︽ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠭᠤᠤᠯ ᠬᠤᠲᠠ ᠲᠣᠭᠤᠷᠢᠭ ᠤᠨ ᠲᠤᠰᠬᠠᠶ | ᠵᠠᠬ᠎ᠠ ᠳᠡᠯᠭᠡᠭᠦᠷ ᠤᠨ ᠪᠥᠲᠥᠭᠡᠨ ᠪᠠᠶᠢᠭᠤᠯᠤᠯᠲᠠ ᠪᠠ ᠬᠥᠭᠵᠢᠯᠲᠡ ᠶᠢ ᠳᠡᠮᠵᠢᠬᠦ ᠬᠠᠷᠠᠭᠠᠯᠵᠠᠯ ᠤᠨ ᠲᠥᠷᠥ ᠶᠢᠨ | ᠪᠣᠳᠣᠯᠭ᠎ᠠ︾ ︵ᠵᠠᠰᠠᠪᠤᠷᠢ ᠣᠷᠣᠭᠤᠯᠤᠭᠰᠠᠨ ᠬᠡᠪᠯᠡᠯ︶ ᠶᠢᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ | ᠨᠢᠭᠡ᠂ ᠲᠥᠷᠥ ᠶᠢᠨ ᠪᠣᠳᠣᠯᠭ᠎ᠠ ᠳᠤ ᠵᠠᠰᠠᠪᠤᠷᠢ ᠣᠷᠣᠭᠤᠯᠤᠭᠰᠠᠨ ᠠᠭᠤᠯᠭ᠎ᠠ | 2019 ᠣᠨ ᠳᠤ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ︽ᠤᠯᠠᠭᠠᠨᠬᠠᠳᠠ ᠬᠤᠲᠠ ᠶᠢᠨ | ᠠᠷᠠᠳ ᠤᠨ ᠵᠠᠰᠠᠭ ᠤᠨ ᠣᠷᠳᠣᠨ ᠤ ᠭᠤᠤᠯ ᠬᠤᠲᠠ ᠲᠣᠭᠤᠷᠢᠭ ᠤᠨ ᠲᠤᠰᠬᠠᠶ ᠵᠠᠬ᠎ᠠ ᠳᠡᠯᠭᠡᠭᠦᠷ ᠤᠨ ᠪᠥᠲᠥᠭᠡᠨ | ᠪᠠᠶᠢᠭᠤᠯᠤᠯᠲᠠ ᠪᠠ ᠬᠥᠭᠵᠢᠯᠲᠡ ᠶᠢ ᠳᠡᠮᠵᠢᠬᠦ ᠬᠠᠷᠠᠭᠠᠯᠵᠠᠯ ᠤᠨ ᠲᠥᠷᠥ ᠶᠢᠨ ᠪᠣᠳᠣᠯᠭ᠎ᠠ︾ ᠶᠢ ᠲᠦᠷᠦᠭᠦᠯᠡᠨ | ᠲᠤᠭᠤᠷᠪᠢᠬᠤ ᠶᠢᠨ ᠬᠠᠮᠲᠤ 2019 ᠣᠨ ᠤ ᠳᠣᠯᠣᠳᠤᠭᠠᠷ ᠤᠳᠠᠭᠠᠨ ᠤ ᠬᠤᠲᠠ ᠶᠢᠨ ᠵᠠᠰᠠᠭ ᠤᠨ ᠣᠷᠳᠣᠨ ᠤ | ᠪᠠᠶᠢᠩᠭᠤ ᠶᠢᠨ ᠬᠤᠷᠠᠯ ᠢᠶᠠᠷ ᠬᠢᠨᠠᠨ ᠵᠥᠪᠯᠡᠬᠦ ᠶᠢ ᠪᠠᠲᠤᠯᠠᠪᠠ᠃ 2019 ᠣᠨ ᠤ 6 ᠰᠠᠷ᠎ᠠ ᠶᠢᠨ 11 ᠤ ᠡᠳᠦᠷ᠂ | ᠬᠤᠲᠠ ᠶᠢᠨ ᠵᠠᠰᠠᠭ ᠤᠨ ᠣᠷᠳᠣᠨ ︽ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠲᠥᠪ | ᠬᠤᠲᠠ ᠶᠢᠨ ᠲᠣᠭᠤᠷᠢᠭ ᠤᠨ ᠲᠤᠰᠬᠠᠶ ᠵᠠᠬ᠎ᠠ ᠳᠡᠯᠭᠡᠭᠦᠷ ᠤᠨ ᠪᠥᠲᠥᠭᠡᠨ ᠪᠠᠶᠢᠭᠤᠯᠤᠯᠲᠠ ᠪᠠ ᠬᠥᠭᠵᠢᠯᠲᠡ ᠶᠢ | ᠳᠡᠮᠵᠢᠬᠦ ᠬᠠᠷᠠᠭᠠᠯᠵᠠᠯ ᠤᠨ ᠲᠥᠷᠥ ᠶᠢᠨ ᠪᠣᠳᠣᠯᠭ᠎ᠠ︾ ︵ᠤᠯᠠᠭᠠᠨᠬᠠᠳᠠ ᠵᠠᠰᠠᠭ ᠥᠰᠥᠭ ﹇2019﹈ 34 | ᠳ᠋ᠦᠭᠡᠷ ᠲᠣᠭᠠᠲᠤ︶ ᠶᠢ ᠵᠢᠩᠬᠢᠨᠢ ᠪᠠᠷ ᠨᠡᠶᠢᠲᠡᠯᠡᠪᠡ᠃ ᠲᠤᠰ ᠬᠠᠷᠠᠭᠠᠯᠵᠠᠯ ᠤᠨ ᠲᠦᠷᠦ ᠶᠢᠨ ᠪᠤᠳᠤᠯᠭ᠎ᠠ ᠶᠢᠨ | ᠬᠤᠶᠠᠳᠤᠭᠠᠷ ᠵᠣᠷᠪᠤᠰ ᠲᠤ᠄ ︽ᠲᠤᠰ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠳᠤ ᠵᠢᠭᠠᠵᠤ ᠪᠠᠶᠢᠭ᠎ᠠ ᠲᠤᠰᠬᠠᠶ | ᠵᠠᠬ᠎ᠠ ᠳᠡᠯᠭᠡᠭᠦᠷ᠂ ᠲᠥᠪ ᠬᠤᠲᠠ ᠶᠢᠨ ᠲᠣᠭᠤᠷᠢᠭ ᠤᠨ ᠲᠤᠰᠬᠠᠶ ᠵᠠᠬ᠎ᠠ ᠳᠡᠯᠭᠡᠭᠦᠷ ᠤᠨ ᠬᠥᠭᠵᠢᠯᠲᠡ ᠶᠢᠨ | ᠲᠥᠯᠥᠪᠯᠡᠭᠡ ᠪᠠ ᠭᠠᠵᠠᠷ ᠰᠢᠷᠣᠶ ᠶᠢᠨ ᠠᠰᠢᠭᠯᠠᠯᠲᠠ ᠶᠢᠨ ᠲᠥᠯᠥᠪᠵᠢᠭᠦᠯᠭᠡ ᠳᠤ ᠨᠡᠶᠢᠴᠡᠭᠰᠡᠨ ᠭᠤᠣᠯ | ᠡᠵᠡᠩᠨᠡᠯᠲᠡ ᠶᠢᠨ ᠶᠠᠮᠠᠷ ᠨᠢᠭᠡᠨ ᠲᠥᠷᠥᠯ ᠤᠨ ᠲᠠᠸᠠᠷ ᠢ ᠪᠥᠭᠡᠮ ᠢᠶᠠᠷ ᠪᠣᠷᠣᠯᠠᠭᠤᠯᠬᠤ ᠬᠤᠳᠠᠯᠳᠤᠭᠠᠨ ᠤ ᠲᠠᠯᠠᠪᠤᠷ | ᠭᠠᠵᠠᠷ ᠢ ᠵᠢᠭᠠᠵᠤ ᠪᠠᠶᠢᠨ᠎ᠠ᠃ ᠲᠣᠰ ᠲᠥᠷᠥ ᠶᠢᠨ ᠪᠣᠳᠣᠯᠭ᠎ᠠ ᠶᠢ ᠬᠤᠩᠱᠠᠨ ᠲᠣᠭᠤᠷᠢᠭ᠂ ᠰᠦᠩᠱᠠᠨ ᠲᠣᠭᠤᠷᠢᠭ᠂ | ᠬᠠᠷᠠᠴᠢᠨ ᠬᠤᠰᠢᠭᠤ ᠪᠠ ᠾᠧ ᠮᠧᠢ ᠶᠢᠨ ᠠᠵᠤ ᠦᠢᠯᠡᠳᠪᠦᠷᠢ ᠠᠷᠠᠯᠵᠢᠶᠠᠨ ᠤ ᠬᠦᠷᠢᠶᠡᠯᠡᠩ ᠲᠣᠭᠤᠷᠢᠭ ᠤᠨ | ᠬᠡᠪᠴᠢᠶᠡᠨ ᠳᠤ ᠬᠡᠷᠡᠭᠯᠡᠨ᠎ᠡ ︵ᠳᠣᠷᠣᠭᠰᠢ ︽ᠬᠤᠶᠠᠷ ᠲᠣᠭᠤᠷᠢᠭ ᠨᠢᠭᠡ ᠬᠦᠷᠢᠶᠡᠯᠡᠩ︾ ᠭᠡᠵᠦ ᠲᠣᠪᠴᠢᠯᠠᠨ᠎ᠠ︶᠃ | ᠣᠲᠣ ᠲᠠᠩ ᠴᠣᠭᠴᠠᠲᠤ ᠡᠵᠡᠩᠨᠡᠯᠲᠡ ᠶᠢᠨ ᠲᠠᠯᠠᠪᠠᠶ ︵ᠢᠵᠢ ᠪᠦᠷᠢᠳᠦᠭᠦᠯᠬᠦ ᠪᠡᠯᠡᠳᠬᠡᠮᠵᠢ ᠶᠢᠨ ᠪᠥᠲᠥᠭᠡᠨ | ᠪᠠᠶᠢᠭᠤᠯᠤᠯᠲᠠ ᠶᠢᠨ ᠲᠠᠯᠠᠪᠠᠶ ᠶᠢ ᠪᠠᠭᠲᠠᠭᠠᠬᠤ ᠥᠬᠡᠶ︶ ᠨᠢ 3 ᠲᠦᠮᠡᠨ ᠲᠡᠭᠰᠢ ᠳᠥᠷᠪᠡᠯᠵᠢᠨ ᠮᠧᠳ᠋ᠷ ᠠᠴᠠ | ᠳᠡᠭᠡᠭᠰᠢᠬᠢ ᠲᠤᠰᠬᠠᠶ ᠵᠠᠬ᠎ᠠ ᠳᠡᠯᠭᠡᠭᠦᠷ ᠵᠢᠴᠢ ᠰᠢᠨ᠎ᠡ ᠪᠠᠷ ᠪᠠᠶᠢᠭᠤᠯᠤᠭᠰᠠᠨ ᠡᠵᠡᠩᠨᠡᠯᠲᠡ ᠶᠢᠨ ᠲᠠᠯᠠᠪᠠᠶ ᠨᠢ 3 ᠲᠦᠮᠡᠨ | ᠲᠡᠭᠰᠢ ᠳᠥᠷᠪᠡᠯᠵᠢᠨ ᠮᠧᠳ᠋ᠷ ᠠᠴᠠ ᠳᠡᠭᠡᠭᠰᠢᠬᠢ ︵ᠢᠵᠢ ᠪᠦᠷᠢᠳᠦᠭᠦᠯᠬᠦ ᠪᠡᠯᠡᠳᠬᠡᠮᠵᠢ ᠶᠢᠨ ᠪᠥᠲᠥᠭᠡᠨ | ᠪᠠᠶᠢᠭᠤᠯᠤᠯᠲᠠ ᠶᠢᠨ ᠲᠠᠯᠠᠪᠠᠶ ᠶᠢ ᠪᠠᠭᠲᠠᠭᠠᠬᠤ ᠥᠬᠡᠶ︶᠂ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ︵ | ᠭᠠᠵᠠᠷ ᠰᠢᠷᠣᠶ ᠶᠢᠨ ᠡᠳ᠋ ᠬᠥᠷᠥᠩᠭᠡ ᠶᠢ ᠪᠠᠭᠲᠠᠭᠠᠬᠤ ᠥᠬᠡᠶ︶ ᠨᠢ 1 ᠳ᠋ᠦᠩᠰᠢᠭᠤᠷ ᠲᠥᠭᠦᠷᠢᠭ ᠠᠴᠠ ᠳᠡᠭᠡᠭᠰᠢ᠂ | ᠡᠵᠡᠩᠨᠡᠯᠲᠡ ᠶᠢᠨ ᠲᠠᠯᠠᠪᠠᠶ ᠶᠢᠨ ᠥᠮᠴᠢᠲᠡᠨ ᠤ ᠥᠪᠡᠷ ᠤᠨ ᠡᠵᠡᠮᠰᠢᠯ ᠤᠨ ᠨᠣᠷᠮ᠎ᠠ ᠨᠢ 70% ᠠᠴᠠ ᠳᠡᠭᠡᠭᠰᠢ ᠳᠤ | ᠬᠦᠷᠦᠭᠰᠡᠨ ᠲᠤᠰᠬᠠᠶ ᠵᠠᠬ᠎ᠠ ᠳᠡᠯᠭᠡᠭᠦᠷ︾ ᠭᠡᠵᠦ ᠲᠣᠭᠲᠠᠭᠠᠵᠠᠶ᠃ | ᠵᠠᠰᠠᠪᠤᠷᠢ ᠣᠷᠣᠭᠤᠯᠤᠭᠰᠠᠨ ᠤ ᠳᠠᠷᠠᠭᠠᠬᠢ ᠲᠤᠰ ᠬᠠᠷᠠᠭᠠᠯᠵᠠᠯ ᠤᠨ ᠲᠦᠷᠦ ᠶᠢᠨ ᠪᠤᠳᠤᠯᠭ᠎ᠠ ᠶᠢᠨ ᠬᠤᠶᠠᠳᠤᠭᠠᠷ | ᠵᠣᠷᠪᠤᠰ ᠲᠤ᠄ ︽ᠲᠤᠰ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠳᠤ ᠵᠢᠭᠠᠵᠤ ᠪᠠᠶᠢᠭ᠎ᠠ ᠲᠤᠰᠬᠠᠶ ᠵᠠᠬ᠎ᠠ ᠳᠡᠯᠭᠡᠭᠦᠷ᠂ | ᠲᠥᠪ ᠬᠤᠲᠠ ᠶᠢᠨ ᠲᠣᠭᠤᠷᠢᠭ ᠤᠨ ᠲᠤᠰᠬᠠᠶ ᠵᠠᠬ᠎ᠠ ᠳᠡᠯᠭᠡᠭᠦᠷ ᠤᠨ ᠬᠥᠭᠵᠢᠯᠲᠡ ᠶᠢᠨ ᠲᠥᠯᠥᠪᠯᠡᠭᠡ ᠪᠠ ᠭᠠᠵᠠᠷ | ᠰᠢᠷᠣᠶ ᠶᠢᠨ ᠠᠰᠢᠭᠯᠠᠯᠲᠠ ᠶᠢᠨ ᠲᠥᠯᠥᠪᠵᠢᠭᠦᠯᠭᠡ ᠳᠤ ᠨᠡᠶᠢᠴᠡᠭᠰᠡᠨ ᠭᠤᠣᠯ ᠡᠵᠡᠩᠨᠡᠯᠲᠡ ᠶᠢᠨ ᠶᠠᠮᠠᠷ ᠨᠢᠭᠡᠨ | ᠲᠥᠷᠥᠯ ᠤᠨ ᠲᠠᠸᠠᠷ ᠢ ᠪᠥᠭᠡᠮ ᠢᠶᠠᠷ ᠪᠣᠷᠣᠯᠠᠭᠤᠯᠬᠤ ᠬᠤᠳᠠᠯᠳᠤᠭᠠᠨ ᠤ ᠲᠠᠯᠠᠪᠤᠷ ᠭᠠᠵᠠᠷ ᠢ ᠵᠢᠭᠠᠵᠤ ᠪᠠᠶᠢᠨ᠎ᠠ᠃ | ᠲᠣᠰ ᠲᠥᠷᠥ ᠶᠢᠨ ᠪᠣᠳᠣᠯᠭ᠎ᠠ ᠶᠢ ᠬᠤᠩᠱᠠᠨ ᠲᠣᠭᠤᠷᠢᠭ᠂ ᠰᠦᠩᠱᠠᠨ ᠲᠣᠭᠤᠷᠢᠭ᠂ ᠬᠠᠷᠠᠴᠢᠨ ᠬᠤᠰᠢᠭᠤ ᠪᠠ ᠾᠧ | ᠮᠧᠢ ᠶᠢᠨ ᠠᠵᠤ ᠦᠢᠯᠡᠳᠪᠦᠷᠢ ᠠᠷᠠᠯᠵᠢᠶᠠᠨ ᠤ ᠬᠦᠷᠢᠶᠡᠯᠡᠩ ᠲᠣᠭᠤᠷᠢᠭ ᠤᠨ ᠬᠡᠪᠴᠢᠶᠡᠨ ᠳᠤ ᠬᠡᠷᠡᠭᠯᠡᠨ᠎ᠡ ︵ | ᠳᠣᠷᠣᠭᠰᠢ ︽ᠬᠤᠶᠠᠷ ᠲᠣᠭᠤᠷᠢᠭ ᠨᠢᠭᠡ ᠬᠦᠷᠢᠶᠡᠯᠡᠩ︾ ᠭᠡᠵᠦ ᠲᠣᠪᠴᠢᠯᠠᠨ᠎ᠠ︶᠃ ᠣᠲᠣ ᠶᠢᠨ ᠪᠠᠶᠢᠭ᠎ᠠ ᠲᠠᠩ | ᠴᠣᠭᠴᠠᠲᠤ ᠡᠵᠡᠩᠨᠡᠯᠲᠡ ᠶᠢᠨ ᠲᠠᠯᠠᠪᠠᠶ ︵ᠢᠵᠢ ᠪᠦᠷᠢᠳᠦᠭᠦᠯᠬᠦ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢᠨ | ᠲᠠᠯᠠᠪᠠᠶ ᠶᠢ ᠪᠠᠭᠲᠠᠭᠠᠬᠤ ᠥᠬᠡᠶ︶ ᠨᠢ 3 ᠲᠦᠮᠡᠨ ᠲᠡᠭᠰᠢ ᠳᠥᠷᠪᠡᠯᠵᠢᠨ ᠮᠧᠳ᠋ᠷ ᠠᠴᠠ ᠳᠡᠭᠡᠭᠰᠢᠬᠢ ᠲᠤᠰᠬᠠᠶ ᠵᠠᠬ᠎ᠠ | ᠳᠡᠯᠭᠡᠭᠦᠷ ᠵᠢᠴᠢ ᠰᠢᠨ᠎ᠡ ᠪᠠᠷ ᠪᠠᠶᠢᠭᠤᠯᠤᠭᠰᠠᠨ ᠡᠵᠡᠩᠨᠡᠯᠲᠡ ᠶᠢᠨ ᠲᠠᠯᠠᠪᠠᠶ ᠨᠢ 3 ᠲᠦᠮᠡᠨ ᠲᠡᠭᠰᠢ ᠳᠥᠷᠪᠡᠯᠵᠢᠨ | ᠮᠧᠳ᠋ᠷ ᠠᠴᠠ ᠳᠡᠭᠡᠭᠰᠢᠬᠢ ︵ᠢᠵᠢ ᠪᠦᠷᠢᠳᠦᠭᠦᠯᠬᠦ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢᠨ ᠲᠠᠯᠠᠪᠠᠶ ᠶᠢ | ᠪᠠᠭᠲᠠᠭᠠᠬᠤ ᠥᠬᠡᠶ ︶᠂ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ︵ᠭᠠᠵᠠᠷ ᠰᠢᠷᠣᠶ ᠶᠢᠨ ᠡᠳ᠋ | ᠬᠥᠷᠥᠩᠭᠡ ᠶᠢ ᠪᠠᠭᠲᠠᠭᠠᠬᠤ ᠥᠬᠡᠶ︶ ᠨᠢ 1 ᠳ᠋ᠦᠩᠰᠢᠭᠤᠷ ᠲᠥᠭᠦᠷᠢᠭ ᠠᠴᠠ ᠳᠡᠭᠡᠭᠰᠢ᠂ ᠡᠵᠡᠩᠨᠡᠯᠲᠡ ᠶᠢᠨ | ᠲᠠᠯᠠᠪᠠᠶ ᠶᠢᠨ ᠥᠮᠴᠢᠲᠡᠨ ᠤ ᠥᠪᠡᠷ ᠤᠨ ᠡᠵᠡᠮᠰᠢᠯ ᠤᠨ ᠨᠣᠷᠮ᠎ᠠ ᠨᠢ 50% ᠠᠴᠠ ᠳᠣᠤᠷ᠎ᠠ ᠥᠬᠡᠶ ᠲᠤᠰᠬᠠᠶ ᠵᠠᠬ᠎ᠠ | ᠳᠡᠯᠭᠡᠭᠦᠷ︾ ᠭᠡᠵᠦ ᠲᠣᠭᠲᠠᠭᠠᠵᠠᠶ᠃ | ᠬᠤᠶᠠᠷ᠂ ᠲᠥᠷᠥ ᠶᠢᠨ ᠪᠣᠳᠣᠯᠭ᠎ᠠ ᠳᠤ ᠵᠠᠰᠠᠪᠤᠷᠢ ᠣᠷᠣᠭᠤᠯᠤᠭᠰᠠᠨ ᠰᠢᠯᠲᠠᠭᠠᠨ | ᠪᠣᠳᠠᠲᠠᠶ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠶᠠᠪᠤᠴᠠ ᠳᠤ᠂ ᠵᠠᠬ᠎ᠠ ᠳᠡᠯᠭᠡᠭᠦᠷ ᠤᠨ ᠭᠤᠤᠯ | ᠴᠣᠭᠴᠠ ᠶᠢᠨ ᠲᠤᠰᠬᠠᠭᠰᠠᠨ ᠢᠶᠠᠷ ᠬᠡᠲᠦ ᠥᠨᠳᠥᠷ ᠥᠮᠴᠢᠲᠡᠨ ᠤ ᠥᠪᠡᠷ ᠤᠨ ᠡᠵᠡᠮᠰᠢᠯ ᠤᠨ ᠨᠣᠷᠮ᠎ᠠ ᠨᠢ ᠪᠠᠯᠠ | ᠣᠷᠣᠭᠤᠯᠤᠯᠲᠠ ᠶᠢᠨ ᠬᠤᠳᠠᠯᠳᠤᠭᠠᠴᠢᠨ ᠤ ᠪᠠᠯᠠ ᠮᠥᠩᠭᠦ ᠶᠢ ᠡᠵᠡᠯᠡᠨ ᠬᠡᠷᠡᠭᠯᠡᠬᠦ ᠬᠡᠮᠵᠢᠶ᠎ᠡ ᠶᠢ ᠨᠡᠮᠡᠭᠳᠡᠭᠦᠯᠵᠦ᠂ ᠪᠠᠯᠠ | ᠮᠥᠩᠭᠦ ᠶᠢ ᠡᠭᠡᠭᠦᠯᠦᠨ ᠬᠤᠷᠢᠶᠠᠬᠤ ᠬᠤᠷᠳᠤᠴᠠ ᠶᠢ ᠨᠥᠯᠥᠭᠡᠯᠡᠨ᠂ ᠵᠠᠬ᠎ᠠ ᠳᠡᠯᠭᠡᠭᠦᠷ ᠤᠨ ᠡᠵᠡᠩᠨᠡᠯᠲᠡ | ᠪᠤᠶᠢᠵᠢᠯᠲᠠ ᠶᠢᠨ ᠵᠠᠩᠭᠢᠯᠠᠭ᠎ᠠ ᠶᠢᠨ ᠣᠷᠣᠭᠤᠯᠤᠯᠲᠠ ᠶᠢ ᠬᠦᠷᠦᠯᠴᠡᠬᠦ ᠥᠬᠡᠶ ᠪᠣᠯᠭᠠᠨ᠎ᠠ᠃ ᠡᠭᠦᠨ ᠤ ᠬᠠᠮᠲᠤ᠂ ᠵᠠᠬ᠎ᠠ | ᠳᠡᠯᠭᠡᠭᠦᠷ ᠤᠨ ᠡᠵᠡᠩᠨᠡᠯᠲᠡ ᠶᠢᠨ ᠭᠤᠤᠯ ᠴᠣᠭᠴᠠ ᠶᠢᠨ ᠵᠣᠩᠬᠢᠯᠠᠬᠤ ᠬᠡᠰᠡᠭ ᠨᠢ ᠠᠳᠠᠯ ᠠᠬᠤᠶ ᠶᠢ ᠡᠵᠡᠮᠰᠢᠵᠦ | ᠳᠡᠶᠢᠯᠬᠦ ᠥᠬᠡᠶ ᠪᠠᠶᠢᠵᠤ᠂ ᠲᠦᠷᠢᠶᠡᠰᠦᠯᠡᠭᠰᠡᠨ ᠡᠷᠦᠬᠡ ᠶᠢᠨ ᠬᠤᠪᠢ ᠪᠠᠷ ᠡᠵᠡᠩᠨᠡᠬᠦ ᠨᠢ ᠵᠠᠬ᠎ᠠ ᠳᠡᠯᠭᠡᠭᠦᠷ ᠤᠨ ᠠᠰᠢᠭ | ᠲᠤᠰᠠ ᠲᠠᠢ ᠨᠢᠭᠲᠠ ᠤᠶᠠᠯᠳᠤᠭᠤᠯᠬᠤ ᠳᠤ ᠠᠰᠢᠭ ᠥᠬᠡᠶ ᠪᠠᠶᠢᠵᠤ᠂ ᠡᠵᠡᠩᠨᠡᠯᠲᠡ ᠶᠢᠨ ᠭᠤᠤᠯ ᠴᠣᠭᠴᠠ ᠶᠢᠨ | ᠲᠣᠭᠲᠠᠭᠤᠨ ᠪᠤᠰᠤ ᠪᠠᠶᠢᠳᠠᠯ ᠢ ᠠᠮᠠᠷᠬᠠᠨ ᠪᠣᠶ ᠪᠣᠯᠭᠠᠵᠤ᠂ ᠵᠠᠬ᠎ᠠ ᠳᠡᠯᠭᠡᠭᠦᠷ ᠤᠨ ᠬᠥᠭᠵᠢᠯᠲᠡ ᠶᠢᠨ ᠨᠡᠶᠢᠯᠡᠮᠡᠯ | ᠬᠦᠴᠦᠨ ᠢ ᠪᠦᠷᠢᠯᠳᠦᠭᠦᠯᠬᠦ ᠳᠤ ᠮᠠᠰᠢ ᠬᠦᠴᠢᠷᠲᠡᠶ ᠪᠠᠶᠢᠳᠠᠭ᠃ ᠮᠠᠨ ᠤ ᠬᠤᠲᠠ ᠶᠢᠨ ᠲᠤᠰᠬᠠᠶ ᠵᠠᠬ᠎ᠠ ᠳᠡᠯᠭᠡᠭᠦᠷ ᠤᠨ | ᠬᠥᠭᠵᠢᠯᠲᠡ ᠶᠢᠨ ᠪᠠᠶᠢᠳᠠᠯ ᠠᠴᠠ ᠦᠵᠡᠪᠡᠯ᠂ ᠣᠳᠣᠬᠠᠨ ᠳᠤ ᠪᠠᠷᠠᠭᠠᠨ ᠤ ᠭᠦᠢᠯᠭᠡᠭᠡᠨ ᠤ ᠦᠢᠯᠡᠰ ᠢᠶᠠᠷ ᠰᠠᠭᠤᠷᠢ | ᠲᠤᠯᠭᠠᠭᠤᠷᠢ ᠪᠣᠯᠭᠠᠵᠤ ᠪᠠᠶᠢᠭ᠎ᠠ ᠪᠣᠯᠪᠠᠴᠤ ᠨᠥᠯᠥᠭᠡᠯᠡᠬᠦ ᠬᠦᠴᠦᠨ ᠲᠠᠢ ᠵᠠᠬ᠎ᠠ ᠳᠡᠯᠭᠡᠭᠦᠷ ᠤᠨ ᠬᠤᠳᠠᠯᠳᠤᠭᠠᠨ ᠤ | ᠲᠣᠭᠤᠷᠢᠭ ᠬᠠᠷᠠᠬᠠᠨ ᠪᠦᠷᠢᠯᠳᠦᠭᠡᠳᠦᠶ ᠪᠠᠶᠢᠭᠰᠠᠭᠠᠷ᠃ ᠬᠡᠷᠪᠡ ᠥᠮᠴᠢᠲᠡᠨ ᠤ ᠥᠪᠡᠷ ᠤᠨ ᠡᠵᠡᠮᠰᠢᠯ ᠤᠨ ᠨᠣᠷᠮ᠎ᠠ | ᠬᠡᠲᠦ ᠥᠨᠳᠥᠷ ᠪᠣᠯᠪᠠᠯ᠂ ᠠᠷᠠᠳ ᠤᠨ ᠡᠵᠡᠩᠨᠡᠭᠰᠡᠨ ᠠᠵᠤ ᠠᠬᠤᠶᠢᠯᠠᠯ ᠤᠨ ᠣᠷᠣᠭᠤᠯᠵᠤ ᠠᠪᠴᠢᠷᠠᠬᠤ ᠳᠤ ᠠᠰᠢᠭ | ᠥᠬᠡᠶ ᠪᠣᠯᠵᠣ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠵᠦᠢᠯᠡᠰ ᠢ ᠪᠣᠳᠠᠲᠠᠶᠢᠵᠢᠭᠤᠯᠬᠤ ᠶᠢᠨ ᠬᠦᠴᠢᠷᠳᠡᠯ ᠢ | ᠨᠡᠮᠡᠭᠳᠡᠭᠦᠯᠦᠨ᠂ ᠬᠤᠳᠠᠯᠳᠤᠭᠠᠴᠢᠨ ᠤᠷᠢᠬᠤ ᠵᠦᠢᠯᠡᠰ ᠢ ᠪᠣᠳᠠᠲᠠᠶᠢᠵᠢᠭᠤᠯᠤᠨ ᠬᠡᠷᠡᠭᠵᠢᠭᠦᠯᠬᠦ ᠳᠤ ᠪᠡᠷᠬᠡ ᠪᠣᠯᠤᠨ᠎ᠠ᠃ | ᠭᠡᠪᠡᠴᠦ ᠥᠮᠴᠢᠲᠡᠨ ᠤ ᠥᠪᠡᠷ ᠤᠨ ᠡᠵᠡᠮᠰᠢᠯ ᠤᠨ ᠨᠣᠷᠮ᠎ᠠ ᠶᠢ ᠪᠠᠰᠠ ᠬᠡᠲᠦ ᠳᠣᠤᠷ᠎ᠠ ᠪᠠᠶᠢᠯᠭᠠᠵᠤ ᠪᠣᠯᠬᠤ ᠥᠬᠡᠶ᠂ | ᠬᠡᠲᠦ ᠳᠣᠤᠷ᠎ᠠ ᠪᠣᠯᠪᠠᠯ ᠵᠠᠬ᠎ᠠ ᠳᠡᠯᠭᠡᠭᠦᠷ ᠤᠨ ᠪᠤᠶᠢᠵᠢᠯᠲᠠ ᠶᠢᠨ ᠲᠦᠭᠰᠢᠭᠦᠷᠢ ᠶᠢ ᠨᠡᠮᠡᠭᠳᠡᠭᠦᠯᠵᠦ᠂ ᠵᠠᠬ᠎ᠠ | ᠳᠡᠯᠭᠡᠭᠦᠷ ᠤᠨ ᠲᠣᠭᠲᠠᠭᠤᠨ ᠢᠶᠠᠷ ᠬᠥᠭᠵᠢᠬᠦ ᠳᠤ ᠠᠰᠢᠭ ᠥᠬᠡᠶ ᠪᠣᠯᠤᠨ᠎ᠠ᠃ ᠡᠶᠢᠮᠦ ᠠᠴᠠ ᠡᠵᠡᠩᠨᠡᠯᠲᠡ ᠶᠢᠨ | ᠲᠠᠯᠠᠪᠠᠶ ᠶᠢᠨ ᠥᠮᠴᠢᠲᠡᠨ ᠤ ᠥᠪᠡᠷ ᠤᠨ ᠡᠵᠡᠮᠰᠢᠯ ᠤᠨ ᠨᠣᠷᠮ᠎ᠠ ᠶᠢ 50% ᠠᠴᠠ ᠳᠣᠤᠷ᠎ᠠ ᠪᠠᠶᠢᠯᠭᠠᠬᠤ ᠥᠬᠡᠶ | ᠪᠠᠶᠢᠬᠤ ᠨᠢ ᠤᠯᠠᠭᠠᠨᠬᠠᠳᠠ ᠬᠤᠲᠠ ᠶᠢᠨ ᠲᠤᠰᠬᠠᠶ ᠵᠠᠬ᠎ᠠ ᠳᠡᠯᠭᠡᠭᠦᠷ ᠤᠨ ᠬᠥᠭᠵᠢᠯᠲᠡ ᠶᠢᠨ ᠣᠳᠣᠬᠢ ᠪᠠᠶᠢᠳᠠᠯ ᠲᠠᠢ | ᠨᠡᠶᠢᠴᠡᠵᠦ ᠪᠠᠶᠢᠨ᠎ᠠ᠃ | ᠭᠤᠷᠪᠠ᠂ ᠲᠥᠷᠥ ᠶᠢᠨ ᠪᠣᠳᠣᠯᠭ᠎ᠠ ᠳᠤ ᠵᠠᠰᠠᠪᠤᠷᠢ ᠣᠷᠣᠭᠤᠯᠤᠭᠰᠠᠨ ᠵᠣᠷᠢᠯᠭ᠎ᠠ | ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠬᠡᠷᠡᠭᠴᠡᠭᠡ ᠳᠤ ᠵᠣᠬᠢᠴᠠᠭᠤᠯᠤᠨ᠂ ᠬᠤᠳᠠᠯᠳᠤᠭᠠᠴᠢᠨ ᠤᠷᠢᠵᠤ | ᠪᠡᠯᠡ ᠣᠷᠣᠭᠤᠯᠬᠤ ᠠᠬᠢᠴᠠ ᠶᠢ ᠲᠦᠷᠭᠡᠳᠬᠡᠨ᠂ ᠮᠠᠨ ᠤ ᠬᠤᠲᠠ ᠶᠢᠨ ᠲᠤᠰᠬᠠᠶ ᠵᠠᠬ᠎ᠠ ᠳᠡᠯᠭᠡᠭᠦᠷ ᠤᠨ ᠲᠥᠷᠥᠯ | ᠵᠦᠢᠯ ᠤᠨ ᠭᠡᠷ᠎ᠡ ᠲᠣᠭᠲᠠᠨ ᠨᠠᠶᠢᠳᠠᠪᠤᠷᠢᠵᠢᠬᠤ ᠶᠢ ᠠᠬᠢᠭᠤᠯᠵᠤ᠂ ᠲᠤᠰ ᠭᠠᠵᠠᠷ ᠤᠨ ᠠᠵᠢᠯ ᠣᠯᠬᠤ ᠲᠣᠬᠢᠶᠠᠯ ᠢ | ᠨᠡᠮᠡᠭᠳᠡᠭᠦᠯᠦᠨ᠎ᠡ᠃ | |