ᠳ᠋ᠦᠩ ᠯᠸᠢ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠦᠭᠰᠡᠨ ᠪᠠᠶᠢᠳᠠᠯ ᠳᠤ ᠲᠤᠬᠠᠶ ᠶᠢᠨ ᠭᠠᠵᠠᠷ ᠲᠤᠨᠢ ᠬᠦᠷᠴᠦ ᠪᠠᠶᠢᠴᠠᠭᠠᠨ ᠰᠤᠳᠤᠯᠤᠯᠲᠠ ᠬᠢᠪᠠ
ᠨᠡᠶᠢᠲᠡᠯᠡᠭᠰᠡᠨ ᠴᠠᠭ᠄
2021/11/5
ᠳ᠋ᠦᠩ ᠯᠸᠢ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠦᠭᠰᠡᠨ ᠪᠠᠶᠢᠳᠠᠯ ᠳᠤ ᠲᠤᠬᠠᠶ ᠶᠢᠨ ᠭᠠᠵᠠᠷ ᠲᠤᠨᠢ ᠬᠦᠷᠴᠦ ᠪᠠᠶᠢᠴᠠᠭᠠᠨ ᠰᠤᠳᠤᠯᠤᠯᠲᠠ ᠬᠢᠪᠠ     ᠣᠶᠢᠷ᠎ᠠ ᠳᠤ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ᠂ ᠨᠠᠮ ᠤᠨ  ᠲᠡᠤᠬᠡ ᠶᠢᠨ ᠰᠤᠷᠤᠯᠴᠠᠯᠭ᠎ᠠ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠬᠡᠷ ᠤᠨ ᠡᠷᠬᠢᠯᠡᠭᠴᠢ ᠳ᠋ᠦᠩ ᠯᠸᠢ ᠤᠷᠢᠳ ᠬᠤᠵᠢᠳ ᠨᠠᠨ ᠲᠠᠶᠢᠽᠢ ᠰᠢᠶᠠᠩ᠂ ᠾᠧᠨᠠᠨ ᠵᠡᠭᠡᠯᠢ ᠭᠤᠳᠤᠮᠵᠢ᠂ ᠸᠠᠩ  ᠤᠨ ᠤᠷᠳᠤᠨ ᠪᠠᠯᠭᠠᠰᠤᠨ ᠳᠤ ᠬᠦᠷᠴᠦ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠤᠨ ᠪᠠᠶᠢᠳᠠᠯ ᠢ ᠪᠠᠶᠢᠴᠠᠭᠠᠨ ᠰᠤᠳᠤᠯᠪᠠ᠃ ᠬᠦᠷᠦᠭᠰᠡᠨ ᠭᠠᠵᠠᠷ ᠪᠣᠯᠭᠠᠨ ᠳᠤ ᠳ᠋ᠦᠩ ᠯᠸᠢ ᠴᠥᠮ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠵᠦ ᠪᠠᠶᠢᠭ᠎ᠠ ᠪᠠᠶᠢᠳᠠᠯ ᠢ ᠨᠠᠷᠢᠨ ᠣᠶᠢᠯᠠᠭᠠᠵᠤ᠂ ︽ᠪᠢ ᠣᠯᠠᠨ ᠲᠦᠮᠡᠨ ᠳᠤ ᠪᠣᠳᠠᠲᠠᠶ ᠠᠵᠢᠯ ᠬᠢᠵᠦ ᠥᠭᠬᠦ︾ ᠲᠦᠷᠦᠯ ᠵᠦᠢᠯ ᠤᠨ ᠠᠬᠢᠴᠠ ᠶᠢᠨ ᠪᠠᠶᠢᠳᠠᠯ᠂ ᠣᠷᠣᠰᠢᠵᠤ ᠪᠠᠶᠢᠭ᠎ᠠ ᠠᠰᠠᠭᠤᠳᠠᠯ᠂ ᠪᠣᠳᠠᠲᠤ ᠪᠦᠲᠦᠮᠵᠢ ᠣᠯᠤᠭᠰᠠᠨ ᠵᠡᠷᠭᠡ ᠶᠢ ᠨᠠᠷᠢᠨ ᠨᠢᠮᠪᠠᠶ ᠯᠠᠪᠯᠠᠨ ᠠᠰᠠᠭᠤᠳᠠᠭ᠃       ᠳ᠋ᠦᠩ ᠯᠸᠢ ᠱᠠᠭᠠᠷᠳᠠᠭᠰᠠᠨ ᠨᠢ᠂ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠤᠨ ︽ᠨᠠᠮ ᠤᠨ ᠲᠡᠤᠬᠡ ᠶᠢ ᠰᠤᠷᠤᠯᠴᠠᠬᠤ᠂ ᠦᠵᠡᠯ ᠰᠠᠨᠠᠭ᠎ᠠ ᠶᠢ ᠣᠶᠢᠯᠠᠭᠠᠬᠤ᠂ ᠪᠣᠳᠠᠲᠤ ᠶᠠᠪᠤᠳᠠᠯ ᠬᠢᠬᠦ᠂ ᠰᠢᠨ᠎ᠡ ᠪᠠᠶᠢᠳᠠᠯ ᠢ ᠨᠡᠭᠡᠭᠡᠬᠦ︾ ᠬᠠᠷᠠᠯᠲᠠ ᠡᠭᠦᠷᠭᠡ ᠲᠠᠢ ᠨᠢᠭᠲᠠ ᠤᠶᠠᠯᠳᠤᠭᠤᠯᠤᠨ᠂ ᠰᠤᠷᠤᠯᠴᠠᠯᠭ᠎ᠠ ᠪᠠᠨ ᠦᠷᠭᠦᠯᠵᠢᠯᠡᠨ ᠴᠢᠩᠭᠠᠳᠬᠠᠵᠤ᠂ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠤᠨ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠰᠦᠪᠡᠭᠴᠢᠯᠡᠨ ᠪᠠᠶᠢᠭᠤᠯᠵᠤ᠂ ᠨᠠᠮ ᠤᠨ ᠭᠡᠰᠢᠭᠦᠨ ᠺᠠᠳ᠋ᠷᠴᠤᠳ ᠢ ᠬᠥᠲᠥᠯᠦᠨ ᠵᠢᠯᠣᠭᠤᠳᠴᠤ ᠪᠠᠶᠢᠭᠠᠳ  ᠲᠡᠤᠬᠡ ᠶᠢ ᠰᠤᠷᠤᠯᠴᠠᠵᠤ ᠶᠣᠰᠣ ᠤᠴᠢᠷ ᠢ ᠣᠶᠢᠯᠠᠭᠠᠬᠤ᠂ ᠲᠡᠤᠬᠡ ᠶᠢ ᠰᠤᠷᠤᠯᠴᠠᠵᠤ ᠢᠲᠡᠭᠡᠯᠴᠡᠭᠡ ᠪᠠᠨ ᠨᠡᠮᠡᠭᠳᠡᠭᠦᠯᠬᠦ᠂ ᠲᠡᠤᠬᠡ ᠶᠢ ᠰᠤᠷᠤᠯᠴᠠᠵᠤ ᠶᠣᠰᠣ ᠮᠣᠷᠠᠯ ᠢ ᠡᠷᠬᠢᠮᠯᠡᠬᠦ᠂  ᠲᠡᠤᠬᠡ ᠶᠢ ᠰᠤᠷᠤᠯᠴᠠᠵᠤ ᠴᠢᠷᠮᠠᠶᠢᠨ ᠬᠡᠷᠡᠭᠵᠢᠭᠦᠯᠬᠦ ᠪᠣᠯᠭᠠᠬᠤ ᠬᠡᠷᠡᠭᠲᠡᠶ᠃ ᠰᠤᠷᠤᠯᠴᠠᠬᠤ ᠪᠠᠷ ᠬᠡᠷᠡᠭᠵᠢᠭᠦᠯᠬᠦ ᠶᠢ ᠠᠬᠢᠭᠤᠯᠵᠤ᠂ ᠰᠣᠷᠣᠭᠰᠠᠨ ᠢᠶᠠᠨ ᠬᠡᠷᠡᠭᠯᠡᠵᠦ᠂ ︽ᠪᠢ ᠤᠯᠠᠨ ᠲᠦᠮᠡᠨ ᠳᠤ ᠪᠣᠳᠠᠲᠠᠢ ᠶᠠᠪᠤᠳᠠᠯ ᠬᠢᠵᠦ ᠥᠭᠬᠦ︾ ᠦᠢᠯᠡᠳᠦᠯᠭᠡ ᠶᠢᠨ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠬᠦ ᠬᠡᠷᠡᠭᠲᠡᠢ᠃ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠲᠠᠶᠢᠴᠢᠨ ᠪᠠᠬᠢᠯᠡᠯᠲᠡ ᠶᠢᠨ ᠦᠢᠯᠡᠳᠦᠯ ᠢ ᠤᠯᠠᠮ ᠨᠢᠭᠡ ᠠᠯᠬᠤᠮ ᠪᠠᠳᠠᠷᠠᠭᠤᠯᠵᠤ᠂ ᠬᠠᠮᠤᠭ ᠤᠨ ᠬᠦᠴᠢᠷᠳᠡᠯ ᠲᠠᠢ ᠤᠯᠠᠨ ᠲᠦᠮᠡᠨ ᠠᠴᠠ ᠭᠠᠷᠳᠠᠨ᠂ ᠬᠠᠮᠤᠭ ᠤᠨ ᠲᠤᠪᠤᠶᠢᠮ᠎ᠠ ᠠᠰᠠᠭᠤᠳᠠᠯ ᠠᠴᠠ ᠭᠠᠷᠳᠠᠨ᠂ ᠬᠠᠮᠤᠭ ᠤᠨ ᠪᠣᠳᠠᠲᠠᠶ ᠠᠰᠢᠭ ᠲᠤᠰᠠ ᠠᠴᠠ ᠡᠭᠦᠰᠴᠦ᠂ ︽ᠪᠢ ᠤᠯᠠᠨ ᠲᠦᠮᠡᠨ ᠳᠤ ᠪᠣᠳᠠᠲᠤ ᠶᠠᠪᠤᠳᠠᠯ ᠬᠢᠵᠦ ᠥᠭᠬᠦ︾ ᠦᠢᠯᠡᠳᠦᠯᠭᠡ ᠶᠢᠨ ᠠᠵᠢᠯᠯᠠᠭ᠎ᠠ ᠶᠢ ᠯᠠᠪᠳᠠᠭᠤᠨ ᠪᠠᠲᠤᠲᠠᠶ ᠥᠷᠨᠢᠭᠦᠯᠵᠦ᠂ ᠠᠷᠠᠳ ᠤᠯᠠᠨ ᠤ ᠬᠦᠷᠲᠡᠮᠵᠢ ᠶᠢᠨ ᠲᠦᠷᠦᠭᠳᠡᠯ᠂ ᠵᠤᠯ ᠵᠢᠷᠭᠠᠯᠲᠤ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠢ ᠦᠨᠡᠨ ᠬᠦ ᠨᠡᠮᠡᠭᠳᠡᠭᠦᠯᠬᠦ ᠬᠡᠷᠡᠭᠲᠡᠶ ᠭᠡᠵᠠᠢ᠃
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号