ᠬᠠᠷᠠᠴᠢᠨ ᠬᠤᠰᠢᠭᠤ ᠲᠡᠭᠦᠰᠬᠡᠯ ᠤᠨ ︽ᠳᠠᠭᠠᠷᠢᠯᠲᠠ ᠶᠢᠨ ᠪᠦᠷᠢᠶ᠎ᠡ︾ ᠶᠢ ᠬᠠᠩᠭᠢᠨᠠᠭᠤᠯᠪᠠ
ᠨᠡᠶᠢᠲᠡᠯᠡᠭᠰᠡᠨ ᠴᠠᠭ᠄
2021/11/3
ᠬᠠᠷᠠᠴᠢᠨ ᠬᠤᠰᠢᠭᠤ ᠲᠡᠭᠦᠰᠬᠡᠯ ᠤᠨ ︽ᠳᠠᠭᠠᠷᠢᠯᠲᠠ ᠶᠢᠨ ᠪᠦᠷᠢᠶ᠎ᠡ︾ ᠶᠢ ᠬᠠᠩᠭᠢᠨᠠᠭᠤᠯᠪᠠ     11 ᠰᠠᠷ᠎ᠠ ᠶᠢᠨ 1 ᠤ ᠦᠳᠡ ᠶᠢᠨ ᠡᠮᠦᠨ᠎ᠡ᠂ ᠬᠤᠲᠠ ᠶᠢᠨ ᠨᠠᠮ ᠤᠨ ᠬᠤᠷᠢᠶᠠᠨ ᠤ ᠱᠦᠵᠢ ᠸᠠᠨ ᠴᠢ ᠴᠤᠤ ᠲᠤᠰᠬᠠᠢ ᠰᠡᠳᠦᠪᠲᠦ ᠬᠤᠷᠠᠯ ᠡᠷᠬᠢᠯᠡᠨ ᠬᠤᠷᠠᠯᠳᠤᠭᠤᠯᠵᠤ᠂ ᠪᠥᠬᠦ ᠬᠤᠲᠠ ᠶᠢᠨ 10 ᠳ᠋ᠤᠭᠠᠷ ᠰᠠᠷ᠎ᠠ ᠶᠢᠨ ᠠᠵᠤ ᠠᠬᠤᠶ ᠶᠢᠨ ᠠᠵᠢᠯᠯᠠᠭᠠᠨ᠂ ᠰᠡᠭᠦᠯ ᠤᠨ ᠬᠤᠶᠠᠷ ᠰᠠᠷ᠎ᠠ ᠶᠢᠨ ᠠᠵᠢᠯ ᠤᠨ ᠲᠣᠬᠢᠷᠠᠭᠤᠯᠤᠯᠲᠠ ᠵᠢᠴᠢ 2022 ᠣᠨ ᠤ ᠭᠤᠸ᠋ᠯᠳᠠᠯᠭ᠎ᠠ ᠲᠠᠢ ᠲᠥᠷᠥᠯ ᠵᠦᠶᠯ ᠤᠨ ᠲᠥᠯᠥᠪᠵᠢᠭᠦᠯᠭᠡ ᠶᠢᠨ ᠪᠠᠶᠢᠳᠠᠯ ᠳᠤ ᠲᠣᠬᠢᠷᠠᠭᠤᠯᠤᠯᠲᠠ ᠬᠢᠪᠠ᠃ ᠬᠤᠷᠠᠯ ᠳᠡᠭᠡᠷ᠎ᠡ ᠬᠠᠷᠠᠴᠢᠨ ᠬᠤᠰᠢᠭᠤᠨ ᠤ ᠨᠠᠮ ᠤᠨ ᠬᠤᠷᠢᠶᠠᠨ ᠤ ᠱᠦᠵᠢ ᠹᠠᠩ ᠷᠦᠢ ᠬᠠᠷᠠᠴᠢᠨ ᠬᠤᠰᠢᠭᠤᠨ ᠤ ᠠᠵᠢᠯ ᠤᠨ ᠪᠠᠶᠢᠳᠠᠯ ᠤᠨ ᠲᠤᠬᠠᠶ ᠬᠤᠯᠪᠣᠭᠳᠠᠯ ᠪᠥᠬᠦᠶ ᠬᠠᠷᠢᠭᠤ ᠮᠡᠳᠡᠭᠦᠯᠦᠯᠲᠡ ᠬᠢᠵᠡᠶ᠃     ᠨᠢᠭᠡ᠂ 10 ᠰᠠᠷ᠎ᠠ ᠶᠢᠨ ᠠᠵᠤ ᠠᠬᠤᠢ ᠶᠢᠨ ᠠᠵᠢᠯ ᠢ ᠦᠷᠨᠢᠭᠦᠯᠦᠭᠰᠡᠨ ᠪᠠᠶᠢᠳᠠᠯ     ᠭᠤᠣᠯ ᠪᠣᠯᠬᠤ ᠠᠵᠤ ᠠᠬᠤᠢ ᠶᠢᠨ ᠭᠦᠢᠴᠡᠳᠬᠡᠯ ᠲᠤᠭ᠎ᠠ ᠶᠢᠨ ᠲᠠᠯ᠎ᠠ ᠪᠠᠷ᠄ 1 ︱ 9 ᠰᠠᠷ᠎ᠠ ᠶᠢᠨ ᠭᠤᠣᠯ ᠪᠣᠯᠬᠤ ᠠᠵᠤ ᠠᠬᠤᠢ ᠶᠢᠨ ᠭᠦᠢᠴᠡᠳᠬᠡᠯ ᠲᠤᠭ᠎ᠠ᠂ ᠦᠢᠯᠡᠳᠪᠦᠷᠢᠯᠡᠯ ᠤᠨ ᠶᠡᠷᠦᠩᠬᠡᠢ ᠦᠷᠳᠡᠭ 68.07 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 11.6% ᠨᠡᠮᠡᠭᠳᠡᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠦᠷᠳᠡᠭ ᠤᠨ ᠨᠡᠮᠡᠭᠳᠡᠯ ᠤᠨ ᠬᠤᠷᠳᠤᠴᠠ ᠨᠡᠶᠢᠳᠡ 19% ᠪᠣᠯᠪᠠ᠃ 1 — 10 ᠰᠠᠷ᠎ᠠ ᠳᠤ ᠡᠩ ᠤᠨ ᠣᠯᠠᠨ ᠨᠡᠶᠢᠲᠡ ᠶᠢᠨ ᠡᠳ᠋ ᠤᠨ ᠵᠠᠰᠠᠭ ᠤᠨ ᠲᠥᠰᠦᠪ ᠤᠨ ᠣᠷᠣᠯᠭ᠎ᠠ ᠶᠢ 5.7 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 42% ᠨᠡᠮᠡᠭᠳᠡᠪᠡ᠃ 1 — 10 ᠰᠠᠷ᠎ᠠ ᠳᠤ ᠵᠢᠱᠢᠯᠲᠡ ᠪᠠᠷ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ 23 ᠳ᠋ᠦᠩᠰᠢᠭᠤᠷ ᠲᠥᠭᠦᠷᠢᠭ ᠲᠤ ᠬᠦᠷᠴᠦ᠂ ᠨᠡᠮᠡᠭᠳᠡᠯ ᠤᠨ ᠬᠤᠷᠳᠤᠴᠠ ᠨᠢ 17% ᠪᠣᠯᠤᠨ᠎ᠠ᠃    ᠭᠤᠤᠯᠳᠠᠯᠭ᠎ᠠ ᠲᠠᠢ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢᠨ ᠲᠠᠯ᠎ᠠ ᠪᠠᠷ᠄ 10 ᠳ᠋ᠤᠭᠠᠷ ᠰᠠᠷ᠎ᠠ ᠳᠤ 3 ᠭᠤᠤᠯᠳᠠᠯᠭ᠎ᠠ ᠲᠠᠢ ᠲᠥᠷᠥᠯ ᠵᠦᠶᠯ ᠢ ᠰᠢᠨ᠎ᠡ ᠪᠠᠷ ᠠᠵᠢᠯ ᠡᠬᠢᠯᠡᠭᠦᠯᠵᠦ᠂ 1.8 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠪᠡ᠃ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠲᠠᠯ᠎ᠠ ᠪᠠᠷ᠄ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠠᠵᠤ ᠦᠶᠯᠡᠳᠪᠦᠷᠢ ᠶᠢᠨ ᠠᠵᠤ ᠦᠶᠯᠡᠰ᠂ ᠰᠣᠶᠣᠯ ᠵᠢᠭᠤᠯᠴᠢᠯᠠᠯ᠂ ᠠᠵᠤ ᠦᠶᠯᠡᠰ ᠪᠠ ᠬᠤᠲᠠ ᠪᠠᠯᠭᠠᠰᠤ ᠶᠢ ᠠᠭᠤᠰᠤᠯᠴᠠᠭᠤᠯᠬᠤ 4 ᠲᠤᠰᠬᠠᠶ ᠲᠥᠷᠥᠯ ᠤᠨ ᠬᠤᠳᠠᠯᠳᠤᠭᠠᠴᠢᠨ ᠤᠷᠢᠬᠤ ᠳᠤᠭᠤᠶᠢᠯᠠᠩ ᠪᠠ ᠪᠠᠯᠠ ᠮᠥᠩᠭᠦ ᠤᠯᠬᠤ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ 2 ᠲᠤᠰᠬᠠᠶ ᠠᠵᠢᠯ ᠤᠨ ᠳᠤᠭᠤᠶᠢᠯᠠᠩ᠂ ᠨᠡᠶᠢᠲᠡ 6 ᠲᠤᠰᠬᠠᠶ ᠲᠥᠷᠥᠯ ᠤᠨ ᠳᠤᠭᠤᠶᠢᠯᠠᠩ ᠢ ᠳᠣᠭᠢᠷᠠᠭᠤᠯᠤᠨ ᠪᠠᠶᠢᠭᠤᠯᠪᠠ᠃ ᠬᠤᠰᠢᠭᠤᠨ ᠤ ᠨᠠᠮ ᠵᠠᠰᠠᠭ ᠤᠨ ᠤᠳᠤᠷᠢᠳᠬᠤ ᠪᠠᠭ ᠤᠨ ᠤᠳᠤᠷᠢᠳᠤᠯᠭ᠎ᠠ ᠠᠴᠠ ᠳᠤᠭᠤᠶᠢᠯᠠᠩ ᠤᠨ ᠳᠠᠷᠤᠭ᠎ᠠ ᠶᠢᠨ ᠲᠤᠰᠢᠶᠠᠯ ᠢ ᠡᠭᠦᠷᠭᠡᠯᠡᠵᠦ᠂ ᠡᠭᠦᠨ ᠤ ᠳᠡᠭᠡᠷ᠎ᠡ 11 ᠰᠢᠶᠠᠩ ᠪᠠᠯᠭᠠᠰᠤ ᠵᠡᠭᠡᠯᠢ ᠭᠤᠳᠤᠮᠵᠢ ᠶᠢᠨ ᠬᠤᠳᠠᠯᠳᠤᠭᠠᠴᠢᠨ ᠤᠷᠢᠬᠤ ᠳᠤᠭᠤᠶᠢᠯᠠᠩ ᠢ ᠨᠡᠮᠡᠵᠦ᠂ ᠳᠤᠭᠤᠶᠢᠯᠠᠩ ᠪᠦᠷᠢ ᠳᠤ 5 ︱ 8 ᠺᠠᠳ᠋ᠷ ᠢ ᠨᠠᠷᠢᠨ ᠰᠣᠩᠭᠤᠵᠤ᠂ ᠨᠡᠶᠢᠲᠡ 15 ᠬᠤᠳᠠᠯᠳᠤᠭᠠᠴᠢᠨ ᠤᠷᠢᠬᠤ ᠠᠵᠢᠯᠯᠠᠬᠤ ᠠᠩᠭᠢ ᠪᠠᠶᠢᠭᠤᠯᠵᠤ᠂ ᠨᠡᠶᠢᠲᠡ 120 ᠣᠷᠴᠢᠮ ᠬᠥᠮᠦᠨ ᠲᠣᠰ ᠲᠣᠰ ᠲᠠᠭᠠᠨ ᠲᠤᠰᠬᠠᠶ ᠲᠥᠷᠥᠯ ᠤᠨ ᠬᠤᠳᠠᠯᠳᠤᠭᠠᠴᠢᠨ ᠤᠷᠢᠬᠤ ᠠᠵᠢᠯ ᠢ ᠥᠷᠨᠢᠭᠦᠯᠪᠡ᠃ ᠳᠤᠮᠳᠠᠳᠤ ᠤᠯᠤᠰ ᠤᠨ ᠲᠠᠷᠢᠶᠠᠯᠠᠩ ᠤᠨ ᠶᠡᠭᠡ ᠰᠤᠷᠭᠠᠭᠤᠯᠢ ᠲᠠᠢ ᠰᠢᠨ᠎ᠡ ᠶᠢ ᠡᠭᠦᠳᠬᠦ ᠬᠥᠭᠵᠢᠯᠲᠡ ᠶᠢᠨ ᠬᠠᠮᠲᠤᠷᠠᠯᠴᠠᠭᠠᠨ ᠤ ᠪᠦᠳᠦᠭᠦᠪᠴᠢ ᠵᠥᠪᠯᠡᠯᠴᠡᠭᠡᠷ ᠲᠤ ᠭᠠᠷ ᠤᠨ ᠦᠰᠦᠭ ᠵᠢᠷᠤᠵᠤ᠂ ᠣᠳᠣᠬᠠᠨ ᠳᠤ ᠨᠡᠶᠢᠳᠡ 33 ᠠᠷᠠᠯᠵᠢᠶᠠᠴᠢᠨ ᠤᠷᠢᠵᠤ ᠪᠡᠯᠡ ᠣᠷᠣᠭᠤᠯᠬᠤ ᠲᠦᠷᠦᠯ ᠵᠦᠢᠯ ᠳᠤ ᠭᠠᠷ ᠤᠨ ᠦᠰᠦᠭ ᠵᠢᠷᠤᠵᠤ᠂ ᠶᠡᠷᠦᠩᠬᠡᠢ ᠪᠡᠯᠡ ᠣᠷᠣᠭᠤᠯᠤᠯᠲᠠ ᠨᠢ 70 ᠳ᠋ᠦᠩᠰᠢᠭᠤᠷ ᠲᠥᠭᠦᠷᠢᠭ ᠲᠤ ᠬᠦᠷᠬᠦ ᠪᠠᠷ ᠲᠥᠯᠥᠪᠯᠡᠵᠦ ᠪᠤᠢ᠃     ᠬᠦᠷᠢᠶᠡᠯᠡᠩ ᠲᠣᠭᠤᠷᠢᠭ ᠤᠨ ᠲᠠᠪᠴᠠᠩ ᠤᠨ ᠠᠴᠢᠶᠠᠯᠠᠪᠤᠷᠢ ᠶᠢᠨ ᠪᠠᠶᠢᠭᠤᠯᠤᠯᠲᠠ ᠶᠢᠨ ᠲᠠᠯ᠎ᠠ ᠪᠠᠷ᠄ ᠬᠤᠰᠢᠭᠤᠨ ᠨᠠᠮ ᠤᠨ ᠬᠤᠷᠢᠶ᠎ᠠ ᠬᠤᠰᠢᠭᠤᠨ ᠵᠠᠰᠠᠭ ᠤᠨ ᠣᠷᠳᠣᠨ ᠲᠠᠪᠴᠠᠩ ᠤᠨ ᠪᠠᠶᠢᠭᠤᠯᠤᠯᠲᠠ ᠶᠢ ᠲᠣᠪᠤᠶᠢᠮ᠎ᠠ ᠪᠠᠶᠢᠷᠢᠨ ᠳᠤ ᠲᠠᠯᠪᠢᠵᠤ᠂ ᠬᠦᠴᠦᠲᠡᠶ ᠠᠬᠢᠭᠤᠯᠤᠨ᠎ᠠ᠃ 1 ᠳᠡᠳ᠋ ᠰᠠᠯᠠᠭᠠᠨ ᠲᠠᠰ ᠤᠨ ᠺᠠᠳ᠋ᠷ ᠪᠠ 2 ᠡᠩ ᠤᠨ ᠺᠠᠳ᠋ᠷ ᠢ ᠳ᠋ᠦᠩᠱᠠᠨ ᠠᠵᠤ ᠦᠶᠯᠡᠳᠪᠦᠷᠢ ᠶᠢᠨ ᠬᠦᠷᠢᠶᠡᠯᠡᠩ ᠲᠣᠭᠤᠷᠢᠭ ᠲᠤ ᠰᠠᠭᠤᠯᠭᠠᠨ ᠦᠶᠯᠡᠴᠢᠯᠡᠭᠡ ᠪᠠ ᠬᠤᠳᠠᠯᠳᠤᠭᠠᠴᠢᠨ ᠤᠷᠢᠬᠤ ᠰᠠᠯᠪᠤᠷᠢ ᠪᠠᠭ᠎ᠠ ᠠᠩᠭᠢ ᠪᠣᠯᠭᠠᠵᠤ᠂ ᠬᠤᠰᠢᠭᠤᠨ ᠳᠣᠲᠣᠷ᠎ᠠ ᠪᠠᠨ 4 ᠬᠦᠷᠢᠶᠡᠯᠡᠩ ᠲᠣᠭᠤᠷᠢᠭ ᠤᠨ ᠠᠵᠢᠯ ᠤᠨ ᠲᠤᠰᠬᠠᠶ ᠠᠩᠭᠢ ᠪᠠᠶᠢᠭᠤᠯᠵᠤ᠂ ᠨᠡᠶᠢᠲᠡ 22 ᠲᠤᠰᠬᠠᠶ ᠮᠡᠷᠭᠡᠵᠢᠯ ᠤᠨ ᠡᠩᠨᠡᠭᠡ ᠪᠠᠶᠢᠭᠤᠯᠵᠤ ᠬᠦᠷᠢᠶᠡᠯᠡᠩ ᠲᠣᠭᠤᠷᠢᠭ ᠤᠨ ᠪᠥᠲᠥᠭᠡᠨ ᠪᠠᠶᠢᠭᠤᠯᠤᠯᠲᠠ ᠶᠢ ᠳᠥᠯᠭᠢᠨ ᠠᠬᠢᠭᠤᠯᠤᠨ᠎ᠠ᠃ ᠣᠳᠣᠬᠠᠨ ᠳᠤ ᠤᠯᠠᠭᠠᠨᠬᠠᠳᠠ ᠶᠢᠨ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠬᠦᠷᠢᠶᠡᠯᠡᠩ ᠳᠤ ᠨᠢᠭᠡᠨᠲᠡ ᠨᠢᠭᠡᠳᠦᠭᠡᠷ ᠬᠤᠭᠤᠴᠠᠭᠠᠨ ᠤ 2046 ᠮᠦ ᠶᠢᠨ 4 ᠪᠦᠯᠦᠭ ᠤᠳᠠᠭ᠎ᠠ ᠶᠢᠨ ᠭᠠᠵᠠᠷ ᠰᠢᠷᠣᠢ ᠶᠢᠨ ᠡᠪᠬᠡᠮᠡᠯ ᠪᠠᠶᠢᠭᠤᠯᠬᠤ ᠠᠵᠢᠯ ᠢ ᠪᠡᠶᠡᠯᠡᠭᠦᠯᠵᠦ᠂ ᠤᠯᠠᠭᠠᠨᠬᠠᠳᠠ ᠶᠢᠨ ᠰᠢᠨ᠎ᠡ ᠬᠡᠯᠪᠡᠷᠢ ᠶᠢᠨ ᠪᠠᠷᠢᠯᠭ᠎ᠠ ᠶᠢᠨ ᠮᠠᠲ᠋ᠧᠷᠢᠶᠠᠯ ᠤᠨ ᠠᠵᠤ ᠦᠢᠯᠡᠰ ᠤᠨ ᠬᠦᠷᠢᠶᠡᠯᠡᠩ᠂ ᠲᠠᠷᠢᠶᠠᠯᠠᠩ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠡᠳ᠋ᠰᠢᠭᠦᠯᠬᠦ ᠬᠦᠷᠢᠶᠡᠯᠡᠩ ᠤᠨ ᠤᠰᠤ᠂ ᠴᠠᠬᠢᠯᠭᠠᠨ᠂ ᠵᠠᠮ᠂ ᠪᠣᠬᠢᠷ ᠤᠰᠤ ᠶᠢ ᠰᠢᠢᠳᠪᠦᠷᠢᠯᠡᠬᠦ ᠵᠡᠷᠭᠡ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢ ᠨᠢᠭᠡᠨᠲᠡ ᠡᠬᠢᠯᠡᠭᠦᠯᠵᠡᠢ᠃     ᠬᠤᠶᠠᠷ᠂ 11 ︱ 12 ᠳ᠋ᠤᠭᠠᠷ ᠰᠠᠷ᠎ᠠ ᠶᠢᠨ ᠠᠵᠢᠯ ᠤᠨ ᠲᠣᠬᠢᠷᠠᠭᠤᠯᠤᠯᠲᠠ     ᠨᠢᠭᠡ ᠳᠤ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ᠢ ᠢᠳᠡᠪᠬᠢᠲᠡᠶ ᠪᠠᠷ ᠥᠷᠨᠢᠭᠦᠯᠦᠨ᠎ᠡ᠃ ᠤᠯᠠᠭᠠᠨᠬᠠᠳᠠ ᠬᠤᠲᠠ ᠶᠢᠨ ᠲᠠᠪᠤᠨ ᠶᠡᠭᠡ ᠬᠥᠭᠵᠢᠯᠲᠡ ᠶᠢᠨ ᠪᠠᠶᠢᠷᠢ ᠲᠣᠭᠲᠠᠭᠠᠯᠲᠠ ᠲᠠᠢ ᠤᠶᠠᠯᠳᠤᠭᠤᠯᠤᠨ᠂ ᠡᠯ᠎ᠡ ᠬᠤᠳᠠᠯᠳᠤᠭᠠᠴᠢᠨ ᠤᠷᠢᠬᠤ ᠲᠤᠰᠬᠠᠶ ᠠᠩᠭᠢ ᠨᠢ ᠬᠤᠳᠠᠯᠳᠤᠭᠠᠴᠢᠨ ᠢᠶᠠᠷ ᠬᠤᠳᠠᠯᠳᠤᠭᠠᠴᠢᠨ ᠤᠷᠢᠬᠤ᠂ ᠠᠵᠤ ᠦᠶᠯᠡᠰ ᠢᠶᠠᠷ ᠬᠤᠳᠠᠯᠳᠤᠭᠠᠴᠢᠨ ᠤᠷᠢᠬᠤ ᠵᠡᠷᠭᠡ ᠵᠠᠭᠪᠤᠷ ᠪᠠᠷ ᠲᠥᠪᠯᠡᠷᠡᠭᠦᠯᠦᠨ ᠬᠤᠳᠠᠯᠳᠤᠭᠠᠴᠢᠨ ᠤᠷᠢᠬᠤ ᠶᠢ ᠥᠷᠨᠢᠭᠦᠯᠦᠨ᠎ᠡ᠃ ᠲᠣᠰ ᠭᠠᠷᠠᠭ ᠲᠤ ᠴᠢᠩᠳᠣᠤ ᠶᠢᠨ ᠲᠠᠷᠢᠶᠠᠯᠠᠩ ᠤᠨ ᠶᠡᠭᠡ ᠰᠤᠷᠭᠠᠭᠤᠯᠢ ᠲᠠᠢ ᠠᠵᠤ ᠠᠬᠤᠶᠢᠯᠠᠯ ᠰᠤᠷᠭᠠᠭᠤᠯᠢ ᠰᠢᠨᠵᠢᠯᠡᠬᠦ ᠤᠬᠠᠭᠠᠨ ᠤ ᠰᠤᠳᠤᠯᠭᠠᠨ ᠤ ᠬᠠᠮᠲᠤᠷᠠᠯᠴᠠᠭᠠᠨ ᠤ ᠬᠡᠯᠡᠯᠴᠡᠭᠡᠷ ᠲᠤ ᠭᠠᠷ ᠤᠨ ᠥᠰᠥᠭ ᠵᠢᠷᠤᠵᠤ᠂ ᠱᠠᠨᠳᠦ᠋ᠩ ᠤᠨ ᠱᠠᠨ ᠱᠦᠢ ᠪᠦᠯᠦᠭᠯᠡᠯ᠂ ᠱᠧᠩ ᠹᠧᠩ ᠪᠦᠯᠦᠭᠯᠡᠯ ᠲᠠᠢ ᠮᠠᠯ ᠵᠢᠭᠦᠷᠲᠡᠨ ᠤ ᠪᠠᠭᠠᠰᠤᠨ ᠪᠣᠬᠢᠷᠲᠤᠯ ᠢ ᠶᠡᠷᠦᠩᠬᠡᠶᠢᠯᠡᠨ ᠠᠰᠢᠭᠯᠠᠬᠤ᠂ ᠮᠢᠬᠠᠨ ᠨᠤᠭᠤᠰᠤᠨ ᠤ ᠠᠵᠤ ᠦᠶᠯᠡᠰ ᠤᠨ ᠬᠡᠯᠬᠢᠶ᠎ᠡ ᠶᠢ ᠤᠷᠲᠤᠳᠬᠠᠨ ᠬᠡᠯᠬᠢᠶ᠎ᠡ ᠶᠢ ᠨᠥᠬᠦᠪᠥᠷᠢᠯᠡᠬᠦ ᠵᠡᠷᠭᠡ ᠲᠥᠷᠥᠯ ᠵᠦᠶᠯ ᠢ ᠤᠯᠠᠮ ᠨᠢᠭᠡ ᠠᠯᠬᠤᠮ ᠵᠥᠪᠳᠡᠯᠴᠡᠬᠦ ᠪᠠᠷ ᠪᠣᠶ᠃    ᠬᠤᠶᠠᠷ ᠲᠤ ᠭᠤᠣᠯᠳᠠᠯᠭ᠎ᠠ ᠲᠠᠢ ᠵᠦᠢᠯᠡᠰ ᠤᠨ ᠪᠦᠳᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ ᠴᠠᠭ ᠲᠤᠨᠢ ᠲᠣᠬᠢᠷᠠᠭᠤᠯᠤᠨ ᠲᠤᠰᠬᠠᠶ ᠰᠡᠳᠦᠪᠲᠦ ᠬᠤᠷᠠᠯ ᠬᠤᠷᠠᠯᠳᠤᠭᠤᠯᠵᠤ ᠲᠦᠷᠦᠯ ᠵᠦᠢᠯᠡᠰ ᠤᠨ ᠪᠦᠲᠦᠭᠡᠨ ᠪᠠᠶᠢᠭᠤᠯᠤᠯᠲᠠ ᠶᠢ ᠰᠤᠳᠤᠯᠤᠨ ᠠᠬᠢᠭᠤᠯᠤᠨ᠎ᠠ᠃ 1.4 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠲᠠᠢ ᠤᠯᠠᠭᠠᠨᠬᠠᠳᠠ ᠶᠢᠨ ᠠᠭᠤᠯᠠ ᠤᠰᠤᠨ ᠤ ᠠᠯᠤᠰ ᠠᠶᠠᠯᠠᠯ ᠤᠨ ᠱᠦᠢᠨᠢ ᠬᠠᠶᠠᠭᠳᠠᠮᠠᠯ ᠴᠢᠯᠠᠭᠤ ᠶᠢ ᠶᠡᠷᠦᠩᠬᠡᠶᠢᠯᠡᠨ ᠠᠰᠢᠭᠯᠠᠬᠤ ᠲᠦᠷᠦᠯ ᠵᠦᠢᠯ 11 ᠰᠠᠷ᠎ᠠ ᠳᠤ ᠠᠵᠢᠯ ᠡᠬᠢᠯᠡᠨ᠎ᠡ︔ ᠠᠭᠤᠯᠠ ᠤᠰᠤ ᠱᠦᠢᠨᠢ ᠶᠢ ᠬᠤᠳᠠ ᠠᠴᠠ ᠭᠠᠷᠭᠠᠵᠤ ᠴᠡᠴᠡᠷᠯᠢᠭ ᠲᠤ ᠣᠷᠣᠭᠤᠯᠬᠤ ᠪᠡᠯᠡ ᠣᠷᠣᠭᠤᠯᠤᠯᠲᠠ 16 ᠳ᠋ᠦᠩᠰᠢᠭᠤᠷ ᠲᠥᠭᠦᠷᠢᠭ ᠲᠤ ᠬᠦᠷᠴᠦ᠂ 11 ᠰᠠᠷ᠎ᠠ ᠳᠤ ᠠᠵᠢᠯ ᠡᠬᠢᠯᠡᠭᠦᠯᠦᠨ᠎ᠡ︔ ᠥᠪᠥᠷ ᠮᠣᠩᠭᠤᠯ ᠤᠨ ᠵᠡᠭᠦᠨ ᠬᠡᠰᠡᠭ ᠤᠨ ᠡᠨᠧᠷᠭᠢ ᠶᠢᠨ ᠰᠤᠷᠪᠤᠯᠵᠢ ᠶᠢᠨ ᠲᠣᠮᠣ ᠠᠰᠠᠷ ᠢ 11 ᠳ᠋ᠦᠭᠡᠷ ᠰᠠᠷ᠎ᠠ ᠳᠤ ᠠᠵᠢᠯ ᠡᠬᠢᠯᠡᠬᠦᠯᠬᠦ ᠪᠠᠷ ᠴᠢᠷᠮᠠᠶᠢᠨ᠎ᠠ᠃    ᠭᠤᠷᠪᠠ ᠳᠤ᠂ ᠬᠦᠷᠢᠶᠡᠯᠡᠩ ᠲᠤᠭᠤᠷᠢᠭ ᠤᠨ ᠪᠠᠭᠲᠠᠭᠠᠮᠵᠢ ᠶᠢ ᠦᠷᠭᠡᠳᠬᠡᠨ ᠶᠠᠰᠤ ᠴᠢᠨᠠᠷ ᠶᠢ ᠳᠡᠭᠡᠭᠰᠢᠯᠡᠭᠦᠯᠬᠦ  ᠶᠢ ᠲᠦᠷᠭᠡᠳᠬᠡᠨ᠎ᠡ    ᠰᠢᠨ᠎ᠡ ᠮᠠᠲ᠋ᠧᠷᠢᠶᠠᠯ ᠤᠨ ᠠᠵᠤ ᠦᠶᠯᠡᠰ ᠤᠨ ᠬᠦᠷᠢᠶᠡᠯᠡᠩ ᠤᠨ ᠰᠠᠭᠤᠷᠢ ᠲᠦᠬᠦᠭᠡᠷᠡᠮᠵᠢ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠶᠯ ᠳᠤ ᠰᠤᠳᠤᠯᠵᠤ ᠪᠣᠯᠬᠤ᠂ ᠣᠷᠴᠢᠨ ᠲᠣᠭᠤᠷᠢᠨ ᠳᠤ ᠦᠵᠡᠭᠦᠯᠬᠦ ᠨᠥᠯᠥᠭᠡ ᠶᠢᠨ ᠦᠨᠡᠯᠡᠯᠲᠡ ᠵᠡᠷᠭᠡ ᠲᠤᠯᠭᠠᠭᠤᠷᠢᠯᠠᠬᠤ ᠴᠢᠨᠠᠷᠲᠠᠶ ᠪᠢᠴᠢᠭ ᠮᠠᠲ᠋ᠧᠷᠢᠶᠠᠯ ᠢ ᠨᠠᠶᠢᠷᠠᠭᠤᠯᠤᠨ ᠵᠣᠬᠢᠶᠠᠬᠤ ᠪᠠ ᠶᠡᠷᠦᠩᠬᠡᠶ ᠲᠣᠭᠲᠠᠭᠠᠯ᠂ ᠦᠶᠯᠡᠳᠪᠦᠷᠢᠯᠡᠯ ᠤᠨ ᠲᠣᠭᠲᠠᠭᠠᠯ ᠵᠢᠴᠢ ᠲᠥᠷᠥᠯ ᠵᠦᠶᠯ ᠤᠨ ᠪᠠᠷᠢᠯᠭ᠎ᠠ ᠶᠢᠨ ᠵᠢᠷᠤᠭ ᠤᠨ ᠵᠢᠷᠤᠭ ᠲᠥᠯᠥᠪᠯᠡᠭᠡ ᠶᠢ ᠬᠢᠨᠠᠬᠤ ᠡᠮᠦᠨᠡᠬᠢ ᠬᠤᠭᠤᠴᠠᠭᠠᠨ ᠤ ᠠᠵᠢᠯ ᠢ ᠪᠡᠶᠡᠯᠡᠭᠦᠯᠵᠦ᠂ ᠢᠷᠡᠬᠦ ᠵᠢᠯ ᠤᠨ 4 ᠳ᠋ᠦᠭᠡᠷ ᠰᠠᠷ᠎ᠠ ᠠᠴᠠ ᠰᠠᠭᠤᠷᠢ ᠲᠦᠬᠦᠭᠡᠷᠡᠮᠵᠢ ᠶᠢᠨ ᠪᠥᠲᠥᠭᠡᠨ ᠪᠠᠶᠢᠭᠤᠯᠤᠯᠲᠠ ᠶᠢ ᠡᠬᠢᠯᠡᠭᠦᠯᠵᠦ᠂ ᠢᠷᠡᠬᠦ ᠵᠢᠯ ᠤᠨ 8᠂ 9 ᠳ᠋ᠦᠭᠡᠷ ᠰᠠᠷ᠎ᠠ ᠠᠴᠠ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢ ᠡᠬᠢᠯᠡᠭᠦᠯᠦᠨ᠎ᠡ᠃    ᠭᠤᠷᠪᠠ᠂ 2022 ᠤᠨ ᠤ ᠲᠦᠷᠦᠯ ᠵᠦᠢᠯ ᠤᠨ ᠲᠦᠯᠦᠪᠯᠡᠬᠦ ᠪᠠᠶᠢᠳᠠᠯ    2022 ᠣᠨ ᠳᠤ᠂ ᠪᠢᠳᠠ ᠨᠢᠭᠡᠳᠦᠭᠡᠷ᠂ ᠬᠤᠶᠠᠳᠤᠭᠠᠷ᠂ ᠭᠤᠷᠪᠠᠳᠤᠭᠠᠷ ᠠᠵᠤ ᠦᠢᠯᠡᠰ ᠤᠨ 9 ᠭᠤᠣᠯᠯᠠᠭᠴᠢ ᠠᠵᠤ ᠦᠢᠯᠡᠰ ᠤᠨ ᠲᠣᠭᠤᠷᠢᠨ ᠳᠤ ︽ᠨᠢᠭᠡ ᠬᠥᠳᠡᠭᠡ ᠠᠵᠤ ᠠᠬᠤᠢ ᠬᠤᠶᠠᠷ ᠢ ᠠᠭᠤᠰᠤᠯᠴᠠᠭᠤᠯᠬᠤ ᠭᠤᠷᠪᠠᠨ ᠠᠵᠤ ᠦᠢᠯᠡᠳᠪᠦᠷᠢ︾ ᠶᠢᠨ ᠲᠠᠪᠴᠠᠩ ᠤᠨ ᠠᠴᠢᠶᠠᠯᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠡᠯ᠎ᠡ ᠲᠥᠷᠥᠯ ᠤᠨ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢᠨ ᠲᠤᠰᠬᠠᠶ ᠪᠠᠯᠠ ᠮᠥᠩᠭᠦ ᠶᠢ 1.7 ᠳ᠋ᠦᠩᠰᠢᠭᠤᠷ ᠲᠥᠭᠦᠷᠢᠭ ᠴᠢᠷᠮᠠᠶᠢᠨ ᠣᠯᠵᠤ᠂ ᠡᠯ᠎ᠡ ᠲᠥᠷᠥᠯ ᠤᠨ ᠠᠷᠠᠳ ᠤᠨ ᠠᠮᠢᠳᠤᠷᠠᠯ ᠤᠨ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠪᠠᠷ ᠲᠥᠯᠥᠪᠯᠡᠵᠦ ᠪᠠᠶᠢᠨ᠎ᠠ᠂ ᠡᠭᠦᠨ ᠤ ᠵᠡᠷᠭᠡ ᠳᠤ ᠪᠢᠳᠡ ᠪᠠᠰᠠ ᠠᠵᠤ ᠦᠶᠯᠡᠰ ᠤᠨ ᠬᠦᠷᠢᠶᠡᠯᠡᠩ ᠲᠣᠭᠤᠷᠢᠭ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠲᠥᠷᠥᠯ ᠵᠦᠶᠯ ᠢ ᠨᠠᠶᠢᠳᠠᠪᠤᠷᠢᠵᠢᠭᠤᠯᠬᠤ ᠳᠤ ᠲᠠᠪᠴᠠᠩ ᠤᠨ ᠠᠴᠢᠶᠠᠯᠠᠪᠤᠷᠢ ᠬᠠᠩᠭᠠᠵᠤ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠢᠷᠡᠬᠦ ᠵᠢᠯ ᠳᠤ ᠨᠠᠩ ᠣᠯᠠᠨ ᠨᠠᠩ ᠰᠠᠶᠢᠨ ᠲᠥᠷᠥᠯ ᠵᠦᠶᠯ ᠢ ᠨᠠᠶᠢᠳᠠᠪᠤᠷᠢᠵᠢᠭᠤᠯᠬᠤ ᠪᠠᠷ ᠴᠢᠷᠮᠠᠶᠢᠵᠤ ᠪᠠᠶᠢᠨ᠎ᠠ᠃ ᠠᠵᠤ ᠠᠬᠤᠶ ᠶᠢᠨ ᠠᠵᠢᠯ ᠢ ᠰᠠᠶᠢᠲᠤᠷ ᠠᠳᠬᠤᠬᠤ ᠶᠢᠨ ᠵᠡᠷᠭᠡᠴᠡᠭᠡᠪᠡᠷ ᠠᠮᠤᠷ ᠲᠦᠪᠰᠢᠨ ᠲᠣᠭᠲᠠᠭᠤᠨ ᠪᠠᠶᠢᠬᠤ ᠪᠠ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠢ ᠨᠢᠭᠡᠳᠦᠯᠲᠡᠶ ᠲᠥᠯᠥᠪᠯᠡᠨ ᠰᠠᠶᠢᠲᠤᠷ ᠠᠳᠬᠤᠵᠤ᠂ ᠠᠵᠤ ᠠᠬᠤᠶ ᠶᠢᠨ ᠬᠥᠭᠵᠢᠯᠲᠡ ᠳᠤ ᠰᠠᠶᠢᠨ ᠰᠠᠶᠢᠬᠠᠨ ᠣᠷᠴᠢᠨ ᠨᠥᠬᠦᠴᠡᠯ ᠢ ᠬᠠᠩᠭᠠᠨ᠎ᠠ᠃
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号