ᠬᠠᠷᠠᠴᠢᠨ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠄ ᠬᠤᠷᠠᠭᠰᠠᠨ ᠴᠠᠰᠤ ᠶᠢ ᠴᠡᠪᠡᠷᠯᠡᠵᠦ ᠠᠮᠤᠷ ᠲᠦᠪᠰᠢᠨ ᠢ ᠪᠠᠲᠤᠯᠠᠵᠤ          ᠨᠠᠮ ᠤᠨ ᠲᠤᠭ ᠢ ᠦᠨᠳᠦᠰᠦᠨ ᠱᠠᠲᠤᠨ ᠤ ᠨᠢᠭᠡᠳᠦᠭᠡᠷ ᠹᠷᠣᠨᠲ ᠲᠤ ᠥᠨᠳᠥᠷ ᠨᠠᠮᠢᠷᠠᠭᠤᠯᠤᠨ᠎ᠠ
ᠨᠡᠶᠢᠲᠡᠯᠡᠭᠰᠡᠨ ᠴᠠᠭ᠄
2021/11/11
ᠬᠠᠷᠠᠴᠢᠨ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠄ ᠬᠤᠷᠠᠭᠰᠠᠨ ᠴᠠᠰᠤ ᠶᠢ ᠴᠡᠪᠡᠷᠯᠡᠵᠦ ᠠᠮᠤᠷ ᠲᠦᠪᠰᠢᠨ ᠢ ᠪᠠᠲᠤᠯᠠᠵᠤ          ᠨᠠᠮ ᠤᠨ ᠲᠤᠭ ᠢ ᠦᠨᠳᠦᠰᠦᠨ ᠱᠠᠲᠤᠨ ᠤ ᠨᠢᠭᠡᠳᠦᠭᠡᠷ ᠹᠷᠣᠨᠲ ᠲᠤ ᠥᠨᠳᠥᠷ ᠨᠠᠮᠢᠷᠠᠭᠤᠯᠤᠨ᠎ᠠ     11 ᠰᠠᠷ᠎ᠠ ᠶᠢᠨ 8 ᠤ ᠡᠳᠦᠷ᠂ ᠬᠠᠷᠠᠴᠢᠨ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠳᠠᠶᠢᠴᠢᠨ ᠪᠠᠬᠢᠯᠡᠯᠲᠡ ᠶᠢᠨ ᠦᠶᠯᠡᠳᠦᠯ ᠪᠠ ᠨᠠᠮ ᠤᠨ ᠭᠡᠰᠢᠭᠦᠨ ᠤ ᠬᠤᠰᠢᠭᠤᠴᠢ ᠵᠢᠱᠢᠶᠡᠴᠢ ᠶᠢᠨ ᠦᠶᠯᠡᠳᠦᠯ ᠢ ᠭᠦᠶᠴᠡᠳ ᠪᠠᠳᠠᠷᠠᠭᠤᠯᠵᠤ᠂ ︽ᠬᠤᠷᠠᠭᠰᠠᠨ ᠴᠠᠰᠤ ᠶᠢ ᠴᠡᠪᠡᠷᠯᠡᠵᠦ ᠠᠮᠤᠷ ᠲᠦᠪᠰᠢᠨ ᠢ ᠪᠠᠲᠤᠯᠠᠨ ᠨᠠᠮ ᠤᠨ ᠲᠤᠭ ᠢ ᠦᠨᠳᠦᠰᠦᠨ ᠱᠠᠲᠤᠨ ᠤ ᠡᠮᠦᠨ᠎ᠡ ᠹᠷᠣᠨᠲ ᠲᠤ ᠥᠨᠳᠥᠷ ᠨᠠᠮᠢᠷᠠᠭᠤᠯᠤᠨ᠎ᠠ︾ ᠭᠡᠬᠦ ᠭᠤᠤᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠶᠢ ᠥᠷᠨᠢᠭᠦᠯᠪᠡ᠃    ᠬᠠᠷᠠᠴᠢᠨ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠳ ᠤᠨ ᠳᠠᠭᠠᠭᠤᠯᠭ᠎ᠠ ᠳᠤᠤᠷ᠎ᠠ᠂ ᠪᠥᠬᠦ ᠨᠠᠮ ᠤᠨ ᠭᠡᠰᠢᠭᠦᠨ ᠣᠯᠠᠨ ᠲᠦᠮᠡᠨ ᠬᠠᠬᠢᠷ ᠬᠦᠶᠲᠡᠨ ᠢ ᠬᠠᠶᠢᠬᠤᠷᠤᠯ ᠥᠬᠡᠶ ᠪᠠᠷ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ ᠰᠡᠳᠬᠢᠯ ᠰᠠᠨᠠᠭ᠎ᠠ ᠪᠠᠨ ᠣᠯᠣᠯᠴᠠᠵᠤ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠠᠵᠢᠯᠴᠢᠨ ᠤ ᠡᠪᠯᠡᠯ ᠤᠨ ᠲᠣᠨᠣᠯᠵᠢᠨ ᠵᠠᠮ ᠬᠦᠷᠲᠡᠯᠡᠬᠢ ᠵᠠᠮ ᠤᠨ ᠴᠠᠰᠤ ᠶᠢ ᠴᠡᠪᠡᠷᠯᠡᠵᠦ᠂ ᠶᠠᠭᠠᠷᠠᠯᠲᠠᠢ ᠪᠡᠶ᠎ᠡ ᠤᠨ ᠰᠡᠭᠦᠳᠡᠷ ᠨᠢ ᠴᠠᠪ ᠴᠠᠭᠠᠨ ᠴᠠᠰᠤᠨ ᠤ ᠳᠤᠮᠳᠠ ᠦᠵᠡᠰᠬᠦᠯᠡᠩᠲᠦ ᠰᠠᠶᠢᠬᠠᠨ ᠦᠵᠡᠮᠵᠢ ᠪᠤᠯᠵᠤ᠂ ᠣᠬᠤᠷᠬᠠᠨ ᠬᠤᠭᠤᠴᠠᠭᠠᠨ ᠳᠤ ᠤᠯᠠᠨ ᠲᠦᠮᠡᠨ ᠤ ᠶᠠᠪᠤᠵᠤ ᠰᠠᠭᠤᠬᠤ ᠳᠤ ᠰᠠᠭᠠᠳ ᠦᠭᠡᠢ ᠠᠮᠤᠷ ᠲᠦᠪᠰᠢᠨ ᠵᠠᠮ ᠢ ᠨᠡᠭᠡᠭᠡᠵᠦ ᠥᠭᠬᠦ ᠪᠠᠷ ᠴᠢᠷᠮᠠᠶᠢᠨ᠎ᠠ᠃ ᠡᠭᠦᠨ ᠤ ᠵᠡᠷᠭᠡ ᠳᠤ᠂ ᠡᠯ᠎ᠡ ᠰᠢᠶᠠᠩ ᠪᠠᠯᠭᠠᠰᠤᠨ ᠤ ᠬᠢᠨᠠᠨ ᠬᠠᠮᠢᠶᠠᠷᠬᠤ ᠭᠠᠵᠠᠷ᠂ ᠡᠯ᠎ᠡ ᠲᠤᠬᠠᠶᠢᠯᠠᠭᠰᠠᠨ ᠠᠵᠢᠯ ᠤᠨ ᠲᠠᠰᠤᠭ ᠤᠨ ᠬᠢᠨ ᠡᠷᠦᠬᠡ ᠳᠤ ᠬᠦᠷᠴᠦ ᠰᠤᠷᠪᠤᠯᠵᠢᠯᠠᠬᠤ᠂ ᠸᠢᠴᠠᠲ ᠤᠨ ᠪᠦᠯᠦᠭ ᠤᠨ ᠰᠠᠨᠠᠭᠠᠴᠢᠯᠠᠭ᠎ᠠ ᠶᠢ ᠬᠢᠨᠠᠨ ᠬᠠᠮᠢᠶᠠᠷᠬᠤ ᠠᠷᠭ᠎ᠠ ᠮᠠᠶ᠋ᠢᠭ ᠢᠶᠠᠷ ᠳᠠᠮᠵᠢᠭᠤᠯᠤᠨ᠂ ᠡᠯ᠎ᠡ ᠬᠤᠳᠠᠯᠳᠤᠭᠠᠴᠢᠨ ᠡᠷᠦᠬᠡ ᠶᠢ ᠰᠢᠪᠠᠳᠠᠨ ᠡᠭᠦᠳᠡᠨ ᠡᠮᠦᠨᠡᠬᠢ ᠪᠠ ᠠᠵᠢᠯᠯᠠᠵᠤ ᠪᠠᠶᠢᠭ᠎ᠠ ᠣᠷᠣᠨ ᠪᠦᠰᠡ ᠶᠢᠨ ᠬᠤᠷᠠᠭᠰᠠᠨ ᠴᠠᠰᠤ ᠶᠢ ᠴᠠᠭ ᠲᠤᠬᠠᠶ ᠳᠤᠨᠢ ᠴᠡᠪᠡᠷᠯᠡᠭᠦᠯᠵᠦ᠂ ᠠᠶᠤᠯᠭᠦᠶ ᠦᠶᠯᠡᠳᠪᠦᠷᠢᠯᠡᠯ ᠤᠨ ᠪᠡᠶᠡᠴᠢ ᠴᠣᠭᠴᠠ ᠶᠢᠨ ᠬᠠᠷᠢᠭᠤᠴᠠᠯᠭ᠎ᠠ ᠶᠢ ᠢᠳᠡᠪᠬᠢᠲᠡᠶ ᠨᠠᠶᠢᠳᠠᠪᠤᠷᠢᠵᠢᠭᠤᠯᠵᠤ᠂ ᠣᠯᠠᠨ ᠲᠦᠮᠡᠨ ᠤ ᠠᠮᠤᠷ ᠲᠦᠪᠰᠢᠨ ᠢᠶᠠᠷ ᠭᠠᠳᠠᠭᠰᠢ ᠭᠠᠷᠬᠤ ᠶᠢ ᠪᠠᠲᠤᠯᠠᠬᠤ ᠳᠤ ᠨᠢᠭᠡ ᠬᠤᠪᠢ ᠬᠦᠴᠦᠨ ᠴᠢᠳᠠᠯ ᠢᠶᠠᠨ ᠡᠷᠭᠦᠬᠦ ᠪᠠᠷ ᠴᠢᠷᠮᠠᠶᠢᠨ᠎ᠠ᠃
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号