ᠬᠠᠷᠠᠴᠢᠨ ᠬᠤᠰᠢᠭᠤᠨ ᠤ ᠣᠳᠤᠷᠢᠳᠤᠯᠭ᠎ᠠ ᠤᠯᠠᠭᠠᠨᠬᠠᠳᠠ ᠬᠤᠲᠠ ᠶᠢᠨ ᠶᠦᠨ ᠲᠦᠩ ᠳᠤ ᠬᠦᠷᠴᠦ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2021/11/5
ᠬᠠᠷᠠᠴᠢᠨ ᠬᠤᠰᠢᠭᠤᠨ ᠤ ᠣᠳᠤᠷᠢᠳᠤᠯᠭ᠎ᠠ ᠤᠯᠠᠭᠠᠨᠬᠠᠳᠠ ᠬᠤᠲᠠ ᠶᠢᠨ ᠶᠦᠨ ᠲᠦᠩ ᠳᠤ ᠬᠦᠷᠴᠦ ᠪᠠᠶᠢᠴᠠᠭᠠᠨ ᠰᠤᠳᠤᠯᠤᠯᠲᠠ ᠬᠢᠪᠡ     11 ᠰᠠᠷ᠎ᠠ ᠶᠢᠨ 3 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠹᠠᠩ ᠷᠦᠢ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠣᠷᠣᠯᠠᠭᠴᠢ ᠬᠤᠰᠢᠭᠤᠨ ᠳᠠᠷᠤᠭ᠎ᠠ ᠵᠣᠣ ᠶᠠᠨ ᠬᠤᠩ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠳᠡᠳ᠋  ᠬᠤᠰᠢᠭᠤᠨ ᠳᠠᠷᠤᠭ᠎ᠠ ᠯᠢ ᠬᠦᠶ ᠹᠠᠩ ᠤᠯᠠᠭᠠᠨᠬᠠᠳᠠ ᠶᠢᠨ ᠶᠦᠨ ᠲᠦᠩ ᠳᠤ ᠬᠦᠷᠴᠦ ᠪᠠᠶᠢᠴᠠᠭᠠᠨ ᠰᠤᠳᠤᠯᠤᠯᠲᠠ ᠬᠢᠪᠠ᠃     ᠹᠠᠩ ᠷᠦᠢ ᠵᠢᠭᠠᠵᠤ ᠭᠠᠷᠭᠠᠭᠰᠠᠨ ᠨᠢ᠂ ᠤᠯᠠᠭᠠᠨᠬᠠᠳᠠ ᠶᠢᠨ ᠶᠦᠨ ᠲᠦᠩ ᠪᠣᠯ ᠬᠠᠷᠠᠴᠢᠨ ᠬᠤᠰᠢᠭᠤᠨ ᠤ ᠭᠤᠤᠯᠳᠠᠯᠭ᠎ᠠ ᠲᠠᠢ ᠠᠵᠤ ᠠᠬᠤᠶᠢᠯᠠᠯ ᠪᠠᠶᠢᠵᠤ᠂ ᠮᠥᠨ ᠴᠦ ᠬᠠᠷᠠᠴᠢᠨ ᠬᠤᠰᠢᠭᠤᠨ ᠤ ᠲᠤᠯᠭᠠᠭᠤᠷᠢ ᠠᠵᠤ ᠦᠶᠯᠡᠰ ᠮᠥᠨ᠂ ᠣᠯᠠᠨ ᠵᠢᠯ ᠤᠨ ᠲᠤᠷᠰᠢ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠳᠤ ᠯᠤᠲᠤ ᠶᠡᠭᠡ ᠬᠤᠪᠢ ᠨᠡᠮᠡᠷᠢ ᠦᠵᠡᠭᠦᠯᠦᠭᠰᠡᠨ ᠶᠤᠮ᠃ ᠡᠯ᠎ᠡ ᠱᠠᠲᠤᠨ ᠤ ᠡᠯ᠎ᠡ ᠰᠠᠯᠠᠭ᠎ᠠ ᠮᠥᠴᠢᠷ ᠤᠨ ᠬᠢᠨ ᠠᠵᠤ ᠠᠬᠤᠶᠢᠯᠠᠯ ᠯᠤᠭ᠎ᠠ ᠶᠢᠨ ᠨᠡᠪᠲᠡᠷᠡᠯᠴᠡᠭᠡ ᠰᠣᠯᠢᠯᠴᠠᠭ᠎ᠠ ᠪᠠᠨ ᠴᠢᠩᠭᠠᠳᠬᠠᠵᠤ᠂ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠤ᠂ ᠭᠤᠤᠯᠳᠠᠯᠭ᠎ᠠ ᠲᠠᠢ ᠠᠵᠤ ᠠᠬᠤᠶᠢᠯᠠᠯ ᠤᠨ ᠳᠡᠮᠵᠢᠯᠭᠡ ᠦᠶᠯᠡᠴᠢᠯᠡᠭᠡᠨ ᠤ ᠠᠵᠢᠯ ᠢ ᠥᠷᠨᠢᠭᠦᠯᠵᠦ᠂ ᠠᠷᠭ᠎ᠠ ᠪᠣᠳᠣᠯᠭ᠎ᠠ ᠬᠡᠷᠡᠭᠵᠢᠭᠦᠯᠬᠦ᠂ ᠨᠢᠭᠡᠳᠦᠯᠲᠡᠶ ᠲᠥᠯᠥᠪᠯᠡᠨ ᠲᠣᠬᠢᠷᠠᠭᠤᠯᠬᠤ᠂ ᠬᠠᠮᠲᠤ ᠶᠢᠨ ᠲᠠᠨᠢᠯᠲᠠ ᠶᠢ ᠨᠢᠭᠲᠠᠷᠠᠭᠤᠯᠤᠨ᠂ ᠬᠤᠳᠠᠯᠳᠤᠭ᠎ᠠ ᠡᠷᠭᠢᠯᠡᠬᠦ ᠣᠷᠴᠢᠨ ᠲᠣᠭᠤᠷᠢᠨ ᠤ ᠡᠯ᠎ᠡ ᠭᠤᠭᠴᠤᠭ᠎ᠠ ᠶᠢ ᠪᠥᠬᠦ ᠲᠠᠯ᠎ᠠ ᠪᠠᠷ ᠰᠢᠯᠢᠳᠡᠭᠵᠢᠭᠦᠯᠵᠦ᠂ ᠬᠥᠭᠵᠢᠯᠲᠡ ᠳᠤ ᠦᠨᠡᠨ ᠬᠦ ᠬᠥᠳᠡᠯᠭᠡᠬᠦ ᠬᠦᠴᠦᠨ ᠨᠡᠮᠡᠷᠢᠯᠡᠵᠦ᠂ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠨᠡᠮᠡᠭᠳᠡᠭᠦᠯᠦᠨ᠂ ᠠᠵᠤ ᠠᠬᠤᠶᠢᠯᠠᠯ ᠳᠤ ᠲᠥᠬᠦᠮ ᠦᠵᠡᠭᠦᠯᠵᠦ᠂ ᠬᠠᠷᠢᠶᠠᠲᠤ ᠣᠷᠣᠨ ᠤ ᠠᠵᠤ ᠠᠬᠤᠶ ᠨᠡᠶᠢᠭᠡᠮ ᠤᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠠᠬᠢᠭᠤᠯᠵᠤ᠂ ᠪᠥᠬᠦ ᠬᠤᠰᠢᠭᠤᠨ ᠤ ᠴᠢᠨᠠᠷ ᠰᠠᠶᠢᠲᠠᠶ ᠬᠥᠭᠵᠢᠯᠲᠡ ᠳᠤ ᠨᠠᠩ ᠶᠡᠭᠡ ᠬᠤᠪᠢ ᠨᠡᠮᠡᠷᠢ ᠦᠵᠡᠭᠦᠯᠦᠨ᠎ᠡ᠃     ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠬᠠᠷᠢᠭᠤᠴᠠᠯᠭ᠎ᠠ ᠶᠢᠨ ᠤᠬᠠᠮᠰᠠᠷ ᠢᠶᠠᠨ ᠴᠢᠩᠭᠠᠳᠬᠠᠵᠤ᠂ ᠬᠠᠷᠢᠶ᠎ᠠ ᠣᠷᠣᠨ ᠤ ᠬᠠᠮᠢᠶᠠᠷᠤᠯᠲᠠ ᠶᠢᠨ ᠬᠠᠷᠢᠭᠤᠴᠠᠯᠭ᠎ᠠ ᠪᠣᠯᠤᠨ ᠰᠠᠯᠠᠭ᠎ᠠ ᠮᠥᠴᠢᠷ ᠤᠨ ᠬᠢᠨᠠᠨ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠠᠵᠢᠯ ᠳᠤ ᠬᠠᠷᠢᠭᠤᠴᠠᠯᠭ᠎ᠠ ᠲᠠᠢ᠂ ᠠᠵᠢᠯ ᠤᠨ ᠬᠠᠷᠢᠭᠤᠴᠠᠯᠭ᠎ᠠ ᠪᠠᠨ ᠰᠠᠬᠢᠬᠤ᠂ ᠠᠵᠢᠯ ᠤᠨ ᠬᠠᠷᠢᠭᠤᠴᠠᠯᠭ᠎ᠠ ᠪᠠᠨ ᠭᠦᠢᠴᠡᠳᠬᠡᠬᠦ ᠶᠢ ᠦᠨᠡᠨᠬᠦ ᠪᠡᠶᠡᠯᠡᠭᠦᠯᠬᠦ ᠬᠡᠷᠡᠭᠲᠡᠢ᠃ ᠬᠠᠤᠯᠢ ᠶᠣᠰᠣᠭᠠᠷ ᠵᠠᠰᠠᠬᠤ᠂ ᠰᠢᠰᠲ᠋ᠧᠮ ᠲᠠᠢ ᠵᠠᠰᠠᠬᠤ᠂ ᠨᠠᠷᠢᠯᠢᠭ ᠤᠨᠤᠪᠴᠢᠲᠠᠢ ᠪᠠᠷ ᠵᠠᠰᠠᠬᠤ ᠱᠠᠭᠠᠷᠳᠠᠯᠭ᠎ᠠ ᠶᠣᠰᠣᠭᠠᠷ᠂ ᠰᠡᠷᠭᠦᠭᠡᠨ ᠵᠠᠰᠠᠬᠤ ᠢᠨᠵᠧᠨᠧᠷᠢᠩ ᠢ ᠥᠨᠳᠥᠷ ᠪᠠᠷᠢᠮᠵᠢᠶ᠎ᠠ ᠪᠠᠷ᠂ ᠴᠢᠨᠠᠷ ᠰᠠᠶᠢᠲᠠᠶ ᠪᠡᠶᠡᠯᠡᠭᠦᠯᠦᠨ᠎ᠡ᠃ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠷᠢᠶ᠎ᠠ ᠣᠷᠣᠨ ᠤ ᠬᠠᠮᠢᠶᠠᠷᠤᠯᠲᠠ ᠶᠢᠨ ᠬᠠᠷᠢᠭᠤᠴᠠᠯᠭ᠎ᠠ ᠪᠠ ᠠᠵᠤ ᠠᠬᠤᠶᠢᠯᠠᠯ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠵᠠᠰᠠᠭ ᠤᠨ ᠣᠷᠳᠣᠨ ᠠᠴᠠ ᠨᠢᠭᠡᠳᠦᠯᠲᠡᠶ ᠤᠳᠤᠷᠢᠳᠬᠤ᠂ ᠰᠠᠯᠠᠭ᠎ᠠ ᠮᠥᠴᠢᠷ ᠤᠳ ᠴᠤᠭᠭᠠᠷ ᠠᠳᠬᠤᠨ ᠬᠠᠮᠲᠤᠪᠠᠷ ᠬᠠᠮᠢᠶᠠᠷᠬᠤ᠂ ᠳᠡᠭᠡᠳᠦ ᠳᠤᠤᠷᠠᠳᠤ ᠱᠠᠲᠤ ᠬᠦᠴᠦ ᠪᠠᠨ ᠬᠠᠮᠲᠤᠳᠬᠠᠨ ᠴᠡᠭᠴᠡᠯᠡᠨ ᠵᠠᠰᠠᠬᠤ ᠠᠵᠢᠯ ᠤᠨ ᠪᠠᠶᠢᠳᠠᠯ ᠢ ᠦᠨᠡᠨᠬᠦ ᠪᠣᠶ ᠪᠣᠯᠭᠠᠨ᠎ᠠ᠃
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号