ᠬᠤᠰᠢᠭᠤᠨ ᠨᠠᠮ ᠤᠨ ᠬᠤᠷᠢᠶᠠᠨ ᠤ ᠱᠦᠵᠢ ᠹᠠᠩ ᠷᠦᠢ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ | ᠬᠤᠷᠢᠶᠠᠨ ᠤ ᠵᠢᠷᠭᠤᠳᠤᠭᠠᠷ ᠪᠥᠬᠦᠳᠡ ᠬᠤᠷᠠᠯ ᠵᠢᠴᠢ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ | ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠭᠤᠴᠠᠭᠠᠨ ᠳᠠᠬᠢ ᠵᠠᠬᠢᠳᠠᠯ ᠰᠤᠷᠪᠤᠯᠵᠢᠯᠠᠭ᠎ᠠ | ᠲᠣᠭᠲᠠᠭᠤᠨ ᠢ ᠬᠠᠮᠠᠭᠠᠯᠠᠬᠤ ᠠᠮᠤᠷ ᠢ ᠬᠠᠮᠠᠭᠠᠯᠠᠬᠤ ᠠᠵᠢᠯ ᠤᠨ ᠬᠤᠷᠠᠯ ᠢ ᠡᠷᠭᠢᠯᠡᠨ ᠬᠤᠷᠠᠯᠳᠤᠭᠤᠯᠪᠠ | 11 ᠰᠠᠷ᠎ᠠ ᠶᠢᠨ 4 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠹᠠᠩ ᠷᠦᠢ ᠨᠠᠮ ᠤᠨ ᠠᠷᠪᠠ | ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠥᠬᠦᠳᠡ ᠬᠤᠷᠠᠯ ᠵᠢᠴᠢ ᠥᠪᠡᠷᠲᠡᠭᠡᠨ ᠵᠠᠰᠠᠬᠤ | ᠣᠷᠣᠨ ᠤ ᠠᠷᠪᠠᠨ ᠨᠢᠭᠡᠳᠦᠭᠡᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠬᠤᠭᠤᠴᠠᠭᠠᠨ ᠳᠠᠬᠢ ᠵᠠᠬᠢᠳᠠᠯ ᠰᠤᠷᠪᠤᠯᠵᠢᠯᠠᠭ᠎ᠠ ᠶᠢᠨ ᠲᠣᠭᠲᠠᠭᠤᠨ ᠢ ᠬᠠᠮᠠᠭᠠᠯᠠᠬᠤ ᠠᠮᠤᠷ ᠢ ᠬᠠᠮᠠᠭᠠᠯᠠᠬᠤ ᠠᠵᠢᠯ ᠤᠨ | ᠬᠤᠷᠠᠯ ᠢ ᠡᠷᠭᠢᠯᠡᠨ ᠬᠤᠷᠠᠯᠳᠤᠭᠤᠯᠵᠤ᠂ ᠵᠠᠬᠢᠳᠠᠯ ᠰᠤᠷᠪᠤᠯᠵᠢᠯᠠᠭ᠎ᠠ ᠶᠢᠨ ᠲᠣᠭᠲᠠᠭᠤᠨ ᠢ ᠬᠠᠮᠠᠭᠠᠯᠠᠬᠤ ᠠᠮᠤᠷ ᠢ | ᠬᠠᠮᠠᠭᠠᠯᠠᠬᠤ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃ ᠬᠤᠰᠢᠭᠤᠨ ᠤ ᠤᠳᠤᠷᠢᠳᠤᠯᠭ᠎ᠠ ᠵᠠᠩ ᠶᠠᠨ᠂ ᠯᠦ ᠰᠢᠸ᠋ | ᠴᠢᠩ᠂ ᠪᠠᠶ ᠯᠢᠩ᠂ ᠶᠠᠩ ᠸᠧᠨ ᠳ᠋ᠦᠩ ᠣᠷᠣᠯᠴᠠᠵᠠᠶ᠃ | ᠬᠤᠷᠠᠯ ᠠᠴᠠ ᠱᠠᠭᠠᠷᠳᠠᠭᠰᠠᠨ ᠨᠢ᠂ ᠡᠯ᠎ᠡ ᠰᠢᠶᠠᠩ ᠪᠠᠯᠭᠠᠰᠤ ᠵᠡᠭᠡᠯᠢ ᠭᠤᠳᠤᠮᠵᠢ᠂ ᠡᠯ᠎ᠡ ᠰᠠᠯᠠᠭ᠎ᠠ ᠮᠥᠴᠢᠷ ᠤᠨ | ᠬᠢᠨ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠬᠦᠳᠡ ᠬᠤᠷᠠᠯ᠂ | ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠬᠤᠭᠤᠴᠠᠭᠠᠨ ᠳᠠᠬᠢ ᠵᠠᠬᠢᠳᠠᠯ ᠰᠤᠷᠪᠤᠯᠵᠢᠯᠠᠭ᠎ᠠ ᠶᠢ ᠲᠣᠭᠲᠠᠭᠤᠨ ᠪᠠᠶᠢᠯᠭᠠᠬᠤ ᠠᠵᠢᠯ ᠢ ᠰᠠᠶᠢᠲᠤᠷ | ᠬᠢᠬᠦ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠢ ᠲᠠᠨᠢᠵᠤ᠂ ᠤᠯᠤᠰ ᠲᠦᠷᠦ ᠶᠢᠨ ᠤᠬᠠᠮᠰᠠᠷ ᠢᠶᠠᠨ | ᠦᠨᠡᠨᠬᠦ ᠴᠢᠩᠭᠠᠳᠬᠠᠵᠤ᠂ ᠨᠢᠭᠲᠠ ᠬᠠᠮᠵᠢᠯᠴᠠᠵᠤ᠂ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠪᠠᠨ | ᠴᠢᠩᠭᠠᠳᠬᠠᠵᠤ᠂ ᠢᠳᠡᠪᠬᠢᠲᠡᠢ ᠪᠠᠷ ᠬᠠᠷᠢᠭᠤᠴᠠᠯᠭ᠎ᠠ ᠡᠭᠦᠷᠭᠡᠯᠡᠨ ᠠᠵᠢᠯ ᠶᠠᠪᠤᠳᠠᠯ ᠬᠢᠵᠦ᠂ ᠡᠬᠢ ᠡᠭᠦᠰᠦᠯ ᠠᠴᠠ ᠨᠢ | ᠤᠷᠢᠳᠴᠢᠯᠠᠨ ᠰᠡᠷᠭᠡᠶᠢᠯᠡᠬᠦ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ᠂ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠬᠤ ᠵᠡᠷᠭᠡ ᠲᠠᠯ᠎ᠠ ᠪᠠᠷ ᠭᠦᠢᠴᠡᠳ ᠬᠦᠴᠦ ᠣᠷᠣᠭᠤᠯᠵᠤ᠂ ᠨᠡᠶᠢᠭᠡᠮ ᠤᠨ ᠪᠦᠬᠦ ᠲᠠᠯ᠎ᠠ ᠶᠢᠨ ᠡᠶ᠎ᠡ | ᠵᠣᠬᠢᠴᠠᠩᠭᠤᠢ ᠲᠣᠭᠲᠠᠭᠤᠨ ᠢ ᠪᠦᠬᠦ ᠬᠦᠴᠦᠨ ᠢᠶᠠᠷ ᠢᠶᠠᠨ ᠬᠠᠮᠠᠭᠠᠯᠠᠬᠤ ᠬᠡᠷᠡᠭᠲᠡᠢ᠃ ᠬᠠᠷᠢᠭᠤᠴᠠᠯᠭ᠎ᠠ ᠶᠢ | ᠪᠣᠳᠠᠲᠠᠶᠢᠵᠢᠭᠤᠯᠵᠤ᠂ ᠲᠣᠣᠷᠵᠢᠭᠤᠯᠤᠭᠰᠠᠨ ᠵᠢᠭᠰᠠᠭᠠᠨ ᠪᠠᠶᠢᠴᠠᠭᠠᠵᠤ ᠲᠣᠭᠲᠠᠭᠤᠨ ᠢᠶᠠᠷ ᠡᠵᠡᠮᠳᠡᠬᠦ ᠶᠢ | ᠨᠠᠶᠢᠳᠠᠪᠤᠷᠢᠵᠢᠭᠤᠯᠵᠤ᠂ ᠬᠠᠷᠢᠭᠤᠴᠠᠯᠭᠠᠲᠤ ᠨᠢᠭᠡᠴᠡ᠂ ᠬᠠᠷᠢᠭᠤᠴᠠᠯᠭᠠᠲᠠᠨ ᠢ ᠴᠢᠩᠭ᠎ᠠ ᠨᠠᠶᠢᠳᠠᠪᠤᠷᠢᠵᠢᠭᠤᠯᠵᠤ᠂ | ᠡᠵᠡᠮᠳᠡᠯ ᠢᠶᠠᠨ ᠠᠯᠳᠠᠬᠤ᠂ ᠬᠠᠮᠢᠶᠠᠷᠤᠯᠲᠠ ᠠᠴᠠ ᠭᠤᠭᠤᠵᠢᠭᠳᠠᠬᠤ ᠶᠢ ᠴᠢᠩᠭ᠎ᠠ ᠰᠡᠷᠭᠡᠶᠢᠯᠡᠬᠦ ᠬᠡᠷᠡᠭᠲᠡᠢ᠃ | ᠵᠥᠷᠢᠴᠡᠯ ᠢ ᠨᠠᠮᠳᠠᠭᠤᠯᠬᠤ ᠶᠢ ᠴᠢᠨᠠᠭᠰᠢᠳᠠ ᠴᠢᠩᠭᠠᠳᠬᠠᠵᠤ᠂ ᠠᠶᠤᠯ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠶᠢ | ᠤᠯᠠᠮ ᠨᠢᠭᠡ ᠠᠯᠬᠤᠮ ᠴᠢᠩᠭᠠᠳᠬᠠᠵᠤ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ | ᠵᠢᠷᠭᠤᠳᠤᠭᠠᠷ ᠪᠦᠬᠦᠳᠡ ᠬᠤᠷᠠᠯ᠂ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭ᠎ᠠ ᠶᠢᠨ ᠨᠠᠮ ᠤᠨ | ᠲᠥᠯᠥᠭᠡᠯᠡᠭᠴᠢᠳ ᠤᠨ ᠶᠡᠭᠡ ᠬᠤᠷᠠᠯ ᠳᠤ ᠠᠮᠤᠷ ᠲᠣᠭᠲᠠᠭᠤᠨ ᠨᠡᠶᠢᠭᠡᠮ ᠤᠨ ᠣᠷᠴᠢᠨ ᠲᠣᠭᠤᠷᠢᠨ ᠢ ᠡᠭᠦᠳᠴᠦ | ᠥᠭᠬᠦ ᠬᠡᠷᠡᠭᠲᠡᠢ᠃ | |