︽ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ︾      ᠵᠢᠨᠱᠠᠨ ᠪᠠᠯᠭᠠᠰᠤ᠄ ᠣᠯᠠᠨ ᠵᠦᠶᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠬᠢᠵᠢᠭ ᠢ ᠰᠡᠷᠭᠡᠶᠢᠯᠡᠬᠦ ︽ᠤᠬᠠᠭᠤᠯᠭ᠎ᠠ ᠶᠢᠨ ᠲᠤᠤᠷ︾ ᠢ ᠨᠢᠭᠲᠠ ᠰᠦᠯᠵᠢᠪᠡ
ᠨᠡᠶᠢᠲᠡᠯᠡᠭᠰᠡᠨ ᠴᠠᠭ᠄
2021/11/3
︽ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ︾      ᠵᠢᠨᠱᠠᠨ ᠪᠠᠯᠭᠠᠰᠤ᠄ ᠣᠯᠠᠨ ᠵᠦᠶᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠬᠢᠵᠢᠭ ᠢ ᠰᠡᠷᠭᠡᠶᠢᠯᠡᠬᠦ ︽ᠤᠬᠠᠭᠤᠯᠭ᠎ᠠ ᠶᠢᠨ ᠲᠤᠤᠷ︾ ᠢ ᠨᠢᠭᠲᠠ ᠰᠦᠯᠵᠢᠪᠡ     ᠰᠢᠨ᠎ᠡ ᠨᠢᠭᠡᠨ ᠡᠭᠡᠯᠵᠢ ᠶᠢᠨ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ ᠡᠮᠦᠨ᠎ᠡ᠂ ᠵᠢᠨᠱᠠᠨ ᠪᠠᠯᠭᠠᠰᠤ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠣᠯᠠᠨ ᠵᠦᠶᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ᠂ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠮᠡᠳᠡᠯᠭᠡ ᠶᠢ ᠠᠶᠢᠯ ᠪᠣᠯᠭᠠᠨ ᠳᠤ ᠤᠯᠠᠮᠵᠢᠯᠠᠵᠤ᠂ ᠬᠥᠮᠦᠨ ᠪᠦᠬᠦᠨ ᠤᠷᠤᠯᠴᠠᠵᠤ᠂ ᠣᠯᠠᠨ ᠢᠶᠠᠷ ᠢᠶᠠᠨ ᠰᠡᠷᠭᠡᠶᠢᠯᠡᠨ ᠡᠵᠡᠮᠳᠡᠬᠦ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠭᠤᠷ ᠠᠮᠢᠰᠬᠤᠯ ᠢ ᠪᠣᠶ ᠪᠣᠯᠭᠠᠪᠠ᠃     ᠡᠳᠦᠷ ᠪᠦᠷᠢ ᠶᠢᠨ ᠥᠷᠯᠥᠭᠡ ᠡᠷᠲᠡ᠂ ᠡᠯ᠎ᠡ ᠭᠠᠴᠠᠭᠠᠨ ᠤ ᠠᠷᠠᠳ ᠤᠨ ᠵᠥᠪᠯᠡᠯ ᠤᠨ ᠪᠦᠷᠢᠶ᠎ᠡ ᠠᠴᠠ ᠬᠠᠩᠭᠢᠨᠠᠮ᠎ᠠ ᠳᠠᠭᠤᠨ ᠰᠣᠨᠣᠰᠳᠠᠵᠤ᠂ ᠰᠡᠷᠭᠡᠶᠢᠯᠡᠨ ᠬᠠᠮᠠᠭᠠᠯᠠᠬᠤ ᠠᠵᠢᠯ ᠢ ᠰᠠᠶᠢᠲᠤᠷ ᠬᠢᠵᠦ᠂ ᠬᠢᠵᠢᠭ ᠢ ᠰᠡᠷᠭᠡᠶᠢᠯᠡᠬᠦ ᠤᠬᠠᠮᠰᠠᠷ ᠢᠶᠠᠨ ᠳᠡᠭᠡᠭᠰᠢᠯᠡᠭᠦᠯᠬᠦ ᠶᠢ ᠤᠯᠠᠨ ᠳᠤ ᠰᠠᠨᠠᠭᠤᠯᠳᠠᠭ᠃ ᠵᠢᠨᠱᠠᠨ ᠪᠠᠯᠭᠠᠰᠤ ᠤᠯᠠᠨ ᠲᠦᠮᠡᠨ ᠤ ᠪᠠᠶᠢᠳᠠᠯ ᠢ ᠣᠶᠢᠯᠠᠭᠠᠬᠤ ᠠᠷᠭ᠎ᠠ ᠬᠡᠯᠪᠡᠷᠢ ᠪᠠᠷ ᠬᠢᠵᠢᠭ ᠤᠨ ᠪᠠᠶᠢᠳᠠᠯ ᠤᠨ ᠮᠡᠳᠡᠭᠡ ᠵᠠᠩᠭᠢ᠂ ᠰᠡᠷᠭᠡᠶᠢᠯᠡᠨ ᠡᠵᠡᠮᠳᠡᠬᠦ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠵᠡᠷᠭᠡ ᠠᠭᠤᠯᠭ᠎ᠠ ᠶᠢ ᠲᠣᠰᠬᠤᠨ ᠤ ᠭᠠᠳᠠᠨ᠎ᠠ ᠳᠤᠲᠤᠨ᠎ᠠ᠂ ᠠᠶᠢᠯ ᠡᠷᠦᠬᠡ ᠪᠤᠯᠭᠠᠨ ᠳᠤ ᠬᠦᠷᠭᠡᠵᠡᠢ᠃︽ᠴᠤᠭᠯᠠᠭᠠᠨ ᠶᠢ ᠪᠠᠭᠠᠰᠬᠠᠬᠤ ᠳᠤ ᠲᠦᠷᠦᠯ ᠰᠠᠳᠤᠨ ᠤ ᠬᠠᠶᠢᠷ᠎ᠠ ᠰᠡᠳᠬᠢᠯᠭᠡ ᠪᠠᠭᠠᠰᠬᠤ ᠦᠭᠡᠢ᠂ ᠠᠮᠠᠪᠴᠢ ᠵᠡᠭᠦᠭᠦ  ᠨᠢ ᠴᠢ ᠪᠢᠳᠡᠨ ᠤ ᠠᠮᠦᠷ ᠲᠦᠪᠰᠢᠨ ᠤ ᠲᠦᠯᠦᠭᠡ ᠶᠤᠮ︾᠂ ︽ᠠᠮᠠᠪᠴᠢ ᠵᠡᠭᠦᠭᠦ᠂ ᠰᠠᠶᠢᠲᠤᠷ ᠭᠠᠷ ᠢᠶᠠᠨ ᠤᠭᠢᠶᠠᠬᠤ᠂ ᠦᠷᠭᠦᠯᠵᠢ ᠰᠠᠯᠬᠢ ᠨᠡᠪᠲᠡᠷᠡᠭᠦᠯᠬᠦ᠂ ᠳᠤᠲᠠᠭᠤ ᠭᠠᠳᠠᠭᠰᠢ ᠭᠠᠷᠬᠤ᠂ ᠳᠤᠲᠠᠭᠤ ᠬᠤᠷᠠᠨ ᠴᠤᠭᠯᠠᠷᠠᠬᠤ︾ ᠂᠂᠂᠂  ᠵᠡᠷᠭᠡ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠤᠬᠠᠭᠤᠯᠭ᠎ᠠ ᠶᠢᠨ ᠤᠷᠢᠶ᠎ᠠ ᠲᠤᠰᠬᠤᠨ ᠤ ᠡᠯ᠎ᠡ ᠦᠨᠴᠦᠭ ᠪᠤᠯᠤᠩ ᠳᠤ ᠨᠠᠭᠠᠵᠠᠢ᠃ ᠡᠯ᠎ᠡ ᠲᠣᠰᠬᠤᠨ ᠤ ᠰᠦᠯᠵᠢᠶᠡᠨ ᠤ ᠠᠵᠢᠯᠲᠠᠨ ᠡᠷᠦᠬᠡ ᠳᠤ ᠬᠦᠷᠴᠦ ᠤᠬᠠᠭᠤᠯᠭ᠎ᠠ ᠶᠢᠨ ᠬᠠᠭᠤᠳᠠᠰᠤ ᠲᠠᠷᠬᠠᠭᠠᠵᠤ᠂ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠬᠤᠳᠠᠯᠳᠤᠭᠠᠨ ᠤ ᠡᠷᠦᠬᠡ᠂ ᠰᠠᠭᠤᠭᠠᠯᠢ ᠠᠷᠠᠳ ᠤᠨ ᠬᠡᠷ ᠲᠤ ᠭᠦᠨᠵᠡᠭᠡᠶᠢᠷᠡᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠤᠬᠠᠭᠤᠯᠭ᠎ᠠ ᠬᠥᠮᠦᠵᠢᠯ ᠬᠢᠬᠦ ᠬᠡᠷᠡᠭᠲᠡᠶ᠃     ᠤᠬᠠᠭᠤᠯᠭ᠎ᠠ ᠶᠢᠨ ᠠᠵᠢᠯ ᠤᠨ ᠥᠨᠴᠥᠭ ᠪᠤᠯᠤᠩ ᠥᠬᠡᠶ ᠪᠠᠶᠢᠬᠤ ᠶᠢ ᠦᠨᠡᠨ ᠬᠦ ᠪᠠᠲᠤᠯᠠᠬᠤ ᠶᠢᠨ ᠲᠥᠯᠥᠭᠡ᠂ ᠵᠢᠨᠱᠠᠨ ᠪᠠᠯᠭᠠᠰᠤᠨ ᠤ ᠬᠢᠨ ᠣᠶ ᠰᠢᠭᠤᠶ ᠶᠢᠨ ᠭᠠᠯ ᠤᠨᠲᠠᠷᠠᠭᠠᠬᠤ ᠲᠡᠷᠭᠡ ᠶᠢ ᠨᠡᠭᠦᠳᠡᠯ ᠤᠬᠠᠭᠤᠯᠭ᠎ᠠ ᠶᠢᠨ ᠲᠡᠷᠭᠡ ᠪᠣᠯᠭᠠᠨ ᠬᠤᠪᠢᠷᠠᠭᠤᠯᠵᠤ᠂ ᠡᠯ᠎ᠡ ᠲᠣᠰᠬᠤᠨ ᠤ ᠠᠷᠠᠳ ᠤᠨ ᠵᠥᠪᠯᠡᠯ ᠳᠤ ᠣᠴᠢᠭᠤᠯᠤᠨ᠂ ᠣᠯᠠᠨ ᠲᠦᠮᠡᠨ ᠤ ᠬᠤᠪᠢ ᠬᠥᠮᠦᠨ ᠤ ᠰᠡᠷᠭᠡᠶᠢᠯᠡᠨ ᠬᠠᠮᠠᠭᠠᠯᠠᠬᠤ ᠠᠷᠭ᠎ᠠ ᠬᠡᠮᠵᠢᠶ᠎ᠡ ᠪᠠᠨ ᠰᠠᠶᠢᠲᠤᠷ ᠬᠢᠬᠦ ᠶᠢ ᠤᠬᠠᠭᠤᠯᠵᠤ᠂ ᠬᠢᠵᠢᠭ ᠤᠨ ᠪᠠᠶᠢᠳᠠᠯ ᠤᠨ ᠮᠡᠳᠡᠭᠡ ᠵᠠᠩᠭᠢ ᠶᠢ ᠣᠶᠢᠯᠠᠭᠠᠬᠤ ᠶᠢ ᠤᠷᠢᠶᠠᠯᠠᠪᠠ᠃ ᠬᠢᠵᠢᠭ ᠢ ᠰᠡᠷᠭᠡᠶᠢᠯᠡᠬᠦ ᠮᠡᠳᠡᠭᠡ ᠵᠠᠩᠭᠢ ᠶᠢ ᠦᠨᠡᠨ ᠬᠦ ᠤᠯᠠᠨ ᠲᠦᠮᠡᠨ ᠤ ᠴᠢᠬᠢᠨ ᠳᠤ ︽ᠴᠤᠤᠷᠢᠶᠠᠲᠤᠭᠤᠯᠵᠤ︾᠂ ᠤᠯᠠᠨ ᠲᠦᠮᠡᠨ ᠤ ᠰᠡᠳᠬᠢᠯ ᠳᠤ ︽ᠨᠡᠪᠲᠡᠷᠡᠭᠦᠯᠦᠨ᠎ᠡ︾᠃     ᠵᠢᠨᠱᠠᠨ ᠪᠠᠯᠭᠠᠰᠤ ᠸᠢᠴᠠᠲ ᠤᠨ ᠨᠡᠶᠢᠲᠡ ᠶᠢᠨ ᠳ᠋ᠤᠭᠠᠷ᠂ ᠸᠢᠴᠠᠲ ᠤᠨ ᠪᠦᠯᠦᠭᠯᠡᠯ ᠢ ᠠᠰᠢᠭᠯᠠᠨ ᠡᠷᠬᠡ ᠰᠦᠷᠲᠦ ᠮᠡᠳᠡᠭᠡ ᠵᠠᠩᠭᠢ ᠨᠡᠶᠢᠲᠡᠯᠡᠬᠦ ᠪᠠ ᠡᠯ᠎ᠡ ᠵᠦᠶᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠮᠡᠳᠡᠯᠭᠡ ᠶᠢᠨ ᠤᠬᠠᠭᠤᠯᠭ᠎ᠠ ᠪᠠᠨ ᠴᠢᠩᠭᠠᠳᠬᠠᠵᠤ᠂ ᠰᠦᠯᠵᠢᠶᠡᠨ ᠤ ᠶᠠᠷᠢᠶ᠎ᠠ ᠬᠡᠯᠡᠯᠴᠡᠭᠡᠨ ᠤ ᠪᠠᠶᠢᠳᠠᠯ ᠢ ᠬᠥᠲᠥᠯᠦᠨ ᠵᠢᠯᠣᠭᠤᠳᠬᠤ ᠪᠠ ᠡᠯ᠎ᠡ ᠲᠥᠷᠥᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠱᠠᠭᠠᠷᠳᠠᠯᠭ᠎ᠠ ᠶᠣᠰᠣᠭᠠᠷ ᠨᠠᠶᠢᠳᠠᠪᠤᠷᠢᠵᠢᠭᠤᠯᠬᠤ ᠶᠢ ᠪᠥᠬᠦ ᠬᠦᠴᠦᠨ ᠢᠶᠠᠷ ᠢᠶᠠᠨ ᠴᠢᠩᠭᠠᠳᠬᠠᠵᠤ᠂ ᠣᠯᠠᠨ ᠲᠦᠮᠡᠨ ᠢ ᠬᠥᠲᠥᠯᠦᠨ ᠵᠢᠯᠣᠭᠤᠳᠴᠤ ᠪᠠᠶᠢᠭᠠᠳ ᠴᠤᠭᠯᠠᠷᠠᠭᠤᠯᠬᠤ ᠥᠬᠡᠶ᠂ ᠠᠶᠤᠵᠤ ᠰᠠᠨᠳᠤᠷᠬᠤ ᠥᠬᠡᠶ᠂ ᠴᠤᠤᠷᠬᠠᠯ ᠢ ᠢᠲᠡᠭᠡᠬᠦ ᠥᠬᠡᠶ᠂ ᠴᠤᠤᠷᠬᠠᠯ ᠢ ᠲᠠᠷᠬᠠᠭᠠᠬᠤ ᠥᠬᠡᠶ᠂ ᠰᠢᠨᠵᠢᠯᠡᠬᠦ ᠤᠬᠠᠭᠠᠨ ᠢ ᠢᠲᠡᠭᠡᠬᠦ᠂ ᠰᠡᠷᠭᠡᠶᠢᠯᠡᠯᠲᠡ ᠶᠢ ᠴᠢᠩᠭᠠᠳᠬᠠᠬᠤ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠪᠠᠶᠢᠭᠠᠳ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠬᠠᠮᠲᠤ ᠪᠠᠷ ᠪᠠᠶᠢᠭᠤᠯᠬᠤ ᠬᠡᠷᠡᠭᠲᠡᠶ᠃
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号