︽ᠤᠯᠠᠭᠠᠨᠬᠠᠳᠠ ᠬᠤᠲᠠ ᠶᠢᠨ ᠨᠠᠢᠮᠠᠳᠤᠭᠠᠷ ᠤᠳᠠᠭ᠎ᠠ ᠶᠢᠨ ᠨᠠᠮ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠵᠤᠷᠢᠭ ᠰᠠᠨᠠᠭ᠎ᠠ ᠶᠢ ᠨᠠᠶᠢᠳᠠᠪᠤᠷᠢᠵᠢᠭᠤᠯᠤᠨ᠎ᠠ︾ ᠬᠠᠷᠠᠴᠢᠨ ᠬᠤᠰᠢᠭᠤ ᠤᠯᠠᠭᠠᠨᠬᠠᠳᠠ ᠬᠤᠲᠠ  ᠶᠢᠨ ᠨᠠᠢᠮᠠᠳᠤᠭᠠᠷ ᠤᠳᠠᠭ᠎ᠠ ᠶᠢᠨ ᠨᠠᠮ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠵᠤᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ
ᠨᠡᠶᠢᠲᠡᠯᠡᠭᠰᠡᠨ ᠴᠠᠭ᠄
2021/10/9
   ︽ᠤᠯᠠᠭᠠᠨᠬᠠᠳᠠ ᠬᠤᠲᠠ ᠶᠢᠨ ᠨᠠᠢᠮᠠᠳᠤᠭᠠᠷ ᠤᠳᠠᠭ᠎ᠠ ᠶᠢᠨ ᠨᠠᠮ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠵᠤᠷᠢᠭ ᠰᠠᠨᠠᠭ᠎ᠠ ᠶᠢ ᠨᠠᠶᠢᠳᠠᠪᠤᠷᠢᠵᠢᠭᠤᠯᠤᠨ᠎ᠠ︾ ᠬᠠᠷᠠᠴᠢᠨ ᠬᠤᠰᠢᠭᠤ ᠤᠯᠠᠭᠠᠨᠬᠠᠳᠠ ᠬᠤᠲᠠ ᠶᠢᠨ ᠨᠠᠢᠮᠠᠳᠤᠭᠠᠷ ᠤᠳᠠᠭ᠎ᠠ ᠶᠢᠨ ᠨᠠᠮ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠵᠤᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ    ᠬᠤᠰᠢᠭᠤᠨ ᠤ ᠨᠠᠮ ᠤᠨ ᠬᠤᠷᠢᠶᠠᠨ ᠤ ᠱᠦᠵᠢ ᠹᠠᠩ ᠷᠦᠢ ᠬᠤᠷᠠᠯ ᠡᠷᠭᠢᠯᠡᠨ ᠬᠤᠷᠠᠯᠳᠤᠭᠤᠯᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠯᠠᠭᠠᠨᠬᠠᠳᠠ ᠬᠤᠲᠠ ᠶᠢᠨ ᠨᠠᠶᠮᠠᠳᠤᠭᠠᠷ ᠤᠳᠠᠭᠠᠨ ᠤ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠤᠰᠬᠠᠶ ᠰᠡᠳᠦᠪ ᠢᠶᠠᠷ ᠤᠯᠠᠮᠵᠢᠯᠠᠨ ᠰᠤᠷᠤᠯᠴᠠᠵᠤ᠂ ᠪᠥᠬᠦ ᠬᠤᠰᠢᠭᠤᠨ ᠤ ᠳᠡᠭᠡᠳᠦ ᠳᠤᠤᠷᠠᠳᠤ ᠱᠠᠲᠤᠨ ᠳᠤ ᠰᠤᠷᠤᠯᠴᠠᠨ ᠳᠤᠤᠱᠠᠯᠠᠭᠤᠯᠬᠤ ᠬᠠᠯᠠᠭᠤᠨ ᠥᠷᠨᠢᠯᠲᠡ ᠭᠠᠷᠭᠠᠵᠤ᠂ ᠬᠤᠲᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠰᠢᠶᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠦᠨᠡᠨ ᠬᠦ ᠬᠠᠷᠠᠴᠢᠨ ᠬᠤᠰᠢᠭᠤᠨ ᠤ ᠪᠥᠬᠦ ᠲᠠᠯ᠎ᠠ ᠪᠠᠷ ᠴᠢᠨᠠᠷ ᠰᠠᠶᠢᠲᠠᠶ᠂ ᠬᠡᠯᠪᠡᠷᠢ ᠪᠠᠨ ᠬᠤᠪᠢᠷᠠᠭᠤᠯᠤᠨ ᠳᠠᠪᠠᠯᠲᠠ ᠲᠠᠢ ᠬᠥᠭᠵᠢᠬᠦ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠬᠤ ᠪᠠᠷ ᠪᠠᠶᠢᠷᠢᠯᠠᠭᠤᠯᠪᠠ᠃ ᠬᠤᠰᠢᠭᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠣᠷᠣᠯᠠᠭᠴᠢ ᠬᠤᠰᠢᠭᠤᠨ ᠳᠠᠷᠤᠭ᠎ᠠ ᠵᠣᠣ ᠶᠠᠨ ᠬᠤᠩ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠮᠠ ᠵᠢᠩ ᠬᠤᠸᠠ᠂ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠵᠠᠩ ᠬᠤᠸᠠ᠂ ᠬᠤᠰᠢᠭᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠵᠠᠩ ᠶᠠᠨ ᠵᠢᠴᠢ ᠬᠡᠷ ᠲᠡᠭᠡᠨ ᠪᠠᠶᠢᠭ᠎ᠠ ᠬᠤᠰᠢᠭᠤᠨ ᠤᠳᠤᠷᠢᠳᠤᠯᠭ᠎ᠠ ᠨᠠᠷ ᠬᠤᠷᠠᠯ ᠳᠤ ᠤᠷᠤᠯᠴᠠᠪᠠ᠃    ᠹᠠᠩ ᠷᠦᠢ ᠵᠢᠭᠠᠵᠤ ᠭᠠᠷᠭᠠᠭᠰᠠᠨ ᠨᠢ᠂ ᠬᠤᠳᠠ ᠶᠢᠨ ᠨᠠᠢᠮᠠᠳᠤᠭᠠᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭᠠᠨ ᠤ ᠮᠥᠨ ᠴᠢᠨᠠᠷ ᠢ ᠭᠦᠨᠵᠡᠭᠡᠢ ᠣᠶᠢᠯᠠᠭᠠᠵᠤ᠂ ᠪᠦᠬᠦ ᠲᠠᠯ᠎ᠠ ᠪᠠᠷ ᠣᠨᠣᠪᠴᠢᠲᠠᠢ ᠡᠵᠡᠮᠳᠡᠵᠦ᠂ ᠲᠠᠪᠤᠨ ᠵᠢᠯ ᠤᠨ ᠲᠤᠷᠰᠢᠬᠢ ᠪᠦᠬᠦ ᠬᠤᠳᠠ ᠶᠢᠨ ᠠᠵᠤ ᠠᠬᠤᠢ ᠶᠢᠨ ᠬᠥᠭᠵᠢᠯᠲᠡ ᠶᠢᠨ ᠦᠷ᠎ᠡ ᠪᠦᠲᠦᠮᠵᠢ ᠢᠯᠡᠳᠲᠡ ᠪᠠᠶᠢᠬᠤ ᠶᠢ ᠭᠦᠨᠵᠡᠭᠡᠢ ᠣᠶᠢᠯᠠᠭᠠᠵᠤ᠂ ᠢᠷᠡᠭᠡᠳᠦᠢ ᠶᠢᠨ ᠲᠠᠪᠤᠨ ᠵᠢᠯ ᠤᠨ ᠶᠡᠷᠦᠩᠬᠡᠢ ᠱᠠᠭᠠᠷᠳᠠᠯᠭ᠎ᠠ ᠪᠣᠯᠤᠨ ᠲᠡᠮᠡᠴᠡᠬᠦ ᠬᠠᠷᠠᠯᠲᠠ ᠶᠢ ᠭᠦᠨᠵᠡᠭᠡᠢ ᠣᠶᠢᠯᠠᠭᠠᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠰᠢᠨ᠎ᠡ ᠱᠠᠭᠠᠷᠳᠠᠯᠭ᠎ᠠ᠂ ᠰᠢᠨ᠎ᠡ ᠪᠠᠶᠢᠷᠢᠯᠠᠭᠤᠯᠤᠯᠲᠠ ᠶᠢ ᠭᠦᠨᠵᠡᠭᠡᠢ ᠣᠶᠢᠯᠠᠭᠠᠬᠤ ᠬᠡᠷᠡᠭᠲᠡᠢ ᠭᠡᠵᠠᠢ᠃    ᠹᠠᠩ ᠷᠦᠢ ᠱᠠᠭᠠᠷᠳᠠᠭᠰᠠᠨ ᠨᠢ᠂ ᠪᠣᠳᠠᠲᠠᠶ ᠲᠠᠢ ᠪᠠᠨ ᠤᠶᠠᠯᠳᠤᠭᠤᠯᠤᠨ᠂ ᠬᠤᠲᠠ ᠶᠢᠨ ᠨᠠᠶᠮᠠᠳᠤᠭᠠᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠵᠤ᠂ ᠪᠣᠳᠠᠲᠤ ᠦᠷ᠎ᠡ ᠪᠦᠲᠦᠮᠵᠢ ᠤᠯᠬᠤ ᠶᠢ ᠪᠥᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠶ᠃    ᠹᠠᠩ ᠷᠦᠢ ᠵᠢᠭᠠᠵᠤ ᠭᠠᠷᠭᠠᠭᠰᠠᠨ ᠨᠢ᠂ ᠨᠠᠷᠢᠨ ᠨᠢᠮᠪᠠᠢ ᠵᠣᠬᠢᠶᠠᠨ ᠪᠠᠶᠢᠭᠤᠯᠵᠤ᠂ ᠬᠤᠳᠠ ᠶᠢᠨ ᠨᠠᠢᠮᠠᠳᠤᠭᠠᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠬᠤ ᠬᠠᠯᠠᠭᠤᠨ ᠥᠷᠨᠢᠯᠲᠡ ᠶᠢ ᠦᠳᠲᠡᠷ ᠲᠦᠷᠭᠡᠨ ᠥᠷᠨᠢᠭᠦᠯᠬᠦ ᠬᠡᠷᠡᠭᠲᠡᠢ᠃ ᠬᠤᠳᠠ ᠶᠢᠨ ᠨᠠᠢᠮᠠᠳᠤᠭᠠᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠠᠶᠢᠲᠤᠷ ᠰᠤᠷᠤᠯᠴᠠᠵᠤ᠂ ᠰᠠᠶᠢᠲᠤᠷ ᠤᠯᠠᠮᠵᠢᠯᠠᠵᠤ᠂ ᠰᠠᠶᠢᠲᠤᠷ ᠲᠤᠤᠱᠯᠠᠭᠤᠯᠵᠤ᠂ ᠰᠠᠶᠢᠲᠤᠷ ᠨᠠᠶᠢᠳᠠᠪᠤᠷᠢᠵᠢᠭᠤᠯᠬᠤ ᠪᠣᠯ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠴᠢᠬᠤᠯᠠ ᠤᠯᠤᠰ ᠲᠦᠷᠦ ᠶᠢᠨ ᠡᠭᠦᠷᠭᠡ ᠮᠥᠨ᠂ ᠦᠳᠲᠡᠷ ᠲᠦᠷᠭᠡᠨ ᠤᠯᠠᠮᠵᠢᠯᠠᠨ ᠰᠤᠷᠤᠯᠴᠠᠵᠤ᠂ ᠵᠣᠷᠢᠭ ᠰᠠᠨᠠᠭ᠎ᠠ ᠶᠢ ᠣᠨᠣᠪᠴᠢᠲᠠᠢ ᠣᠶᠢᠯᠠᠭᠠᠬᠤ ᠳᠡᠭᠡᠷ᠎ᠡ ᠬᠦᠴᠦ ᠲᠠᠯᠪᠢᠵᠤ᠂ ᠢᠳᠡᠪᠬᠢᠲᠡᠢ ᠤᠬᠠᠭᠤᠯᠤᠨ ᠰᠤᠷᠲᠠᠯᠴᠢᠯᠠᠵᠤ᠂ ᠰᠤᠷᠤᠯᠴᠠᠬᠤ ᠠᠭᠤᠷ ᠠᠮᠢᠰᠬᠤᠯ ᠢ ᠪᠤᠢ ᠪᠣᠯᠭᠠᠬᠤ ᠳᠡᠭᠡᠷ᠎ᠡ ᠬᠦᠴᠦ ᠲᠠᠯᠪᠢᠵᠤ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠬᠦᠴᠦᠲᠡᠢ ᠠᠳᠬᠤᠵᠤ᠂ ᠬᠤᠷᠠᠯ ᠤᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠠᠬᠢᠭᠤᠯᠬᠤ ᠳᠡᠭᠡᠷ᠎ᠡ ᠬᠦᠴᠦ ᠲᠠᠯᠪᠢᠬᠤ ᠬᠡᠷᠡᠭᠲᠡᠢ᠃
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号