ᠵᠤᠤ ᠶᠠᠨ ᠬᠤᠩ ᠪᠦᠯᠬᠦᠮ ᠳᠠᠭᠠᠭᠤᠯᠤᠨ ᠱᠠᠨᠳᠦ᠋ᠩ ᠮᠤᠵᠢ ᠳᠤ ᠬᠦᠷᠴᠦ ᠠᠷᠠᠯᠵᠢᠶᠠᠴᠢᠨ ᠤᠷᠢᠵᠤ ᠪᠠᠯᠠ ᠣᠷᠣᠭᠤᠯᠬᠤ ᠠᠵᠢᠯ ᠥᠷᠨᠢᠭᠦᠯᠪᠡ
ᠨᠡᠶᠢᠲᠡᠯᠡᠭᠰᠡᠨ ᠴᠠᠭ᠄
2021/11/10
ᠵᠤᠤ ᠶᠠᠨ ᠬᠤᠩ ᠪᠦᠯᠬᠦᠮ ᠳᠠᠭᠠᠭᠤᠯᠤᠨ ᠱᠠᠨᠳᠦ᠋ᠩ ᠮᠤᠵᠢ ᠳᠤ ᠬᠦᠷᠴᠦ ᠠᠷᠠᠯᠵᠢᠶᠠᠴᠢᠨ ᠤᠷᠢᠵᠤ ᠪᠠᠯᠠ ᠣᠷᠣᠭᠤᠯᠬᠤ ᠠᠵᠢᠯ ᠥᠷᠨᠢᠭᠦᠯᠪᠡ     11 ᠰᠠᠷ᠎ᠠ ᠶᠢᠨ 4 ᠤ ᠡᠳᠦᠷ ᠠᠴᠠ 6 ᠤ ᠡᠳᠦᠷ ᠪᠣᠯᠲᠠᠯ᠎ᠠ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠣᠷᠣᠯᠠᠭᠴᠢ ᠬᠤᠰᠢᠭᠤᠨ ᠳᠠᠷᠤᠭ᠎ᠠ ᠵᠣᠤ ᠶᠠᠨ ᠬᠤᠩ ᠱᠠᠨᠳᠦ᠋ᠩ ᠮᠤᠵᠢᠨ ᠳᠤ ᠬᠦᠷᠴᠦ ᠠᠷᠠᠯᠵᠢᠶᠠᠴᠢᠨ ᠤᠷᠢᠵᠤ ᠪᠠᠯᠠ ᠤᠷᠤᠭᠤᠯᠬᠤ ᠠᠵᠢᠯ ᠢ ᠥᠷᠨᠢᠭᠦᠯᠪᠡ᠃ ᠬᠤᠰᠢᠭᠤᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤᠨ ᠳᠠᠷᠤᠭ᠎ᠠ ᠯᠢ ᠬᠦᠶ ᠹᠠᠩ᠂ ᠬᠤᠰᠢᠭᠤᠨ ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ ᠢ ᠰᠢᠸ᠋ ᠴᠢᠤᠸᠠᠨ᠂ ᠮᠥᠩᠭᠦᠨ ᠭᠦᠶᠯᠭᠡᠭᠡ ᠪᠠ ᠪᠠᠯᠠ ᠣᠷᠣᠭᠤᠯᠤᠯᠲᠠ ᠶᠢ ᠠᠬᠢᠭᠤᠯᠬᠤ ᠲᠣᠪᠴᠢᠶ᠎ᠠ᠂ ᠠᠵᠤ ᠠᠬᠤᠶ ᠶᠢᠨ ᠨᠡᠭᠡᠭᠡᠯᠲᠡ ᠶᠢᠨ ᠲᠣᠭᠤᠷᠢᠭ᠂ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠪᠠᠭ᠎ᠠ ᠨᠡᠭᠦᠴᠡ ᠪᠠᠯᠭᠠᠰᠤ ᠵᠡᠷᠭᠡ ᠨᠢᠭᠡᠴᠡ ᠶᠢᠨ ᠬᠠᠷᠢᠭᠤᠴᠠᠯᠭᠠᠲᠠᠨ ᠨᠥᠬᠦᠳ ᠳᠠᠭᠠᠵᠤ ᠶᠠᠪᠤᠪᠠ᠃     ᠵᠤᠤ ᠶᠠᠨ ᠬᠤᠩ ᠨᠠᠷ ᠱᠠᠨᠳᠦ᠋ᠩ ᠮᠤᠵᠢ ᠶᠢᠨ ᠤᠯᠠᠭᠠᠨᠬᠠᠳᠠ ᠶᠢᠨ ᠬᠤᠳᠠᠯᠳᠤᠭᠠᠨ ᠤ ᠡᠪᠯᠡᠯ ᠤᠨ ᠳᠠᠷᠤᠭ᠎ᠠ ᠯᠢᠦ ᠸᠧᠨ ᠮᠢᠩ ᠤᠨ ᠪᠠᠷ᠎ᠠ ᠪᠤᠯᠤᠯᠭ᠎ᠠ ᠲᠠᠢ ᠪᠠᠷ ᠤᠷᠢᠳ ᠬᠤᠵᠢᠳ ᠴᠢᠩᠳᠣᠤ ᠲᠢᠶᠠᠨ ᠴᠧᠩ ᠬᠢᠲᠠᠳ ᠡᠮ ᠤᠨ ᠬᠢᠵᠠᠭᠠᠷᠲᠤ ᠺᠣᠮᠫᠠᠨᠢ᠂ ᠵᠢᠨᠠᠨ ᠱᠠᠨ ᠱᠦᠢ ᠪᠦᠯᠦᠭᠯᠡᠯ᠂ ᠱᠠᠨᠳᠦ᠋ᠩ ᠱᠦᠨ ᠾᠧ ᠬᠤᠳᠠᠯᠳᠤᠭ᠎ᠠ ᠠᠷᠠᠯᠵᠢᠶᠠᠨ ᠤ ᠪᠦᠯᠦᠭᠯᠡᠯ᠂ ᠱᠠᠨᠳᠦ᠋ᠩ ᠱᠦᠨ ᠬᠤᠸᠠ ᠢᠳᠡᠭᠡᠨ ᠤ ᠬᠢᠵᠠᠭᠠᠷᠲᠤ ᠺᠣᠮᠫᠠᠨᠢ᠂ ᠸᠧᠢ ᠹᠠᠩ ᠯᠧ ᠭᠠᠩ ᠢᠳᠡᠭᠡᠨ ᠤ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ᠂ ᠢ ᠱᠦᠢ ᠴᠧᠩ  ᠪᠡᠯᠡ ᠣᠷᠣᠭᠤᠯᠤᠯᠲᠠ ᠶᠢᠨ ᠰᠢᠨ᠎ᠡ ᠡᠨᠧᠷᠭᠢ ᠶᠢᠨ ᠺᠣᠮᠫᠠᠨᠢ ᠵᠡᠷᠭᠡ ᠠᠵᠤ ᠠᠬᠤᠶᠢᠯᠠᠯ ᠳᠤ ᠬᠦᠷᠴᠦ ᠲᠣᠭᠤᠷᠢᠨ ᠦᠵᠡᠵᠦ ᠰᠢᠨᠵᠢᠯᠡᠨ ᠪᠠᠶᠢᠴᠠᠭᠠᠪᠠ᠃    ᠰᠢᠨᠵᠢᠯᠡᠨ ᠪᠠᠶᠢᠴᠠᠭᠠᠬᠤ ᠪᠦᠯᠬᠦᠮ ᠤᠨ ᠬᠢᠨ ᠴᠢᠩᠳᠣᠤ ᠲᠢᠶᠠᠨ ᠴᠧᠩ ᠬᠢᠲᠠᠳ ᠡᠮ ᠤᠨ ᠬᠢᠵᠠᠭᠠᠷᠲᠤ ᠺᠣᠮᠫᠠᠨᠢ ᠳᠤ ᠬᠦᠷᠴᠦ ᠲᠣᠭᠤᠷᠢᠨ ᠦᠵᠡᠪᠡ᠂ ᠤᠷᠢᠳ ᠬᠤᠵᠢᠳ ᠪᠦᠲᠦᠭᠡᠭᠳᠡᠬᠦᠨ ᠤ ᠬᠥᠮᠥᠷᠭᠡ᠂ ᠦᠢᠯᠡᠳᠪᠦᠷᠢᠯᠡᠯ ᠤᠨ ᠲᠠᠰᠤᠭ᠂ ᠲᠦᠭᠦᠬᠡᠢ ᠮᠠᠲ᠋ᠧᠷᠢᠶᠠᠯ ᠤᠨ ᠬᠥᠮᠥᠷᠭᠡ᠂ ᠡᠮ ᠴᠢᠨᠠᠬᠤ ᠲᠥᠪ᠂ ᠰᠢᠨᠵᠢᠯᠡᠨ ᠰᠢᠯᠭᠠᠬᠤ ᠲᠠᠰᠤᠭ ᠢ ᠲᠣᠭᠤᠷᠢᠨ ᠦᠵᠡᠭᠰᠡᠨ ᠪᠥᠭᠡᠳ ᠠᠵᠤ ᠠᠬᠤᠶᠢᠯᠠᠯ ᠤᠨ ᠬᠠᠷᠢᠭᠤᠴᠠᠯᠭᠠᠲᠠᠨ ᠲᠠᠢ ᠭᠦᠨᠵᠡᠭᠡᠢ ᠣᠶᠢᠯᠠᠭᠠᠯᠴᠠᠵᠤ ᠰᠠᠨᠠᠯ ᠢᠶᠠᠨ ᠰᠣᠯᠢᠯᠴᠠᠪᠠ᠃ ᠱᠠᠨᠳᠦ᠋ᠩ ᠤᠨ ᠱᠦᠨ ᠾᠧ ᠠᠷᠠᠯᠵᠢᠶ᠎ᠠ ᠬᠤᠳᠠᠯᠳᠤᠭᠠᠨ ᠤ ᠪᠦᠯᠦᠭᠯᠡᠯ ᠳᠤ᠂ ᠪᠠᠶᠢᠴᠠᠭᠠᠬᠤ ᠪᠦᠯᠬᠦᠮ ᠡᠯᠧᠺᠲᠷᠤᠨ ᠬᠤᠳᠠᠯᠳᠤᠭᠠᠨ ᠤ ᠰᠢᠭᠤᠳ ᠨᠡᠪᠲᠡᠷᠡᠭᠦᠯᠭᠡ ᠶᠢᠨ ᠰᠠᠭᠤᠷᠢᠨ ᠭᠠᠵᠠᠷ ᠪᠠ ᠠᠷᠠᠯᠵᠢᠶ᠎ᠠ ᠬᠤᠳᠠᠯᠳᠤᠭᠠᠨ ᠤ ᠡᠳ᠋ ᠪᠠᠷᠠᠭᠠᠨ ᠤ ᠭᠦᠢᠯᠭᠡᠭᠡᠨ ᠤ ᠲᠣᠭᠤᠷᠢᠭ ᠢ ᠲᠣᠭᠤᠷᠢᠨ ᠦᠵᠡᠪᠡ᠃ ᠲᠣᠰ ᠤᠳᠠᠭᠠᠨ ᠤ ᠰᠢᠨᠵᠢᠯᠡᠨ ᠪᠠᠶᠢᠴᠠᠭᠠᠯᠲᠠ ᠳᠤ ᠪᠠᠰᠠ ᠸᠧᠶ ᠹᠠᠩ ᠯᠧ ᠭᠠᠩ ᠢᠳᠡᠭᠡᠨ ᠤ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ᠂ ᠱᠠᠨᠳᠦ᠋ᠩ ᠱᠦᠨ ᠬᠤᠸᠠ ᠢᠳᠡᠭᠡᠨ ᠤ ᠬᠢᠵᠠᠭᠠᠷᠲᠤ ᠺᠣᠮᠫᠠᠨᠢ ᠲᠠᠢ ᠲᠠᠷᠢᠶᠠᠯᠠᠩ ᠮᠠᠯ ᠠᠵᠤ ᠠᠬᠤᠶ ᠶᠢᠨ ᠪᠦᠲᠦᠭᠡᠭᠳᠡᠬᠦᠨ ᠢ ᠡᠳ᠋ᠰᠢᠭᠦᠯᠬᠦ ᠲᠥᠷᠥᠯ ᠵᠦᠶᠯ ᠢ ᠵᠣᠯᠭᠠᠭᠤᠯᠵᠤ᠂ ᠢ ᠱᠦᠶ ᠴᠧᠩ ᠬᠤᠲᠠ ᠶᠢᠨ ᠪᠠᠯᠠ ᠣᠷᠣᠭᠤᠯᠤᠯᠲᠠ ᠶᠢᠨ ᠰᠢᠨ᠎ᠡ ᠡᠨᠧᠷᠭᠢ ᠶᠢᠨ ᠺᠣᠮᠫᠠᠨᠢ ᠲᠠᠢ ᠪᠠᠭᠠᠰᠤᠨ ᠪᠣᠬᠢᠷᠲᠤᠯ ᠢ ᠰᠢᠶᠳᠪᠦᠷᠢᠯᠡᠬᠦ ᠲᠥᠷᠥᠯ ᠵᠦᠶᠯ ᠢ ᠵᠥᠪᠳᠡᠯᠴᠡᠪᠡ᠃    ᠲᠤᠰ ᠤᠳᠠᠭ᠎ᠠ ᠶᠢᠨ ᠰᠢᠨᠵᠢᠯᠡᠨ ᠪᠠᠶᠢᠴᠠᠭᠠᠯᠲᠠ ᠪᠠᠷ ᠳᠠᠮᠵᠢᠨ᠂ ᠰᠢᠨᠵᠢᠯᠡᠨ ᠪᠠᠶᠢᠴᠠᠭᠠᠬᠤ ᠪᠦᠯᠬᠦᠮ ᠤᠨ ᠬᠢᠨ ᠡᠯ᠎ᠡ ᠪᠦᠯᠦᠭᠯᠡᠯ ᠤᠨ ᠠᠵᠤ ᠠᠬᠤᠶᠢᠯᠠᠯ ᠲᠠᠢ ᠳᠠᠷᠠᠭᠠᠴᠢ ᠶᠢᠨ ᠠᠯᠬᠤᠮ ᠤᠨ ᠬᠠᠮᠲᠤᠷᠠᠯᠴᠠᠭ᠎ᠠ ᠪᠠᠨ ᠬᠡᠷᠬᠢᠨ ᠴᠢᠩᠭᠠᠳᠬᠠᠬᠤ ᠠᠰᠠᠭᠤᠳᠠᠯ ᠤᠨ ᠲᠤᠬᠠᠢ ᠬᠠᠮᠲᠤ ᠶᠢᠨ ᠲᠠᠨᠢᠯᠲᠠ ᠲᠠᠢ ᠪᠣᠯᠵᠠᠢ᠃    ᠵᠣᠣ ᠶᠠᠨ ᠬᠤᠩ ᠢᠯᠡᠷᠬᠡᠶᠢᠯᠡᠬᠦ ᠳᠡᠭᠡᠨ᠂ ᠬᠠᠷᠠᠴᠢᠨ ᠬᠤᠰᠢᠭᠤ ᠥᠩᠭᠡᠷᠡᠭᠰᠡᠨ ᠲᠠᠢ ᠪᠠᠨ ᠠᠳᠠᠯᠢ ᠪᠠᠷ ᠠᠵᠤ ᠠᠬᠤᠶᠢᠯᠠᠯ᠂ ᠢᠯᠠᠩᠭᠤᠶ᠎ᠠ ᠠᠭᠤᠷᠬᠠᠶ ᠶᠢᠨ ᠭᠠᠵᠠᠷ ᠤᠨ ᠣᠷᠴᠢᠨ ᠲᠣᠭᠤᠷᠢᠨ ᠢ ᠵᠠᠰᠠᠬᠤ᠂ ᠠᠭᠤᠷᠬᠠᠶ ᠶᠢᠨ ᠡᠷᠬᠡ ᠶᠢᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ᠂ ᠠᠷᠠᠯᠵᠢᠶ᠎ᠠ ᠬᠤᠳᠠᠯᠳᠤᠭ᠎ᠠ ᠡᠳ᠋ ᠪᠠᠷᠠᠭᠠᠨ ᠤ ᠭᠦᠶᠯᠭᠡᠭᠡᠨ ᠤ ᠪᠥᠲᠥᠭᠡᠨ ᠪᠠᠶᠢᠭᠤᠯᠤᠯᠲᠠ᠂ ᠲᠠᠷᠢᠶᠠᠯᠠᠩ ᠤᠨ ᠪᠦᠲᠦᠭᠡᠭᠳᠡᠬᠦᠨ ᠢ ᠨᠠᠷᠢᠯᠢᠭ ᠪᠣᠯᠪᠠᠰᠤᠷᠠᠭᠤᠯᠬᠤ᠂ ᠰᠢᠨ᠎ᠡ ᠬᠡᠯᠪᠡᠷᠢ ᠶᠢᠨ ᠪᠠᠷᠢᠯᠭ᠎ᠠ ᠶᠢᠨ ᠮᠠᠲ᠋ᠧᠷᠢᠶᠠᠯ ᠤᠨ ᠠᠵᠤ ᠦᠶᠯᠡᠰ ᠤᠨ ᠬᠦᠷᠢᠶᠡᠯᠡᠩ ᠤᠨ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢ ᠳᠡᠮᠵᠢᠵᠦ᠂ ᠠᠵᠤ ᠠᠬᠤᠶᠢᠯᠠᠯ ᠤᠳ ᠴᠤ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠬᠢᠷᠢ ᠬᠡᠮᠵᠢᠶ᠎ᠡ ᠪᠠᠨ ᠨᠡᠮᠡᠭᠳᠡᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠰᠤᠳᠤᠯᠤᠨ ᠨᠡᠭᠡᠭᠡᠯᠲᠡ ᠪᠠ ᠨᠡᠪᠴᠢᠭᠦᠯᠦᠯᠲᠡ ᠶᠢ ᠴᠢᠩᠭᠠᠳᠬᠠᠨ᠂ ᠬᠥᠭᠵᠢᠯᠲᠡ ᠶᠢᠨ ᠰᠢᠨ᠎ᠡ ᠳᠠᠪᠠᠭᠤᠯᠢᠭ ᠢ ᠡᠭᠦᠳᠴᠦ᠂ ᠬᠦᠴᠦ ᠪᠠᠨ ᠬᠠᠮᠲᠤᠳᠬᠠᠨ ᠬᠠᠷᠠᠴᠢᠨ ᠬᠤᠰᠢᠭᠤᠨ ᠤ ᠠᠵᠤ ᠠᠬᠤᠶ ᠶᠢᠨ ᠬᠥᠭᠵᠢᠯᠲᠡ ᠶᠢ ᠠᠬᠢᠭᠤᠯᠤᠨ᠎ᠠ᠃  
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号