︽ᠮᠡᠶᠢᠷᠡᠨ ᠬᠥᠨᠳᠡᠶ ᠶᠢᠨ ᠴᠠᠨᠠᠯᠠᠬᠤ ᠲᠠᠯᠠᠪᠠᠢ ᠳᠤ ᠠᠩᠬᠠᠷᠤᠯ ᠢᠶᠠᠨ ᠴᠢᠭᠯᠡᠭᠦᠯᠦᠶ᠎ᠡ︾ ᠥᠪᠥᠷ ᠮᠣᠩᠭᠤᠯ ᠤᠨ ᠴᠠᠰᠤᠨ ᠳᠡᠭᠡᠷᠡᠬᠢ ᠪᠡᠶ᠎ᠡ ᠶᠢᠨ ᠲᠠᠮᠢᠷ ᠤᠨ ᠶᠡᠭᠡ ᠠᠩᠭᠢ ᠮᠡᠶᠢᠷᠡᠨ ᠬᠦᠨᠳᠡᠢ ᠶᠢᠨ ᠴᠠᠨᠠᠯᠠᠬᠤ ᠲᠠᠯᠠᠪᠠᠶ ᠳᠤ ᠪᠣᠯᠪᠠᠰᠤᠷᠠᠪᠠ
ᠨᠡᠶᠢᠲᠡᠯᠡᠭᠰᠡᠨ ᠴᠠᠭ᠄
2021/12/23
︽ᠮᠡᠶᠢᠷᠡᠨ ᠬᠥᠨᠳᠡᠶ ᠶᠢᠨ ᠴᠠᠨᠠᠯᠠᠬᠤ ᠲᠠᠯᠠᠪᠠᠢ ᠳᠤ ᠠᠩᠬᠠᠷᠤᠯ ᠢᠶᠠᠨ ᠴᠢᠭᠯᠡᠭᠦᠯᠦᠶ᠎ᠡ︾ ᠥᠪᠥᠷ ᠮᠣᠩᠭᠤᠯ ᠤᠨ ᠴᠠᠰᠤᠨ ᠳᠡᠭᠡᠷᠡᠬᠢ ᠪᠡᠶ᠎ᠡ ᠶᠢᠨ ᠲᠠᠮᠢᠷ ᠤᠨ ᠶᠡᠭᠡ ᠠᠩᠭᠢ ᠮᠡᠶᠢᠷᠡᠨ ᠬᠦᠨᠳᠡᠢ ᠶᠢᠨ ᠴᠠᠨᠠᠯᠠᠬᠤ ᠲᠠᠯᠠᠪᠠᠶ ᠳᠤ ᠪᠣᠯᠪᠠᠰᠤᠷᠠᠪᠠ    ︽ᠪᠢᠳᠡ ᠡᠨᠡ ᠬᠦ ᠲᠠᠯᠠᠪᠠᠶ ᠶᠢ ᠰᠣᠩᠭᠤᠭᠰᠠᠨ ᠨᠢ ᠡᠨᠡ ᠬᠦ ᠴᠠᠰᠤᠨ ᠤ ᠵᠠᠮ ᠴᠠᠰᠤᠨ ᠤ ᠴᠢᠨᠠᠷ ᠰᠠᠶᠢᠨ ᠪᠣᠯᠬᠤᠷ ᠲᠠᠮᠢᠷᠴᠢᠳ ᠤᠨ ᠪᠣᠯᠪᠠᠰᠤᠷᠠᠯ ᠪᠣᠯᠤᠨ ᠴᠠᠰᠤᠨ ᠨᠠᠶᠢᠵᠠ ᠨᠠᠷ ᠤᠨ ᠳᠤᠷ᠎ᠠ ᠪᠠᠷ ᠢᠶᠠᠨ ᠭᠤᠯᠭᠤᠬᠤ ᠳᠤ ᠮᠠᠰᠢ ᠲᠣᠬᠢᠷᠠᠮᠵᠢᠲᠠᠶ᠃ ᠲᠠᠲᠠᠭᠤᠷ ᠲᠡᠷᠭᠡ ᠨᠢ ᠤᠯᠤᠰ ᠤᠨ ᠳᠣᠲᠣᠭᠠᠳᠤ ᠳᠤ ᠲᠡᠷᠢᠭᠦᠨ ᠵᠡᠷᠭᠡ ᠶᠢᠨ ᠬᠢ ᠭᠡᠵᠤ ᠬᠡᠯᠡᠵᠤ ᠪᠤᠯᠤᠨ᠎ᠠ᠂ ᠠᠮᠤᠷ ᠲᠦᠪᠰᠢᠨ ᠮᠦᠷᠲᠡᠭᠡᠨ ᠲᠠᠭᠠᠯᠠᠮᠵᠢᠲᠠᠢ︾᠃ 12 ᠰᠠᠷ᠎ᠠ ᠶᠢᠨ 22 ᠤᠨ ᠡᠳᠦᠷ᠂ ᠮᠡᠶᠢᠷᠡᠨ ᠬᠦᠨᠲᠠᠢ ᠶᠢᠨ ᠴᠠᠨᠠᠯᠠᠬᠤ ᠲᠠᠯᠠᠪᠠᠶ ᠳᠤ ᠲᠥᠪᠯᠡᠷᠡᠭᠦᠯᠦᠨ ᠪᠣᠯᠪᠠᠰᠤᠷᠠᠵᠤ ᠪᠠᠶᠢᠭ᠎ᠠ ᠥᠪᠥᠷ ᠮᠣᠩᠭᠤᠯ ᠤᠨ ᠴᠠᠰᠤᠨ ᠳᠡᠭᠡᠷᠡᠬᠢ ᠲᠠᠮᠢᠷ ᠤᠨ ᠶᠡᠭᠡ ᠠᠩᠭᠢ ᠶᠢᠨ ᠰᠤᠷᠭᠠᠭᠴᠢ ᠰᠤᠷᠪᠤᠯᠵᠢᠯᠠᠭᠴᠢ ᠳᠤ ᠢᠩᠬᠢᠵᠤ ᠬᠡᠯᠡᠪᠠ᠃    ᠰᠤᠷᠪᠤᠯᠵᠢᠯᠠᠭᠴᠢ ᠮᠡᠶᠢᠷᠡᠨ ᠬᠦᠨᠳᠡᠢ ᠶᠢᠨ ᠴᠠᠨᠠᠯᠠᠬᠤ ᠲᠠᠯᠠᠪᠠᠢ ᠳᠤ᠂ ᠳᠥᠷᠪᠡᠳᠦᠭᠡᠷ᠂ ᠲᠠᠪᠤᠳᠤᠭᠠᠷ ᠨᠣᠮᠧᠷᠲᠤ ᠤᠷᠤᠯᠳᠤᠭᠠᠨ ᠤ ᠵᠠᠮ ᠳᠡᠭᠡᠷ᠎ᠡ ᠮᠠᠰᠢ ᠤᠯᠠᠨ ᠲᠤᠭ ᠬᠠᠳᠬᠤᠵᠤ᠂ ᠥᠪᠥᠷ ᠮᠣᠩᠭᠤᠯ ᠤᠨ ᠴᠠᠰᠤᠨ ᠳᠡᠭᠡᠷᠡᠬᠢ ᠲᠠᠮᠢᠷ ᠤᠨ ᠶᠡᠭᠡ ᠠᠩᠬᠢ ᠶᠢᠨ 20 ᠭᠠᠷᠤᠢ ᠲᠠᠮᠢᠷᠴᠢᠨ ᠠᠳᠡ ᠴᠤᠭᠯᠠᠷᠠᠨ ᠪᠣᠯᠪᠠᠰᠤᠷᠠᠵᠤ ᠪᠠᠶᠢᠬᠤ ᠶᠢ ᠣᠯᠵᠤ ᠬᠠᠷᠠᠵᠠᠢ᠃︽ᠴᠠᠨᠠᠯᠠᠬᠤ ᠲᠠᠯᠠᠪᠠᠢ ᠶᠢᠨ ᠪᠦᠷᠢᠨ ᠭᠦᠢᠴᠡᠳ ᠲᠥᠬᠦᠭᠡᠷᠦᠮᠵᠢ ᠪᠠ ᠨᠡᠯᠢᠶᠡᠳ ᠰᠠᠶᠢᠨ ᠦᠢᠯᠡᠴᠢᠯᠡᠭᠡ ᠨᠢ ᠮᠠᠨ ᠤ ᠪᠣᠯᠪᠠᠰᠤᠷᠠᠯ ᠳᠤ ᠲᠦᠢᠯ ᠤᠨ ᠶᠡᠭᠡ ᠵᠣᠷᠢᠭᠵᠢᠭᠤᠯᠤᠯ ᠪᠠ ᠬᠠᠪᠰᠤᠷᠤᠯᠭ᠎ᠠ ᠪᠣᠯᠤᠭᠰᠠᠨ ᠪᠥᠭᠡᠳ ᠮᠠᠶᠢᠷᠠᠨ ᠬᠦᠨᠳᠡᠢ ᠶᠢᠨ ᠴᠠᠨᠠᠯᠠᠬᠤ ᠲᠠᠯᠠᠪᠠᠢ ᠶᠢᠨ ᠠᠭᠤᠷ ᠠᠮᠢᠰᠬᠤᠯ ᠴᠤ ᠮᠠᠰᠢ ᠰᠠᠶᠢᠨ ᠪᠠᠶᠢᠵᠤ᠂ ᠪᠤᠯᠪᠠᠰᠤᠷᠠᠯ ᠳᠤ ᠴᠦ ᠠᠰᠢᠭᠲᠠᠢ᠃︾ ᠭᠡᠵᠦ ᠪᠣᠯᠪᠠᠰᠤᠷᠠᠯ ᠳᠤ ᠣᠷᠣᠯᠴᠠᠭᠰᠠᠨ ᠨᠢᠭᠡᠨ ᠲᠠᠮᠢᠷᠴᠢᠨ ᠰᠤᠷᠪᠤᠯᠵᠢᠯᠠᠭᠴᠢ ᠳᠤ ᠬᠡᠯᠡᠪᠡ᠃    ᠣᠶᠢᠯᠠᠭᠠᠭᠰᠠᠨ ᠢᠶᠠᠷ᠂ ᠴᠠᠰᠤᠨ ᠤ ᠤᠯᠠᠷᠢᠯ ᠳᠤ ᠤᠷᠤᠭᠰᠠᠨ ᠠᠴᠠ ᠨᠠᠰᠢ᠂ ᠪᠡᠭᠡᠵᠢᠩ᠂ ᠲᠢᠶᠠᠨᠵᠢᠨ᠂ ᠾᠧᠪᠸᠢ ᠶᠢᠨ ᠲᠠᠩᠱᠠᠨ᠂ ᠴᠤᠤᠶᠠᠩ ᠵᠡᠷᠭᠡ ᠭᠠᠵᠠᠷ ᠠᠴᠠ ᠢᠷᠡᠭᠰᠡᠨ 3 ᠲᠦᠮᠡ ᠭᠠᠷᠤᠶ ᠴᠠᠰᠤᠨ ᠳᠤ ᠭᠤᠯᠭᠤᠬᠤ ᠲᠤᠷᠠᠲᠠᠢ ᠨᠠᠶᠢᠵᠠ ᠨᠠᠷ ᠮᠡᠶᠢᠷᠡᠨ ᠬᠦᠨᠳᠡᠢ ᠶᠢᠨ  ᠴᠠᠨᠠᠯᠠᠬᠤ ᠲᠠᠯᠠᠪᠠᠶ ᠳᠤ ᠢᠷᠡᠵᠦ᠂ ᠴᠠᠰᠤᠨ ᠤ ᠵᠠᠮ ᠢᠶᠠᠷ ᠭᠦᠶᠦᠯᠳᠦᠨ᠂ ᠴᠠᠰᠤᠨ ᠳᠤ ᠭᠤᠯᠭᠤᠬᠤ ᠵᠤᠭ᠎ᠠ ᠴᠡᠩᠭᠡᠯ ᠢ ᠡᠳ᠋ᠯᠡᠵᠦ ᠪᠠᠶᠢᠨ᠎ᠠ᠃    ᠣᠳᠣᠬᠠᠨ ᠳᠤ᠂ ᠠᠳᠡᠬᠢ ᠨᠢ ᠪᠠᠰᠠ ᠱᠠᠨ ᠰᠢ ᠶᠢᠨ ᠴᠠᠰᠤᠨ ᠳᠡᠭᠡᠷᠡᠬᠢ ᠲᠠᠮᠢᠷ ᠤᠨ ᠶᠡᠭᠡ ᠠᠩᠭᠢ᠂ ᠾᠧᠪᠸᠢ ᠮᠤᠵᠢ ᠶᠢᠨ ᠵᠡᠮᠳᠡᠭᠴᠦᠳ ᠤᠨ ᠬᠤᠯᠪᠣᠭᠠᠨ ᠤ ᠴᠠᠰᠤᠨ ᠳᠡᠭᠡᠷᠡᠬᠢ ᠲᠠᠮᠢᠷ ᠤᠨ ᠠᠩᠭᠢ᠂ ᠤᠯᠤᠰ ᠤᠨ ᠮᠤᠵᠢ ᠠᠯᠤᠰᠯᠠᠭᠰᠠᠨ ᠬᠢᠯᠢ ᠠᠯᠤᠰᠯᠠᠭᠰᠠᠨ ᠲᠠᠮᠢᠷ ᠤᠨ ᠶᠡᠭᠡ ᠠᠩᠭᠢ ᠶᠢᠨ ᠪᠣᠯᠪᠠᠰᠤᠷᠠᠯ ᠤᠨ ᠲᠠᠯᠠᠪᠠᠶ᠂ ᠡᠪᠦᠯ ᠤᠨ ᠵᠡᠮᠳᠡᠭᠴᠦᠳ ᠤᠨ ᠣᠯᠢᠮᠫᠢᠺ ᠤᠨ ᠲᠠᠮᠢᠷ ᠤᠨ ᠴᠤᠭᠯᠠᠭᠠᠨ ᠤ ᠤᠯᠤᠰ ᠲᠥᠪᠯᠡᠷᠡᠭᠦᠯᠦᠨ ᠪᠣᠯᠪᠠᠰᠤᠷᠠᠭᠤᠯᠬᠤ ᠠᠩᠭᠢ ᠶᠢᠨ ᠪᠤᠯᠪᠠᠰᠤᠷᠠᠯ ᠤᠨ ᠭᠠᠵᠠᠷ ᠪᠣᠯᠤᠭᠰᠠᠨ ᠪᠠᠶᠢᠨ᠎ᠠ᠃    ︽2022 ᠣᠨ ᠤ ᠪᠡᠭᠡᠵᠢᠩ ᠤᠨ ᠡᠪᠦᠯ ᠤᠨ ᠣᠯᠧᠮᠫᠢᠺ ᠴᠤᠭᠯᠠᠭᠠᠨ ᠡᠳᠦᠷ ᠢᠷᠡᠬᠦᠶ᠎ᠡ ᠣᠶᠢᠷᠠᠳᠬᠤ ᠶᠢ ᠳᠠᠭᠠᠯᠳᠤᠨ᠂ ᠴᠠᠰᠤᠨ ᠳᠡᠭᠡᠷᠡᠬᠢ ᠪᠡᠶ᠎ᠡ ᠶᠢᠨ ᠲᠠᠮᠢᠷ ᠤᠨ ᠬᠥᠳᠡᠯᠭᠡᠭᠡᠨ ᠤᠯᠠᠮ ᠢᠶᠠᠷ ᠰᠢᠷᠦᠭᠦᠰᠴᠦ᠂ ᠮᠡᠶᠢᠷᠡᠨ ᠬᠦᠨᠳᠡᠢ ᠶᠢᠨ ᠴᠠᠨᠠᠯᠠᠬᠤ ᠲᠠᠯᠠᠪᠠᠶ ᠠᠵᠠ ᠲᠣᠬᠢᠶᠠᠯ ᠢ ᠠᠮᠵᠢᠨ᠂ ᠦᠶᠯᠡᠴᠢᠯᠡᠭᠡ ᠪᠠᠨ ᠳᠡᠭᠡᠭᠰᠢᠯᠡᠭᠦᠯᠵᠦ᠂ ᠡᠯ᠎ᠡ ᠲᠥᠷᠥᠯ ᠤᠨ ᠮᠥᠰᠥ ᠴᠠᠰᠤᠨ ᠤ ᠲᠥᠷᠥᠯ ᠵᠦᠶᠯ ᠢ ᠶᠡᠬᠡᠪᠡᠷ ᠳᠥᠯᠭᠢᠨ ᠠᠬᠢᠭᠤᠯᠵᠤ᠂ ᠡᠪᠦᠯ ᠤᠨ ᠤᠯᠠᠷᠢᠯ ᠤᠨ ᠴᠠᠰᠤᠨ ᠳᠡᠭᠡᠷᠡᠬᠢ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠠᠭᠤᠯᠭ᠎ᠠ ᠶᠢ ᠪᠠᠶᠠᠯᠢᠭᠵᠢᠭᠤᠯᠬᠤ ᠶᠢᠨ ᠬᠠᠮᠲᠤ ᠤᠯᠤᠰ ᠵᠢᠴᠢ ᠡᠯ᠎ᠡ ᠮᠤᠵᠢ ᠬᠤᠲᠠ ᠶᠢᠨ ᠴᠠᠰᠤᠨ ᠳᠤ ᠭᠤᠯᠭᠤᠬᠤ ᠪᠡᠶ᠎ᠡ ᠶᠢᠨ ᠲᠠᠮᠢᠷ ᠤᠨ ᠠᠩᠭᠢ ᠳᠤ ᠡᠯ᠎ᠡ ᠲᠠᠯ᠎ᠠ ᠪᠠᠷ ᠴᠢᠩᠭ᠎ᠠ ᠬᠦᠴᠦᠲᠡᠶ ᠪᠣᠯᠪᠠᠰᠤᠷᠠᠯ ᠤᠨ ᠪᠠᠲᠤᠯᠠᠭ᠎ᠠ ᠬᠠᠩᠭᠠᠵᠤ ᠪᠠᠶᠢᠨ᠎ᠠ᠃ ᠡᠯ᠎ᠡ ᠵᠦᠢᠯ ᠤᠨ ᠠᠷᠭ᠎ᠠ ᠬᠡᠯᠪᠡᠷᠢ ᠪᠠᠷ ᠳᠠᠮᠵᠢᠭᠤᠯᠤᠨ 2022 ᠣᠨ ᠤ ᠪᠡᠭᠡᠵᠢᠩ ᠤᠨ ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ ᠳᠤ ᠬᠦᠴᠦᠨ ᠨᠡᠮᠡᠷᠢᠯᠡᠵᠦ᠂ ᠠᠵᠤ ᠠᠬᠤᠶᠢᠯᠠᠯ ᠤᠨ ᠨᠡᠷ᠎ᠡ ᠠᠯᠳᠠᠷᠰᠢᠯ ᠢ ᠳᠡᠭᠡᠭᠰᠢᠯᠡᠭᠦᠯᠦᠨ᠂ ᠠᠵᠤ ᠠᠬᠤᠶᠢᠯᠠᠯ ᠤᠨ ᠬᠥᠭᠵᠢᠯᠲᠡ ᠶᠢ ᠴᠢᠨᠠᠷ ᠤᠨ ᠦᠰᠦᠷᠦᠯᠲᠡ ᠲᠠᠢ ᠪᠣᠯᠭᠠᠨ᠎ᠠ︾ ᠭᠡᠵᠦ ᠮᠡᠶᠢᠷᠡᠨ ᠬᠦᠨᠳᠡᠢ ᠶᠢᠨ ᠴᠠᠨᠠᠯᠠᠬᠤ ᠲᠠᠯᠠᠪᠠᠶ ᠶᠢᠨ ᠶᠡᠷᠦᠩᠬᠡᠶ ᠳᠠᠭᠠᠭᠠᠮᠠᠯ ᠵᠣᠣ ᠭᠤᠸᠠᠩ ᠯᠦᠩ ᠰᠤᠷᠪᠤᠯᠵᠢᠯᠠᠭᠴᠢ ᠳᠤ ᠬᠡᠯᠡᠵᠡᠶ᠃
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号