ᠸᠠᠩ ᠤᠨ ᠤᠷᠳᠤᠨ ᠪᠠᠯᠭᠠᠰᠤ᠄ ᠨᠡᠶᠢᠲᠠ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠶᠢᠨ ᠬᠥᠮᠦᠰ ᠢ ᠰᠠᠶᠢᠲᠤᠷ ᠠᠰᠢᠭᠯᠠᠵᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠯᠡᠨ᠎ᠡ
ᠨᠡᠶᠢᠲᠡᠯᠡᠭᠰᠡᠨ ᠴᠠᠭ᠄
2021/11/9
ᠸᠠᠩ ᠤᠨ ᠤᠷᠳᠤᠨ ᠪᠠᠯᠭᠠᠰᠤ᠄ ᠨᠡᠶᠢᠲᠠ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠶᠢᠨ ᠬᠥᠮᠦᠰ ᠢ ᠰᠠᠶᠢᠲᠤᠷ ᠠᠰᠢᠭᠯᠠᠵᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠯᠡᠨ᠎ᠡ     ᠪᠠᠯᠭᠠᠰᠤ ᠶᠢᠨ ᠬᠢᠨ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠶᠢᠨ ᠲᠠᠬᠢᠨ ᠶᠠᠳᠠᠭᠤᠷᠠᠬᠤ ᠶᠢ ᠰᠡᠷᠭᠡᠶᠢᠯᠡᠬᠦ ᠲᠠᠯ᠎ᠠ ᠪᠠᠷ ᠬᠢ ᠦᠢᠯᠡᠳᠦᠯ ᠢ ᠭᠦᠢᠴᠡᠳ ᠪᠠᠳᠠᠷᠠᠭᠤᠯᠵᠤ᠂ ︽ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ + ᠠᠵᠢᠯ ᠣᠯᠭᠤᠯᠲᠠ ᠪᠠᠷ ᠶᠠᠳᠠᠭᠤ ᠶᠢ ᠲᠡᠳᠬᠦᠬᠦ︾ ᠪᠠᠷ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠠᠵᠢᠯ ᠤᠨ ᠴᠢᠬᠤᠯᠠ ᠭᠠᠷᠳᠠᠴᠠ ᠪᠣᠯᠭᠠᠬᠤ ᠶᠢ ᠢᠮᠠᠭᠲᠠ ᠪᠠᠷᠢᠮᠲᠠᠯᠠᠪᠠ᠃ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠶᠢᠨ ᠠᠵᠢᠯᠲᠠᠨ ᠤ ᠬᠠᠮᠢᠶᠠᠷᠤᠯᠲᠠ ᠶᠢ ᠴᠢᠩᠭᠠᠳᠬᠠᠬᠤ ᠶᠢᠨ ᠲᠥᠯᠥᠭᠡ᠂ ᠲᠡᠳᠡᠨ ᠳᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ᠂ ᠬᠠᠤᠯᠢ ᠴᠠᠭᠠᠵᠠ ᠬᠠᠤᠯᠢ ᠲᠣᠭᠲᠠᠭᠠᠯ᠂ ᠤᠷ᠎ᠠ ᠴᠢᠳᠠᠪᠤᠷᠢ ᠶᠢᠨ ᠳᠡᠭᠡᠭᠰᠢᠯᠡᠯᠲᠡ ᠵᠡᠷᠭᠡ ᠠᠭᠤᠯᠭ᠎ᠠ ᠶᠢᠨ ᠪᠣᠯᠪᠠᠰᠤᠷᠠᠭᠤᠯᠤᠯ ᠬᠢᠵᠦ᠂ ᠲᠡᠳᠡᠨ ᠤ ᠬᠠᠷᠢᠭᠤᠴᠠᠯᠭ᠎ᠠ ᠶᠢᠨ ᠦᠵᠡᠯ ᠤᠬᠠᠮᠰᠠᠷ ᠢ ᠳᠡᠭᠡᠭᠰᠢᠯᠡᠭᠦᠯᠪᠡ︔ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠶᠢᠨ ᠬᠠᠮᠢᠶᠠᠷᠤᠯᠲᠠ ᠶᠢᠨ ᠲᠦᠷᠢᠮ ᠢ ᠨᠠᠶᠢᠳᠠᠪᠤᠷᠢᠵᠢᠭᠤᠯᠤᠭᠰᠠᠨ ᠰᠠᠭᠤᠷᠢᠨ ᠳᠡᠭᠡᠷ᠎ᠡ᠂ ᠠᠵᠢᠯ ᠤᠨ ᠲᠤᠰᠢᠶᠠᠯ ᠬᠠᠷᠢᠭᠤᠴᠠᠯᠭ᠎ᠠ᠂ ᠠᠵᠢᠯᠯᠠᠬᠤ ᠴᠠᠭ ᠵᠡᠷᠭᠡ ᠲᠠᠯ᠎ᠠ ᠶᠢᠨ ᠠᠭᠤᠯᠭ᠎ᠠ ᠶᠢ ᠨᠠᠷᠢᠯᠢᠬᠵᠢᠭᠤᠯᠵᠤ᠂ ᠬᠠᠮᠢᠶᠠᠷᠤᠯᠲᠠ ᠶᠢᠨ ᠦᠨᠳᠦᠰᠦ ᠪᠠᠷᠢᠮᠲᠠ ᠲᠠᠢ ᠪᠠᠶᠢᠬᠤ ᠶᠢ ᠦᠨᠡᠨ ᠬᠦ ᠪᠡᠶᠡᠯᠡᠭᠦᠯᠵᠦ᠂ ᠡᠨᠡ ᠬᠦ ᠬᠦᠴᠦᠨ ᠢ ᠰᠠᠶᠢᠲᠤᠷ ᠬᠠᠮᠢᠶᠠᠷᠴᠤ ᠰᠠᠶᠢᠲᠤᠷ ᠬᠡᠷᠡᠭᠯᠡᠬᠦ ᠶᠢ ᠦᠨᠡᠨ ᠬᠦ ᠪᠠᠲᠤᠯᠠᠪᠠ︔ ᠸᠢᠴᠠᠲ ᠤᠨ ᠲᠠᠪᠴᠠᠩ ᠢ ᠠᠰᠢᠭᠯᠠᠨ᠂ ᠬᠤᠲᠠ ᠶᠢᠨ ᠬᠠᠮᠢᠶᠠᠷᠤᠯᠲᠠ ᠶᠢᠨ ᠰᠠᠶᠢᠨ ᠳᠤᠷ᠎ᠠ ᠶᠢᠨ ᠦᠶᠯᠡᠴᠢᠯᠡᠭᠡᠨ ᠤ ᠠᠩᠭᠢ ᠶᠢᠨ ᠠᠵᠢᠯ ᠤᠨ ᠪᠦᠯᠬᠦᠮ ᠢ ᠪᠠᠶᠢᠭᠤᠯᠵᠤ᠂ ᠲᠣᠭᠲᠠᠭᠰᠠᠨ ᠴᠠᠭ ᠲᠤ ᠠᠵᠢᠯ ᠤᠨ ᠪᠠᠶᠢᠳᠠᠯ ᠳᠤ ᠰᠢᠮᠳᠠᠭᠤᠯᠤᠨ ᠪᠠᠶᠢᠴᠠᠭᠠᠯᠲᠠ ᠬᠢᠵᠦ᠂ ᠲᠣᠭᠲᠠᠭᠰᠠᠨ ᠬᠤᠭᠤᠴᠠᠭ᠎ᠠ ᠲᠠᠢ ᠪᠠᠷ ᠸᠢᠴᠠᠲ ᠤᠨ ᠪᠦᠯᠦᠭ ᠲᠤ ᠠᠵᠢᠯ ᠤᠨ ᠪᠠᠶᠢᠷᠢ ᠳᠤ ᠭᠠᠷᠤᠭᠰᠠᠨ ᠬᠥᠮᠦᠨ ᠤ ᠲᠤᠭ᠎ᠠ᠂ ᠳᠤᠷ᠎ᠠ ᠪᠠᠷ ᠢᠶᠠᠨ ᠣᠪᠣᠭᠠᠯᠠᠵᠤ ᠳᠤᠷ᠎ᠠ ᠪᠠᠷ ᠢᠶᠠᠨ ᠲᠠᠯᠪᠢᠭᠰᠠᠨ ᠵᠡᠷᠭᠡ ᠪᠠᠶᠢᠳᠠᠯ ᠢ ᠵᠠᠷᠯᠠᠨ ᠮᠡᠳᠡᠭᠳᠡᠬᠦ ᠶᠢᠨ ᠬᠠᠮᠲᠤ᠂ ᠬᠡᠷᠡᠯ ᠵᠢᠷᠤᠭ ᠤᠨ ᠬᠡᠯᠪᠡᠷᠢ ᠪᠠᠷ ᠡᠯ᠎ᠡ ᠲᠣᠰᠬᠤᠨ ᠤ ᠴᠡᠭᠴᠡᠯᠡᠨ ᠵᠠᠰᠠᠭᠰᠠᠨ ᠦᠷ᠎ᠡ ᠪᠦᠲᠦᠮᠵᠢ ᠶᠢ ᠳᠡᠯᠭᠡᠨ ᠦᠵᠡᠭᠦᠯᠵᠦ᠂ ᠬᠢᠨᠠᠯᠲᠠ ᠲᠠᠯᠪᠢᠬᠤ ᠶᠢ ᠠᠵᠢᠯ ᠤᠨ ᠡᠯ᠎ᠡ ᠭᠤᠭᠴᠤᠭ᠎ᠠ ᠳᠤ ᠲᠤᠤᠱᠯᠠᠭᠤᠯᠤᠨ᠂ ᠠᠵᠢᠯ ᠤᠨ ᠪᠠᠶᠢᠷᠢ ᠶᠢᠨ ᠦᠶᠯᠡᠳᠦᠯ ᠢ ᠦᠨᠡᠨᠬᠦ ᠪᠠᠳᠠᠷᠠᠭᠤᠯᠬᠤ ᠬᠡᠷᠡᠭᠲᠡᠶ᠃ ᠣᠳᠣᠬᠠᠨ ᠳᠤ᠂ ᠸᠠᠩ ᠤᠨ ᠤᠷᠳᠤᠨ ᠪᠠᠯᠭᠠᠰᠤ ᠶᠢᠨ ᠲᠣᠰᠬᠤᠨ ᠤ ᠳᠣᠲᠣᠷᠠᠬᠢ ᠭᠤᠳᠤᠮᠵᠢ ᠶᠢᠨ ᠵᠠᠮ᠂ ᠲᠣᠰᠬᠤᠨ ᠳᠤ ᠨᠡᠪᠲᠡᠷᠡᠬᠦ ᠵᠠᠰᠠᠮᠠᠯ ᠵᠠᠮ ᠳᠡᠭᠡᠷ᠎ᠡ ᠴᠦ ᠭᠡᠰᠡᠨ᠂ ᠲᠠᠷᠢᠶᠠᠨ ᠳᠤᠮᠳᠠ ᠴᠤ ᠭᠡᠰᠡᠨ᠂ ︽ᠰᠢᠷ᠎ᠠ ᠬᠤᠶᠠᠭ︾ ᠡᠮᠦᠰᠦᠭᠰᠡᠨ ᠨᠢᠭᠡ ᠪᠦᠯᠦᠭ ᠬᠥᠮᠦᠰ ᠶᠠᠭᠠᠷᠠᠯᠲᠠᠢ ᠠᠵᠢᠯᠯᠠᠵᠤ ᠪᠠᠶᠢᠬᠤ ᠶᠢ ᠣᠯᠵᠤ ᠬᠠᠷᠠᠨ᠎ᠠ᠂ ᠲᠡᠳᠡ ᠪᠣᠯ ᠳᠠᠷᠤᠢ ᠸᠠᠩ ᠤᠨ ᠤᠷᠳᠤᠨ ᠪᠠᠯᠭᠠᠰᠤ ᠶᠢᠨ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠶᠢᠨ ᠬᠥᠳᠡᠭᠡ ᠲᠣᠰᠬᠤᠨ ᠤ ᠴᠡᠪᠡᠷᠯᠡᠭᠴᠢ ᠮᠥᠨ᠂ ᠠᠵᠢᠯᠴᠢ ᠬᠥᠳᠡᠯᠮᠦᠷᠢᠴᠢ ᠬᠤᠶᠠᠷ ᠭᠠᠷ ᠢᠶᠠᠷ ᠢᠶᠠᠨ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠪᠦᠳᠦᠭᠡᠨ ᠪᠠᠶᠢᠭᠤᠯᠬᠤ ᠳᠤ ᠥᠪᠡᠷ ᠤᠨ ᠬᠦᠴᠦᠨ ᠴᠢᠳᠠᠯ ᠢᠶᠠᠨ ᠡᠷᠭᠦᠳᠡᠭ ᠶᠤᠮ᠃ ᠲᠡᠳᠡᠨ ᠢ ᠬᠥᠳᠡᠭᠡ ᠲᠣᠰᠬᠤᠨ ᠤ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠳᠤ ᠣᠷᠣᠯᠴᠠᠭᠤᠯᠪᠠᠯ᠂ ᠡᠯ᠎ᠡ ᠲᠣᠰᠬᠤᠨ ᠤ ᠴᠡᠪᠡᠷᠯᠡᠭᠴᠢ ᠶᠢᠨ ᠬᠥᠮᠦᠨ ᠬᠦᠷᠦᠯᠴᠡᠬᠦ ᠥᠬᠡᠶ ᠪᠠᠶᠢᠬᠤ ᠠᠰᠠᠭᠤᠳᠠᠯ ᠢ ᠪᠦᠲᠦᠮᠵᠢᠲᠡᠶ ᠨᠠᠮᠳᠠᠭᠤᠯᠤᠭᠰᠠᠨ ᠢᠶᠠᠷ ᠪᠠᠷᠠᠬᠤ ᠥᠬᠡᠶ᠂ ᠪᠠᠰᠠ ᠦᠨᠳᠦᠰᠦᠨ ᠱᠠᠲᠤᠨ ᠤ ᠵᠠᠰᠠᠯᠲᠠ ᠶᠢᠨ ᠴᠢᠳᠠᠪᠤᠷᠢ ᠶᠢ ᠳᠡᠭᠡᠭᠰᠢᠯᠡᠭᠦᠯᠦᠨ ᠰᠠᠶᠢᠵᠢᠷᠠᠭᠤᠯᠵᠤ᠂ ᠰᠠᠶᠢᠨ ᠰᠠᠶᠢᠬᠠᠨ ᠠᠵᠤ ᠠᠬᠤᠶ ᠶᠢᠨ ᠦᠷ᠎ᠡ ᠠᠰᠢᠭ ᠪᠠ ᠨᠡᠶᠢᠭᠡᠮ ᠤᠨ ᠦᠷ᠎ᠡ ᠠᠰᠢᠭ ᠢ ᠳᠣᠪᠤᠶᠢᠯᠭᠠᠭᠰᠠᠨ ᠪᠠᠶᠢᠨ᠎ᠠ᠃     ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠭᠦᠨᠵᠡᠭᠡᠶᠢᠷᠡᠨ ᠠᠬᠢᠬᠤ ᠶᠢ ᠳᠠᠭᠠᠯᠳᠤᠨ᠂ ᠸᠠᠩ ᠤᠨ ᠤᠷᠳᠤᠨ ᠪᠠᠯᠭᠠᠰᠤᠨ ᠤ ᠬᠢᠨ ᠬᠥᠳᠡᠯᠮᠦᠷᠢ ᠶᠢᠨ ᠬᠦᠴᠦᠨ ᠢᠶᠠᠷ ᠪᠠᠭᠤᠷᠠᠶ ᠶᠠᠳᠠᠭᠤ ᠠᠴᠠ ᠠᠩᠭᠢᠵᠢᠷᠠᠭᠰᠠᠨ ᠡᠷᠦᠬᠡ ᠶᠢᠨ ᠠᠵᠢᠯ ᠤᠯᠬᠤ ᠳᠤ ᠬᠦᠴᠢᠷᠲᠡᠶ᠂ ᠳᠠᠬᠢᠨ ᠶᠠᠳᠠᠭᠤᠷᠠᠬᠤ ᠳᠤ ᠬᠢᠯᠪᠠᠷ ᠪᠠᠶᠢᠬᠤ ᠡᠨᠡ ᠬᠦ ᠳᠤᠲᠠᠭᠤᠳᠠᠯ ᠪᠠ ᠪᠠᠭᠤᠷᠠᠶ ᠲᠠᠯ᠎ᠠ ᠶᠢ ᠴᠢᠩᠭ᠎ᠠ ᠠᠩᠬᠠᠷᠴᠤ᠂ ︽ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ + ᠠᠵᠢᠯ ᠣᠯᠭᠤᠯᠲᠠ ᠪᠠᠷ ᠶᠠᠳᠠᠭᠤ ᠶᠢ ᠲᠡᠳᠬᠦᠬᠦ︾ ᠠᠷᠭ᠎ᠠ ᠬᠡᠮᠵᠢᠶ᠎ᠡ ᠶᠢ ᠬᠡᠷᠡᠭᠵᠢᠭᠦᠯᠵᠦ᠂ ᠶᠠᠳᠠᠭᠤ ᠠᠴᠠ ᠠᠩᠭᠢᠵᠢᠷᠠᠭᠤᠯᠬᠤ ᠦᠷ᠎ᠡ ᠪᠦᠲᠦᠮᠵᠢ ᠶᠢ ᠪᠠᠬᠢᠵᠢᠭᠦᠯᠦᠨ ᠳᠡᠭᠡᠭᠰᠢᠯᠡᠭᠦᠯᠵᠦ᠂ ᠲᠡᠳᠡᠨ ᠢ ᠬᠡᠷ ᠤᠨ ᠡᠭᠦᠳᠡᠨ ᠳᠤᠨᠢ ᠠᠵᠢᠯ ᠣᠯᠭᠤᠬᠤ ᠶᠢᠨ ᠬᠠᠮᠲᠤ᠂ ᠲᠣᠰᠬᠤᠨ ᠤ ᠳᠦᠷᠰᠦ ᠪᠠᠶᠢᠳᠠᠯ ᠢ ᠳᠡᠭᠡᠭᠰᠢᠯᠡᠭᠦᠯᠬᠦ ᠪᠠ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠰᠠᠶᠢᠵᠢᠷᠠᠭᠤᠯᠬᠤ ᠶᠢ ᠳᠠᠶᠢᠴᠢᠯᠠᠵᠤ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠶ ᠵᠣᠯᠭᠠᠭᠤᠯᠬᠤ ᠶᠢ ᠴᠢᠷᠮᠠᠶᠢᠨ ᠪᠡᠶᠡᠯᠡᠭᠦᠯᠦᠨ᠎ᠡ᠃
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号