︽ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ︾ ᠬᠠᠷᠠᠴᠢᠨ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠄ ᠴᠠᠰᠤ ᠰᠢᠭᠤᠷᠭᠠᠨ ᠤ ᠳᠤᠮᠳᠠ ᠪᠠᠲᠤ ᠰᠠᠬᠢᠨ᠎ᠠ
ᠨᠡᠶᠢᠲᠡᠯᠡᠭᠰᠡᠨ ᠴᠠᠭ᠄
2021/11/10
︽ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ︾ ᠬᠠᠷᠠᠴᠢᠨ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠄ ᠴᠠᠰᠤ ᠰᠢᠭᠤᠷᠭᠠᠨ ᠤ ᠳᠤᠮᠳᠠ ᠪᠠᠲᠤ ᠰᠠᠬᠢᠨ᠎ᠠ     11 ᠰᠠᠷ᠎ᠠ ᠶᠢᠨ 6 ᠤ ᠡᠳᠦᠷ᠂ ᠡᠪᠦᠯ ᠤᠨ ᠠᠩᠬᠠᠨ ᠤ ᠶᠡᠭᠡ ᠴᠠᠰᠤ ᠵᠡᠭᠡᠯᠢ ᠭᠤᠳᠤᠮᠵᠢ ᠶᠢᠨ ᠥᠨᠴᠥᠭ ᠪᠤᠯᠤᠩ ᠪᠣᠯᠭᠠᠨ ᠳᠤ ᠳᠤᠰᠤᠯ᠎ᠠ᠃ ᠬᠠᠷᠠᠴᠢᠨ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠲᠤᠪᠴᠢᠶ᠎ᠠ ᠴᠠᠰᠤ ᠯᠠᠪᠰᠠᠯᠠᠵᠤ ᠶᠠᠰᠤ ᠶᠠᠩᠭᠢᠨᠠᠮ᠎ᠠ ᠬᠦᠢᠲᠡᠨ ᠰᠠᠯᠬᠢᠨ ᠳᠤ ᠰᠠᠭᠠᠲᠠᠭᠰᠠᠨ ᠦᠭᠡᠶ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠨᠢᠭᠡᠳᠦᠭᠡᠷ ᠹᠷᠣᠨᠲ ᠢ ᠢᠮᠠᠭᠲᠠ ᠪᠠᠲᠤ ᠰᠠᠬᠢᠵᠤ᠂ ᠪᠣᠳᠠᠲᠤ ᠠᠵᠢᠯᠯᠠᠭ᠎ᠠ ᠪᠠᠷ ᠢᠶᠠᠨ ︽ᠠᠮᠢ ᠨᠠᠰᠤ ᠶᠢ ᠳᠡᠭᠡᠳᠦᠯᠡᠵᠦ᠂ ᠤᠯᠤᠰ ᠳᠠᠶᠠᠭᠠᠷ ᠰᠡᠳᠬᠢᠯ ᠢᠶᠠᠨ ᠨᠢᠭᠡᠳᠬᠡᠨ᠂ ᠰᠢᠨᠵᠢᠯᠡᠬᠦ ᠤᠬᠠᠭᠠᠨ ᠢ ᠬᠦᠨᠳᠦᠳᠬᠡᠵᠦ᠂ ᠬᠤᠪᠢ ᠵᠠᠶᠠᠭ᠎ᠠ ᠪᠠᠨ ᠬᠠᠮᠲᠤᠳᠬᠠᠨ᠎ᠠ︾ ᠭᠡᠰᠡᠨ ᠲᠠᠩᠭᠠᠷᠢᠭ ᠢ ᠦᠢᠯᠡᠳᠦᠯᠭᠡᠵᠢᠭᠦᠯᠦᠭᠰᠡᠨ ᠪᠠᠶᠢᠨ᠎ᠠ᠃     ᠬᠡᠳᠦ᠋ᠢᠪᠡᠷ ᠶᠠᠰᠤ ᠶᠠᠩᠭᠢᠨᠠᠮ᠎ᠠ ᠬᠦᠢᠲᠡᠨ ᠰᠠᠯᠬᠢᠨ ᠳᠤ ᠳᠠᠭᠠᠷᠢᠭᠳᠠᠭᠰᠠᠨ ᠪᠣᠯᠪᠠᠴᠤ ᠲᠡᠳᠡ ᠥᠴᠦᠬᠡᠨ ᠴᠦ ᠭᠤᠮᠣᠳᠠᠯ ᠦᠭᠡᠶ᠂ 24 ᠴᠠᠭ ᠤᠨ ᠳᠣᠲᠣᠷ᠎ᠠ ᠡᠯ᠎ᠡ ᠰᠢᠯᠭᠠᠨ ᠪᠠᠶᠢᠴᠠᠭᠠᠬᠤ ᠭᠠᠵᠠᠷ ᠢ ᠭᠤᠶᠢᠪᠢᠰᠢ ᠦᠭᠡᠶ ᠪᠠᠷ ᠪᠠᠲᠤ ᠰᠠᠬᠢᠵᠤ᠂ ᠥᠪᠡᠷ ᠤᠨ ᠠᠵᠢᠯ ᠤᠨ ᠪᠠᠶᠢᠷᠢ ᠪᠠᠨ ᠪᠠᠲᠤ ᠰᠠᠬᠢᠵᠤ᠂ ᠬᠠᠷᠢᠭᠤᠴᠠᠯᠭ᠎ᠠ ᠪᠠ ᠡᠭᠦᠷᠭᠡᠯᠡᠯ ᠢᠶᠠᠷ ᠢᠶᠠᠨ ᠬᠢᠵᠢᠭ ᠤᠨ ᠪᠠᠶᠢᠳᠠᠯ ᠢ ᠡᠰᠡᠷᠭᠦᠴᠡᠬᠦ ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠵᠠᠶ᠃ ᠴᠠᠰᠤ ᠰᠢᠭᠤᠷᠭ᠎ᠠ ᠳᠠᠭᠤᠰᠴᠦ᠂ ᠬᠠᠪᠤᠷ ᠤᠨ ᠤᠷᠢᠨ ᠳᠤᠯᠠᠭᠠᠨ ᠡᠷᠭᠢᠵᠤ ᠢᠷᠡᠬᠦ ᠶᠤᠮ᠂ ︽ᠬᠢᠵᠢᠭ︾ ᠤᠨ ᠵᠠᠮ ᠳᠤ ᠡᠷᠡᠭᠦᠯ ᠬᠠᠮᠠᠭᠠᠯᠠᠯ ᠡᠷᠡᠭᠦᠯ ᠮᠡᠨᠳᠦ ᠤᠨ ᠲᠤᠪᠴᠢᠶᠠᠨ ᠤ ᠬᠦᠮᠦᠰ ᠦᠷᠭᠦᠯᠵᠢᠯᠡᠨ ᠤᠷᠤᠭᠰᠢᠯᠠᠵᠤ ᠪᠠᠶᠢᠨ᠎ᠠ︕
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号