ᠬᠤᠰᠢᠭᠤᠨ ᠨᠠᠮ ᠤᠨ ᠬᠤᠷᠢᠶᠠᠨ ᠤ ᠱᠦᠵᠢ ᠹᠠᠩ ᠷᠦᠢ ᠠᠷᠪᠠᠨ ᠵᠢᠷᠭᠤᠳᠤᠭᠠᠷ ᠬᠤᠭᠤᠴᠠᠭᠠᠨ ᠤ ᠨᠠᠢᠮᠠᠳᠤᠭᠠᠷ ᠤᠳᠠᠭ᠎ᠠ ᠶᠢᠨ ᠪᠠᠶᠢᠩᠭᠤ ᠶᠢᠨ ᠬᠤᠷᠢᠶᠠᠨ ᠤ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/11/2
ᠬᠤᠰᠢᠭᠤᠨ ᠨᠠᠮ ᠤᠨ ᠬᠤᠷᠢᠶᠠᠨ ᠤ ᠱᠦᠵᠢ ᠹᠠᠩ ᠷᠦᠢ ᠠᠷᠪᠠᠨ ᠵᠢᠷᠭᠤᠳᠤᠭᠠᠷ ᠬᠤᠭᠤᠴᠠᠭᠠᠨ ᠤ ᠨᠠᠢᠮᠠᠳᠤᠭᠠᠷ ᠤᠳᠠᠭ᠎ᠠ ᠶᠢᠨ ᠪᠠᠶᠢᠩᠭᠤ ᠶᠢᠨ ᠬᠤᠷᠢᠶᠠᠨ ᠤ ᠬᠤᠷᠠᠯ ᠢ ᠡᠷᠭᠢᠯᠡᠨ ᠬᠤᠷᠠᠯᠳᠤᠭᠤᠯᠪᠠ     11 ᠰᠠᠷ᠎ᠠ ᠶᠢᠨ 1 ᠤ ᠡᠳᠦᠷ᠂ ᠬᠤᠰᠢᠭᠤᠨ ᠨᠠᠮ ᠤᠨ ᠬᠤᠷᠢᠶᠠᠨ ᠤ ᠱᠦᠵᠢ ᠹᠠᠩ ᠷᠦᠢ ᠠᠷᠪᠠᠨ ᠵᠢᠷᠭᠤᠳᠤᠭᠠᠷ ᠬᠤᠭᠤᠴᠠᠭᠠᠨ ᠤ ᠨᠠᠢᠮᠠᠳᠤᠭᠠᠷ ᠤᠳᠠᠭ᠎ᠠ ᠶᠢᠨ ᠪᠠᠶᠢᠩᠭᠤ ᠶᠢᠨ ᠬᠤᠷᠢᠶᠠᠨ ᠤ ᠬᠤᠷᠠᠯ ᠶᠢ ᠡᠷᠭᠢᠯᠡᠨ ᠬᠤᠷᠠᠯᠳᠤᠭᠤᠯᠪᠠ᠃ ᠬᠡᠷ ᠲᠡᠭᠡᠨ ᠪᠠᠶᠢᠭ᠎ᠠ ᠬᠤᠰᠢᠭᠤᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ ᠬᠤᠷᠠᠯ ᠳᠤ ᠣᠷᠣᠯᠴᠠᠵᠤ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠮᠠ ᠵᠢᠩ ᠬᠤᠸᠠ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠵᠠᠩ ᠬᠤᠸᠠ ᠵᠡᠷᠭᠡ ᠤᠳᠤᠷᠢᠳᠤᠯᠭ᠎ᠠ ᠰᠤᠯᠠ ᠣᠷᠣᠯᠴᠠᠵᠠᠶ᠃      ᠬᠤᠷᠠᠯ ᠠᠴᠠ ᠱᠠᠭᠠᠷᠳᠠᠭᠰᠠᠨ ᠨᠢ᠂ ᠬᠤᠰᠢᠭᠤᠨ ᠤᠳᠤᠷᠢᠳᠤᠯᠭ᠎ᠠ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠣᠰᠣᠭᠠᠷ᠂ ᠵᠣᠬᠢᠶᠠᠨ ᠪᠠᠶᠢᠭᠤᠯᠤᠯᠲᠠ ᠳᠤ ᠬᠤᠪᠢ ᠬᠥᠮᠦᠨ ᠤ ᠬᠠᠮᠢᠶ᠎ᠠ ᠪᠥᠬᠦᠶ ᠤᠴᠢᠷ ᠶᠠᠪᠤᠳᠠᠯ ᠢᠶᠠᠨ ᠴᠠᠭ ᠲᠤᠬᠠᠶ ᠳᠤᠨᠢ ᠮᠡᠳᠡᠭᠦᠯᠵᠦ᠂ ᠮᠡᠳᠡᠭᠡ ᠵᠠᠩᠭᠢ ᠶᠢ ᠲᠠᠭᠯᠠᠬᠤ ᠶᠢ ᠵᠥᠪ ᠣᠨᠣᠪᠴᠢᠲᠠᠶ ᠥᠷᠨᠢᠭᠦᠯᠬᠦ ᠬᠡᠷᠡᠭᠲᠡᠶ᠃      ᠬᠤᠷᠠᠯ ᠠᠴᠠ ᠵᠢᠭᠠᠵᠤ ᠭᠠᠷᠭᠠᠭᠰᠠᠨ ᠨᠢ᠂ 8 ᠰᠠᠷ᠎ᠠ ᠶᠢᠨ ᠰᠡᠭᠦᠯᠴᠢ ᠪᠠᠷ ᠬᠤᠷᠠᠯᠳᠤᠭᠰᠠᠨ ᠲᠥᠪ ᠤᠨ ᠦᠨᠳᠦᠰᠦᠲᠡᠨ ᠤ ᠠᠵᠢᠯ ᠤᠨ ᠬᠤᠷᠠᠯ ᠳᠡᠭᠡᠷ᠎ᠡ᠂ ᠶᠡᠷᠦᠩᠬᠡᠶ ᠱᠦᠵᠢ ᠰᠢ ᠶᠢᠨ ᠫᠢᠩ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠣᠶ ᠪᠣᠯᠭᠠᠬᠤ ᠪᠠᠷ ᠭᠤᠤᠯ ᠰᠢᠵᠢᠮ ᠪᠣᠯᠭᠠᠵᠤ᠂ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢ ᠳᠥᠯᠭᠢᠨ ᠠᠬᠢᠭᠤᠯᠬᠤ ᠬᠡᠷᠡᠭᠲᠡᠶ︾ ᠭᠡᠵᠦ ᠲᠣᠳᠣᠷᠬᠠᠶ ᠳᠤᠷᠠᠳᠤᠨ ᠭᠠᠷᠭᠠᠪᠠ᠃ ᠥᠪᠡᠷᠲᠡᠭᠡᠨ ᠵᠠᠰᠠᠬᠤ ᠣᠷᠣᠨ ᠤ ᠳᠠᠷᠤᠮᠠᠯᠯᠠᠨ ᠲᠠᠷᠬᠠᠭᠠᠭᠰᠠᠨ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠣᠶ ᠪᠣᠯᠭᠠᠬᠤ ᠪᠠᠷ ᠭᠤᠤᠯ ᠰᠢᠵᠢᠮ ᠪᠣᠯᠭᠠᠵᠤ᠂ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢ ᠳᠥᠯᠭᠢᠨ ᠠᠬᠢᠭᠤᠯᠬᠤ ᠲᠤᠬᠠᠶ ᠬᠡᠷᠡᠭᠵᠢᠭᠦᠯᠬᠦ ᠰᠠᠨᠠᠯ︾ ᠪᠣᠯ ᠰᠢ ᠶᠢᠨ ᠫᠢᠩ ᠶᠡᠷᠦᠩᠬᠡᠶ ᠱᠦᠵᠢ ᠶᠢᠨ ᠴᠢᠬᠤᠯᠠ ᠶᠠᠷᠢᠶ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠪᠣᠳᠠᠲᠠᠶ ᠦᠶᠯᠡᠳᠦᠯᠭᠡ ᠪᠠᠶᠢᠵᠤ᠂ ᠬᠠᠷᠠᠴᠢᠨ ᠬᠤᠰᠢᠭᠤᠨ ᠤ ᠬᠤᠶᠢᠰᠢᠳᠠ ᠶᠢᠨ ᠦᠨᠳᠦᠰᠦᠲᠡᠨ ᠤ ᠠᠵᠢᠯ ᠢ ᠰᠠᠶᠢᠲᠤᠷ ᠬᠢᠬᠦ ᠳᠤ ᠴᠢᠭᠯᠡᠯ ᠢ ᠵᠢᠭᠠᠨ ᠥᠭᠴᠦ᠂ ᠵᠢᠷᠤᠮᠯᠠᠯ ᠬᠠᠩᠭᠠᠭᠰᠠᠨ ᠪᠠᠶᠢᠨ᠎ᠠ᠃      ᠬᠤᠷᠠᠯ ᠠᠴᠠ ᠱᠠᠭᠠᠷᠳᠠᠭᠰᠠᠨ ᠨᠢ᠂ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠨ ᠬᠢᠨ ᠭᠦᠨᠵᠡᠭᠡᠶ ᠰᠤᠷᠤᠯᠴᠠᠨ ᠣᠶᠢᠯᠠᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠤᠢ ᠪᠤᠯᠭᠠᠬᠤ ᠪᠠᠷ ᠪᠥᠬᠦ ᠬᠤᠰᠢᠭᠤᠨ ᠤ ᠦᠨᠳᠦᠰᠦᠲᠡᠨ ᠤ ᠠᠵᠢᠯ ᠤᠨ ᠪᠥᠬᠦ ᠶᠠᠪᠤᠴᠠ ᠶᠢᠨ ᠡᠯ᠎ᠡ ᠲᠠᠯ᠎ᠠ ᠳᠤ ᠲᠤᠤᠱᠯᠠᠭᠤᠯᠵᠤ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠢ ᠳᠡᠯᠭᠡᠷᠡᠭᠦᠯᠦᠨ ᠲᠦᠭᠡᠮᠡᠯᠵᠢᠭᠦᠯᠬᠦ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠦᠨ ᠡᠭᠦᠳᠦᠨ ᠪᠠᠶᠢᠭᠤᠯᠬᠤ ᠵᠡᠷᠭᠡ ᠡᠯ᠎ᠡ ᠵᠦᠶᠯ ᠤᠨ ᠠᠵᠢᠯ ᠢ ᠰᠠᠶᠢᠲᠤᠷ ᠬᠢᠵᠦ᠂ ᠰᠢᠨ᠎ᠡ ᠴᠠᠭ ᠦᠶ᠎ᠡ ᠶᠢᠨ ᠪᠥᠬᠦ ᠬᠤᠰᠢᠭᠤᠨ ᠤ ᠦᠨᠳᠦᠰᠦᠲᠡᠨ ᠤ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠡᠷᠡᠭᠲᠡᠶ ᠭᠡᠵᠠᠢ᠃      ᠬᠤᠷᠠᠯ ᠠᠴᠠ ︽ᠤᠳᠤᠷᠢᠳᠬᠤ ᠺᠠᠳ᠋ᠷ ᠬᠤᠪᠢ ᠬᠥᠮᠦᠨ ᠤ ᠬᠤᠯᠪᠣᠭᠳᠠᠯ ᠪᠦᠬᠦᠢ ᠤᠴᠢᠷ ᠶᠠᠪᠤᠳᠠᠯ ᠢᠶᠠᠨ ᠴᠠᠭ ᠲᠤᠬᠠᠢ ᠳᠤᠨᠢ ᠮᠡᠳᠡᠭᠦᠯᠬᠦ ᠲᠤᠬᠠᠢ ᠨᠠᠮ ᠤᠨ ᠲᠥᠪ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠮᠡᠳᠡᠭᠳᠡᠯ︾᠂ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠤᠢ ᠪᠤᠯᠭᠠᠬᠤ ᠪᠠᠷ ᠭᠤᠣᠯ ᠱᠤᠭᠤᠮ ᠪᠣᠯᠭᠠᠵᠤ᠂ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠬᠠᠢ ᠬᠡᠷᠡᠭᠵᠢᠭᠦᠯᠬᠦ ᠰᠠᠨᠠᠯ︾ ᠢ ᠤᠯᠠᠮᠵᠢᠯᠠᠨ ᠰᠤᠷᠤᠯᠴᠠᠵᠤ᠂ ᠬᠤᠯᠪᠣᠭᠳᠠᠯ ᠪᠦᠬᠦᠢ ᠠᠵᠢᠯ ᠢ ᠲᠤᠬᠢᠷᠠᠭᠤᠯᠤᠨ ᠪᠠᠶᠢᠷᠢᠯᠠᠭᠤᠯᠵᠠᠢ᠃
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号