ᠠᠵᠢᠯᠲᠠᠨ ᠤ ᠶᠠᠪᠤᠳᠠᠯ ᠤᠨ ᠬᠤᠪᠢᠷᠠᠯᠲᠠ ᠶᠢᠨ ᠪᠠᠶᠢᠳᠠᠯ ᠪᠣᠯᠤᠨ ᠪᠥᠬᠦ ᠬᠤᠲᠠ ᠶᠢᠨ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠠᠵᠢᠯ ᠤᠨ ᠪᠣᠳᠠᠲᠠᠶ ᠬᠡᠷᠡᠭᠴᠡᠭᠡ ᠶᠢ ᠦᠨᠳᠦᠰᠦᠯᠡᠨ᠂ ᠬᠤᠲᠠ ᠶᠢᠨ ᠵᠠᠰᠠᠭ ᠤᠨ ᠣᠷᠳᠣᠨ ᠠᠴᠠ ᠬᠤᠲᠠ ᠶᠢᠨ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠠᠵᠢᠯ ᠤᠨ ᠵᠢᠯᠣᠭᠤᠳᠬᠤ ᠭᠠᠵᠠᠷ ᠤᠨ ᠪᠦᠷᠢᠯᠳᠦᠬᠦᠨ ᠳᠤ ᠲᠣᠬᠢᠷᠠᠭᠤᠯᠤᠯᠲᠠ ᠬᠢᠬᠦ ᠪᠠᠷ ᠲᠣᠭᠲᠠᠪᠠ᠃
ᠨᠡᠶᠢᠲᠡᠯᠡᠭᠰᠡᠨ ᠴᠠᠭ᠄
2021/12/24
    ᠠᠵᠢᠯᠲᠠᠨ ᠤ ᠶᠠᠪᠤᠳᠠᠯ ᠤᠨ ᠬᠤᠪᠢᠷᠠᠯᠲᠠ ᠶᠢᠨ ᠪᠠᠶᠢᠳᠠᠯ ᠪᠣᠯᠤᠨ ᠪᠥᠬᠦ ᠬᠤᠲᠠ ᠶᠢᠨ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠠᠵᠢᠯ ᠤᠨ ᠪᠣᠳᠠᠲᠠᠶ ᠬᠡᠷᠡᠭᠴᠡᠭᠡ ᠶᠢ ᠦᠨᠳᠦᠰᠦᠯᠡᠨ᠂ ᠬᠤᠲᠠ ᠶᠢᠨ ᠵᠠᠰᠠᠭ ᠤᠨ ᠣᠷᠳᠣᠨ ᠠᠴᠠ ᠬᠤᠲᠠ ᠶᠢᠨ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠠᠵᠢᠯ ᠤᠨ ᠵᠢᠯᠣᠭᠤᠳᠬᠤ ᠭᠠᠵᠠᠷ ᠤᠨ ᠪᠦᠷᠢᠯᠳᠦᠬᠦᠨ ᠳᠤ ᠲᠣᠬᠢᠷᠠᠭᠤᠯᠤᠯᠲᠠ ᠬᠢᠬᠦ ᠪᠠᠷ ᠲᠣᠭᠲᠠᠪᠠ᠃     ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠲᠦᠷᠢᠮ︾ ᠤᠨ ᠳᠥᠴᠢᠨ ᠳᠣᠯᠣᠳᠤᠭᠠᠷ ᠵᠣᠷᠪᠤᠰ ᠲᠤ ᠣᠶ ᠰᠢᠭᠤᠶ ᠨᠤᠲᠤᠭ ᠪᠡᠯᠴᠢᠭᠡᠷ ᠤᠨ ᠭᠠᠯ ᠤᠨ ᠭᠠᠮᠰᠢᠭ ᠭᠠᠷᠪᠠᠯ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠣᠶ ᠰᠢᠭᠤᠶ ᠨᠤᠲᠤᠭ ᠪᠡᠯᠴᠢᠭᠡᠷ ᠤᠨ ᠭᠠᠯ ᠤᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠪᠣᠯᠤᠨ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠤᠨ ᠵᠢᠯᠣᠭᠤᠳᠬᠤ ᠪᠠᠶᠢᠭᠤᠯᠤᠮᠵᠢ ᠶᠢᠨ ᠨᠢᠭᠡᠳᠦᠯᠲᠡᠶ ᠵᠢᠯᠣᠭᠤᠳᠣᠯᠭ᠎ᠠ ᠶᠣᠰᠣᠭᠠᠷ᠂ ᠣᠶ ᠰᠢᠭᠤᠶ ᠨᠤᠲᠤᠭ ᠪᠡᠯᠴᠢᠭᠡᠷ ᠤᠨ ᠭᠠᠯ ᠤᠨ ᠭᠠᠮᠰᠢᠭ ᠢ ᠤᠨᠲᠠᠷᠠᠭᠠᠬᠤ ᠬᠠᠮᠢᠶ᠎ᠠ ᠪᠥᠬᠦᠶ ᠠᠵᠢᠯ ᠢ ᠰᠠᠶᠢᠲᠤᠷ ᠬᠢᠬᠦ ᠬᠡᠷᠡᠭᠲᠡᠶ᠃ ᠴᠠᠭ ᠠᠭᠤᠷ ᠤᠨ ᠠᠵᠢᠯ ᠢ ᠡᠷᠬᠢᠯᠡᠠ ᠬᠠᠮᠢᠶᠠᠷᠬᠤ ᠪᠠᠶᠢᠭᠤᠯᠤᠮᠵᠢ ᠭᠠᠯ ᠭᠠᠷᠤᠭᠰᠠᠨ ᠭᠠᠵᠠᠷ ᠣᠷᠣᠨ ᠤ ᠴᠠᠭ ᠠᠭᠤᠷ ᠤᠨ ᠤᠷᠢᠳᠴᠢᠯᠠᠭᠰᠠᠨ ᠮᠡᠳᠡᠭᠡ ᠶᠢ ᠴᠠᠭ ᠲᠤᠬᠠᠶ ᠳᠤᠨᠢ ᠬᠠᠩᠭᠠᠬᠤ ᠶᠢᠨ ᠬᠠᠮᠲᠤ ᠴᠠᠭ ᠠᠭᠤᠷ ᠤᠨ ᠨᠥᠬᠦᠴᠡᠯ ᠢ ᠦᠨᠳᠦᠰᠦᠯᠡᠨ ᠬᠥᠮᠦᠨ ᠤ ᠬᠦᠴᠦ ᠪᠠᠷ ᠪᠣᠷᠣᠭᠠᠨ ᠣᠷᠣᠭᠤᠯᠬᠤ ᠠᠵᠢᠯ ᠢ ᠴᠠᠭ ᠲᠤᠬᠠᠶ ᠳᠤᠨᠢ ᠲᠣᠬᠢᠷᠠᠭᠤᠯᠤᠨ ᠬᠢᠬᠦ ᠬᠡᠷᠡᠭᠲᠡᠶ᠃ ᠵᠠᠮ ᠲᠡᠭᠡᠭᠡᠪᠦᠷᠢ᠂ ᠠᠷᠠᠳ ᠤᠨ ᠠᠭᠠᠷ ᠤᠨ ᠲᠡᠭᠡᠭᠡᠪᠦᠷᠢ ᠵᠡᠷᠭᠡ ᠰᠠᠯᠠᠭ᠎ᠠ ᠮᠥᠴᠢᠷ ᠤᠳ ᠲᠡᠭᠡᠭᠡᠪᠦᠷᠢ ᠶᠢᠨ ᠪᠠᠭᠠᠵᠢ ᠬᠡᠷᠡᠭᠰᠡᠯ ᠪᠣᠯᠤᠨ ᠲᠠᠯᠠᠪᠤᠷ ᠥᠷᠲᠡᠭᠡᠨ ᠤ ᠦᠢᠯᠡᠴᠢᠯᠡᠭᠡ ᠶᠢ ᠡᠩ ᠲᠡᠷᠢᠭᠦᠨ ᠳᠤ ᠬᠠᠩᠭᠠᠵᠤ᠂ ᠭᠠᠯ ᠤᠨᠲᠠᠷᠠᠭᠠᠵᠤ ᠠᠪᠤᠷᠠᠨ ᠲᠤᠰᠠᠯᠠᠬᠤ ᠬᠥᠮᠦᠰ ᠪᠣᠯᠤᠨ ᠭᠠᠯ ᠤᠨᠲᠠᠷᠠᠭᠠᠵᠤ ᠠᠪᠤᠷᠠᠨ ᠲᠤᠰᠠᠯᠠᠬᠤ ᠡᠳ᠋ ᠪᠣᠳᠠᠰ ᠢ ᠡᠩ ᠲᠡᠷᠢᠭᠦᠨ ᠳᠤ ᠵᠣᠬᠢᠶᠠᠨ ᠪᠠᠶᠢᠭᠤᠯᠵᠤ ᠲᠡᠭᠡᠭᠡᠪᠦᠷᠢᠯᠡᠨ ᠬᠦᠷᠭᠡᠬᠦ ᠬᠡᠷᠡᠭᠲᠡᠶ᠃ ᠮᠡᠳᠡᠭᠡ ᠬᠤᠯᠪᠣᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠪᠠᠴᠢᠮ ᠪᠠᠶᠢᠳᠠᠯ ᠢ ᠠᠷᠭᠠᠴᠠᠭᠠᠬᠤ ᠮᠡᠳᠡᠭᠡ ᠬᠤᠯᠪᠣᠭᠠᠨ ᠤ ᠪᠠᠲᠤᠯᠠᠭ᠎ᠠ ᠶᠢ ᠵᠣᠬᠢᠶᠠᠨ ᠪᠠᠶᠢᠭᠤᠯᠵᠤ ᠬᠠᠩᠭᠠᠬᠤ ᠬᠡᠷᠡᠭᠲᠡᠶ᠃ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠠᠶᠤᠯ ᠠᠴᠠ ᠵᠠᠶᠢᠯᠠᠬᠤ ᠭᠠᠵᠠᠷ ᠪᠠ ᠭᠠᠮᠰᠢᠭ ᠠᠴᠠ ᠠᠪᠤᠷᠠᠬᠤ ᠡᠳ᠋ ᠪᠣᠳᠠᠰ ᠤᠨ ᠬᠠᠩᠭᠠᠯᠭ᠎ᠠ ᠶᠢᠨ ᠴᠡᠭ ᠢ ᠴᠠᠭ ᠲᠤᠬᠠᠶ ᠳᠤᠨᠢ ᠭᠠᠷᠭᠠᠵᠤ᠂ ᠭᠠᠮᠰᠢᠭᠳᠠᠭᠰᠠᠨ ᠠᠷᠠᠳ ᠢ ᠪᠠᠴᠢᠮ ᠲᠦᠷᠭᠡᠨ ᠰᠢᠯᠵᠢᠭᠦᠯᠬᠦ ᠶᠢᠨ ᠬᠠᠮᠲᠤ ᠲᠣᠬᠢᠲᠠᠶ ᠲᠥᠪᠬᠢᠨᠡᠭᠦᠯᠵᠦ᠂ ᠭᠠᠮᠰᠢᠭᠳᠠᠭᠰᠠᠨ ᠤᠯᠠᠨ ᠲᠦᠮᠡᠨ ᠢ ᠠᠪᠤᠷᠠᠨ ᠲᠤᠰᠠᠯᠠᠬᠤ ᠠᠵᠢᠯ ᠢ ᠥᠷᠨᠢᠭᠦᠯᠬᠦ ᠬᠡᠷᠡᠭᠲᠡᠶ᠃ ᠡᠳ᠋ ᠤᠨ ᠵᠠᠰᠠᠭ ᠤᠨ ᠰᠠᠯᠠᠭ᠎ᠠ ᠮᠥᠴᠢᠷ ᠤᠳ ᠭᠠᠯ ᠤᠨᠲᠠᠷᠠᠭᠠᠬᠤ ᠪᠠᠴᠢᠮ ᠪᠠᠶᠢᠳᠠᠯ ᠢ ᠠᠷᠭᠠᠴᠠᠭᠠᠬᠤ ᠪᠡᠯᠡ ᠮᠥᠩᠭᠦ ᠶᠢ ᠴᠠᠭ ᠲᠤᠬᠠᠶ ᠳᠤᠨᠢ ᠪᠠᠭᠤᠯᠭᠠᠨ ᠥᠭᠬᠦ ᠬᠡᠷᠡᠭᠲᠡᠶ᠃ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠮᠤᠷ ᠢ ᠬᠠᠮᠠᠭᠠᠯᠠᠬᠤ ᠠᠵᠢᠯ ᠤᠨ ᠡᠮᠬᠢ ᠵᠢᠷᠤᠮ ᠪᠠ ᠬᠠᠮᠢᠶᠠᠷᠤᠯᠲᠠ ᠪᠠᠨ ᠴᠢᠩᠭᠠᠳᠬᠠᠬᠤ ᠬᠡᠷᠡᠭᠲᠡᠶ᠃ ᠬᠤᠳᠠᠯᠳᠤᠭᠠᠨ ᠤ ᠶᠠᠪᠤᠳᠠᠯ᠂ ᠡᠷᠡᠭᠦᠯ ᠬᠠᠮᠠᠭᠠᠯᠠᠯ ᠵᠡᠷᠭᠡ ᠶᠢ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠤᠳ ᠡᠳ᠋ ᠪᠣᠳᠠᠰ ᠤᠨ ᠬᠠᠩᠭᠠᠯᠭ᠎ᠠ ᠂ ᠡᠮᠨᠡᠯᠭᠡ ᠶᠢᠨ ᠠᠪᠤᠷᠠᠨ ᠲᠤᠰᠠᠯᠠᠯᠲᠠ ᠪᠠ ᠡᠷᠡᠭᠦᠯ ᠢ ᠬᠠᠮᠠᠭᠠᠯᠠᠵᠤ ᠬᠢᠵᠢᠭ ᠢ ᠰᠡᠷᠭᠡᠶᠢᠯᠡᠬᠦ ᠵᠡᠷᠭᠡ ᠠᠵᠢᠯ ᠢ ᠴᠠᠭ ᠲᠤᠬᠠᠶ ᠳᠤᠨᠢ ᠵᠣᠬᠢᠶᠠᠨ ᠪᠠᠶᠢᠭᠤᠯᠵᠤ ᠰᠠᠶᠢᠲᠤᠷ ᠬᠢᠬᠦ ᠬᠡᠷᠡᠭᠲᠡᠶ᠃ ᠲᠤᠬᠠᠢ ᠶᠢᠨ ᠭᠠᠵᠠᠷ ᠤᠨ ᠭᠠᠵᠠᠷ ᠤᠨ ᠠᠷᠠᠳ ᠤᠨ ᠵᠠᠰᠠᠭ ᠤᠨ ᠣᠷᠳᠣᠨ ᠤ ᠵᠢᠭᠠᠨ ᠲᠣᠭᠲᠠᠭᠠᠭᠰᠠᠨ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠨᠢᠭᠡᠴᠢ ᠨᠢ ᠠᠵᠢᠯᠲᠠᠨ ᠪᠠ ᠡᠳ᠋ ᠬᠦᠷᠦᠩᠭᠡ ᠶᠢ ᠲᠠᠷᠬᠠᠭᠠᠨ ᠰᠢᠯᠵᠢᠭᠦᠯᠬᠦ ᠵᠡᠷᠭᠡ ᠠᠵᠢᠯ ᠢ ᠴᠠᠭ ᠲᠤᠬᠠᠶ ᠳᠤᠨᠢ ᠰᠠᠶᠢᠲᠤᠷ ᠬᠢᠬᠦ ᠬᠡᠷᠡᠭᠲᠡᠶ᠃    ᠲᠣᠰ ᠤᠳᠠᠭᠠᠨ ᠤ ᠲᠣᠬᠢᠷᠠᠭᠤᠯᠤᠯᠲᠠ ᠨᠢ ᠬᠤᠯᠪᠣᠭᠳᠠᠯ ᠪᠥᠬᠦᠶ ᠰᠠᠯᠠᠭ᠎ᠠ ᠮᠥᠴᠢᠷ ᠨᠢᠭᠡᠴᠡ ᠶᠢᠨ ᠡᠭᠦᠷᠭᠡ ᠴᠢᠳᠠᠪᠤᠷᠢ ᠶᠢᠨ ᠦᠢᠯᠡᠳᠦᠯ ᠢ ᠪᠠᠳᠠᠷᠠᠭᠤᠯᠬᠤ ᠳᠤ ᠨᠠᠩ ᠠᠰᠢᠭᠲᠠᠶ ᠪᠠᠶᠢᠵᠤ᠂ ᠣᠶ ᠰᠢᠭᠤᠶ ᠨᠤᠲᠤᠭ ᠪᠡᠯᠴᠢᠭᠡᠷ ᠤᠨ ᠭᠠᠯ ᠤᠨ ᠭᠠᠮᠰᠢᠭ ᠢ ᠪᠦᠲᠦᠮᠵᠢᠲᠡᠶ ᠰᠡᠷᠭᠡᠶᠢᠯᠡᠬᠦ ᠪᠠ ᠥᠨᠳᠥᠷ ᠪᠦᠲᠦᠮᠵᠢᠲᠡᠶ ᠪᠠᠷ ᠰᠢᠢᠳᠪᠦᠷᠢᠯᠡᠬᠦ  ᠳᠤ ᠪᠥᠬᠦ ᠲᠠᠯ᠎ᠠ ᠶᠢᠨ ᠳᠡᠮᠵᠢᠯᠭᠡ ᠪᠠ ᠪᠠᠲᠤᠯᠠᠭ᠎ᠠ ᠬᠠᠩᠭᠠᠬᠤ ᠪᠣᠯᠤᠨ᠎ᠠ᠃
 
ᠢᠷᠡᠯᠲᠡ᠄ ᠤᠯᠠᠭᠠᠨᠬᠠᠳᠠ ᠶᠢᠨ ᠵᠠᠰᠠᠭ ᠤᠨ ᠤᠷᠳᠤᠨ ᠤ ᠮᠤᠩᠭᠤᠯ ᠬᠡᠯᠡᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号