ᠬᠠᠷᠠᠴᠢᠨ ᠬᠤᠰᠢᠭᠤᠨ ᠤ ᠬᠠᠮᠢᠶ᠎ᠠ ᠪᠥᠬᠦᠶ ᠰᠠᠯᠠᠭ᠎ᠠ ᠮᠥᠴᠢᠷ᠄ ᠴᠠᠰᠤ ᠶᠢ ᠴᠡᠪᠡᠷᠯᠡᠵᠤ ᠮᠥᠰᠥ ᠶᠢ ᠠᠷᠢᠯᠭᠠᠨ ᠰᠠᠭᠠᠳ ᠥᠬᠡᠶ ᠨᠡᠪᠲᠡᠷᠡᠬᠦ ᠶᠢ ᠪᠠᠲᠤᠯᠠᠨ᠎ᠠ
ᠨᠡᠶᠢᠲᠡᠯᠡᠭᠰᠡᠨ ᠴᠠᠭ᠄
2021/11/9
ᠬᠠᠷᠠᠴᠢᠨ ᠬᠤᠰᠢᠭᠤᠨ ᠤ ᠬᠠᠮᠢᠶ᠎ᠠ ᠪᠥᠬᠦᠶ ᠰᠠᠯᠠᠭ᠎ᠠ ᠮᠥᠴᠢᠷ᠄ ᠴᠠᠰᠤ ᠶᠢ ᠴᠡᠪᠡᠷᠯᠡᠵᠤ ᠮᠥᠰᠥ ᠶᠢ ᠠᠷᠢᠯᠭᠠᠨ ᠰᠠᠭᠠᠳ ᠥᠬᠡᠶ ᠨᠡᠪᠲᠡᠷᠡᠬᠦ ᠶᠢ ᠪᠠᠲᠤᠯᠠᠨ᠎ᠠ     ᠬᠦᠶᠲᠡᠨ ᠠᠭᠤᠷ ᠠᠮᠢᠰᠬᠤᠯ ᠤᠨ ᠨᠥᠯᠥᠭᠡ ᠪᠠᠷ᠂ 11 ᠰᠠᠷ᠎ᠠ ᠶᠢᠨ 6 ᠤ ᠡᠳᠦᠷ ᠠᠴᠠ 9 ᠤ ᠡᠳᠦᠷ ᠪᠣᠯᠲᠠᠯ᠎ᠠ ᠂ ᠮᠠᠨ ᠤ ᠬᠤᠲᠠ ᠳᠤ ᠶᠡᠭᠡ ᠴᠠᠰᠤ ᠣᠷᠣᠵᠤ᠂ ᠶᠡᠭᠡ ᠰᠠᠯᠬᠢ ᠰᠠᠯᠬᠢᠯᠠᠵᠤ᠂ ᠬᠠᠷᠠᠴᠢᠨ ᠬᠤᠰᠢᠭᠤᠨ ᠤ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠢᠨ ᠮᠠᠰᠢ ᠲᠦᠷᠭᠡᠨ ᠢᠶᠠᠷ ᠬᠥᠳᠡᠯᠦᠯᠴᠡᠨ᠂ ᠣᠯᠠᠨ ᠵᠦᠶᠯ ᠤᠨ ᠠᠷᠭ᠎ᠠ ᠬᠡᠮᠵᠢᠶ᠎ᠡ ᠠᠪᠴᠤ ᠪᠠᠶᠢᠭᠠᠳ ᠴᠠᠰᠤ ᠶᠢ ᠠᠷᠢᠯᠭᠠᠨ ᠰᠠᠭᠠᠳ ᠥᠬᠡᠶ ᠨᠡᠪᠲᠡᠷᠡᠬᠦ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠣᠯᠠᠨ ᠲᠦᠮᠡᠨ ᠤ ᠠᠮᠤᠷ ᠲᠦᠪᠰᠢᠨ ᠢᠶᠠᠷ ᠭᠠᠳᠠᠭᠰᠢ ᠭᠠᠷᠬᠤ ᠳᠤ ᠦᠶᠯᠡᠴᠢᠯᠡᠭᠰᠡᠨ ᠪᠠᠶᠢᠨ᠎ᠠ᠃     ᠠᠵᠤ ᠠᠬᠤᠶ ᠶᠢᠨ ᠨᠡᠭᠡᠭᠡᠯᠲᠡ ᠶᠢᠨ ᠲᠣᠭᠤᠷᠢᠭ ᠠᠴᠠ ᠪᠠᠴᠢᠮ ᠲᠥᠰᠦᠯ ᠢ ᠡᠬᠢᠯᠡᠨ ᠬᠡᠷᠡᠭᠵᠢᠭᠦᠯᠵᠦ᠂ ᠵᠠᠮ ᠨᠡᠪᠲᠡᠷᠡᠯᠭᠡ ᠶᠢᠨ ᠰᠠᠭᠠᠳ ᠥᠬᠡᠶ ᠨᠡᠪᠲᠡᠷᠡᠬᠦ ᠶᠢ ᠪᠠᠲᠤᠯᠠᠵᠠᠢ᠃ ᠡᠨᠡ ᠤᠳᠠᠭᠠᠨ ᠤ ᠶᠡᠭᠡ ᠴᠠᠰᠤ ᠤᠷᠤᠭᠰᠠᠨ ᠠᠭᠤᠷ ᠠᠮᠢᠰᠬᠤᠯ ᠢ ᠠᠷᠭᠠᠴᠠᠬᠤ ᠶᠢᠨ ᠲᠥᠯᠥᠭᠡ᠂ ᠬᠠᠷᠠᠴᠢᠨ ᠬᠤᠰᠢᠭᠤᠨ ᠤ ᠠᠵᠤ ᠠᠬᠤᠶ ᠶᠢᠨ ᠨᠡᠭᠡᠭᠡᠯᠲᠡ ᠶᠢᠨ ᠲᠣᠭᠤᠷᠢᠭ ᠪᠠᠴᠢᠮ ᠪᠠᠶᠢᠳᠠᠯ ᠢ ᠠᠷᠭᠠᠴᠠᠬᠤ ᠲᠥᠰᠦᠯ ᠢ ᠴᠠᠭ ᠲᠤᠬᠠᠶ ᠳᠤᠨᠢ ᠬᠡᠷᠡᠭᠵᠢᠭᠦᠯᠵᠦ᠂ ᠤᠯᠠᠭᠠᠨᠬᠠᠳᠠ ᠶᠢᠨ ᠵᠢᠩ ᠬᠤᠸᠠᠨ ᠺᠣᠮᠫᠠᠨᠢ ᠲᠠᠢ ᠬᠠᠮᠵᠢᠯᠴᠠᠨ ᠬᠤᠷᠠᠭᠰᠠᠨ ᠴᠠᠰᠤ ᠶᠢ ᠴᠠᠭ ᠲᠤᠬᠠᠢ ᠳᠤᠨᠢ ᠴᠡᠪᠡᠷᠯᠡᠨ ᠵᠠᠮ ᠬᠠᠷᠢᠯᠴᠠᠭᠠᠨ  ᠤ ᠰᠠᠭᠠᠳ ᠦᠭᠡᠢ ᠨᠡᠪᠲᠡᠷᠡᠬᠦ ᠶᠢ ᠪᠠᠳᠤᠯᠠᠵᠠᠢ᠃     ᠵᠠᠮ ᠲᠡᠭᠡᠭᠡᠪᠦᠷᠢ ᠶᠢᠨ ᠲᠣᠪᠴᠢᠶ᠎ᠠ ᠴᠠᠰᠤ ᠶᠢ ᠴᠡᠪᠡᠷᠯᠡᠵᠦ ᠮᠥᠰᠥ ᠶᠢ ᠠᠷᠢᠯᠭᠠᠨ᠂ ᠬᠥᠮᠦᠨ ᠮᠠᠰᠢᠨ ᠮᠧᠬᠠᠨᠢᠭ ᠢ ᠨᠥᠭᠡᠴᠡᠯᠡᠨ᠎ᠡ᠃ ᠬᠦᠢᠲᠡᠨ ᠴᠠᠰᠤ ᠲᠠᠢ ᠠᠭᠤᠷ ᠠᠮᠢᠰᠬᠤᠯ ᠳᠤ᠂ ᠵᠠᠮ ᠳᠡᠭᠡᠷ᠎ᠡ ᠠᠮᠠᠷᠬᠠᠨ ᠴᠠᠰᠤ ᠬᠤᠷᠠᠵᠤ ᠮᠥᠰᠥ ᠬᠥᠯᠳᠡᠵᠦ᠂ ᠵᠠᠮ ᠬᠠᠷᠢᠯᠴᠠᠭᠠᠨ ᠤ ᠠᠳᠡᠯ ᠠᠮᠠᠷᠬᠠᠨ ᠭᠠᠷᠳᠠᠭ ᠪᠣᠯᠬᠤᠷ ᠬᠠᠷᠠᠴᠢᠨ ᠬᠤᠰᠢᠭᠤᠨ ᠤ ᠵᠠᠮ ᠲᠡᠭᠡᠭᠡᠪᠦᠷᠢ ᠶᠢᠨ ᠲᠣᠪᠴᠢᠶ᠎ᠠ ᠴᠠᠰᠤ ᠠᠷᠢᠯᠭᠠᠬᠤ ᠮᠠᠰᠢᠨ ᠮᠧᠬᠠᠨᠢᠭ᠂ ᠪᠠᠲᠤᠯᠠᠭ᠎ᠠ ᠶᠢᠨ ᠲᠡᠷᠭᠡ ᠬᠥᠰᠬᠡ᠂ ᠪᠠᠴᠢᠮ ᠪᠠᠶᠢᠳᠠᠯ ᠢ ᠠᠷᠭᠠᠴᠠᠬᠤ ᠪᠠᠲᠤᠯᠠᠭ᠎ᠠ ᠶᠢᠨ ᠠᠵᠢᠯᠲᠠᠨ᠂ ᠴᠠᠰᠤ ᠬᠠᠶᠢᠯᠠᠭᠤᠯᠬᠤ ᠡᠳ᠋ ᠢ ᠢᠳᠡᠪᠬᠢᠲᠡᠶ ᠪᠠᠷ ᠨᠥᠭᠡᠴᠡᠯᠡᠵᠦ᠂ ᠬᠡᠵᠢᠶ᠎ᠡ ᠴᠦ ᠭᠡᠰᠡᠨ ᠰᠢᠯᠵᠢᠭᠦᠯᠦᠨ ᠬᠡᠷᠡᠭᠯᠡᠬᠦ ᠶᠢ ᠪᠠᠲᠤᠯᠠᠵᠤ᠂ ᠰᠠᠭᠤᠭᠠᠯᠢ ᠠᠷᠠᠳ ᠤᠨ ᠡᠳᠦᠷ ᠲᠤᠲᠤᠮ ᠤᠨ ᠶᠠᠪᠤᠵᠤ ᠰᠠᠭᠤᠬᠤ ᠶᠢ ᠨᠥᠯᠥᠭᠡᠯᠡᠬᠦ ᠦᠭᠡᠶ ᠪᠠᠶᠢᠬᠤ ᠶᠢ ᠪᠠᠲᠤᠯᠠᠵᠠᠢ᠃     ᠬᠤᠳᠠ ᠶᠢᠨ ᠬᠠᠮᠢᠶᠠᠷᠤᠯᠲᠠ ᠶᠢᠨ ᠲᠣᠪᠴᠢᠶ᠎ᠠ ᠢᠳᠡᠪᠬᠢᠲᠡᠶ ᠠᠵᠢᠯᠯᠠᠵᠤ᠂ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠴᠢᠳ ᠬᠤᠳᠠ ᠶᠢᠨ ᠲᠣᠭᠤᠷᠢᠭ ᠢ ᠴᠡᠪᠡᠷᠯᠡᠪᠡ᠃ ᠵᠠᠮ ᠬᠠᠷᠢᠯᠴᠠᠭ᠎ᠠ ᠶᠢ ᠰᠠᠭᠠᠳ ᠥᠬᠡᠶ ᠨᠡᠪᠲᠡᠷᠡᠭᠦᠯᠵᠦ᠂ ᠵᠠᠮ ᠳᠡᠭᠡᠷ᠎ᠡ ᠬᠤᠷᠠᠭᠰᠠᠨ ᠴᠠᠰᠤ ᠶᠢ ᠴᠠᠭ ᠲᠤᠬᠠᠶ ᠳᠤᠨᠢ ᠴᠡᠪᠡᠷᠯᠡᠨ ᠠᠷᠢᠯᠭᠠᠵᠤ᠂ ᠣᠯᠠᠨ ᠲᠦᠮᠡᠨ ᠤ ᠶᠠᠪᠤᠵᠤ ᠰᠠᠭᠤᠬᠤ ᠠᠮᠤᠷ ᠲᠦᠪᠰᠢᠨ ᠢ ᠪᠦᠲᠦᠮᠵᠢᠲᠡᠶ ᠪᠠᠲᠤᠯᠠᠬᠤ ᠶᠢᠨ ᠲᠥᠯᠥᠭᠡ᠂ 7 ᠤ ᠡᠳᠦᠷ ᠤᠨ ᠦᠳᠡ ᠶᠢᠨ ᠡᠮᠦᠨ᠎ᠡ ᠬᠠᠷᠠᠴᠢᠨ ᠬᠤᠰᠢᠭᠤᠨ ᠤ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠴᠠᠰᠤ ᠠᠷᠢᠯᠭᠠᠬᠤ ᠠᠵᠢᠯ ᠢ ᠬᠦᠴᠦᠲᠡᠶ ᠪᠥᠭᠡᠳ ᠡᠮᠬᠢ ᠵᠢᠷᠤᠮ ᠲᠠᠢ ᠪᠠᠷ ᠥᠷᠨᠢᠭᠦᠯᠪᠡ᠃ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠠᠵᠢᠯᠴᠢᠳ ᠢ ᠵᠣᠬᠢᠶᠠᠨ ᠪᠠᠶᠢᠭᠤᠯᠵᠤ᠂ ᠴᠠᠰᠤ ᠠᠷᠢᠯᠭᠠᠬᠤ ᠠᠵᠢᠯ ᠳᠤ ᠪᠥᠬᠦ ᠬᠦᠴᠦᠨ ᠢᠶᠠᠷ ᠢᠶᠠᠨ ᠣᠷᠣᠯᠴᠠᠭᠤᠯᠵᠤ᠂ ᠮᠥᠰᠥ ᠴᠠᠰᠤᠨ ᠤ ᠴᠠᠭ ᠠᠭᠤᠷ ᠤᠨ ᠵᠠᠮ ᠬᠠᠷᠢᠯᠴᠠᠭ᠎ᠠ ᠳᠤ ᠦᠵᠡᠭᠦᠯᠬᠦ ᠨᠥᠯᠥᠭᠡ ᠶᠢ ᠬᠠᠮᠤᠭ ᠤᠨ ᠳᠤᠤᠷ᠎ᠠ ᠬᠡᠮᠵᠢᠶᠡᠨ ᠳᠤ ᠬᠦᠷᠲᠡᠯ᠎ᠡ ᠪᠠᠭᠤᠷᠠᠭᠤᠯᠵᠤ᠂ ᠬᠤᠲᠠ ᠶᠢᠨ ᠠᠷᠠᠳ ᠤᠨ ᠠᠮᠤᠷ ᠲᠦᠪᠰᠢᠨ ᠢᠶᠠᠷ ᠶᠠᠪᠤᠵᠤ ᠰᠠᠭᠤᠬᠤ ᠳᠤ ᠰᠠᠶᠢᠨ ᠰᠠᠶᠢᠬᠠᠨ ᠣᠷᠴᠢᠨ ᠲᠣᠭᠤᠷᠢᠨ ᠢ ᠪᠣᠶ ᠪᠣᠯᠭᠠᠵᠤ ᠥᠭᠭᠦᠨ᠎ᠡ᠃
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号