︽ᠪᠥᠬᠦ ᠤᠯᠤᠰ ᠤᠨ ᠠᠩᠬᠠᠳᠤᠭᠴᠢ ᠬᠤᠭᠤᠴᠠᠭᠠᠨ ᠤ ᠬᠢᠲᠠᠳ ᠮᠣᠩᠭᠤᠯ ᠡᠮ ᠤᠨ ᠮᠠᠲ᠋ᠧᠷᠢᠶᠠᠯ ᠤᠨ ᠠᠵᠤ ᠦᠶᠯᠡᠰ ᠤᠨ ᠬᠥᠭᠵᠢᠯᠲᠡ ᠶᠢᠨ ᠶᠡᠭᠡ ᠬᠤᠷᠠᠯ ᠳᠤ ᠠᠩᠬᠠᠷᠤᠯ ᠢᠶᠠᠨ  ᠴᠢᠭᠯᠡᠭᠦᠯᠪᠡ︾  ᠪᠥᠬᠦ ᠤᠯᠤᠰ ᠤᠨ ᠠᠩᠬᠠᠳᠤᠭᠴᠢ ᠬᠤᠭᠤᠴᠠᠭᠠᠨ ᠤ ᠬᠢᠲᠠᠳ ᠮᠣᠩᠭᠤᠯ ᠡᠮ ᠤᠨ ᠮᠠᠲ᠋ᠧᠷᠢᠶᠠᠯ ᠤᠨ ᠠᠵᠤ ᠦᠶᠯᠡᠰ ᠤᠨ ᠬᠥᠭᠵᠢᠯᠲᠡ ᠶᠢᠨ ᠶᠡᠭᠡ ᠬᠤᠷᠠᠯ ᠤᠨ ᠬᠤᠳᠠᠯᠳᠤᠭᠠᠴᠢᠨ ᠤᠷᠢᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2021/12/24
︽ᠪᠥᠬᠦ ᠤᠯᠤᠰ ᠤᠨ ᠠᠩᠬᠠᠳᠤᠭᠴᠢ ᠬᠤᠭᠤᠴᠠᠭᠠᠨ ᠤ ᠬᠢᠲᠠᠳ ᠮᠣᠩᠭᠤᠯ ᠡᠮ ᠤᠨ ᠮᠠᠲ᠋ᠧᠷᠢᠶᠠᠯ ᠤᠨ ᠠᠵᠤ ᠦᠶᠯᠡᠰ ᠤᠨ ᠬᠥᠭᠵᠢᠯᠲᠡ ᠶᠢᠨ ᠶᠡᠭᠡ ᠬᠤᠷᠠᠯ ᠳᠤ ᠠᠩᠬᠠᠷᠤᠯ ᠢᠶᠠᠨ  ᠴᠢᠭᠯᠡᠭᠦᠯᠪᠡ︾   ᠪᠥᠬᠦ ᠤᠯᠤᠰ ᠤᠨ ᠠᠩᠬᠠᠳᠤᠭᠴᠢ ᠬᠤᠭᠤᠴᠠᠭᠠᠨ ᠤ ᠬᠢᠲᠠᠳ ᠮᠣᠩᠭᠤᠯ ᠡᠮ ᠤᠨ ᠮᠠᠲ᠋ᠧᠷᠢᠶᠠᠯ ᠤᠨ ᠠᠵᠤ ᠦᠶᠯᠡᠰ ᠤᠨ ᠬᠥᠭᠵᠢᠯᠲᠡ ᠶᠢᠨ ᠶᠡᠭᠡ ᠬᠤᠷᠠᠯ ᠤᠨ ᠬᠤᠳᠠᠯᠳᠤᠭᠠᠴᠢᠨ ᠤᠷᠢᠬᠤ ᠬᠤᠷᠠᠯ ᠬᠤᠷᠠᠯᠳᠤᠪᠠ10 ᠰᠠᠷ᠎ᠠ ᠶᠢᠨ 11 ᠤ ᠡᠳᠦᠷ ᠤᠨ ᠦᠳᠡ ᠶᠢᠨ ᠬᠤᠶᠢᠨ᠎ᠠ᠂ ᠪᠥᠬᠦ ᠤᠯᠤᠰ ᠤᠨ ᠠᠩᠬᠠᠳᠤᠭᠴᠢ ᠬᠤᠭᠤᠴᠠᠭᠠᠨ ᠤ ᠬᠢᠲᠠᠳ ᠮᠣᠩᠭᠤᠯ ᠡᠮ ᠤᠨ ᠮᠠᠲ᠋ᠧᠷᠢᠶᠠᠯ ᠤᠨ ᠠᠵᠤ ᠦᠶᠯᠡᠰ ᠤᠨ ᠬᠥᠭᠵᠢᠯᠲᠡ ᠶᠢᠨ ᠶᠡᠭᠡ ᠬᠤᠷᠠᠯ ᠤᠨ ᠬᠢᠲᠠᠳ ᠮᠣᠩᠭᠤᠯ ᠡᠮ ᠤᠨ ᠮᠠᠲ᠋ᠧᠷᠢᠶᠠᠯ ᠤᠨ ᠠᠵᠤ ᠦᠶᠯᠡᠰ ᠤᠨ ᠬᠤᠳᠠᠯᠳᠤᠭᠠᠴᠢᠨ ᠤᠷᠢᠬᠤ ᠬᠤᠷᠠᠯ ᠤᠯᠠᠭᠠᠨᠬᠠᠳᠠ ᠶᠢᠨ ᠹᠦ᠋ ᠰᠢᠩ ᠳ᠋ᠦᠩ ᠹᠠᠩ ᠪᠠᠭᠤᠳᠠᠯ ᠳᠤ ᠶᠠᠪᠤᠭᠳᠠᠪᠠ᠃ ᠬᠤᠰᠢᠭᠤᠨ ᠤ ᠤᠳᠤᠷᠢᠳᠤᠯᠭ᠎ᠠ ᠹᠠᠩ ᠷᠦᠢ᠂ ᠯᠦ ᠰᠢᠤ ᠴᠢᠩ᠂ ᠯᠢ ᠬᠦᠶ ᠹᠠᠩ᠂ ᠸᠠᠩ ᠴᠢᠦ ᠶᠧ ᠵᠢᠴᠢ ᠭᠡᠷ᠎ᠡ ᠲᠣᠭᠲᠠᠭᠰᠠᠨ ᠠᠵᠤ ᠠᠬᠤᠶᠢᠯᠠᠯ ᠤᠨ ᠲᠥᠯᠥᠭᠡᠯᠡᠭᠴᠢ ᠣᠷᠣᠯᠴᠠᠵᠤ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠵᠠᠩ ᠶᠠᠨ ᠬᠤᠷᠠᠯ ᠡᠷᠭᠢᠯᠡᠪᠡ᠃ᠬᠤᠷᠠᠯ ᠳᠡᠭᠡᠷ᠎ᠡ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠸᠠᠩ ᠴᠢᠦ ᠶᠧ ᠪᠦᠭᠦ ᠬᠤᠰᠢᠭᠤᠨ ᠤ ᠬᠢᠲᠠᠳ ᠮᠣᠩᠭᠤᠯ ᠡᠮ ᠤᠨ ᠮᠠᠲ᠋ᠧᠷᠢᠶᠠᠯ ᠤᠨ ᠠᠵᠤ ᠦᠢᠯᠡᠰ ᠤᠨ ᠬᠥᠭᠵᠢᠯᠲᠡ ᠶᠢᠨ ᠪᠠᠶᠢᠳᠠᠯ ᠢ ᠲᠠᠨᠢᠯᠴᠠᠭᠤᠯᠪᠠ᠃ ᠬᠤᠰᠢᠭᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠯᠢ ᠬᠦᠶ ᠹᠠᠩ ᠲᠣᠰ ᠲᠣᠰ ᠳᠤᠮᠳᠠᠳᠤ ᠤᠯᠤᠰ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠠᠵᠤ ᠦᠶᠯᠡᠳᠪᠦᠷᠢ ᠶᠢᠨ ᠳᠡᠭᠡᠳᠦ ᠰᠤᠷᠭᠠᠭᠤᠯᠢ ᠶᠢᠨ ᠳ᠋ᠣᠺᠲ᠋ᠣᠷ ᠬᠤᠤ ᠯᠢᠨ ᠵᠢᠶᠧ᠂ ᠴᠢᠩᠳᠣᠤ ᠶᠢᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠠᠮᠢᠲᠠᠨ ᠤ ᠰᠢᠨᠵᠢᠯᠡᠬᠦ ᠤᠬᠠᠭᠠᠨ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠡᠪᠡᠰᠦᠨ ᠤ ᠦᠶᠯᠡᠰ ᠤᠨ ᠳᠡᠭᠡᠳᠦ ᠰᠤᠷᠭᠠᠭᠤᠯᠢ ᠶᠢᠨ ᠨᠠᠮ ᠤᠨ ᠶᠡᠷᠦᠩᠬᠡᠶ ᠡᠭᠦᠷ ᠤᠨ ᠱᠦᠵᠢ ᠵᠠᠩ ᠸᠧᠨ ᠵᠢᠶᠦ᠋ᠨ ᠲᠠᠢ ᠲᠥᠷᠥᠯ ᠵᠦᠶᠯ ᠤᠨ ᠭᠡᠷ᠎ᠡ ᠲᠣᠭᠲᠠᠪᠠ᠃ ᠤᠯᠠᠭᠠᠨᠬᠠᠳᠠ ᠶᠢᠨ ᠷᠦᠩ ᠰᠢᠩ ᠲᠠᠩ ᠡᠮ ᠤᠨ ᠦᠢᠯᠡᠰ ᠤᠨ ᠬᠢᠵᠠᠭᠠᠷᠲᠤ ᠺᠣᠮᠫᠠᠨᠢ ᠶᠢᠨ ᠶᠡᠷᠦᠩᠬᠡᠢ ᠳᠠᠭᠠᠭᠠᠮᠠᠯ ᠢᠦᠢ ᠷᠦᠩ ᠱᠠᠩᠬᠠᠢ ᠶᠢᠨ ᠡᠮ ᠡᠮᠨᠡᠯᠭᠡ ᠶᠢᠨ ᠪᠦᠯᠦᠭᠯᠡᠯ ᠤᠨ ᠪᠡᠭᠡᠵᠢᠩ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠰᠢᠨ ᠬᠠᠢ ᠡᠮ ᠡᠮᠨᠡᠯᠭᠡ ᠶᠢᠨ ᠺᠣᠮᠫᠠᠨᠢ ᠶᠢᠨ ᠶᠡᠷᠦᠩᠬᠡᠢ ᠳᠠᠭᠠᠭᠠᠮᠠᠯ ᠸᠠᠩ ᠶᠦᠩ ᠴᠢᠤᠸᠠᠨ ᠲᠠᠢ ᠲᠦᠷᠦᠯ ᠵᠦᠢᠯ ᠤᠨ ᠭᠡᠷ᠎ᠡ ᠲᠣᠭᠲᠠᠵᠠᠢ᠃ᠬᠤᠷᠠᠯ ᠠᠴᠠ ᠵᠢᠭᠠᠵᠤ ᠭᠠᠷᠭᠠᠭᠰᠠᠨ ᠨᠢ᠂ ᠣᠳᠣᠬᠠᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠵᠦ ᠪᠠᠶᠢᠭ᠎ᠠ ᠠᠬᠤᠶ ᠪᠠᠶᠢᠳᠠᠯ ᠳᠣᠣᠷ᠎ᠠ᠂ ᠬᠠᠷᠠᠴᠢᠨ ᠬᠤᠰᠢᠭᠤᠨ ᠤ ᠬᠢᠨ ᠠᠮᠢ ᠠᠬᠤᠶ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠥᠬᠡᠶ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢᠶᠠᠷ ᠦᠷᠭᠦᠯᠵᠢᠯᠡᠨ ᠰᠠᠶᠢᠲᠤᠷ ᠵᠠᠮᠨᠠᠵᠤ᠂ ᠡᠷᠡᠭᠦᠯ ᠮᠡᠨᠳᠦ ᠶᠢᠨ ᠲᠣᠮᠣ ᠠᠵᠤ ᠦᠶᠯᠡᠰ ᠲᠤ ᠠᠩᠬᠠᠷᠤᠯ ᠢᠶᠠᠨ ᠲᠥᠪᠯᠡᠷᠡᠭᠦᠯᠦᠨ᠂  ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ᠂ ᠰᠢᠨᠵᠢᠯᠡᠬᠦ ᠤᠬᠠᠭᠠᠨ ᠮᠡᠷᠭᠡᠵᠢᠯ ᠤᠨ ᠳᠡᠯᠭᠡᠷᠡᠭᠦᠯᠦᠯᠲᠡ᠂ ᠠᠷᠠᠯᠵᠢᠶ᠎ᠠ ᠬᠤᠳᠠᠯᠳᠤᠭ᠎ᠠ ᠡᠳ᠋ ᠪᠠᠷᠠᠭᠠᠨ ᠤ ᠭᠦᠶᠯᠭᠡᠭᠡ᠂ ᠪᠦᠲᠦᠭᠡᠭᠳᠡᠬᠦᠨ ᠢ ᠨᠠᠷᠢᠯᠢᠭ ᠡᠳ᠋ᠰᠢᠭᠦᠯᠬᠦ ᠵᠡᠷᠭᠡ ︽ᠪᠥᠬᠦ ᠠᠵᠤ ᠦᠶᠯᠡᠰ ᠤᠨ ᠬᠡᠯᠬᠢᠶ᠎ᠡ ︾ ᠶᠢᠨ ᠲᠥᠷᠥᠯ ᠵᠦᠶᠯ ᠢ ᠣᠷᠣᠭᠤᠯᠤᠨ ᠠᠪᠴᠢᠷᠠᠬᠤ ᠡᠷᠴᠢᠮ ᠢᠶᠠᠨ ᠴᠢᠩᠭᠠᠷᠠᠭᠤᠯᠤᠨ᠎ᠠ᠃ ᠭᠠᠳᠠᠨ᠎ᠠ ᠠᠴᠠ ᠢᠷᠡᠭᠰᠡᠨ ᠬᠤᠳᠠᠯᠳᠤᠭᠠᠴᠢᠳ ᠢ ᠴᠢᠩ ᠰᠡᠳᠬᠢᠯ ᠠᠴᠠ ᠪᠠᠨ ᠤᠷᠢᠵᠤ ᠬᠠᠷᠠᠴᠢᠨ ᠬᠤᠰᠢᠭᠤ ᠳᠤ ᠪᠠᠯᠠ ᠣᠷᠣᠭᠤᠯᠤᠨ ᠦᠶᠯᠡᠰ ᠬᠥᠭᠵᠢᠭᠦᠯᠵᠦ᠂ ᠬᠢᠲᠠᠳ ᠮᠣᠩᠭᠤᠯ ᠡᠮ ᠡᠮᠨᠡᠯᠭᠡ ᠶᠢᠨ ᠪᠥᠲᠥᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠬᠠᠮᠲᠤ ᠪᠠᠷ ᠡᠳ᠋ᠯᠡᠵᠦ᠂ ᠬᠢᠲᠠᠳ ᠮᠣᠩᠭᠤᠯ ᠡᠮ ᠡᠮᠨᠡᠯᠭᠡ ᠶᠢᠨ ᠬᠥᠭᠵᠢᠯᠲᠡ ᠶᠢᠨ ᠵᠠᠮ ᠢ ᠬᠠᠮᠲᠤ ᠪᠠᠷ ᠰᠦᠪᠡᠭᠴᠢᠯᠡᠨ᠎ᠡ᠃ ᠬᠠᠷᠠᠴᠢᠨ ᠬᠤᠰᠢᠭᠤ ᠴᠤ ᠭᠠᠵᠠᠷ ᠣᠷᠣᠨ ᠤ ᠬᠥᠭᠵᠢᠯᠲᠡ ᠶᠢ ᠠᠬᠢᠭᠤᠯᠬᠤ᠂ ᠠᠵᠤ ᠠᠬᠤᠶᠢᠯᠠᠯ ᠤᠨ ᠦᠷ᠎ᠡ ᠠᠰᠢᠭ ᠢ ᠨᠡᠮᠡᠭᠳᠡᠭᠦᠯᠬᠦ ᠳᠤ ᠬᠦᠴᠦᠨ ᠨᠡᠮᠡᠷᠢᠯᠡᠬᠦ᠂ ᠣᠯᠠᠨ ᠲᠦᠮᠡᠨ ᠤ ᠣᠷᠣᠯᠭ᠎ᠠ ᠶᠢ ᠨᠡᠮᠡᠭᠳᠡᠭᠦᠯᠬᠦ ᠬᠠᠮᠲᠤ ᠪᠠᠷ ᠠᠰᠢᠭ ᠬᠦᠷᠲᠡᠬᠦ ᠣᠶᠢᠯᠠᠭᠠᠭᠳᠠᠬᠤᠨ ᠢ ᠪᠠᠷᠢᠮᠲᠠᠯᠠᠵᠤ᠂ ᠲᠡᠷᠢᠭᠦᠨ ᠵᠡᠷᠭᠡ ᠶᠢᠨ ᠵᠠᠰᠠᠭ ᠤᠨ ᠶᠠᠪᠤᠳᠠᠯ ᠤᠨ ᠣᠷᠴᠢᠨ ᠲᠣᠭᠤᠷᠢᠨ᠂ ᠬᠥᠮᠦᠨ ᠨᠡᠶᠢᠭᠡᠮ ᠤᠨ ᠣᠷᠴᠢᠨ ᠲᠣᠭᠤᠷᠢᠨ᠂ ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠪᠠ ᠨᠡᠶᠢᠭᠡᠮ ᠤᠨ ᠣᠷᠴᠢᠨ ᠲᠣᠭᠤᠷᠢᠨ ᠢ ᠰᠢᠨᠲᠠᠷᠠᠰᠢ ᠥᠬᠡᠶ ᠴᠢᠷᠮᠠᠶᠢᠨ ᠡᠭᠦᠳᠴᠦ᠂ ᠨᠠᠩ ᠨᠡᠭᠡᠭᠡᠯᠲᠡᠲᠡᠶ ᠳᠦᠷᠢ ᠪᠠᠶᠢᠳᠠᠯ᠂ ᠨᠠᠩ ᠪᠣᠳᠠᠲᠠᠶ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ᠂ ᠨᠠᠩ ᠰᠢᠯᠢᠳᠡᠭ ᠦᠶᠯᠡᠴᠢᠯᠡᠭᠡ ᠪᠠᠷ᠂ ᠬᠤᠳᠠᠯᠳᠤᠭᠠᠴᠢᠨ ᠢ ᠳᠣᠲᠣᠨᠣᠴᠢᠯᠠᠬᠤ᠂ ᠬᠤᠳᠠᠯᠳᠤᠭᠠᠴᠢᠨ ᠢ ᠠᠮᠤᠷᠵᠢᠭᠤᠯᠬᠤ᠂ ᠬᠤᠳᠠᠯᠳᠤᠭᠠᠴᠢᠨ ᠢ ᠬᠠᠪᠰᠤᠷᠬᠤ᠂ ᠬᠤᠳᠠᠯᠳᠤᠭᠠᠴᠢᠨ ᠢ ᠪᠠᠶᠠᠵᠢᠭᠤᠯᠬᠤ ᠵᠡᠷᠭᠡ ᠡᠯ᠎ᠡ ᠲᠠᠯ᠎ᠠ ᠶᠢᠨ ᠡᠷᠳᠡᠮᠲᠡᠨ ᠮᠡᠷᠭᠡᠳ ᠲᠠᠢ ᠦᠨᠡᠨ ᠰᠡᠳᠬᠢᠯ ᠠᠴᠠ ᠪᠠᠨ ᠭᠠᠷ ᠬᠤᠯᠪᠣᠨ᠂ ᠬᠠᠷᠢᠯᠴᠠᠨ ᠠᠰᠢᠭᠲᠠᠶ ᠬᠠᠮᠲᠤᠷᠠᠯᠴᠠᠵᠤ᠂ ᠳᠤᠮᠳᠠᠳᠤ ᠮᠣᠩᠭᠤᠯ ᠡᠮ ᠤᠨ ᠮᠠᠲ᠋ᠧᠷᠢᠶᠠᠯ ᠤᠨ ᠠᠵᠤ ᠦᠶᠯᠡᠰ ᠤᠨ ᠬᠥᠭᠵᠢᠯᠲᠡ ᠶᠢᠨ ᠰᠠᠶᠢᠨ ᠰᠠᠶᠢᠬᠠᠨ ᠵᠢᠷᠤᠭ ᠲᠥᠰᠦᠪ ᠢ ᠬᠠᠮᠲᠤᠪᠠᠷ ᠵᠢᠷᠤᠭᠯᠠᠨ᠎ᠠ᠃
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号