ᠬᠠᠷᠠᠴᠢᠨ ᠬᠤᠰᠢᠭᠤᠨ ᠤ ᠠᠷᠠᠯᠵᠢᠶᠠᠴᠢᠨ ᠤᠷᠢᠵᠤ ᠪᠠᠯᠠ ᠣᠷᠣᠭᠤᠯᠬᠤ ᠵᠢᠴᠢ ᠭᠤᠤᠯᠳᠠᠯᠭ᠎ᠠ ᠲᠠᠢ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢᠨ ᠶᠡᠭᠡ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2021/12/17
ᠬᠠᠷᠠᠴᠢᠨ ᠬᠤᠰᠢᠭᠤᠨ ᠤ ᠠᠷᠠᠯᠵᠢᠶᠠᠴᠢᠨ ᠤᠷᠢᠵᠤ ᠪᠠᠯᠠ ᠣᠷᠣᠭᠤᠯᠬᠤ ᠵᠢᠴᠢ ᠭᠤᠤᠯᠳᠠᠯᠭ᠎ᠠ ᠲᠠᠢ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢᠨ ᠶᠡᠭᠡ ᠬᠤᠷᠠᠯ ᠬᠤᠷᠠᠯᠳᠤᠪᠠ     ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭ᠎ᠠ᠂ ᠤᠯᠠᠭᠠᠨᠬᠠᠳᠠ ᠬᠤᠲᠠ ᠶᠢᠨ ᠨᠠᠶᠮᠠᠳᠤᠭᠠᠷ ᠤᠳᠠᠭ᠎ᠠ ᠪᠠ ᠬᠤᠰᠢᠭᠤᠨ ᠤ ᠨᠠᠮ ᠤᠨ ᠬᠤᠷᠢᠶ᠎ᠠ ᠶᠢᠨ ᠠᠷᠪᠠᠨ ᠵᠢᠷᠭᠤᠳᠤᠭᠠᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ 12 ᠰᠠᠷ᠎ᠠ ᠶᠢᠨ 16 ᠤ ᠡᠳᠦᠷ ᠤᠨ ᠦᠳᠡ ᠶᠢᠨ ᠡᠮᠦᠨ᠎ᠡ᠂ ᠬᠠᠷᠠᠴᠢᠨ ᠬᠤᠰᠢᠭᠤᠨ ᠤ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠵᠢᠴᠢ ᠭᠤᠸ᠋ᠯᠳᠠᠯᠭ᠎ᠠ ᠲᠠᠢ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢᠨ ᠶᠡᠭᠡ ᠬᠤᠷᠠᠯ ᠬᠤᠷᠠᠯᠳᠤᠪᠠ᠃     ᠬᠤᠰᠢᠭᠤᠨ ᠤ ᠨᠠᠮ ᠤᠨ ᠬᠤᠷᠢᠶᠠᠨ ᠤ ᠱᠦᠵᠢ ᠹᠠᠩ ᠷᠦᠢ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠣᠷᠣᠯᠠᠭᠴᠢ ᠬᠤᠰᠢᠭᠤᠨ ᠳᠠᠷᠤᠭ᠎ᠠ ᠵᠣᠣ ᠶᠠᠨ ᠬᠤᠩ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠮᠠ ᠵᠢᠩ ᠬᠤᠸᠠ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠵᠠᠩ ᠬᠤᠸᠠ ᠵᠡᠷᠭᠡ ᠬᠡᠷ ᠲᠡᠭᠡᠨ ᠪᠠᠶᠢᠭ᠎ᠠ ᠬᠤᠰᠢᠭᠤᠨ ᠤ ᠲᠠᠰ ᠤᠨ ᠤᠳᠤᠷᠢᠳᠤᠯᠭ᠎ᠠ ᠬᠤᠷᠠᠯ ᠳᠤ ᠣᠷᠣᠯᠴᠠᠵᠠᠶ᠃ᠹᠠᠩ ᠷᠦᠢ ᠱᠠᠭᠠᠷᠳᠠᠭᠰᠠᠨ ᠨᠢ᠂ ᠪᠠᠶᠢᠳᠠᠯ ᠢ ᠲᠣᠳᠣᠷᠬᠠᠶ ᠲᠠᠨᠢᠵᠤ᠂ ᠦᠵᠡᠯ ᠰᠠᠨᠠᠭ᠎ᠠ ᠪᠠᠨ ᠨᠢᠭᠡᠳᠬᠡᠨ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠪᠠ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢᠨ ᠬᠠᠷᠢᠭᠤᠴᠠᠯᠭᠠᠲᠤ ᠰᠡᠳᠬᠢᠯᠭᠡ ᠪᠠᠨ ᠦᠨᠡᠨ ᠬᠦ ᠴᠢᠩᠭᠠᠳᠬᠠᠬᠤ ᠬᠡᠷᠡᠭᠲᠡᠶ᠃ ᠲᠥᠪ ᠤᠨ ᠪᠠ ᠳᠡᠭᠡᠳᠦ ᠱᠠᠲᠤᠨ ᠤ ᠨᠠᠮ ᠤᠨ ᠬᠤᠷᠢᠶ᠎ᠠ ᠶᠢᠨ ᠵᠣᠷᠢᠭ ᠰᠠᠨᠠᠭ᠎ᠠ ᠶᠢ ᠭᠦᠨᠵᠡᠭᠡᠢ ᠣᠶᠢᠯᠠᠭᠠᠵᠤ᠂ ᠵᠠᠷᠯᠢᠭ ᠢ ᠰᠣᠨᠣᠰᠤᠮᠠᠭᠴᠠ ᠬᠥᠳᠡᠯᠦᠯᠴᠡᠵᠦ᠂ ᠤᠯᠤᠰ ᠲᠦᠷᠦ ᠶᠢᠨ ᠤᠬᠠᠮᠰᠠᠷ᠂ ᠦᠵᠡᠯ ᠰᠠᠨᠠᠭᠠᠨ ᠤ ᠤᠬᠠᠮᠰᠠᠷ ᠪᠠ ᠦᠢᠯᠡ ᠠᠵᠢᠯᠯᠠᠭ᠎ᠠ ᠶᠢᠨ ᠤᠬᠠᠮᠰᠠᠷ ᠢᠶᠠᠨ ᠦᠨᠡᠨᠬᠦ ᠴᠢᠩᠭᠠᠳᠬᠠᠵᠤ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ᠃ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠪᠠ ᠲᠦᠷᠦᠯ ᠵᠦᠢᠯᠡᠰ ᠤᠨ ᠪᠦᠳᠦᠭᠡᠨ ᠪᠠᠶᠢᠭᠤᠯᠤᠯᠲᠠ ᠮᠥᠨ ᠯᠡ ᠬᠦᠨᠳᠦ ᠬᠡᠴᠡᠭᠦᠦ ᠪᠠᠶᠢᠳᠠᠯ ᠳᠤ ᠲᠤᠯᠭᠠᠷᠠᠵᠤ ᠪᠠᠶᠢᠬᠤ ᠶᠢ ᠪᠤᠰᠤᠳᠴᠢ ᠪᠠᠷ ᠲᠠᠨᠢᠬᠤ ᠬᠡᠷᠡᠭᠲᠡᠶ᠃     ᠹᠠᠩ ᠷᠦᠢ ᠴᠢᠬᠤᠯᠠᠴᠢᠯᠠᠬᠤ ᠳᠠᠭᠠᠨ᠂ ᠭᠤᠤᠯᠳᠠᠯᠭ᠎ᠠ ᠶᠢ ᠳᠣᠪᠤᠶᠢᠯᠭᠠᠨ᠂ ᠵᠠᠩᠭᠢᠯᠠᠭ᠎ᠠ ᠶᠢ ᠠᠳᠬᠤᠵᠤ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠪᠠ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠳᠤ ᠰᠢᠨ᠎ᠡ ᠰᠢᠪᠲᠤᠯᠤᠯᠲᠠ ᠲᠠᠢ ᠪᠣᠯᠬᠤ ᠶᠢ ᠪᠥᠬᠦ ᠬᠦᠴᠦᠨ ᠢᠶᠠᠷ ᠢᠶᠠᠨ ᠳᠥᠯᠭᠢᠨ ᠠᠬᠢᠭᠤᠯᠬᠤ ᠬᠡᠷᠡᠭᠲᠡᠶ ᠭᠡᠵᠡᠶ᠃ ᠰᠢᠨ᠎ᠡ ᠬᠥᠭᠵᠢᠯᠲᠡ ᠶᠢᠨ ᠤᠢᠢᠯᠠᠭᠠᠭᠳᠠᠬᠤᠨ ᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢᠨ ᠰᠠᠭᠤᠷᠢ ᠨᠢ ᠠᠵᠤ ᠦᠢᠯᠡᠰ ᠲᠤ ᠪᠤᠢ᠂ ᠵᠠᠩᠭᠢᠯᠠᠭ᠎ᠠ ᠨᠢ ᠲᠦᠷᠦᠯ ᠵᠦᠢᠯ ᠳᠤ ᠲᠦᠰᠢᠭᠯᠡᠵᠦ᠂ ᠰᠢᠪᠲᠤᠯᠤᠯᠲᠠ ᠨᠢ ᠠᠷᠠᠯᠵᠢᠶᠠᠴᠢᠨ ᠤᠷᠢᠬᠤ ᠳᠤ ᠪᠤᠢ᠃ ᠡᠷᠬᠡᠪᠰᠢ ᠢᠲᠡᠭᠡᠯ ᠵᠣᠷᠢᠭ ᠢᠶᠠᠨ ᠪᠠᠲᠤᠳᠬᠠᠵᠤ᠂ ᠣᠲᠣ ᠶᠢᠨ ᠪᠠᠶᠢᠭ᠎ᠠ ᠠᠵᠤ ᠦᠶᠯᠡᠰ ᠤᠨ ᠰᠠᠭᠤᠷᠢ ᠪᠠ ᠡᠬᠢ ᠪᠠᠶᠠᠯᠢᠭ ᠤᠨ ᠳᠠᠪᠠᠭᠤᠯᠢᠭ ᠲᠠᠭᠠᠨ ᠰᠠᠭᠤᠷᠢᠯᠠᠨ᠂ ︽ᠠᠵᠤ ᠦᠶᠯᠡᠰ ᠢ ᠠᠳᠬᠤᠬᠤ᠂ ᠲᠠᠪᠴᠠᠩ ᠪᠠᠶᠢᠭᠤᠯᠬᠤ᠂ ᠪᠠᠯᠠ ᠣᠷᠣᠭᠤᠯᠤᠯᠲᠠ ᠶᠢ ᠠᠬᠢᠭᠤᠯᠬᠤ᠂ ᠣᠷᠴᠢᠨ ᠲᠣᠭᠤᠷᠢᠨ ᠢ ᠰᠢᠯᠢᠳᠡᠭᠵᠢᠭᠦᠯᠬᠦ︾ ᠳᠥᠷᠪᠡᠨ ᠠᠵᠢᠯ ᠢ ᠰᠠᠶᠢᠲᠤᠷ ᠬᠢᠬᠦ ᠶᠢᠨ ᠲᠣᠭᠤᠷᠢᠨ ᠳᠤ᠂ ︽ᠭᠤᠤᠯᠯᠠᠬᠤ ᠠᠵᠤ ᠦᠶᠯᠡᠰ᠂ ᠲᠠᠪᠴᠠᠩ ᠤᠨ ᠠᠴᠢᠶᠠᠯᠠᠪᠤᠷᠢ᠂ ᠬᠠᠷᠠᠭᠠᠯᠵᠠᠯ ᠤᠨ ᠲᠥᠷᠥ ᠶᠢᠨ ᠪᠣᠳᠣᠯᠭ᠎ᠠ᠂ ᠪᠠᠯᠠ ᠮᠥᠩᠭᠦ ᠶᠢᠨ ᠪᠠᠲᠤᠯᠠᠭ᠎ᠠ᠂ ᠬᠤᠳᠠᠯᠳᠤᠭᠠᠴᠢᠨ ᠤᠷᠢᠬᠤ ᠡᠩᠨᠡᠭᠡ᠂ ᠭᠤᠤᠯ ᠰᠢᠪᠲᠤᠯᠤᠯᠲᠠ ᠶᠢᠨ ᠴᠢᠭᠯᠡᠯ᠂ ᠬᠤᠳᠠᠯᠳᠤᠭᠠᠴᠢᠨ ᠤᠷᠢᠬᠤ ᠠᠷᠭ᠎ᠠ ᠮᠠᠶ᠋ᠢᠭ᠂ ᠣᠷᠴᠢᠨ ᠲᠣᠭᠤᠷᠢᠨ ᠢ ᠰᠢᠯᠢᠳᠡᠭᠵᠢᠭᠦᠯᠬᠦ︾ ᠨᠠᠶᠮᠠᠨ ᠭᠤᠤᠯᠳᠠᠯᠭ᠎ᠠ ᠶᠢ ᠲᠣᠪᠤᠶᠢᠮ᠎ᠠ ᠰᠠᠶᠢᠲᠤᠷ ᠠᠳᠬᠤᠵᠤ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠪᠠ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢᠨ ᠠᠵᠢᠯ ᠤᠨ ᠰᠢᠨ᠎ᠡ ᠠᠬᠢᠴᠠ᠂ ᠰᠢᠨ᠎ᠡ ᠰᠢᠪᠲᠤᠯᠤᠯᠲᠠ ᠲᠠᠢ ᠪᠣᠯᠬᠤ ᠶᠢ ᠯᠠᠪᠳᠠᠭᠤᠨ ᠢᠶᠠᠷ ᠠᠬᠢᠭᠤᠯᠤᠨ᠎ᠠ᠃     ᠹᠠᠩ ᠷᠦᠢ ᠵᠢᠭᠠᠵᠤ ᠭᠠᠷᠭᠠᠭᠰᠠᠨ ᠨᠢ᠂ ᠠᠷᠠᠯᠵᠢᠶᠠᠴᠢᠨ ᠤᠷᠢᠵᠤ ᠪᠠᠯᠠ ᠣᠷᠣᠭᠤᠯᠬᠤ ᠶᠢ ᠪᠥᠬᠦ ᠬᠦᠴᠦᠨ ᠢᠶᠠᠷ ᠢᠶᠠᠨ ᠥᠷᠨᠢᠭᠦᠯᠵᠦ᠂  ᠭᠤᠤᠯ ᠰᠢᠪᠲᠤᠯᠤᠯᠲᠠ ᠶᠢᠨ ᠴᠢᠭᠯᠡᠯ ᠢ ᠲᠣᠳᠣᠷᠬᠠᠶᠢᠯᠠᠨ᠂ ᠠᠷᠠᠯᠵᠢᠶᠠᠴᠢᠨ ᠤᠷᠢᠬᠤ ᠭᠤᠤᠯᠳᠠᠯᠭ᠎ᠠ ᠶᠢ ᠳᠣᠪᠤᠶᠢᠯᠭᠠᠵᠤ᠂ ᠠᠷᠠᠯᠵᠢᠶᠠᠴᠢᠨ ᠤᠷᠢᠬᠤ ᠠᠷᠭ᠎ᠠ ᠬᠡᠮᠵᠢᠶ᠎ᠡ ᠶᠢ ᠴᠢᠩᠭᠠᠷᠠᠭᠤᠯᠤᠨ᠂ ᠲᠥᠷᠥ ᠶᠢᠨ ᠪᠣᠳᠣᠯᠭ᠎ᠠ ᠶᠢᠨ ᠪᠠᠲᠤᠯᠠᠭ᠎ᠠ ᠶᠢ ᠴᠢᠩᠭᠠᠳᠬᠠᠵᠤ᠂ ᠠᠷᠠᠯᠵᠢᠶᠠᠴᠢᠨ ᠤᠷᠢᠬᠤ ᠪᠠᠷᠢᠮᠵᠢᠶ᠎ᠠ ᠶᠢ ᠳᠡᠭᠡᠭᠰᠢᠯᠡᠭᠦᠯᠬᠦ ᠬᠡᠷᠡᠭᠲᠡᠶ᠃ ᠲᠠᠪᠴᠠᠩ ᠤᠨ ᠠᠴᠢᠶᠠᠯᠠᠪᠤᠷᠢ ᠶᠢᠨ ᠪᠠᠶᠢᠭᠤᠯᠤᠯᠲᠠ ᠶᠢ ᠲᠦᠷᠭᠡᠳᠬᠡᠵᠦ᠂ ᠤᠤᠯ ᠤᠨ ᠪᠠᠶᠢᠭᠰᠠᠨ ᠰᠠᠭᠤᠷᠢᠨ ᠳᠡᠭᠡᠷ᠎ᠡ ︽ᠨᠢᠭᠡ ᠲᠠᠷᠢᠶᠠᠯᠠᠩ ᠬᠤᠶᠠᠷ ᠨᠡᠶᠢᠯᠡᠯ ᠭᠤᠷᠪᠠᠨ ᠠᠵᠤ ᠦᠶᠯᠡᠳᠪᠦᠷᠢ︾ ᠶᠢᠨ ᠲᠠᠪᠴᠠᠩ ᠢ ᠪᠠᠶᠢᠭᠤᠯᠵᠤ᠂ ᠬᠦᠷᠢᠶᠡᠯᠡᠩ ᠲᠣᠭᠤᠷᠢᠭ ᠢ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠭᠤᠤᠯ ᠲᠠᠪᠴᠠᠩ ᠤᠨ ᠠᠴᠢᠶᠠᠯᠠᠪᠤᠷᠢ ᠪᠣᠯᠭᠠᠨ ᠪᠠᠶᠢᠭᠤᠯᠵᠤ᠂ ᠲᠥᠪᠯᠡᠷᠡᠭᠦᠯᠦᠨ ᠡᠷᠴᠡᠮᠵᠢᠭᠦᠯᠵᠦ ᠬᠥᠭᠵᠢᠭᠦᠯᠬᠦ ᠶᠢ ᠠᠬᠢᠭᠤᠯᠬᠤ ᠬᠡᠷᠡᠭᠲᠡᠶ᠃ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠡᠷᠴᠢᠮ ᠢ ᠴᠢᠩᠭᠠᠷᠠᠭᠤᠯᠵᠤ᠂ ᠴᠢᠨᠠᠷ ᠰᠠᠶᠢᠲᠠᠢ ᠲᠦᠷᠦᠯ ᠵᠦᠢᠯ ᠤᠨ ᠨᠥᠭᠡᠴᠡ ᠶᠢ ᠴᠢᠩᠭᠠᠳᠬᠠᠵᠤ᠂ ᠲᠦᠷᠦᠯ ᠵᠦᠢᠯ ᠤᠨ ᠡᠮᠦᠨᠡᠬᠢ ᠬᠤᠭᠤᠴᠠᠭ᠎ᠠ ᠶᠢ ᠴᠢᠩᠭ᠎ᠠ ᠠᠳᠬᠤᠵᠤ᠂ ᠪᠡᠯᠡ ᠮᠥᠩᠭᠦ ᠤᠯᠬᠤ ᠡᠷᠴᠢᠮ ᠢᠶᠠᠨ ᠴᠢᠩᠭᠠᠷᠠᠭᠤᠯᠵᠤ᠂ ᠲᠦᠷᠦᠯ ᠵᠦᠢᠯ ᠢ ᠨᠢᠭᠡᠳᠦᠯᠲᠡᠢ ᠪᠣᠯᠭᠠᠬᠤ ᠠᠵᠢᠯ ᠢ ᠰᠢᠨᠵᠢᠯᠡᠬᠦ ᠤᠬᠠᠭᠠᠨᠴᠢ ᠪᠠᠷ ᠰᠠᠶᠢᠲᠤᠷ ᠬᠢᠬᠦ ᠬᠡᠷᠡᠭᠲᠡᠢ᠃ ᠡᠵᠡᠩᠨᠡᠯᠲᠡ ᠶᠢᠨ ᠣᠷᠴᠢᠨ ᠲᠣᠭᠤᠷᠢᠨ ᠢ ᠬᠦᠴᠦᠯᠡᠨ ᠰᠢᠯᠢᠳᠡᠭᠵᠢᠭᠦᠯᠵᠦ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠵᠠᠰᠠᠭ ᠤᠨ ᠶᠠᠪᠤᠳᠠᠯ ᠤᠨ ᠣᠷᠴᠢᠨ ᠲᠣᠭᠤᠷᠢᠨ ᠢ ᠰᠢᠯᠢᠳᠡᠭᠵᠢᠭᠦᠯᠵᠦ᠂ ᠬᠠᠤᠯᠢ ᠴᠠᠭᠠᠵᠠ ᠶᠢᠨ ᠪᠠᠲᠤᠯᠠᠭ᠎ᠠ ᠶᠢ ᠴᠢᠩᠭᠠᠳᠬᠠᠵᠤ᠂ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠬᠦ ᠬᠡᠷᠡᠭᠲᠡᠢ᠃      ᠵᠣᠣ ᠶᠠᠨ ᠬᠤᠩ ᠬᠤᠷᠠᠯ ᠡᠷᠭᠢᠯᠡᠭᠰᠡᠨ ᠪᠥᠭᠡᠳ ᠱᠠᠭᠠᠷᠳᠠᠭᠰᠠᠨ ᠨᠢ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠪᠠ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢ ᠦᠷᠭᠦᠯᠵᠢᠯᠡᠨ ᠥᠷᠨᠢᠭᠦᠯᠬᠦ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠶ ᠲᠠᠨᠢᠬᠤ ᠬᠡᠷᠡᠭᠲᠡᠶ᠃ ᠡᠷᠬᠡᠪᠰᠢ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠪᠠ ᠲᠦᠷᠦᠯ ᠵᠦᠢᠯᠡᠰ ᠤᠨ ᠡᠮᠦᠨᠡᠬᠢ ᠬᠤᠭᠤᠴᠠᠭᠠᠨ ᠤ ᠠᠵᠢᠯ ᠢ ᠦᠷᠭᠦᠯᠵᠢᠯᠡᠨ ᠰᠠᠶᠢᠲᠤᠷ ᠠᠳᠬᠤᠵᠤ᠂ ᠰᠢᠨ᠎ᠡ ᠨᠢᠭᠡᠨ ᠡᠭᠡᠯᠵᠢ ᠶᠢᠨ ᠤᠯᠤᠰ ᠤᠨ ᠲᠦᠷᠦ ᠶᠢᠨ ᠪᠤᠳᠤᠯᠭ᠎ᠠ ᠶᠢᠨ ᠠᠵᠠ ᠲᠣᠬᠢᠶᠠᠯ ᠤᠨ ᠳᠤᠮᠳᠠ ᠰᠠᠨᠠᠭᠠᠴᠢᠯᠠᠭᠠᠲᠤ ᠡᠷᠬᠡ ᠶᠢ ᠡᠵᠡᠮᠰᠢᠵᠦ᠂ ᠲᠡᠷᠢᠭᠦᠨ ᠲᠣᠬᠢᠶᠠᠯ ᠢ ᠤᠯᠬᠤ ᠪᠠᠷ ᠴᠢᠷᠮᠠᠶᠢᠬᠤ ᠬᠡᠷᠡᠭᠲᠡᠶ᠃ ᠡᠷᠬᠡᠪᠰᠢ ᠪᠠᠶᠢᠳᠠᠯ ᠢ ᠲᠣᠳᠣᠷᠬᠠᠶ ᠲᠠᠨᠢᠵᠤ᠂ ᠦᠵᠡᠯ ᠰᠠᠨᠠᠭ᠎ᠠ ᠪᠠᠨ ᠨᠢᠭᠡᠳᠬᠡᠨ᠂ ᠳᠠᠷᠤᠶ ᠲᠦᠷᠭᠡᠨ ᠬᠥᠳᠡᠯᠦᠯᠴᠡᠵᠦ᠂ ᠠᠵᠠ ᠲᠣᠬᠢᠶᠠᠯ ᠢ ᠠᠮᠵᠢᠨ᠂ ᠬᠦᠴᠦ ᠪᠠᠨ ᠨᠡᠮᠡᠭᠳᠡᠭᠦᠯᠦᠨ ᠡᠷᠡᠯᠬᠡᠭᠯᠡᠨ ᠤᠷᠤᠭᠰᠢᠯᠠᠵᠤ᠂ ᠢᠷᠡᠬᠦ ᠵᠢᠯ ᠤᠨ ᠠᠷᠠᠯᠵᠢᠶᠠᠴᠢᠨ ᠤᠷᠢᠵᠤ ᠪᠠᠯᠠ ᠣᠷᠣᠭᠤᠯᠬᠤ ᠪᠠ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢᠨ ᠠᠵᠢᠯ ᠶᠢ ᠲᠡᠷᠢᠭᠦᠯᠦᠨ ᠠᠮᠵᠢᠬᠤ ᠶᠢ ᠪᠠᠲᠤᠯᠠᠵᠤ᠂ ᠪᠥᠬᠦ ᠬᠤᠰᠢᠭᠤᠨ ᠤ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠬᠦᠴᠦᠲᠡᠶ ᠬᠥᠳᠡᠯᠭᠡᠬᠦ ᠬᠦᠴᠦᠨ ᠨᠡᠮᠡᠷᠢᠯᠡᠬᠦ ᠬᠡᠷᠡᠭᠲᠡᠶ᠃ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠪᠠ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠳᠠᠶᠢᠯᠠᠯᠳᠤᠭᠠᠨ ᠤ ᠢᠯᠠᠯᠲᠠ ᠶᠢ ᠵᠠᠪᠠᠯ ᠤᠯᠬᠤ ᠬᠡᠷᠡᠭᠲᠡᠢ᠃     ᠵᠣᠣ ᠶᠠᠨ ᠬᠤᠩ ᠴᠢᠬᠤᠯᠠᠴᠢᠯᠠᠭᠰᠠᠨ ᠨᠢ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠠᠷᠠᠯᠵᠢᠶᠠᠴᠢᠨ ᠤᠷᠢᠵᠤ ᠪᠠᠯᠠ ᠣᠷᠣᠭᠤᠯᠬᠤ ᠪᠠ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢᠨ ᠳᠠᠶᠢᠯᠠᠯᠳᠤᠭᠠᠨ ᠳᠤ ᠵᠠᠪᠠᠯ ᠢᠯᠠᠯᠲᠠ ᠣᠯᠵᠤ᠂ ᠪᠥᠬᠦ ᠬᠤᠰᠢᠭᠤᠨ ᠤ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠳᠤ ᠦᠵᠡᠭᠦᠯᠪᠡᠰᠦ ᠵᠣᠬᠢᠬᠤ ᠬᠤᠪᠢ ᠨᠡᠮᠡᠷᠢ ᠪᠠᠨ ᠦᠵᠡᠭᠦᠯᠬᠦ ᠬᠡᠷᠡᠭᠲᠡᠶ᠃    ᠬᠤᠷᠠᠯ ᠳᠡᠭᠡᠷ᠎ᠡ᠂ ᠬᠤᠰᠢᠭᠤᠨ ᠤ ᠨᠠᠮ ᠤᠨ ᠬᠤᠷᠢᠶᠠᠨ ᠤ ᠳᠠᠳ ᠱᠦᠵᠢ᠂ ᠤᠯᠤᠰ ᠳᠦᠷᠤ ᠶᠢᠨ ᠬᠠᠤᠯᠢ ᠴᠠᠭᠠᠵᠠ ᠶᠢᠨ ᠬᠤᠷᠢᠶᠠᠨ ᠤ ᠱᠦᠵᠢ ᠵᠠᠩ ᠶᠠᠨ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠡᠩᠨᠡᠭᠡ ᠶᠢᠨ ᠪᠠᠶᠢᠭᠤᠯᠤᠯᠲᠠ ᠶᠢᠨ ᠬᠤᠯᠪᠣᠭᠳᠠᠯ ᠪᠦᠭᠦᠢ ᠪᠢᠴᠢᠭ ᠮᠠᠲ᠋ᠧᠷᠢᠶᠠᠯ ᠳᠤ ᠲᠠᠶᠢᠯᠤᠮᠵᠢ ᠬᠢᠪᠠ︔ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠪᠠᠶᠢᠩᠭᠤ ᠶᠢᠨ ᠳᠡᠳ᠋ ᠳᠠᠷᠤᠭ᠎ᠠ ᠪᠠᠶ ᠯᠢᠩ ︽ᠬᠠᠷᠠᠴᠢᠨ ᠬᠤᠰᠢᠭᠤᠨ ᠤ ᠬᠤᠳᠠᠯᠳᠤᠭᠠᠴᠢᠨ ᠤᠷᠢᠵᠤ ᠪᠠᠯᠠ ᠲᠠᠲᠠᠬᠤ ᠠᠵᠢᠯ ᠤᠨ ᠵᠠᠷᠤᠳᠠᠯ ᠤᠨ ᠬᠠᠮᠢᠶᠠᠷᠤᠯᠲᠠ ᠶᠢᠨ ᠠᠷᠭ᠎ᠠ︾  ᠳᠤ ᠲᠠᠶᠢᠯᠤᠮᠵᠢ ᠬᠢᠪᠠ︔ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠳᠡᠳ᠋  ᠬᠤᠰᠢᠭᠤᠨ ᠳᠠᠷᠤᠭ᠎ᠠ ᠯᠢ ᠬᠦᠶ ᠹᠠᠩ ︽ᠬᠠᠷᠠᠴᠢᠨ ᠬᠤᠰᠢᠭᠤᠨ ᠤ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠪᠠ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢᠨ ᠬᠡᠷᠡᠭᠵᠢᠭᠦᠯᠬᠦ ᠲᠥᠰᠦᠯ︾ ᠪᠠ ︽ᠬᠠᠷᠠᠴᠢᠨ ᠬᠤᠰᠢᠭᠤᠨ ᠤ ᠠᠵᠤ ᠦᠶᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠬᠠᠷᠠᠭᠠᠯᠵᠠᠯ ᠤᠨ ᠲᠥᠷᠥ ᠶᠢᠨ ᠪᠣᠳᠣᠯᠭ᠎ᠠ︾  ᠳᠤ ᠲᠠᠶᠢᠯᠤᠮᠵᠢ ᠬᠢᠪᠠ︔ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠣᠷᠣᠯᠠᠭᠴᠢ ᠡᠷᠬᠢᠯᠡᠭᠴᠢ ᠰᠢᠤᠢ ᠵᠢᠶᠠᠨ ᠬᠤᠶ ︽ ᠬᠠᠷᠠᠴᠢᠨ ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠡᠵᠡᠩᠨᠡᠯᠲᠡ ᠶᠢᠨ ᠣᠷᠴᠢᠨ ᠨᠥᠬᠦᠴᠡᠯ ᠢ ᠰᠢᠯᠢᠳᠡᠭᠵᠢᠭᠦᠯᠬᠦ ᠰᠠᠬᠢᠯᠭ᠎ᠠ ᠪᠠᠲᠤ ᠶᠢᠨ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠠᠵᠢᠯ ᠤᠨ ᠲᠥᠰᠦᠯ︾  ᠳᠤ ᠲᠠᠶᠢᠯᠤᠮᠵᠢ ᠬᠢᠪᠠ᠃  
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号