︽ᠪᠢ ᠤᠯᠠᠨ ᠲᠦᠮᠡᠨ ᠳᠤ ᠪᠤᠳᠠᠳᠠᠢ ᠠᠵᠢᠯ ᠬᠢᠵᠤ ᠦᠭᠬᠦ︾ ᠬᠠᠷᠠᠴᠢᠨ ᠬᠤᠰᠢᠭᠤᠨ ᠤ ᠠᠵᠢᠯ | ᠣᠯᠭᠤᠯᠲᠠ ᠶᠢᠨ ᠦᠶᠯᠡᠴᠢᠯᠡᠭᠡᠨ ᠤ ᠲᠥᠪ᠄ ᠳᠠᠷᠤᠭᠠᠰᠤ ᠶᠢ ᠬᠥᠩᠭᠡᠯᠡᠵᠦ ᠠᠵᠢᠯ ᠤᠨ ᠪᠠᠶᠢᠷᠢ ᠶᠢ | ᠲᠣᠭᠲᠠᠪᠤᠷᠢᠵᠢᠭᠤᠯᠵᠤ ᠠᠵᠢᠯ ᠣᠯᠭᠤᠯᠲᠠ ᠶᠢ ᠥᠷᠭᠡᠳᠬᠡᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ ᠠᠵᠤ | ᠠᠬᠤᠶᠢᠯᠠᠯ ᠳᠤ ᠰᠠᠭᠤᠷᠢ ᠬᠦᠴᠦᠨ ᠨᠡᠮᠡᠷᠢᠯᠡᠵᠦ ᠠᠵᠢᠯᠴᠢᠨ ᠤ ᠠᠵᠢᠯ ᠤᠨ ᠪᠠᠶᠢᠷᠢ ᠶᠢ ᠲᠤᠭᠲᠠᠪᠤᠷᠢᠵᠢᠭᠤᠯᠪᠠ | ᠤᠯᠤᠰ ᠤᠨ ᠬᠡᠰᠡᠭ ᠳᠠᠷᠤᠭᠠᠰᠤ ᠶᠢ ᠬᠥᠩᠭᠡᠯᠡᠵᠦ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠵᠤ ᠠᠵᠢᠯ | ᠣᠯᠭᠤᠯᠲᠠ ᠶᠢ ᠥᠷᠭᠡᠳᠬᠡᠬᠦ ᠲᠥᠷᠥ ᠶᠢᠨ ᠪᠣᠳᠣᠯᠭ᠎ᠠ ᠶᠢ ᠦᠷᠭᠦᠯᠵᠢᠯᠡᠨ ᠬᠡᠷᠡᠭᠵᠢᠭᠦᠯᠬᠦ ᠶᠢ ᠰᠠᠶᠢᠲᠤᠷ | ᠨᠠᠶᠢᠳᠠᠪᠤᠷᠢᠵᠢᠭᠤᠯᠬᠤ ᠶᠢᠨ ᠲᠥᠯᠥᠭᠡ᠂ ᠬᠠᠷᠠᠴᠢᠨ ᠬᠤᠰᠢᠭᠤᠨ ᠤ ᠠᠵᠢᠯ ᠣᠯᠭᠤᠯᠲᠠ ᠶᠢᠨ ᠦᠶᠯᠡᠴᠢᠯᠡᠭᠡᠨ ᠤ ᠲᠥᠪ | ᠨᠢᠭᠡᠳᠦᠯᠲᠡᠶ ᠲᠥᠯᠥᠪᠯᠡᠨ ᠳᠣᠭᠢᠷᠠᠭᠤᠯᠵᠤ᠂ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠂ ᠠᠵᠤ ᠠᠬᠤᠶᠢᠯᠠᠯ ᠳᠤ | ᠰᠠᠭᠤᠷᠢ ᠬᠦᠴᠦᠨ ᠨᠡᠮᠡᠷᠢᠯᠡᠵᠦ᠂ ᠠᠵᠢᠯᠴᠢᠨ ᠤ ᠠᠵᠢᠯ ᠤᠨ ᠪᠠᠶᠢᠷᠢ ᠶᠢ ᠲᠤᠭᠲᠠᠭᠤᠷᠢᠵᠢᠭᠤᠯᠪᠠ᠃ | ᠠᠵᠤ ᠠᠬᠤᠶᠢᠯᠠᠯ ᠤᠨ ᠠᠵᠢᠯ ᠠᠯᠳᠠᠯᠲᠠ ᠶᠢᠨ ᠳᠠᠭᠠᠳᠬᠠᠯ ᠤᠨ ᠮᠦᠩᠭᠦ ᠶᠢ ᠪᠤᠴᠠᠭᠠᠬᠤ ᠠᠵᠢᠯ ᠢ ᠥᠷᠨᠢᠭᠦᠯᠬᠦ | ᠶᠠᠪᠤᠴᠠ ᠳᠤ ᠬᠠᠷᠠᠴᠢᠨ ᠬᠤᠰᠢᠭᠤᠨ ᠤ ᠠᠵᠢᠯ ᠣᠯᠭᠤᠯᠲᠠ ᠶᠢᠨ ᠦᠶᠯᠡᠴᠢᠯᠡᠭᠡᠨ ᠤ ᠲᠥᠪ ᠪᠥᠬᠦ ᠶᠠᠪᠤᠴᠠ ᠳᠤ | ᠰᠦᠯᠵᠢᠶ᠎ᠡ ᠪᠠᠷ ᠡᠷᠭᠢᠯᠡᠬᠦ ᠶᠢ ᠬᠡᠷᠡᠭᠵᠢᠭᠦᠯᠵᠦ᠂ ᠠᠵᠤ ᠠᠬᠤᠶᠢᠯᠠᠯ ᠳᠤ ︽ᠨᠢᠭᠤᠷ ᠵᠣᠯᠭᠠᠬᠤ ᠥᠬᠡᠶ︾ ᠦᠶᠯᠡᠴᠢᠯᠡᠭᠡ | ᠦᠷᠨᠢᠭᠦᠯᠵᠦ᠂ ᠠᠵᠤ ᠠᠬᠤᠶᠢᠯᠠᠯ ᠨᠢ ᠵᠥᠪᠬᠡᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠰᠦᠯᠵᠢᠶᠡᠨ ᠳᠡᠭᠡᠷ᠎ᠡ ᠠᠵᠢᠯ ᠠᠯᠳᠠᠯᠲᠠ ᠶᠢᠨ ᠳᠠᠭᠠᠳᠬᠠᠯ ᠤᠨ ᠮᠦᠩᠭᠦ ᠪᠠᠨ ᠪᠤᠴᠠᠭᠠᠬᠤ ᠪᠠᠷ | ᠭᠤᠶᠤᠴᠢᠯᠠᠪᠠᠯ ᠪᠣᠯᠴᠢᠬᠠᠨ᠎ᠠ᠂ ᠬᠢᠨᠠᠨ ᠬᠠᠷᠭᠤᠭᠤᠯᠤᠭᠰᠠᠨ ᠤ ᠳᠠᠷᠠᠭᠠᠬᠢ ᠨᠤᠲᠠᠯᠠᠯᠲᠠ ᠶᠢᠨ ᠪᠢᠴᠢᠭ ᠢ ᠬᠢᠵᠢᠭ ᠤᠨ | ᠪᠠᠶᠢᠳᠠᠯ ᠠᠴᠠ ᠪᠣᠯᠵᠣ ᠴᠠᠭ ᠲᠤᠬᠠᠶ ᠳᠤᠨᠢ ᠮᠡᠳᠡᠭᠦᠯᠦᠨ ᠬᠦᠷᠭᠡᠵᠦ ᠳᠡᠶᠢᠯᠬᠦ ᠥᠬᠡᠶ ᠪᠣᠯ ᠵᠥᠪᠬᠡᠨ ᠨᠤᠲᠠᠯᠠᠯᠲᠠ ᠶᠢᠨ | ᠪᠢᠴᠢᠭ ᠤᠨ ︽ᠰᠢᠷᠪᠢᠯᠲᠡ ᠶᠢᠨ ᠮᠠᠲ᠋ᠧᠷᠢᠶᠠᠯ︾ ᠬᠠᠩᠭᠠᠪᠠᠯ ᠪᠤᠯᠴᠢᠬᠠᠨ᠎ᠠ᠃ ᠡᠨᠡ ᠨᠢ ︽ᠰᠦᠯᠵᠢᠶᠡᠨ ᠤ ᠵᠠᠮ︾ ᠢ | ︽ᠭᠤᠤᠯ ᠵᠠᠮ︾ ᠪᠣᠯᠭᠠᠭᠰᠠᠨ ᠪᠠᠶᠢᠨ᠎ᠠ᠃ ᠡᠭᠦᠨ ᠤ ᠵᠡᠷᠭᠡ ᠳᠤ᠂ ᠨᠥᠬᠦᠴᠡᠯ ᠳᠤ ᠨᠡᠶᠢᠴᠡᠬᠦ ᠠᠵᠤ ᠠᠬᠤᠶᠢᠯᠠᠯ ᠢ | ᠲᠦᠷᠭᠡᠪᠴᠢᠯᠡᠨ ᠰᠢᠯᠢᠨ ᠰᠣᠩᠭᠤᠵᠤ᠂ ᠤᠷᠢᠳᠴᠢᠯᠠᠨ ᠰᠠᠯᠭᠠᠨ ᠥᠭᠬᠦ ᠤᠳᠠᠭ᠎ᠠ ᠶᠢ ᠨᠡᠮᠡᠭᠳᠡᠭᠦᠯᠦᠨ᠂ ᠡᠳᠦᠷ ᠪᠦᠷᠢ | ᠠᠵᠤ ᠠᠬᠤᠶᠢᠯᠠᠯ ᠤᠨ ᠭᠤᠶᠤᠴᠢᠯᠠᠯ ᠢ ᠴᠠᠭ ᠲᠤᠬᠠᠶ ᠳᠤᠨᠢ ᠬᠢᠨᠠᠨ ᠬᠠᠷᠭᠤᠭᠤᠯᠵᠤ᠂ ᠴᠠᠭ ᠲᠤᠬᠠᠶ ᠳᠤᠨᠢ ᠵᠠᠷᠯᠠᠨ | ᠨᠡᠶᠢᠲᠡᠯᠡᠵᠦ᠂ ᠠᠵᠢᠯ ᠠᠯᠳᠠᠭᠰᠠᠳ ᠤᠨ ᠳᠠᠭᠠᠳᠬᠠᠯ ᠤᠨ ᠮᠦᠩᠭᠦ ᠤᠨ ᠪᠤᠴᠠᠭᠠᠯᠲᠠ ᠶᠢ ᠬᠤᠷᠳᠤᠴᠠ ᠶᠢ | ᠨᠡᠮᠡᠭᠳᠡᠭᠦᠯᠵᠦ᠂ ᠪᠠᠯᠠ ᠮᠥᠩᠭᠦ ᠶᠢ ᠠᠯᠢ ᠲᠦᠷᠭᠡᠨ ᠢᠶᠠᠷ ᠠᠵᠤ ᠠᠬᠤᠶᠢᠯᠠᠯ ᠤᠨ ᠳᠠᠩᠰᠠᠨ ᠡᠷᠦᠬᠡ ᠳᠤ ᠰᠢᠯᠵᠢᠭᠦᠯᠦᠨ | ᠥᠭᠬᠦ ᠶᠢ ᠪᠠᠲᠤᠯᠠᠵᠤ᠂ ᠠᠵᠤ ᠠᠬᠤᠶᠢᠯᠠᠯ ᠤᠨ ᠬᠦᠴᠢᠷᠳᠡᠯ ᠢ ᠰᠢᠶᠳᠪᠦᠷᠢᠯᠡᠵᠦ᠂ ᠱᠠᠲᠤ ᠦᠶ᠎ᠡ ᠶᠢᠨ ᠴᠢᠨᠠᠷᠲᠠᠶ ᠪᠡᠷᠬᠡ | ᠪᠣᠭᠤᠮᠲᠠ ᠶᠢ ᠳᠤᠭᠤᠯᠬᠤ ᠬᠡᠷᠡᠭᠲᠡᠶ᠃ | ᠣᠲᠣ ᠪᠣᠯᠲᠠᠯ᠎ᠠ᠂ ᠤᠷᠢᠳ ᠬᠤᠵᠢᠳ 60 ᠠᠵᠤ ᠠᠬᠤᠶᠢᠯᠠᠯ ᠳᠤ ᠠᠵᠤ ᠠᠬᠤᠶᠢᠯᠠᠯ ᠤᠨ ᠠᠵᠢᠯ ᠤᠨ | ᠪᠠᠶᠢᠷᠢ ᠶᠢ ᠲᠣᠭᠲᠠᠪᠤᠷᠢᠵᠢᠭᠤᠯᠬᠤ ᠨᠥᠬᠦᠪᠥᠷᠢ 5.44 ᠲᠦᠮᠡᠨ ᠲᠥᠭᠦᠷᠢᠭ ᠢ ᠲᠠᠷᠬᠠᠭᠠᠪᠠ︔ 94 ᠬᠥᠮᠦᠨ ᠳᠤ | 67.15 ᠲᠦᠮᠡᠨ ᠲᠥᠭᠦᠷᠢᠭ ᠤᠨ ᠠᠵᠢᠯ ᠠᠯᠳᠠᠭᠰᠠᠳ ᠤᠨ ᠳᠠᠭᠠᠳᠬᠠᠯ ᠤᠨ ᠮᠥᠩᠭᠦ ᠲᠠᠷᠬᠠᠭᠠᠪᠠ︔ 25 | ᠬᠥᠮᠦᠨ ᠳᠤ ᠲᠠᠷᠢᠶᠠᠴᠢᠨ ᠤ ᠭᠡᠷᠡᠲᠦ ᠠᠵᠢᠯᠴᠢᠨ ᠤ ᠨᠢᠭᠡ ᠤᠳᠠᠭ᠎ᠠ ᠶᠢᠨ ᠴᠢᠨᠠᠷᠲᠠᠶ ᠠᠮᠢᠳᠤᠷᠠᠯ ᠤᠨ ᠨᠥᠬᠦᠪᠥᠷᠢ | 32.4 ᠲᠦᠮᠡᠨ ᠲᠥᠭᠦᠷᠢᠭ ᠣᠯᠭᠤᠪᠠ︔ 152 ᠬᠥᠮᠦᠨ ᠳᠤ 68.12 ᠲᠦᠮᠡᠨ ᠲᠥᠭᠦᠷᠢᠭ ᠤᠨ ᠠᠵᠢᠯ | ᠠᠯᠳᠠᠭᠰᠠᠳ ᠤᠨ ᠨᠥᠬᠦᠪᠥᠷᠢ ᠮᠥᠩᠭᠦ ᠣᠯᠭᠤᠪᠠ︔ 4 ᠬᠥᠮᠦᠨ ᠳᠤ ᠲᠦᠷ ᠴᠠᠭ ᠤᠨ ᠴᠢᠨᠠᠷᠲᠠᠶ ᠠᠮᠢᠳᠤᠷᠠᠯ ᠤᠨ | ᠨᠥᠬᠦᠪᠥᠷᠢ 5824 ᠲᠥᠭᠦᠷᠢᠭ ᠣᠯᠭᠤᠪᠠ︔ 211 ᠬᠥᠮᠦᠨ ᠳᠤ ᠮᠡᠷᠭᠡᠵᠢᠯ ᠴᠢᠳᠠᠪᠤᠷᠢ ᠶᠢᠨ ᠳᠡᠭᠡᠭᠰᠢᠯᠡᠯᠲᠡ ᠶᠢᠨ | ᠨᠥᠬᠦᠪᠥᠷᠢ 41.8 ᠲᠦᠮᠡᠨ ᠲᠥᠭᠦᠷᠢᠭ ᠣᠯᠭᠤᠪᠠ᠃ | |