ᠵᠢᠨᠱᠠᠨ ᠪᠠᠯᠭᠠᠰᠤ᠄ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠪᠣᠳᠠᠲᠤ ᠶᠠᠪᠤᠳᠠᠯ ᠬᠢᠵᠤ  ᠣᠷᠴᠢᠨ ᠲᠣᠭᠤᠷᠢᠨ ᠢ ᠴᠡᠭᠴᠡᠯᠡᠨ ᠵᠠᠰᠠᠬᠤ ᠰᠢᠨ᠎ᠡ ᠬᠠᠭᠤᠳᠠᠰᠤ ᠶᠢ ᠪᠢᠴᠢᠭᠯᠡᠪᠡ
ᠨᠡᠶᠢᠲᠡᠯᠡᠭᠰᠡᠨ ᠴᠠᠭ᠄
2021/11/3
ᠵᠢᠨᠱᠠᠨ ᠪᠠᠯᠭᠠᠰᠤ᠄ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠪᠣᠳᠠᠲᠤ ᠶᠠᠪᠤᠳᠠᠯ ᠬᠢᠵᠤ   ᠣᠷᠴᠢᠨ ᠲᠣᠭᠤᠷᠢᠨ ᠢ ᠴᠡᠭᠴᠡᠯᠡᠨ ᠵᠠᠰᠠᠬᠤ ᠰᠢᠨ᠎ᠡ ᠬᠠᠭᠤᠳᠠᠰᠤ ᠶᠢ ᠪᠢᠴᠢᠭᠯᠡᠪᠡ      ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠪᠣᠯ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠰᠠᠶᠢᠵᠢᠷᠠᠭᠤᠯᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠠᠬᠢᠭᠤᠯᠬᠤ ᠴᠢᠬᠤᠯᠠ ᠭᠠᠷᠳᠠᠴᠠ ᠪᠣᠯᠤᠨ᠎ᠠ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠦᠭᠰᠡᠨ ᠠᠴᠠ ᠨᠠᠰᠢ᠂ ᠵᠢᠨᠱᠠᠨ ᠪᠠᠯᠭᠠᠰᠤ ᠶᠢᠨ ᠬᠢᠨ ︽ᠪᠢ ᠤᠯᠠᠨ ᠲᠦᠮᠡᠨ ᠳᠤ ᠪᠣᠳᠠᠲᠠᠢ ᠶᠠᠪᠤᠳᠠᠯ ᠬᠢᠵᠦ ᠥᠭᠬᠦ︾ ᠪᠠ ᠬᠥᠳᠡᠭᠡ ᠲᠣᠰᠬᠤᠨ ᠤ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠶᠢ ᠪᠦᠲᠦᠮᠵᠢᠲᠡᠢ ᠵᠣᠯᠭᠠᠭᠤᠯᠵᠤ᠂ ᠵᠠᠮ ᠱᠤᠭᠤᠮ ᠢ ᠵᠠᠰᠠᠬᠤ᠂ ᠵᠡᠭᠡᠯᠢ ᠭᠤᠳᠤᠮᠵᠢ ᠶᠢ ᠭᠡᠷᠡᠯᠲᠦᠭᠦᠯᠬᠦ᠂ ᠵᠣᠷᠯᠣᠩ ᠢ ᠴᠡᠪᠡᠷᠰᠢᠭᠦᠯᠬᠦ᠂ ᠠᠶᠢᠯ ᠲᠣᠰᠬᠤᠨ ᠢ ᠭᠤᠶᠤᠵᠢᠭᠤᠯᠬᠤ᠂ ᠬᠠᠮᠢᠶᠠᠷᠤᠯᠲᠠ ᠶᠢ ᠤᠷᠳᠤ ᠬᠤᠭᠤᠴᠠᠭ᠎ᠠ ᠪᠠᠷ ᠪᠦᠲᠦᠮᠵᠢᠲᠡᠢ ᠪᠣᠯᠭᠠᠬᠤ  ᠵᠡᠷᠭᠡ ᠠᠵᠢᠯ ᠢ ᠭᠦᠨᠵᠡᠭᠡᠢ ᠠᠬᠢᠭᠤᠯᠵᠤ᠂ ᠬᠥᠳᠡᠭᠡ ᠲᠣᠰᠬᠤᠨ ᠤ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠤ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠴᠢᠷᠮᠠᠶᠢᠨ ᠪᠠᠶᠢᠭᠤᠯᠵᠤ᠂ ᠤᠯᠠᠨ ᠲᠦᠮᠡᠨ ᠤ ᠬᠦᠷᠲᠡᠮᠵᠢ ᠶᠢᠨ ᠲᠦᠷᠦᠭᠳᠡᠯ᠂ ᠵᠣᠯ ᠵᠢᠷᠭᠠᠯᠲᠤ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠢ ᠲᠠᠰᠤᠷᠠᠯᠲᠠ ᠦᠭᠡᠢ ᠨᠡᠮᠡᠭᠳᠡᠭᠦᠯᠪᠡ      ᠵᠢᠨᠱᠠᠨ ᠪᠠᠯᠭᠠᠰᠤ ᠶᠢᠨ ᠬᠢᠨ ᠲᠣᠰᠬᠤᠨ ᠤ ᠠᠷᠠᠳ ᠤᠨ ᠦᠢᠯᠡᠳᠪᠦᠷᠢᠯᠡᠯ ᠠᠮᠢᠳᠤᠷᠠᠯ ᠤᠨ ᠨᠥᠬᠦᠴᠡᠯ ᠢ ᠰᠠᠶᠢᠵᠢᠷᠠᠭᠤᠯᠬᠤ᠂ ︽ᠴᠡᠪᠡᠷ ᠴᠡᠮᠴᠡᠭᠡᠷ᠂ ᠪᠣᠯᠪᠠᠰᠤᠨ ᠡᠮᠬᠢ ᠵᠢᠷᠤᠮ ᠲᠠᠢ︾ ᠬᠥᠳᠡᠭᠡ ᠲᠣᠰᠬᠤᠨ ᠤ ᠣᠷᠴᠢᠨ ᠲᠣᠭᠤᠷᠢᠨ ᠢ ᠪᠤᠢ ᠪᠣᠯᠭᠠᠬᠤ ᠪᠠᠷ ᠬᠠᠷᠠᠯᠲᠠ ᠪᠣᠯᠭᠠᠵᠤ᠂  ︽ᠵᠢᠨᠱᠠᠨ ᠪᠠᠯᠭᠠᠰᠤ ᠶᠢᠨ ᠬᠥᠳᠡᠭᠡ ᠲᠣᠰᠬᠤᠨ ᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ ᠠᠵᠢᠯ ᠤᠨ ᠬᠡᠷᠡᠭᠵᠢᠭᠦᠯᠬᠦ ᠲᠥᠰᠦᠯ︾ ᠢ ᠲᠣᠭᠲᠠᠭᠠᠨ ᠨᠡᠶᠢᠲᠡᠯᠡᠵᠦ᠂ ᠲᠣᠰᠬᠤᠨ ᠤ ᠠᠷᠠᠳ ᠢ ᠰᠢᠨᠵᠢᠯᠡᠬᠦ ᠤᠬᠠᠭᠠᠨᠴᠢ᠂ ᠡᠷᠡᠭᠦᠯ ᠴᠢᠭᠢᠷᠠᠭ᠂ ᠪᠣᠯᠪᠠᠰᠤᠨ ᠨᠡᠶᠢᠭᠡᠮ ᠵᠢᠷᠤᠮ ᠤᠨ ᠬᠥᠳᠡᠭᠡ ᠲᠣᠰᠬᠤᠨ ᠤ ᠰᠢᠨ᠎ᠡ ᠬᠡᠪ ᠰᠤᠷᠲᠠᠯ ᠢ ᠪᠤᠢ ᠪᠣᠯᠭᠠᠬᠤ ᠪᠠᠷ ᠬᠦᠳᠦᠯᠦᠨ ᠵᠢᠯᠣᠭᠤᠳᠤᠨ᠎ᠠ      ︽ᠬᠥᠳᠡᠭᠡ ᠲᠣᠰᠬᠤᠨ ᠤ ᠬᠥᠮᠦᠰ ᠤᠨ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠤᠨ ᠦᠷᠭᠦᠯᠵᠢᠯᠡᠨ ᠠᠬᠢᠬᠤ ᠶᠢ ᠲᠠᠭᠠᠯᠳᠤᠨ᠂ ᠠᠮᠢ ᠠᠬᠤᠢ ᠣᠷᠣᠰᠢᠨ ᠰᠠᠭᠤᠬᠤ ᠳᠤ ᠲᠣᠬᠢᠷᠠᠮᠵᠢᠲᠠᠢ ᠂ ᠨᠡᠶᠢᠭᠡᠮ ᠡᠶ᠎ᠡ ᠵᠣᠬᠢᠴᠠᠩᠭᠤᠢ᠂ ᠠᠷᠠᠳ ᠲᠦᠮᠡᠨ ᠵᠣᠯ ᠵᠢᠷᠭᠠᠯ ᠲᠠᠢ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠰᠢᠨ᠎ᠡ ᠵᠢᠷᠤᠭ ᠠᠭᠠᠵᠢᠮ ᠢᠶᠠᠷ ᠳᠡᠯᠭᠡᠭᠳᠡᠵᠦ ᠪᠠᠶᠢᠨ᠎ᠠ᠃ ᠵᠠᠯᠭᠠᠭᠠᠳ ᠪᠢᠳᠡ ᠦᠷᠭᠦᠯᠵᠢᠯᠡᠨ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠪᠦᠲᠦᠭᠡᠨ ᠪᠠᠶᠢᠭᠤᠯᠬᠤ ᠪᠠᠷ ᠤᠳᠤᠷᠢᠳᠤᠮᠵᠢ ᠪᠣᠯᠭᠠᠵᠤ᠂ ᠦᠷᠭᠡᠨ ᠤᠯᠠᠨ ᠶᠢ ᠳᠠᠶᠢᠴᠢᠯᠠᠵᠤ᠂ ᠪᠦᠬᠦ ᠠᠷᠠᠳ ᠢᠶᠠᠷ ᠢᠶᠠᠨ ᠣᠷᠣᠯᠴᠠᠵᠤ᠂ ᠪᠦᠬᠦ ᠬᠦᠴᠦᠨ ᠢᠶᠠᠷ ᠢᠶᠠᠨ ᠠᠬᠢᠭᠤᠯᠵᠤ᠂ ᠬᠥᠳᠡᠭᠡ ᠲᠣᠰᠬᠤᠨ ᠤ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠤ ᠬᠠᠮᠢᠶᠠᠷᠤᠯᠲᠠ ᠶᠢᠨ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠠᠮᠢ ᠠᠬᠤᠢ ᠶᠢᠨ ᠣᠷᠣᠰᠢᠨ ᠰᠠᠭᠤᠬᠤ ᠳᠤ ᠲᠣᠬᠢᠷᠠᠮᠵᠢᠲᠠᠢ ᠰᠢᠨ᠎ᠡ ᠬᠥᠳᠡᠭᠡ ᠲᠣᠰᠬᠤᠨ ᠢ ᠪᠦᠲᠦᠭᠡᠨ ᠪᠠᠶᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠤᠨ᠎ᠠ︾ ᠭᠡᠵᠦ ᠵᠢᠨᠱᠠᠨ ᠪᠠᠯᠭᠠᠰᠤ ᠶᠢᠨ ᠨᠠᠮ ᠤᠨ ᠬᠤᠷᠢᠶ᠎ᠠ ᠶᠢᠨ ᠱᠦᠵᠢ ᠮᠧᠩ ᠰᠢᠶᠠᠨ ᠫᠧᠩ ᠬᠡᠯᠡᠪᠡ᠃
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号