠠᠯᠠᠪᠠᠢ ᠳᠤ᠂ ᠪᠠᠢ ᠯᠢᠩ ᠣᠳᠣᠬᠠᠨ ᠤ ᠤᠢ ᠰᠢᠭᠤᠢ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠬᠦ ᠠᠵᠢᠯ ᠢ ᠤᠢᠢᠯᠠᠭᠠᠭᠰᠠᠨ ᠪᠥᠭᠡᠳ ᠤᠢ ᠰᠢᠭᠤᠢ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠬᠦ ᠠᠵᠢᠯ ᠤᠨ ᠲᠥᠰᠦᠯ ᠢ ᠴᠢᠩᠭ᠎ᠠ ᠵᠢᠷᠤᠮᠯᠠᠬᠤ ᠬᠡᠷᠡᠭᠲᠡᠢ᠂ ᠬᠡᠮ ᠰᠣᠭᠤᠭ ᠢ ᠵᠢᠭᠰᠠᠭᠠᠨ ᠪᠠᠶᠢᠴᠠᠭᠠᠬᠤ ᠶᠢ ᠴᠢᠩᠭᠠᠳᠬᠠᠵᠤ᠂  ᠭᠤᠤᠯᠳᠠᠯᠭ᠎ᠠ ᠲᠠᠢ ᠰᠢᠭᠤᠶᠢᠲᠤ ᠣᠷᠣᠨ᠂  ᠭᠤᠤᠯᠳᠠᠯᠭ᠎ᠠ ᠲᠠᠢ ᠬᠡᠰᠡᠭ ᠪᠣᠯᠤᠨ ᠠᠭᠤᠯᠠᠨ ᠳᠤ ᠣᠷᠣᠬᠤ ᠭᠤᠤᠯ ᠵᠠᠮ ᠤᠨ ᠠᠭᠤᠯᠵᠠᠷ ᠲᠤ ᠣᠶ ᠰᠢᠭᠤᠶ ᠶᠢᠨ ᠭᠠᠯ ᠰᠡᠷᠭᠡᠶᠢᠯᠡᠬᠦ ᠪᠠᠶᠢᠴᠠᠭᠠᠯᠲᠠ ᠶᠢᠨ ᠥᠷᠲᠡᠭᠡ ᠪᠠᠶᠢᠭᠤᠯᠵᠤ᠂ ᠡᠳᠦᠷ ᠲᠤᠲᠤᠮ ᠤᠨ ᠲᠣᠭᠤᠷᠢᠨ ᠪᠠᠶᠢᠴᠠᠭᠠᠵᠤ ᠬᠠᠮᠢᠶᠠᠷᠤᠨ ᠡᠵᠡᠮᠳᠡᠬᠦ ᠶᠢ ᠴᠢᠩᠭᠠᠳᠬᠠᠨ᠂  ᠣᠶ ᠰᠢᠭᠤᠶ ᠶᠢᠨ ᠭᠠᠯ ᠤᠨ ᠭᠠᠮᠰᠢᠭ ᠤᠨ ᠬᠡᠮ ᠰᠣᠭᠤᠭ ᠢ ᠠᠷᠢᠯᠭᠠᠬᠤ ᠬᠡᠷᠡᠭᠲᠡᠶ᠃    ᠪᠠᠶ ᠯᠢᠩ ᠬᠠᠷᠠᠴᠢᠨ ᠬᠤᠰᠢᠭᠤᠨ ᠤ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠥᠪ ᠲᠤ ᠬᠦᠷᠴᠦ  ᠦᠢᠯᠡᠴᠢᠯᠡᠭᠡᠨ ᠤ ᠲᠢᠩᠬᠢᠮ ᠤᠨ ᠴᠣᠩᠬᠤᠨ ᠤ ᠪᠠᠶᠢᠷᠢᠯᠠᠭᠤᠯᠤᠯᠲᠠ᠂ ᠴᠢᠳᠠᠮᠵᠢ ᠶᠢᠨ ᠪᠠᠶᠢᠷᠢᠰᠢᠭᠤᠯᠤᠯᠲᠠ ᠵᠡᠷᠭᠡ ᠪᠠᠶᠢᠳᠠᠯ ᠢ ᠪᠠᠶᠢᠴᠠᠭᠠᠨ ᠦᠵᠡᠵᠦ᠂ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠶᠯ ᠤᠨ ᠬᠢᠨᠠᠨ ᠵᠥᠪᠰᠢᠶᠡᠷᠡᠬᠦ ᠲᠦᠷᠢᠮ ᠤᠨ ᠥᠭᠡᠷᠡᠴᠢᠯᠡᠯᠲᠡ ᠪᠠ ︽ ᠳᠦᠷᠪᠡᠨ ᠭᠦᠢᠴᠡᠳᠬᠡᠬᠦ︾ ᠠᠵᠢᠯ ᠢ ᠥᠷᠨᠢᠭᠦᠯᠦᠭᠰᠡᠨ ᠪᠠᠶᠢᠳᠠᠯ ᠢ ᠨᠠᠷᠢᠨ ᠣᠶᠢᠯᠠᠭᠠᠪᠠ᠃ ᠪᠠᠶ ᠯᠢᠩ ᠱᠠᠭᠠᠷᠳᠠᠭᠰᠠᠨ ᠨᠢ᠂ ᠡᠯ᠎ᠡ ᠵᠦᠶᠯ ᠤᠨ ᠪᠠᠷᠢᠮᠵᠢᠶᠠᠵᠢᠭᠰᠠᠨ ᠦᠶᠯᠡᠴᠢᠯᠡᠭᠡᠨ ᠤ ᠬᠢᠨᠠᠨ ᠬᠠᠮᠢᠶᠠᠷᠤᠯᠲᠠ‌ᠵᠢᠨ ᠲᠦᠷᠢᠮ ᠳᠤ ᠵᠠᠰᠠᠪᠤᠷᠢ ᠣᠷᠣᠭᠤᠯᠤᠨ ᠲᠡᠭᠦᠯᠳᠡᠷᠵᠢᠭᠦᠯᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ ᠤᠨ ᠪᠠᠷᠢᠮᠵᠢᠶᠠᠵᠢᠭᠤᠯᠤᠨ ᠪᠦᠳᠦᠭᠡᠨ ᠪᠠᠶᠢᠭᠤᠯᠬᠤ ᠬᠢᠷᠢ ᠲᠦᠪᠰᠢᠨ  ᠶᠢ ᠳᠡᠭᠡᠭᠰᠢᠯᠡᠭᠦᠯᠵᠦ᠂ ᠵᠠᠰᠠᠭ ᠤᠨ ᠶᠠᠪᠤᠳᠠᠯ ᠤᠨ ᠥᠢᠯᠡᠴᠢᠯᠡᠭᠡᠨ ᠤ ᠲᠤᠪᠴᠢᠶ᠎ᠠ ᠨᠢ ᠴᠤᠩᠬᠤᠪᠴᠢ ᠶᠢᠨ ᠠᠵᠢᠯᠲᠠᠨ  ᠤ ᠲᠤᠬᠠᠶᠢᠯᠠᠭᠰᠡᠨ ᠠᠵᠢᠯ ᠤᠨ ᠪᠤᠯᠪᠠᠰᠤᠷᠠᠯ ᠢ ᠴᠢᠩᠭᠠᠳᠬᠠᠵᠤ᠂ ︽ᠳᠦᠷᠪᠡᠨ ᠭᠦᠢᠴᠡᠳᠬᠡᠬᠦ︾ ᠠᠵᠢᠯ ᠤᠨ ᠠᠬᠢᠴᠠ ᠶᠢ ᠲᠦᠷᠭᠡᠳᠬᠡᠨ᠂ ᠤᠯᠠᠨ ᠲᠦᠮᠡᠨ ᠲᠠᠢ ᠬᠠᠷᠢᠯᠴᠠᠵᠤ ᠦᠢᠯᠡᠴᠢᠯᠡᠬᠦ ︽ᠡᠴᠦᠰ ᠤᠨ ᠨᠢᠭᠡ ᠺᠢᠯᠤᠮᠧᠲᠷ︾  ᠤᠨ ᠠᠰᠠᠭᠤᠳᠠᠯ ᠢ ᠰᠠᠶᠢᠲᠤᠷ ᠰᠢᠢᠳᠪᠦᠷᠢᠯᠡᠵᠤ᠂ ᠤᠯᠠᠨ ᠲᠦᠮᠡᠨ ᠳᠤ ᠥᠭᠡᠷᠴᠢᠯᠡᠯᠲᠠ ᠬᠦᠭᠵᠢᠯᠲᠡ ᠶᠢᠨ ᠦᠷ᠎ᠡ ᠪᠦᠲᠦᠮᠵᠢ ᠶᠢ ᠦᠨᠡᠨᠬᠦ ᠲᠠᠨᠢᠭᠤᠯᠬᠤ ᠬᠡᠷᠡᠭᠲᠠᠢ  ᠃
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号