ᠸᠠᠩ ᠤᠨ ᠤᠷᠳᠤᠨ ᠪᠠᠯᠭᠠᠰᠤ᠄ ᠣᠯᠠᠨ ᠵᠦᠶᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ 2022 ᠣᠨ ᠤ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠢ ᠬᠤᠷᠢᠶᠠᠨ ᠲᠤᠰᠢᠶᠠᠬᠤ ᠠᠵᠢᠯ ᠢ ᠰᠠᠶᠢᠲᠤᠷ ᠬᠢᠨ᠎ᠠ
ᠨᠡᠶᠢᠲᠡᠯᠡᠭᠰᠡᠨ ᠴᠠᠭ᠄
2021/11/4
ᠸᠠᠩ ᠤᠨ ᠤᠷᠳᠤᠨ ᠪᠠᠯᠭᠠᠰᠤ᠄ ᠣᠯᠠᠨ ᠵᠦᠶᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ 2022 ᠣᠨ ᠤ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠢ ᠬᠤᠷᠢᠶᠠᠨ ᠲᠤᠰᠢᠶᠠᠬᠤ ᠠᠵᠢᠯ ᠢ ᠰᠠᠶᠢᠲᠤᠷ ᠬᠢᠨ᠎ᠠ      2022 ᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠵᠤ ᠰᠦᠶᠳᠬᠡᠯ ᠲᠤᠰᠢᠶᠠᠬᠤ ᠠᠵᠢᠯ ᠢ ᠥᠷᠨᠢᠭᠦᠯᠦᠭᠰᠡᠨ ᠠᠴᠠ ᠨᠠᠰᠢ᠂ ᠸᠠᠩ ᠤᠨ ᠤᠷᠳᠤᠨ ᠪᠠᠯᠭᠠᠰᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠨᠠᠷᠢᠨ ᠨᠢᠮᠪᠠᠶ ᠳᠣᠭᠢᠷᠠᠭᠤᠯᠤᠨ᠂ ᠨᠠᠷᠢᠨ ᠨᠢᠮᠪᠠᠶ ᠪᠠᠶᠢᠷᠢᠯᠠᠭᠤᠯᠵᠤ᠂ ᠣᠯᠠᠨ ᠵᠦᠶᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠢ ᠬᠤᠷᠢᠶᠠᠨ ᠲᠤᠰᠢᠶᠠᠬᠤ ᠠᠵᠢᠯ ᠤᠨ ᠠᠬᠢᠴᠠ ᠶᠢ ᠪᠥᠬᠦ ᠲᠠᠯ᠎ᠠ ᠪᠠᠷ ᠲᠦᠷᠭᠡᠳᠬᠡᠪᠡ᠃     ᠤᠷ᠎ᠠ ᠴᠢᠳᠠᠪᠤᠷᠢ ᠪᠠᠨ ᠴᠢᠩᠭᠠᠳᠬᠠᠵᠤ᠂ ᠲᠤᠬᠠᠶᠢᠯᠠᠭᠰᠠᠨ ᠠᠵᠢᠯ ᠤᠨ ᠴᠢᠳᠠᠪᠤᠷᠢ ᠪᠠᠨ ᠳᠡᠭᠡᠭᠰᠢᠯᠡᠭᠦᠯᠦᠨ᠎ᠡ᠃ ᠪᠠᠯᠭᠠᠰᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠤᠨ ᠰᠦᠶᠳᠬᠡᠯ ᠲᠤᠰᠢᠶᠠᠬᠤ ᠠᠵᠢᠯ ᠤᠨ ᠬᠤᠷᠠᠯ ᠳᠡᠭᠡᠷ᠎ᠡ᠂ 2021 ᠣᠨ ᠤ ᠲᠠᠲᠠᠪᠤᠷᠢᠯᠠᠯᠲᠠ ᠪᠠᠷ ᠨᠡᠯᠢᠶᠡᠳ ᠰᠠᠶᠢᠨ ᠵᠢᠷᠭᠤᠭᠠᠨ ᠵᠠᠰᠠᠭ ᠵᠠᠬᠢᠷᠭᠠᠨ ᠤ ᠲᠣᠰᠬᠤᠨ ᠤ ᠬᠠᠪᠰᠤᠷᠤᠭᠴᠢ ᠳᠤ ᠱᠠᠩᠨᠠᠯ ᠣᠯᠭᠤᠭᠰᠠᠨ ᠪᠥᠭᠡᠳ 2022 ᠣᠨ ᠤ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠤᠨ ᠲᠠᠲᠠᠪᠤᠷᠢᠯᠠᠬᠤ ᠠᠵᠢᠯ ᠳᠤ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠵᠡᠶ᠃ ᠳᠠᠭᠠᠳᠬᠠᠯ ᠳᠤ ᠣᠷᠣᠯᠴᠠᠬᠤ ᠶᠠᠪᠤᠴᠠ ᠶᠢᠨ ᠪᠠᠶᠢᠩᠭᠤ ᠲᠣᠬᠢᠶᠠᠯᠳᠤᠬᠤ ᠠᠰᠠᠭᠤᠳᠠᠯ ᠳᠤ ᠬᠠᠷᠢᠭᠤᠯᠲᠠ ᠥᠭᠴᠦ᠂ ᠠᠵᠢᠯᠯᠠᠭᠠᠨ ᠤ ᠶᠠᠪᠤᠴᠠ ᠶᠢ ᠪᠣᠯᠪᠠᠰᠤᠷᠠᠩᠭᠤᠶ ᠡᠵᠡᠮᠰᠢᠨ᠂ ᠰᠦᠶᠳᠬᠡᠯ ᠲᠤᠰᠢᠶᠠᠭᠴᠢ ᠶᠢᠨ ᠲᠥᠷᠥᠯ ᠬᠡᠯᠪᠡᠷᠢ ᠶᠢ ᠲᠣᠳᠣᠷᠬᠠᠶ ᠣᠶᠢᠯᠠᠭᠠᠵᠤ᠂ ᠡᠮᠴᠢᠯᠡᠭᠡᠨ ᠤ ᠳᠠᠭᠠᠳᠬᠠᠯ ᠤᠨ ᠬᠠᠮᠤᠭ ᠤᠨ ᠰᠢᠨ᠎ᠡ ᠲᠥᠷᠥ ᠶᠢᠨ ᠪᠣᠳᠣᠯᠭ᠎ᠠ ᠶᠢ ᠲᠣᠳᠣᠷᠬᠠᠶ ᠣᠶᠢᠯᠠᠭᠠᠵᠤ᠂ ᠰᠠᠭᠤᠭᠠᠯᠢ ᠠᠷᠠᠳ ᠤᠨ ᠡᠮᠴᠢᠯᠡᠭᠡᠨ ᠤ ᠳᠠᠭᠠᠳᠬᠠᠯ ᠤᠨ ᠬᠤᠷᠢᠶᠠᠨ ᠲᠤᠰᠢᠶᠠᠬᠤ ᠠᠵᠢᠯ ᠤᠨ ᠡᠮᠬᠢ ᠵᠢᠷᠤᠮ ᠲᠠᠢ᠂ ᠡᠷᠡᠭᠦᠯ᠂ ᠡᠶ᠎ᠡ ᠵᠣᠬᠢᠴᠠᠯ ᠲᠠᠢ ᠪᠠᠷ ᠥᠷᠨᠢᠬᠦ ᠶᠢ ᠪᠠᠲᠤᠯᠠᠬᠤ ᠬᠡᠷᠡᠭᠲᠡᠶ᠃     ᠥᠷᠭᠡᠨ ᠢᠶᠠᠷ ᠤᠬᠠᠭᠤᠯᠵᠤ᠂ ᠰᠠᠭᠤᠭᠠᠯᠢ ᠠᠷᠠᠳ ᠤᠨ ᠣᠶᠢᠯᠠᠭᠠᠬᠤ ᠨᠤᠷᠮ᠎ᠠ ᠶᠢ ᠳᠡᠭᠡᠭᠰᠢᠯᠡᠭᠦᠯᠦᠨ᠎ᠡ᠃ ᠰᠦᠯᠵᠢᠶᠡᠨ ᠤ ᠸᠢᠴᠠᠲ ᠤᠨ ᠦᠶᠯᠡᠴᠢᠯᠡᠭᠡᠨ ᠤ ᠪᠦᠯᠦᠭ᠂ ︽ᠭᠤᠪᠢ ᠶᠢᠨ ᠡᠮᠦᠨᠡᠬᠢ ᠡᠷᠲᠡᠨ ᠤ ᠪᠠᠯᠭᠠᠰᠤ ᠸᠠᠩ ᠤᠨ ᠣᠷᠳᠣᠨ ᠤ ᠨᠡᠶᠢᠲᠡ ᠶᠢᠨ ᠳ᠋ᠤᠭᠠᠷ︾᠂ ︽ᠰᠦᠯᠵᠢᠶᠡᠨ ᠤ ᠠᠵᠢᠯᠲᠠᠨ ᠤ ᠠᠵᠢᠯ ᠤᠨ ᠪᠦᠯᠦᠭ︾ ᠵᠡᠷᠭᠡ ᠰᠦᠯᠵᠢᠶᠡᠨ ᠳᠡᠭᠡᠷᠡᠬᠢ ᠠᠷᠭ᠎ᠠ ᠵᠠᠮ ᠢ ᠭᠦᠶᠴᠡᠳ ᠠᠰᠢᠭᠯᠠᠨ ᠤᠬᠠᠭᠤᠯᠭ᠎ᠠ ᠬᠢᠬᠦ ᠶᠢᠨ ᠬᠠᠮᠲᠤ᠂ ᠲᠣᠰᠬᠤᠨ ᠪᠣᠯᠭᠠᠨ ᠤ ᠲᠠᠭᠤᠨ ᠤ ᠨᠡᠪᠲᠡᠷᠡᠭᠦᠯᠭᠡ᠂ ᠸᠢᠴᠠᠲ ᠤᠨ ᠪᠦᠯᠦᠭ᠂ ᠤᠬᠠᠭᠤᠯᠭ᠎ᠠ ᠶᠢᠨ ᠬᠠᠭᠤᠳᠠᠰᠤ ᠵᠡᠷᠭᠡ ᠬᠡᠯᠪᠡᠷᠢ ᠶᠢ ᠠᠰᠢᠭᠯᠠᠨ ᠰᠦᠯᠵᠢᠶᠡᠨ ᠠᠴᠠ ᠭᠠᠳᠠᠨ᠎ᠠ ᠳᠠᠶᠢᠴᠢᠯᠠᠵᠤ᠂ ᠥᠷᠭᠡᠨ ᠣᠯᠠᠨ ᠲᠠᠷᠢᠶᠠᠴᠢᠳ ᠲᠤ ᠰᠦᠶᠳᠬᠡᠯ ᠲᠤᠰᠢᠶᠠᠬᠤ ᠲᠤᠭ᠎ᠠ ᠬᠡᠮᠵᠢᠶ᠎ᠡ᠂ ᠰᠦᠶᠳᠬᠡᠯ ᠲᠤᠰᠢᠶᠠᠬᠤ ᠴᠠᠭ ᠬᠤᠭᠤᠴᠠᠭ᠎ᠠ ᠶᠢ ᠴᠠᠭ ᠲᠤᠬᠠᠶ ᠳᠤᠨᠢ ᠣᠶᠢᠯᠠᠭᠠᠭᠤᠯᠵᠤ᠂ ᠰᠠᠭᠤᠭᠠᠯᠢ ᠠᠷᠠᠳ ᠤᠨ ᠳᠠᠭᠠᠳᠬᠠᠯ ᠳᠤ ᠣᠷᠣᠯᠴᠠᠬᠤ ᠤᠬᠠᠮᠰᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠬᠡᠷᠡᠭᠲᠡᠶ᠃ ᠣᠳᠣᠬᠠᠨ ᠳᠤ ᠡᠮ ᠡᠮᠨᠡᠯᠭᠡ ᠶᠢᠨ ᠳᠠᠭᠠᠳᠬᠠᠯ ᠤᠨ ᠰᠦᠢᠳᠬᠡᠯ ᠲᠤᠰᠢᠶᠠᠬᠤ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢᠨ ᠮᠡᠳᠡᠭᠡ ᠵᠠᠩᠭᠢ ᠶᠢ 22 ᠵᠤᠷᠪᠤᠰ ᠳᠠᠮᠵᠢᠭᠤᠯᠤᠨ ᠲᠠᠷᠬᠠᠭᠠᠵᠤ᠂ 8200 ᠬᠤᠪᠢ ᠤᠬᠠᠭᠤᠯᠭ᠎ᠠ ᠶᠢᠨ ᠬᠠᠭᠤᠳᠠᠰᠤ ᠲᠠᠷᠬᠠᠭᠠᠵᠠᠶ᠃     ᠦᠢᠯᠡᠴᠢᠯᠡᠭᠡ ᠶᠢ ᠴᠢᠬᠤᠯᠠᠴᠢᠯᠠᠵᠤ᠂ ᠠᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠪᠠᠯᠭᠠᠰᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠡᠯ᠎ᠡ ᠵᠠᠰᠠᠭ ᠵᠠᠬᠢᠷᠭᠠᠨ ᠤ ᠭᠠᠴᠠᠭᠠᠨ ᠤ ᠡᠷᠦᠬᠡ ᠠᠮᠠ ᠶᠢᠨ ᠲᠠᠩᠰᠠ ᠶᠢᠨ ᠬᠥᠮᠦᠨ ᠠᠮᠠ ᠶᠢᠨ ᠬᠤᠪᠢᠶᠠᠷᠢᠯᠠᠯᠲᠠ ᠶᠢᠨ ᠶᠣᠰᠣᠭᠠᠷ ᠡᠭᠦᠷᠭᠡ ᠬᠤᠪᠢᠶᠠᠷᠢᠯᠠᠭᠰᠠᠨ ᠤ ᠳᠠᠷᠠᠭ᠎ᠠ᠂ ᠪᠠᠯᠭᠠᠰᠤᠨ ᠤ ᠣᠷᠣᠨ ᠨᠤᠲᠤᠭ ᠤᠨ ᠭᠠᠶᠢᠯᠢ ᠶᠢᠨ ᠶᠠᠪᠤᠳᠠᠯ ᠤᠨ ᠭᠠᠵᠠᠷ᠂ ᠡᠮ ᠡᠮᠨᠡᠯᠭᠡ ᠶᠢᠨ ᠳᠠᠭᠠᠳᠬᠠᠯ ᠤᠨ ᠭᠠᠵᠠᠷ ᠬᠤᠯᠪᠣᠭᠠᠯᠠᠨ ᠡᠯ᠎ᠡ ᠭᠠᠴᠠᠭᠠᠨ ᠳᠤ ᠬᠦᠷᠴᠦ ᠰᠦᠶᠳᠬᠡᠯ ᠲᠤᠰᠢᠶᠠᠬᠤ ᠠᠷᠭ᠎ᠠ ᠮᠠᠶ᠋ᠢᠭ ᠤᠨ ᠪᠣᠯᠪᠠᠰᠤᠷᠠᠭᠤᠯᠤᠯ ᠬᠢᠵᠦ᠂ ᠪᠠᠯᠭᠠᠰᠤᠨ ᠤ ᠬᠤᠪᠢᠳᠠᠨ ᠬᠠᠮᠢᠶᠠᠷᠴᠤ ᠪᠥᠬᠦᠶ ᠤᠳᠤᠷᠢᠳᠤᠯᠭ᠎ᠠ ᠶᠢᠨ ᠬᠡᠰᠡᠭ ᠳᠠᠭᠠᠭᠠᠴᠢᠯᠠᠬᠤ᠂ ᠺᠠᠳ᠋ᠷ ᠲᠣᠰᠬᠤᠨ ᠢ ᠳᠠᠭᠠᠭᠠᠴᠢᠯᠠᠬᠤ ᠂ ᠰᠦᠯᠵᠢᠶᠡᠨ ᠤ ᠠᠵᠢᠯᠲᠠᠨ ᠡᠷᠦᠬᠡ ᠶᠢ ᠳᠠᠭᠠᠭᠠᠴᠢᠯᠠᠬᠤ ᠶᠣᠰᠣᠭᠠᠷ ᠨᠢᠭᠡ ᠰᠠᠷ᠎ᠠ ᠶᠢᠨ ᠬᠤᠭᠤᠴᠠᠭᠠᠨ ᠳᠤ 2022 ᠣᠨ ᠤ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠤᠨ ᠳᠠᠭᠠᠳᠬᠠᠯ ᠳᠤ ᠣᠷᠣᠯᠴᠠᠵᠤ ᠰᠦᠶᠳᠬᠡᠯ ᠲᠤᠰᠢᠶᠠᠬᠤ ᠠᠵᠢᠯ ᠤᠨ ᠬᠠᠮᠲᠤᠷᠠᠭᠰᠠᠨ ᠳᠠᠶᠢᠯᠠᠯᠳᠤᠭᠠᠨ ᠢ ᠥᠷᠨᠢᠭᠦᠯᠪᠡ᠃ᠣᠲᠣ ᠪᠣᠯᠲᠠᠯ᠎ᠠ᠂ ᠸᠠᠩ ᠤᠨ ᠤᠷᠳᠤᠨ ᠪᠠᠯᠭᠠᠰᠤᠨ ᠤ ᠰᠦᠯᠵᠢᠶᠡᠨ ᠳᠡᠭᠡᠷ᠎ᠡ ᠪᠠ ᠰᠦᠯᠵᠢᠶᠡᠨ ᠠᠴᠠ ᠭᠠᠳᠠᠨ᠎ᠠ ᠨᠡᠶᠢᠲᠡ 24506 ᠬᠥᠮᠦᠨ ᠰᠦᠶᠳᠬᠡᠯ ᠲᠤᠰᠢᠶᠠᠵᠤ᠂ ᠬᠥᠮᠥᠷᠭᠡ ᠳᠤ ᠣᠷᠣᠭᠤᠯᠬᠤ ᠡᠮᠨᠡᠯᠭᠡ ᠶᠢᠨ ᠳᠠᠭᠠᠳᠬᠠᠯ ᠤᠨ ᠵᠠᠷᠤᠳᠠᠯ 9189750 ᠲᠥᠭᠦᠷᠢᠭ ᠬᠦᠷᠴᠦ᠂ ᠳᠡᠭᠡᠳᠦ ᠱᠠᠲᠤᠨ ᠤ ᠪᠠᠭᠤᠯᠭᠠᠭᠰᠠᠨ ᠡᠭᠦᠷᠭᠡ ᠶᠢᠨ 90.12% ᠢ ᠪᠡᠶᠡᠯᠡᠭᠦᠯᠵᠡᠶ᠃
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号