︽ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠭᠤᠤᠯ ᠬᠤᠲᠠ ᠲᠣᠭᠤᠷᠢᠭ ᠤᠨ ᠲᠤᠰᠬᠠᠶ ᠵᠠᠬ᠎ᠠ ᠳᠡᠯᠭᠡᠭᠦᠷ ᠤᠨ ᠪᠥᠲᠥᠭᠡᠨ ᠪᠠᠶᠢᠭᠤᠯᠤᠯᠲᠠ ᠪᠠ ᠬᠥᠭᠵᠢᠯᠲᠡ ᠶᠢ ᠳᠡᠮᠵᠢᠬᠦ ᠬᠠᠷᠠᠭᠠᠯᠵᠠᠯ ᠤᠨ ᠲᠥᠷᠥ ᠶᠢᠨ ᠪᠣᠳᠣᠯᠭ᠎ᠠ︾ ︵ᠵᠠᠰᠠᠪᠤᠷᠢ ᠣᠷᠣᠭᠤᠯᠤᠭᠰᠠᠨ ᠬᠡᠪᠯᠡᠯ︶ ᠶᠢᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2021/12/23
   ︽ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠭᠤᠤᠯ ᠬᠤᠲᠠ ᠲᠣᠭᠤᠷᠢᠭ ᠤᠨ ᠲᠤᠰᠬᠠᠶ ᠵᠠᠬ᠎ᠠ ᠳᠡᠯᠭᠡᠭᠦᠷ ᠤᠨ ᠪᠥᠲᠥᠭᠡᠨ ᠪᠠᠶᠢᠭᠤᠯᠤᠯᠲᠠ ᠪᠠ ᠬᠥᠭᠵᠢᠯᠲᠡ ᠶᠢ ᠳᠡᠮᠵᠢᠬᠦ ᠬᠠᠷᠠᠭᠠᠯᠵᠠᠯ ᠤᠨ ᠲᠥᠷᠥ ᠶᠢᠨ ᠪᠣᠳᠣᠯᠭ᠎ᠠ︾ ︵ᠵᠠᠰᠠᠪᠤᠷᠢ ᠣᠷᠣᠭᠤᠯᠤᠭᠰᠠᠨ ᠬᠡᠪᠯᠡᠯ︶ ᠶᠢᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ    ᠨᠢᠭᠡ᠂ ᠲᠥᠷᠥ ᠶᠢᠨ ᠪᠣᠳᠣᠯᠭ᠎ᠠ ᠳᠤ ᠵᠠᠰᠠᠪᠤᠷᠢ ᠣᠷᠣᠭᠤᠯᠤᠭᠰᠠᠨ ᠠᠭᠤᠯᠭ᠎ᠠ    2019 ᠣᠨ ᠳᠤ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ︽ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠭᠤᠤᠯ ᠬᠤᠲᠠ ᠲᠣᠭᠤᠷᠢᠭ ᠤᠨ ᠲᠤᠰᠬᠠᠶ ᠵᠠᠬ᠎ᠠ ᠳᠡᠯᠭᠡᠭᠦᠷ ᠤᠨ ᠪᠥᠲᠥᠭᠡᠨ ᠪᠠᠶᠢᠭᠤᠯᠤᠯᠲᠠ ᠪᠠ ᠬᠥᠭᠵᠢᠯᠲᠡ ᠶᠢ ᠳᠡᠮᠵᠢᠬᠦ ᠬᠠᠷᠠᠭᠠᠯᠵᠠᠯ ᠤᠨ ᠲᠥᠷᠥ ᠶᠢᠨ ᠪᠣᠳᠣᠯᠭ᠎ᠠ︾  ᠶᠢ ᠲᠦᠷᠦᠭᠦᠯᠡᠨ ᠲᠤᠭᠤᠷᠪᠢᠬᠤ ᠶᠢᠨ ᠬᠠᠮᠲᠤ 2019 ᠣᠨ ᠤ ᠳᠣᠯᠣᠳᠤᠭᠠᠷ ᠤᠳᠠᠭᠠᠨ ᠤ ᠬᠤᠲᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢᠶᠠᠷ ᠬᠢᠨᠠᠨ ᠵᠥᠪᠯᠡᠬᠦ ᠶᠢ ᠪᠠᠲᠤᠯᠠᠪᠠ᠃ 2019 ᠣᠨ ᠤ 6 ᠰᠠᠷ᠎ᠠ ᠶᠢᠨ 11 ᠤ ᠡᠳᠦᠷ᠂ ᠬᠤᠲᠠ ᠶᠢᠨ ᠵᠠᠰᠠᠭ ᠤᠨ ᠣᠷᠳᠣᠨ ︽ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠲᠥᠪ ᠬᠤᠲᠠ ᠶᠢᠨ ᠲᠣᠭᠤᠷᠢᠭ ᠤᠨ ᠲᠤᠰᠬᠠᠶ ᠵᠠᠬ᠎ᠠ ᠳᠡᠯᠭᠡᠭᠦᠷ ᠤᠨ ᠪᠥᠲᠥᠭᠡᠨ ᠪᠠᠶᠢᠭᠤᠯᠤᠯᠲᠠ ᠪᠠ ᠬᠥᠭᠵᠢᠯᠲᠡ ᠶᠢ ᠳᠡᠮᠵᠢᠬᠦ ᠬᠠᠷᠠᠭᠠᠯᠵᠠᠯ ᠤᠨ ᠲᠥᠷᠥ ᠶᠢᠨ ᠪᠣᠳᠣᠯᠭ᠎ᠠ︾ ︵ᠤᠯᠠᠭᠠᠨᠬᠠᠳᠠ ᠵᠠᠰᠠᠭ ᠥᠰᠥᠭ  ﹇2019﹈ 34 ᠳ᠋ᠦᠭᠡᠷ ᠲᠣᠭᠠᠲᠤ︶ ᠶᠢ ᠵᠢᠩᠬᠢᠨᠢ ᠪᠠᠷ ᠨᠡᠶᠢᠲᠡᠯᠡᠪᠡ᠃ ᠲᠤᠰ ᠬᠠᠷᠠᠭᠠᠯᠵᠠᠯ ᠤᠨ ᠲᠦᠷᠦ ᠶᠢᠨ ᠪᠤᠳᠤᠯᠭ᠎ᠠ ᠶᠢᠨ ᠬᠤᠶᠠᠳᠤᠭᠠᠷ ᠵᠣᠷᠪᠤᠰ ᠲᠤ᠄ ︽ᠲᠤᠰ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠳᠤ ᠵᠢᠭᠠᠵᠤ ᠪᠠᠶᠢᠭ᠎ᠠ ᠲᠤᠰᠬᠠᠶ ᠵᠠᠬ᠎ᠠ ᠳᠡᠯᠭᠡᠭᠦᠷ᠂ ᠲᠥᠪ ᠬᠤᠲᠠ ᠶᠢᠨ ᠲᠣᠭᠤᠷᠢᠭ ᠤᠨ ᠲᠤᠰᠬᠠᠶ ᠵᠠᠬ᠎ᠠ ᠳᠡᠯᠭᠡᠭᠦᠷ ᠤᠨ ᠬᠥᠭᠵᠢᠯᠲᠡ ᠶᠢᠨ ᠲᠥᠯᠥᠪᠯᠡᠭᠡ ᠪᠠ ᠭᠠᠵᠠᠷ ᠰᠢᠷᠣᠶ ᠶᠢᠨ ᠠᠰᠢᠭᠯᠠᠯᠲᠠ ᠶᠢᠨ ᠲᠥᠯᠥᠪᠵᠢᠭᠦᠯᠭᠡ ᠳᠤ ᠨᠡᠶᠢᠴᠡᠭᠰᠡᠨ ᠭᠤᠣᠯ ᠡᠵᠡᠩᠨᠡᠯᠲᠡ ᠶᠢᠨ ᠶᠠᠮᠠᠷ ᠨᠢᠭᠡᠨ ᠲᠥᠷᠥᠯ ᠤᠨ ᠲᠠᠸᠠᠷ ᠢ ᠪᠥᠭᠡᠮ ᠢᠶᠠᠷ ᠪᠣᠷᠣᠯᠠᠭᠤᠯᠬᠤ ᠬᠤᠳᠠᠯᠳᠤᠭᠠᠨ ᠤ ᠲᠠᠯᠠᠪᠤᠷ ᠭᠠᠵᠠᠷ ᠢ ᠵᠢᠭᠠᠵᠤ ᠪᠠᠶᠢᠨ᠎ᠠ᠃ ᠲᠣᠰ ᠲᠥᠷᠥ ᠶᠢᠨ ᠪᠣᠳᠣᠯᠭ᠎ᠠ ᠶᠢ ᠬᠤᠩᠱᠠᠨ ᠲᠣᠭᠤᠷᠢᠭ᠂ ᠰᠦᠩᠱᠠᠨ ᠲᠣᠭᠤᠷᠢᠭ᠂ ᠬᠠᠷᠠᠴᠢᠨ ᠬᠤᠰᠢᠭᠤ ᠪᠠ ᠾᠧ ᠮᠧᠢ ᠶᠢᠨ ᠠᠵᠤ ᠦᠢᠯᠡᠳᠪᠦᠷᠢ ᠠᠷᠠᠯᠵᠢᠶᠠᠨ ᠤ ᠬᠦᠷᠢᠶᠡᠯᠡᠩ ᠲᠣᠭᠤᠷᠢᠭ ᠤᠨ ᠬᠡᠪᠴᠢᠶᠡᠨ ᠳᠤ ᠬᠡᠷᠡᠭᠯᠡᠨ᠎ᠡ ︵ᠳᠣᠷᠣᠭᠰᠢ  ︽ᠬᠤᠶᠠᠷ ᠲᠣᠭᠤᠷᠢᠭ ᠨᠢᠭᠡ ᠬᠦᠷᠢᠶᠡᠯᠡᠩ︾ ᠭᠡᠵᠦ ᠲᠣᠪᠴᠢᠯᠠᠨ᠎ᠠ︶᠃ ᠣᠲᠣ ᠲᠠᠩ ᠴᠣᠭᠴᠠᠲᠤ ᠡᠵᠡᠩᠨᠡᠯᠲᠡ ᠶᠢᠨ ᠲᠠᠯᠠᠪᠠᠶ ︵ᠢᠵᠢ ᠪᠦᠷᠢᠳᠦᠭᠦᠯᠬᠦ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢᠨ ᠲᠠᠯᠠᠪᠠᠶ ᠶᠢ ᠪᠠᠭᠲᠠᠭᠠᠬᠤ ᠥᠬᠡᠶ︶ ᠨᠢ 3 ᠲᠦᠮᠡᠨ ᠲᠡᠭᠰᠢ ᠳᠥᠷᠪᠡᠯᠵᠢᠨ ᠮᠧᠳ᠋ᠷ ᠠᠴᠠ ᠳᠡᠭᠡᠭᠰᠢᠬᠢ ᠲᠤᠰᠬᠠᠶ ᠵᠠᠬ᠎ᠠ ᠳᠡᠯᠭᠡᠭᠦᠷ ᠵᠢᠴᠢ ᠰᠢᠨ᠎ᠡ ᠪᠠᠷ ᠪᠠᠶᠢᠭᠤᠯᠤᠭᠰᠠᠨ ᠡᠵᠡᠩᠨᠡᠯᠲᠡ ᠶᠢᠨ ᠲᠠᠯᠠᠪᠠᠶ ᠨᠢ 3 ᠲᠦᠮᠡᠨ ᠲᠡᠭᠰᠢ ᠳᠥᠷᠪᠡᠯᠵᠢᠨ ᠮᠧᠳ᠋ᠷ ᠠᠴᠠ ᠳᠡᠭᠡᠭᠰᠢᠬᠢ  ︵ᠢᠵᠢ ᠪᠦᠷᠢᠳᠦᠭᠦᠯᠬᠦ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢᠨ ᠲᠠᠯᠠᠪᠠᠶ ᠶᠢ ᠪᠠᠭᠲᠠᠭᠠᠬᠤ ᠥᠬᠡᠶ︶᠂ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ︵ᠭᠠᠵᠠᠷ ᠰᠢᠷᠣᠶ ᠶᠢᠨ ᠡᠳ᠋ ᠬᠥᠷᠥᠩᠭᠡ ᠶᠢ ᠪᠠᠭᠲᠠᠭᠠᠬᠤ ᠥᠬᠡᠶ︶ ᠨᠢ 1 ᠳ᠋ᠦᠩᠰᠢᠭᠤᠷ ᠲᠥᠭᠦᠷᠢᠭ ᠠᠴᠠ ᠳᠡᠭᠡᠭᠰᠢ᠂ ᠡᠵᠡᠩᠨᠡᠯᠲᠡ ᠶᠢᠨ ᠲᠠᠯᠠᠪᠠᠶ ᠶᠢᠨ ᠥᠮᠴᠢᠲᠡᠨ ᠤ ᠥᠪᠡᠷ ᠤᠨ ᠡᠵᠡᠮᠰᠢᠯ ᠤᠨ ᠨᠣᠷᠮ᠎ᠠ ᠨᠢ 70% ᠠᠴᠠ ᠳᠡᠭᠡᠭᠰᠢ ᠳᠤ ᠬᠦᠷᠦᠭᠰᠡᠨ ᠲᠤᠰᠬᠠᠶ ᠵᠠᠬ᠎ᠠ ᠳᠡᠯᠭᠡᠭᠦᠷ︾ ᠭᠡᠵᠦ ᠲᠣᠭᠲᠠᠭᠠᠵᠠᠶ᠃    ᠵᠠᠰᠠᠪᠤᠷᠢ ᠣᠷᠣᠭᠤᠯᠤᠭᠰᠠᠨ ᠤ ᠳᠠᠷᠠᠭᠠᠬᠢ ᠲᠤᠰ ᠬᠠᠷᠠᠭᠠᠯᠵᠠᠯ ᠤᠨ ᠲᠦᠷᠦ ᠶᠢᠨ ᠪᠤᠳᠤᠯᠭ᠎ᠠ ᠶᠢᠨ ᠬᠤᠶᠠᠳᠤᠭᠠᠷ ᠵᠣᠷᠪᠤᠰ ᠲᠤ᠄ ︽ᠲᠤᠰ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠳᠤ ᠵᠢᠭᠠᠵᠤ ᠪᠠᠶᠢᠭ᠎ᠠ ᠲᠤᠰᠬᠠᠶ ᠵᠠᠬ᠎ᠠ ᠳᠡᠯᠭᠡᠭᠦᠷ᠂ ᠲᠥᠪ ᠬᠤᠲᠠ ᠶᠢᠨ ᠲᠣᠭᠤᠷᠢᠭ ᠤᠨ ᠲᠤᠰᠬᠠᠶ ᠵᠠᠬ᠎ᠠ ᠳᠡᠯᠭᠡᠭᠦᠷ ᠤᠨ ᠬᠥᠭᠵᠢᠯᠲᠡ ᠶᠢᠨ ᠲᠥᠯᠥᠪᠯᠡᠭᠡ ᠪᠠ ᠭᠠᠵᠠᠷ ᠰᠢᠷᠣᠶ ᠶᠢᠨ ᠠᠰᠢᠭᠯᠠᠯᠲᠠ ᠶᠢᠨ ᠲᠥᠯᠥᠪᠵᠢᠭᠦᠯᠭᠡ ᠳᠤ ᠨᠡᠶᠢᠴᠡᠭᠰᠡᠨ ᠭᠤᠣᠯ ᠡᠵᠡᠩᠨᠡᠯᠲᠡ ᠶᠢᠨ ᠶᠠᠮᠠᠷ ᠨᠢᠭᠡᠨ ᠲᠥᠷᠥᠯ ᠤᠨ ᠲᠠᠸᠠᠷ ᠢ ᠪᠥᠭᠡᠮ ᠢᠶᠠᠷ ᠪᠣᠷᠣᠯᠠᠭᠤᠯᠬᠤ ᠬᠤᠳᠠᠯᠳᠤᠭᠠᠨ ᠤ ᠲᠠᠯᠠᠪᠤᠷ ᠭᠠᠵᠠᠷ ᠢ ᠵᠢᠭᠠᠵᠤ ᠪᠠᠶᠢᠨ᠎ᠠ᠃ ᠲᠣᠰ ᠲᠥᠷᠥ ᠶᠢᠨ ᠪᠣᠳᠣᠯᠭ᠎ᠠ ᠶᠢ ᠬᠤᠩᠱᠠᠨ ᠲᠣᠭᠤᠷᠢᠭ᠂ ᠰᠦᠩᠱᠠᠨ ᠲᠣᠭᠤᠷᠢᠭ᠂ ᠬᠠᠷᠠᠴᠢᠨ ᠬᠤᠰᠢᠭᠤ ᠪᠠ ᠾᠧ ᠮᠧᠢ ᠶᠢᠨ ᠠᠵᠤ ᠦᠢᠯᠡᠳᠪᠦᠷᠢ ᠠᠷᠠᠯᠵᠢᠶᠠᠨ ᠤ ᠬᠦᠷᠢᠶᠡᠯᠡᠩ ᠲᠣᠭᠤᠷᠢᠭ ᠤᠨ ᠬᠡᠪᠴᠢᠶᠡᠨ ᠳᠤ ᠬᠡᠷᠡᠭᠯᠡᠨ᠎ᠡ ︵ᠳᠣᠷᠣᠭᠰᠢ ︽ᠬᠤᠶᠠᠷ ᠲᠣᠭᠤᠷᠢᠭ ᠨᠢᠭᠡ ᠬᠦᠷᠢᠶᠡᠯᠡᠩ︾ ᠭᠡᠵᠦ ᠲᠣᠪᠴᠢᠯᠠᠨ᠎ᠠ︶᠃ ᠣᠲᠣ ᠶᠢᠨ ᠪᠠᠶᠢᠭ᠎ᠠ ᠲᠠᠩ ᠴᠣᠭᠴᠠᠲᠤ ᠡᠵᠡᠩᠨᠡᠯᠲᠡ ᠶᠢᠨ ᠲᠠᠯᠠᠪᠠᠶ ︵ᠢᠵᠢ ᠪᠦᠷᠢᠳᠦᠭᠦᠯᠬᠦ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢᠨ ᠲᠠᠯᠠᠪᠠᠶ ᠶᠢ ᠪᠠᠭᠲᠠᠭᠠᠬᠤ ᠥᠬᠡᠶ︶  ᠨᠢ 3 ᠲᠦᠮᠡᠨ ᠲᠡᠭᠰᠢ ᠳᠥᠷᠪᠡᠯᠵᠢᠨ ᠮᠧᠳ᠋ᠷ ᠠᠴᠠ ᠳᠡᠭᠡᠭᠰᠢᠬᠢ ᠲᠤᠰᠬᠠᠶ ᠵᠠᠬ᠎ᠠ ᠳᠡᠯᠭᠡᠭᠦᠷ ᠵᠢᠴᠢ ᠰᠢᠨ᠎ᠡ ᠪᠠᠷ ᠪᠠᠶᠢᠭᠤᠯᠤᠭᠰᠠᠨ ᠡᠵᠡᠩᠨᠡᠯᠲᠡ ᠶᠢᠨ ᠲᠠᠯᠠᠪᠠᠶ ᠨᠢ 3 ᠲᠦᠮᠡᠨ ᠲᠡᠭᠰᠢ ᠳᠥᠷᠪᠡᠯᠵᠢᠨ ᠮᠧᠳ᠋ᠷ ᠠᠴᠠ ᠳᠡᠭᠡᠭᠰᠢᠬᠢ  ︵ᠢᠵᠢ ᠪᠦᠷᠢᠳᠦᠭᠦᠯᠬᠦ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢᠨ ᠲᠠᠯᠠᠪᠠᠶ ᠶᠢ ᠪᠠᠭᠲᠠᠭᠠᠬᠤ ᠥᠬᠡᠶ  ︶᠂ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ︵ᠭᠠᠵᠠᠷ ᠰᠢᠷᠣᠶ ᠶᠢᠨ ᠡᠳ᠋ ᠬᠥᠷᠥᠩᠭᠡ ᠶᠢ ᠪᠠᠭᠲᠠᠭᠠᠬᠤ ᠥᠬᠡᠶ︶ ᠨᠢ 1 ᠳ᠋ᠦᠩᠰᠢᠭᠤᠷ ᠲᠥᠭᠦᠷᠢᠭ ᠠᠴᠠ ᠳᠡᠭᠡᠭᠰᠢ᠂ ᠡᠵᠡᠩᠨᠡᠯᠲᠡ ᠶᠢᠨ ᠲᠠᠯᠠᠪᠠᠶ ᠶᠢᠨ ᠥᠮᠴᠢᠲᠡᠨ ᠤ ᠥᠪᠡᠷ ᠤᠨ ᠡᠵᠡᠮᠰᠢᠯ ᠤᠨ ᠨᠣᠷᠮ᠎ᠠ ᠨᠢ 50% ᠠᠴᠠ ᠳᠣᠤᠷ᠎ᠠ ᠥᠬᠡᠶ ᠲᠤᠰᠬᠠᠶ ᠵᠠᠬ᠎ᠠ ᠳᠡᠯᠭᠡᠭᠦᠷ︾ ᠭᠡᠵᠦ ᠲᠣᠭᠲᠠᠭᠠᠵᠠᠶ᠃    ᠬᠤᠶᠠᠷ᠂ ᠲᠥᠷᠥ ᠶᠢᠨ ᠪᠣᠳᠣᠯᠭ᠎ᠠ ᠳᠤ ᠵᠠᠰᠠᠪᠤᠷᠢ ᠣᠷᠣᠭᠤᠯᠤᠭᠰᠠᠨ ᠰᠢᠯᠲᠠᠭᠠᠨ    ᠪᠣᠳᠠᠲᠠᠶ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠶᠠᠪᠤᠴᠠ ᠳᠤ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠲᠤᠰᠬᠠᠭᠰᠠᠨ ᠢᠶᠠᠷ ᠬᠡᠲᠦ ᠥᠨᠳᠥᠷ ᠥᠮᠴᠢᠲᠡᠨ ᠤ ᠥᠪᠡᠷ ᠤᠨ ᠡᠵᠡᠮᠰᠢᠯ ᠤᠨ ᠨᠣᠷᠮ᠎ᠠ ᠨᠢ ᠪᠠᠯᠠ ᠣᠷᠣᠭᠤᠯᠤᠯᠲᠠ ᠶᠢᠨ ᠬᠤᠳᠠᠯᠳᠤᠭᠠᠴᠢᠨ ᠤ ᠪᠠᠯᠠ ᠮᠥᠩᠭᠦ ᠶᠢ ᠡᠵᠡᠯᠡᠨ ᠬᠡᠷᠡᠭᠯᠡᠬᠦ ᠬᠡᠮᠵᠢᠶ᠎ᠡ ᠶᠢ ᠨᠡᠮᠡᠭᠳᠡᠭᠦᠯᠵᠦ᠂ ᠪᠠᠯᠠ ᠮᠥᠩᠭᠦ ᠶᠢ ᠡᠭᠡᠭᠦᠯᠦᠨ ᠬᠤᠷᠢᠶᠠᠬᠤ ᠬᠤᠷᠳᠤᠴᠠ ᠶᠢ ᠨᠥᠯᠥᠭᠡᠯᠡᠨ᠂ ᠵᠠᠬ᠎ᠠ ᠳᠡᠯᠭᠡᠭᠦᠷ ᠤᠨ ᠡᠵᠡᠩᠨᠡᠯᠲᠡ ᠪᠤᠶᠢᠵᠢᠯᠲᠠ ᠶᠢᠨ ᠵᠠᠩᠭᠢᠯᠠᠭ᠎ᠠ ᠶᠢᠨ ᠣᠷᠣᠭᠤᠯᠤᠯᠲᠠ ᠶᠢ ᠬᠦᠷᠦᠯᠴᠡᠬᠦ ᠥᠬᠡᠶ ᠪᠣᠯᠭᠠᠨ᠎ᠠ᠃ ᠡᠭᠦᠨ ᠤ ᠬᠠᠮᠲᠤ᠂ ᠵᠠᠬ᠎ᠠ ᠳᠡᠯᠭᠡᠭᠦᠷ ᠤᠨ ᠡᠵᠡᠩᠨᠡᠯᠲᠡ ᠶᠢᠨ ᠭᠤᠤᠯ ᠴᠣᠭᠴᠠ ᠶᠢᠨ ᠵᠣᠩᠬᠢᠯᠠᠬᠤ ᠬᠡᠰᠡᠭ ᠨᠢ ᠠᠳᠠᠯ ᠠᠬᠤᠶ ᠶᠢ ᠡᠵᠡᠮᠰᠢᠵᠦ ᠳᠡᠶᠢᠯᠬᠦ ᠥᠬᠡᠶ ᠪᠠᠶᠢᠵᠤ᠂ ᠲᠦᠷᠢᠶᠡᠰᠦᠯᠡᠭᠰᠡᠨ ᠡᠷᠦᠬᠡ ᠶᠢᠨ ᠬᠤᠪᠢ ᠪᠠᠷ ᠡᠵᠡᠩᠨᠡᠬᠦ ᠨᠢ ᠵᠠᠬ᠎ᠠ ᠳᠡᠯᠭᠡᠭᠦᠷ ᠤᠨ ᠠᠰᠢᠭ ᠲᠤᠰᠠ ᠲᠠᠢ ᠨᠢᠭᠲᠠ ᠤᠶᠠᠯᠳᠤᠭᠤᠯᠬᠤ ᠳᠤ ᠠᠰᠢᠭ ᠥᠬᠡᠶ ᠪᠠᠶᠢᠵᠤ᠂ ᠡᠵᠡᠩᠨᠡᠯᠲᠡ ᠶᠢᠨ ᠭᠤᠤᠯ ᠴᠣᠭᠴᠠ ᠶᠢᠨ ᠲᠣᠭᠲᠠᠭᠤᠨ ᠪᠤᠰᠤ ᠪᠠᠶᠢᠳᠠᠯ ᠢ ᠠᠮᠠᠷᠬᠠᠨ ᠪᠣᠶ ᠪᠣᠯᠭᠠᠵᠤ᠂ ᠵᠠᠬ᠎ᠠ ᠳᠡᠯᠭᠡᠭᠦᠷ ᠤᠨ ᠬᠥᠭᠵᠢᠯᠲᠡ ᠶᠢᠨ ᠨᠡᠶᠢᠯᠡᠮᠡᠯ ᠬᠦᠴᠦᠨ ᠢ ᠪᠦᠷᠢᠯᠳᠦᠭᠦᠯᠬᠦ ᠳᠤ ᠮᠠᠰᠢ ᠬᠦᠴᠢᠷᠲᠡᠶ ᠪᠠᠶᠢᠳᠠᠭ᠃ ᠮᠠᠨ ᠤ ᠬᠤᠲᠠ ᠶᠢᠨ ᠲᠤᠰᠬᠠᠶ ᠵᠠᠬ᠎ᠠ ᠳᠡᠯᠭᠡᠭᠦᠷ ᠤᠨ ᠬᠥᠭᠵᠢᠯᠲᠡ ᠶᠢᠨ ᠪᠠᠶᠢᠳᠠᠯ ᠠᠴᠠ ᠦᠵᠡᠪᠡᠯ᠂ ᠣᠳᠣᠬᠠᠨ ᠳᠤ ᠪᠠᠷᠠᠭᠠᠨ ᠤ ᠭᠦᠢᠯᠭᠡᠭᠡᠨ ᠤ ᠦᠢᠯᠡᠰ ᠢᠶᠠᠷ ᠰᠠᠭᠤᠷᠢ ᠲᠤᠯᠭᠠᠭᠤᠷᠢ ᠪᠣᠯᠭᠠᠵᠤ ᠪᠠᠶᠢᠭ᠎ᠠ ᠪᠣᠯᠪᠠᠴᠤ ᠨᠥᠯᠥᠭᠡᠯᠡᠬᠦ ᠬᠦᠴᠦᠨ ᠲᠠᠢ ᠵᠠᠬ᠎ᠠ ᠳᠡᠯᠭᠡᠭᠦᠷ ᠤᠨ ᠬᠤᠳᠠᠯᠳᠤᠭᠠᠨ ᠤ ᠲᠣᠭᠤᠷᠢᠭ ᠬᠠᠷᠠᠬᠠᠨ ᠪᠦᠷᠢᠯᠳᠦᠭᠡᠳᠦᠶ ᠪᠠᠶᠢᠭᠰᠠᠭᠠᠷ᠃ ᠬᠡᠷᠪᠡ ᠥᠮᠴᠢᠲᠡᠨ ᠤ ᠥᠪᠡᠷ ᠤᠨ ᠡᠵᠡᠮᠰᠢᠯ ᠤᠨ ᠨᠣᠷᠮ᠎ᠠ ᠬᠡᠲᠦ ᠥᠨᠳᠥᠷ ᠪᠣᠯᠪᠠᠯ᠂ ᠠᠷᠠᠳ ᠤᠨ ᠡᠵᠡᠩᠨᠡᠭᠰᠡᠨ ᠠᠵᠤ ᠠᠬᠤᠶᠢᠯᠠᠯ ᠤᠨ ᠣᠷᠣᠭᠤᠯᠵᠤ ᠠᠪᠴᠢᠷᠠᠬᠤ ᠳᠤ ᠠᠰᠢᠭ ᠥᠬᠡᠶ ᠪᠣᠯᠵᠣ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠵᠦᠢᠯᠡᠰ ᠢ ᠪᠣᠳᠠᠲᠠᠶᠢᠵᠢᠭᠤᠯᠬᠤ ᠶᠢᠨ ᠬᠦᠴᠢᠷᠳᠡᠯ ᠢ ᠨᠡᠮᠡᠭᠳᠡᠭᠦᠯᠦᠨ᠂ ᠬᠤᠳᠠᠯᠳᠤᠭᠠᠴᠢᠨ ᠤᠷᠢᠬᠤ ᠵᠦᠢᠯᠡᠰ ᠢ ᠪᠣᠳᠠᠲᠠᠶᠢᠵᠢᠭᠤᠯᠤᠨ ᠬᠡᠷᠡᠭᠵᠢᠭᠦᠯᠬᠦ ᠳᠤ ᠪᠡᠷᠬᠡ ᠪᠣᠯᠤᠨ᠎ᠠ᠃ ᠭᠡᠪᠡᠴᠦ ᠥᠮᠴᠢᠲᠡᠨ ᠤ ᠥᠪᠡᠷ ᠤᠨ ᠡᠵᠡᠮᠰᠢᠯ ᠤᠨ ᠨᠣᠷᠮ᠎ᠠ ᠶᠢ ᠪᠠᠰᠠ ᠬᠡᠲᠦ ᠳᠣᠤᠷ᠎ᠠ ᠪᠠᠶᠢᠯᠭᠠᠵᠤ ᠪᠣᠯᠬᠤ ᠥᠬᠡᠶ᠂ ᠬᠡᠲᠦ ᠳᠣᠤᠷ᠎ᠠ ᠪᠣᠯᠪᠠᠯ ᠵᠠᠬ᠎ᠠ ᠳᠡᠯᠭᠡᠭᠦᠷ ᠤᠨ ᠪᠤᠶᠢᠵᠢᠯᠲᠠ ᠶᠢᠨ ᠲᠦᠭᠰᠢᠭᠦᠷᠢ ᠶᠢ ᠨᠡᠮᠡᠭᠳᠡᠭᠦᠯᠵᠦ᠂ ᠵᠠᠬ᠎ᠠ ᠳᠡᠯᠭᠡᠭᠦᠷ ᠤᠨ ᠲᠣᠭᠲᠠᠭᠤᠨ ᠢᠶᠠᠷ ᠬᠥᠭᠵᠢᠬᠦ ᠳᠤ ᠠᠰᠢᠭ ᠥᠬᠡᠶ ᠪᠣᠯᠤᠨ᠎ᠠ᠃ ᠡᠶᠢᠮᠦ ᠠᠴᠠ ᠡᠵᠡᠩᠨᠡᠯᠲᠡ ᠶᠢᠨ ᠲᠠᠯᠠᠪᠠᠶ ᠶᠢᠨ ᠥᠮᠴᠢᠲᠡᠨ ᠤ ᠥᠪᠡᠷ ᠤᠨ ᠡᠵᠡᠮᠰᠢᠯ ᠤᠨ ᠨᠣᠷᠮ᠎ᠠ ᠶᠢ 50% ᠠᠴᠠ ᠳᠣᠤᠷ᠎ᠠ ᠪᠠᠶᠢᠯᠭᠠᠬᠤ ᠥᠬᠡᠶ ᠪᠠᠶᠢᠬᠤ ᠨᠢ ᠤᠯᠠᠭᠠᠨᠬᠠᠳᠠ ᠬᠤᠲᠠ ᠶᠢᠨ ᠲᠤᠰᠬᠠᠶ ᠵᠠᠬ᠎ᠠ ᠳᠡᠯᠭᠡᠭᠦᠷ ᠤᠨ ᠬᠥᠭᠵᠢᠯᠲᠡ ᠶᠢᠨ ᠣᠳᠣᠬᠢ ᠪᠠᠶᠢᠳᠠᠯ ᠲᠠᠢ ᠨᠡᠶᠢᠴᠡᠵᠦ ᠪᠠᠶᠢᠨ᠎ᠠ᠃    ᠭᠤᠷᠪᠠ᠂ ᠲᠥᠷᠥ ᠶᠢᠨ ᠪᠣᠳᠣᠯᠭ᠎ᠠ ᠳᠤ ᠵᠠᠰᠠᠪᠤᠷᠢ ᠣᠷᠣᠭᠤᠯᠤᠭᠰᠠᠨ ᠵᠣᠷᠢᠯᠭ᠎ᠠ    ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠬᠡᠷᠡᠭᠴᠡᠭᠡ ᠳᠤ ᠵᠣᠬᠢᠴᠠᠭᠤᠯᠤᠨ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠬᠢᠴᠠ ᠶᠢ ᠲᠦᠷᠭᠡᠳᠬᠡᠨ᠂ ᠮᠠᠨ ᠤ ᠬᠤᠲᠠ ᠶᠢᠨ ᠲᠤᠰᠬᠠᠶ ᠵᠠᠬ᠎ᠠ ᠳᠡᠯᠭᠡᠭᠦᠷ ᠤᠨ ᠲᠥᠷᠥᠯ ᠵᠦᠢᠯ ᠤᠨ ᠭᠡᠷ᠎ᠡ ᠲᠣᠭᠲᠠᠨ ᠨᠠᠶᠢᠳᠠᠪᠤᠷᠢᠵᠢᠬᠤ ᠶᠢ ᠠᠬᠢᠭᠤᠯᠵᠤ᠂ ᠲᠤᠰ ᠭᠠᠵᠠᠷ ᠤᠨ ᠠᠵᠢᠯ ᠣᠯᠬᠤ ᠲᠣᠬᠢᠶᠠᠯ ᠢ ᠨᠡᠮᠡᠭᠳᠡᠭᠦᠯᠦᠨ᠎ᠡ᠃
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号