ᠬᠠᠷᠠᠴᠢᠨ ᠬᠤᠰᠢᠭᠤᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ  ᠲᠥᠪ ᠬᠤᠷᠢᠶᠠᠨ ᠤ ᠵᠢᠷᠭᠤᠳᠤᠭᠠᠷ ᠪᠥᠬᠦᠳᠡ  ᠬᠤᠷᠠᠯ ᠤᠨ ᠵᠣᠷᠢᠭ ᠰᠠᠨᠠᠭ᠎ᠠ   ᠶᠢ ᠤᠯᠠᠮᠵᠢᠯᠠᠨ ᠲᠠᠷᠬᠠᠭᠠᠬᠤ  ᠪᠠ ᠰᠤᠷᠤᠯᠴᠠᠪᠠ
ᠨᠡᠶᠢᠲᠡᠯᠡᠭᠰᠡᠨ ᠴᠠᠭ᠄
2021/12/28
ᠬᠠᠷᠠᠴᠢᠨ ᠬᠤᠰᠢᠭᠤᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ  ᠲᠥᠪ ᠬᠤᠷᠢᠶᠠᠨ ᠤ ᠵᠢᠷᠭᠤᠳᠤᠭᠠᠷ ᠪᠥᠬᠦᠳᠡ  ᠬᠤᠷᠠᠯ ᠤᠨ ᠵᠣᠷᠢᠭ ᠰᠠᠨᠠᠭ᠎ᠠ  ᠶᠢ ᠤᠯᠠᠮᠵᠢᠯᠠᠨ ᠲᠠᠷᠬᠠᠭᠠᠬᠤ  ᠪᠠ ᠰᠤᠷᠤᠯᠴᠠᠪᠠ      ᠣᠶᠢᠷ᠎ᠠ ᠳᠤ᠂ ᠬᠠᠷᠠᠴᠢᠨ ᠬᠤᠰᠢᠭᠤᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ 12 ᠳ᠋ᠤᠭᠠᠷ ᠤᠳᠠᠭᠠᠨ ᠤ ᠣᠨᠣᠯ ᠤᠨ ᠭᠤᠤᠯ ᠳᠤᠭᠤᠶᠢᠯᠠᠩ ︵ᠥᠷᠭᠡᠳᠬᠡᠭᠰᠡᠨ︶ ᠤᠨ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠵᠤ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠲᠠᠷᠬᠠᠭᠠᠬᠤ ᠪᠠ ᠰᠤᠷᠤᠯᠴᠠᠪᠠ᠃ ᠵᠤᠬᠢᠶᠠᠨ ᠪᠠᠶᠢᠭᠤᠯᠬᠤ ᠬᠡᠯᠳᠡᠰ ᠤᠨ ᠪᠦᠬᠦ ᠺᠠᠳ᠋ᠷ ᠰᠤᠷᠤᠯᠴᠠᠯᠭ᠎ᠠ ᠳᠤ ᠣᠷᠣᠯᠴᠠᠵᠠᠢ᠃    ᠬᠤᠷᠠᠯ ᠠᠴᠠ᠂ ᠬᠤᠰᠢᠭᠤᠨ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠳᠡᠳ᠋ ᠵᠠᠬᠢᠷᠤᠯ ᠪᠢᠶᠠᠨ ᠵᠥᠩ ᠰᠢᠶᠤᠤ ᠶᠢ ᠤᠷᠢᠵᠤ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠢᠲᠡᠭᠡᠯ ᠵᠣᠷᠢᠭ ᠢᠶᠠᠨ ᠪᠠᠲᠤᠳᠬᠠᠬᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠠᠶᠠᠨ ᠵᠠᠮ ᠳᠠᠬᠢ ᠠᠭᠤᠤ ᠶᠡᠭᠡ ᠦᠰᠦᠷᠦᠯᠲᠡ ᠶᠢ ᠣᠶᠢᠯᠠᠭᠠᠬᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠠᠤᠭ᠎ᠠ ᠬᠠᠷᠠᠯᠲᠠ ᠶᠢ ᠪᠡᠶᠡᠯᠡᠭᠦᠯᠬᠦ ᠤᠷᠤᠭᠰᠢᠯᠠᠯᠲᠠ ᠶᠢᠨ ᠬᠥᠳᠡᠯᠭᠡᠬᠦ ᠬᠦᠴᠦᠨ ᠳᠤ ᠲᠦᠪᠯᠡᠷᠡᠬᠦ ᠭᠤᠷᠪᠠᠨ ᠲᠠᠯ᠎ᠠ ᠠᠴᠠ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠥᠬᠦᠳᠡ ᠬᠤᠷᠠᠯ ᠤᠨ ᠠᠯᠪᠠᠨ ᠮᠡᠳᠡᠭᠡ︾ ᠳᠤ ᠲᠠᠶᠢᠯᠤᠮᠵᠢ ᠬᠢᠯᠭᠡᠪᠡ᠃    ᠬᠤᠷᠠᠯ ᠠᠴᠠ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠬᠦᠳᠠ ᠬᠤᠷᠠᠯ ᠪᠣᠯ ᠮᠠᠨ ᠤ ᠨᠠᠮ ᠤᠨ ᠵᠠᠭᠤᠨ ᠵᠢᠯ ᠤᠨ ᠤᠢ ᠶᠢᠨ ᠴᠢᠬᠤᠯᠠ ᠴᠠᠭ ᠮᠥᠴᠡ᠂ ︽ᠬᠤᠣᠰ ᠵᠠᠭᠤᠨ︾ ᠤ ᠲᠡᠮᠡᠴᠡᠬᠦ ᠬᠠᠷᠠᠯᠲᠠ ᠶᠢᠨ ᠲᠡᠤᠬᠡᠳᠦ ᠵᠠᠩᠬᠢᠯᠠᠭ᠎ᠠ ᠶᠢᠨ ᠴᠠᠭ ᠲᠤ ᠬᠤᠷᠠᠯᠳᠤᠭᠰᠠᠨ ᠨᠢᠬᠡᠨ ᠤᠳᠠᠭᠠᠨ ᠤ ᠴᠢᠬᠤᠯᠠ ᠬᠤᠷᠠᠯ ᠪᠤᠯᠬᠤ ᠶᠤᠮ᠃ ᠪᠥᠬᠦᠳᠡ ᠬᠤᠷᠠᠯ ᠠᠴᠠ ᠪᠠᠲᠤᠯᠠᠭᠰᠠᠨ ︽ᠨᠠᠮ ᠤᠨ ᠵᠠᠭᠤᠨ ᠵᠢᠯ ᠤᠨ ᠲᠡᠮᠡᠴᠡᠯ ᠤᠨ ᠴᠢᠬᠤᠯᠠ ᠶᠡᠭᠡ ᠠᠮᠵᠢᠯᠲᠠ ᠪᠦᠲᠦᠮᠵᠢ ᠪᠠ ᠲᠡᠦᠬᠡ ᠶᠢᠨ ᠲᠤᠷᠰᠢᠯᠭ᠎ᠠ ᠶᠢᠨ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠰᠢᠢᠳᠪᠤᠷᠢ︾ ᠨᠢ ᠲᠤᠭ ᠲᠡᠮᠳᠡᠭ ᠲᠣᠳᠣᠷᠬᠠᠶ᠂ ᠪᠠᠶᠠᠯᠢᠭ ᠠᠭᠤᠯᠬᠤᠨ ᠲᠠᠢ᠂ ᠠᠯᠤᠰ ᠬᠡᠲᠦ ᠶᠢᠨ ᠨᠥᠯᠥᠭᠡ ᠲᠠᠢ ᠪᠠᠶᠢᠵᠤ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠡᠪ ᠨᠠᠮ ᠤᠨ ᠬᠢᠨ ᠤ ᠣᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠢ ᠪᠠᠷᠢᠮᠲᠠᠯᠠᠨ ᠬᠥᠭᠵᠢᠭᠦᠯᠬᠦ ᠤᠯᠤᠰ ᠲᠥᠷᠥ ᠶᠢᠨ ᠲᠤᠩᠬᠠᠭ ᠪᠤᠯᠬᠤ ᠶᠤᠮ᠂ ᠲᠡᠦᠬᠡ ᠪᠠᠷ ᠲᠣᠯᠢ ᠪᠣᠯᠭᠠᠨ᠂ ᠠᠯᠤᠰ ᠢᠷᠡᠭᠡᠳᠦᠶ ᠪᠠᠨ ᠴᠤᠭᠴᠠᠯᠠᠨ ᠨᠡᠬᠡᠬᠡᠬᠦ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠪᠠᠨ ᠪᠡᠶᠡᠯᠡᠭᠦᠯᠬᠦ ᠠᠵᠢᠯᠯᠠᠭᠠᠨ ᠤ ᠵᠦᠭᠯᠡᠭᠦᠷ ᠪᠤᠯᠬᠤ ᠶᠤᠮ ᠵᠢᠭᠠᠵᠦ ᠭᠠᠷᠭᠠᠭᠰᠠᠨ ᠪᠠᠶᠢᠨ᠎ᠠ᠃    ᠬᠤᠷᠠᠯ ᠠᠴᠠ᠂ ᠪᠠᠶᠢᠭᠤᠯᠭ᠎ᠠ ᠶᠢᠨ ᠺᠠᠳ᠋ᠷᠴᠤᠳ ᠲᠠᠶᠢᠴᠢᠯᠠᠨ ᠳᠠᠭᠠᠭᠤᠯᠬᠤ ᠦᠢᠯᠡᠳᠦᠯ ᠢᠶᠠᠨ ᠪᠠᠳᠠᠷᠠᠭᠤᠯᠵᠤ᠂ ᠰᠤᠷᠤᠯᠴᠠᠯᠭ᠎ᠠ ᠪᠣᠯᠪᠠᠰᠤᠷᠠᠯ ᠪᠤᠯᠤᠨ ᠤᠬᠠᠭᠤᠯᠤᠨ ᠲᠠᠶᠢᠯᠪᠤᠷᠢᠯᠠᠯᠳᠠ ᠵᠡᠷᠭᠡ ᠤᠯᠠᠨ ᠵᠦᠢᠯ ᠤᠨ ᠠᠷᠭ᠎ᠠ ᠬᠡᠯᠪᠡᠷᠢ ᠶᠢ ᠠᠮᠢᠳᠤᠯᠢᠭ ᠬᠡᠷᠡᠭᠯᠡᠨ᠂ ᠣᠯᠤᠯᠲᠠ ᠪᠠᠨ ᠶᠠᠷᠢᠵᠤ᠂ ᠲᠥᠷᠥᠭᠳᠡᠯ ᠢᠶᠠᠨ ᠪᠢᠴᠢᠨ᠂ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠲᠠᠷᠢᠬᠢᠨ ᠳᠤ ᠪᠠᠨ ᠬᠠᠳᠠᠩᠰᠢᠭᠤᠯᠬᠤ ᠶᠢ  ᠦᠨᠡᠨᠬᠦ ᠪᠠᠲᠤᠯᠠᠬᠤ ᠬᠡᠷᠡᠭᠲᠡᠶ︔ ᠪᠦᠬᠦ ᠬᠤᠰᠢᠭᠤᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠥᠷᠭᠡᠨ ᠣᠯᠠᠨ ᠨᠠᠮ ᠤᠨ ᠭᠡᠰᠢᠭᠦᠨ ᠢ ᠰᠠᠶᠢᠲᠤᠷ ᠵᠣᠬᠢᠶᠠᠨ ᠪᠠᠶᠢᠭᠤᠯᠵᠤ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠬᠦᠨ ᠭᠦᠨᠵᠡᠭᠡᠶ ᠰᠤᠷᠤᠯᠴᠠᠨ ᠲᠤᠤᠱᠯᠠᠭᠤᠯᠵᠤ᠂ ᠵᠠᠭᠤᠴᠢᠯᠠᠭᠤᠷ ᠰᠦᠯᠵᠢᠶ᠎ᠡ ᠵᠡᠷᠭᠡ ᠮᠡᠳᠡᠭᠡ ᠵᠠᠩᠭᠢ ᠶᠢᠨ ᠠᠷᠭ᠎ᠠ ᠪᠠᠷᠢᠯ ᠢ ᠬᠦᠢᠴᠡᠳ ᠠᠰᠢᠭᠯᠠᠨ᠂ ᠬᠤᠷᠠᠯ ᠤᠨ ᠵᠣᠷᠢᠭ ᠰᠠᠨᠠᠭᠠᠨ ᠤ ᠪᠦᠬᠦᠶᠢᠯᠡ ᠪᠦᠷᠬᠦᠴᠡ ᠶᠢ ᠪᠠᠲᠤᠯᠠᠵᠤ᠂ ᠪᠦᠬᠦ ᠬᠤᠰᠢᠭᠤᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠲᠤᠮᠳᠠ  ᠰᠤᠷᠤᠯᠴᠠᠯᠭ᠎ᠠ ᠶᠢᠨ ᠬᠠᠯᠠᠭᠤᠨ ᠥᠷᠨᠢᠯᠲᠡ ᠶᠢ ᠦᠳᠲᠡᠷ ᠲᠦᠷᠭᠡᠨ ᠪᠤᠢ ᠪᠤᠯᠭᠠᠬᠤ ᠬᠡᠷᠡᠭᠲᠡᠶ︔ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠬᠤ ᠶᠢ ᠵᠣᠬᠢᠶᠠᠨ ᠪᠠᠶᠢᠭᠤᠯᠬᠤ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭ᠎ᠠ ᠪᠤᠯᠤᠨ ᠭᠤᠣᠯ ᠠᠵᠢᠯ ᠲᠠᠢ ᠪᠠᠨ ᠤᠶᠠᠯᠳᠤᠭᠤᠯᠵᠤ᠂ ᠰᠤᠷᠤᠯᠴᠠᠯᠭ᠎ᠠ ᠶᠢᠨ ᠦᠷ᠎ᠡ ᠪᠦᠲᠦᠭᠡᠯ ᠢᠶᠠᠨ ᠦᠨᠡᠨᠬᠦ ᠬᠤᠪᠢ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠬᠤ ᠪᠠ ᠲᠤᠰᠢᠶᠠᠯ ᠬᠠᠷᠢᠭᠤᠴᠠᠯᠭ᠎ᠠ ᠪᠠᠨ ᠬᠦᠢᠴᠡᠳᠬᠡᠵᠦ ᠴᠢᠳᠠᠪᠤᠷᠢ ᠪᠠᠨ ᠳᠡᠭᠡᠭᠰᠢᠯᠡᠭᠦᠯᠬᠦ ᠬᠦᠴᠦᠷᠬᠡᠭ ᠶᠡᠭᠡ ᠬᠥᠳᠡᠯᠭᠡᠭᠴᠢ ᠬᠦᠴᠦᠨ ᠪᠣᠯᠭᠠᠨ ᠬᠤᠪᠢᠷᠠᠭᠤᠯᠬᠤ ᠬᠡᠷᠡᠭᠲᠡᠢ ᠬᠡᠵᠦ ᠴᠢᠬᠤᠯᠠᠴᠢᠪᠠ᠃    ᠬᠤᠷᠠᠯ ᠠᠴᠠ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠳᠤ ᠡᠷᠬᠡᠪᠰᠢ ᠬᠤᠲᠠ ᠶᠢᠨ  ᠨᠠᠢᠮᠠᠳᠤᠭᠠᠷ ᠤᠳᠠᠭᠠᠨ ᠤ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠢᠳᠠᠪᠤᠷᠢᠵᠢᠭᠤᠯᠬᠤ ᠲᠠᠢ ᠤᠶᠠᠯᠳᠤᠭᠤᠯᠵᠦ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠭᠦᠨᠵᠡᠭᠡᠶ ᠰᠤᠷᠤᠯᠴᠠᠨ ᠪᠣᠳᠠᠲᠠᠶᠢᠵᠢᠭᠤᠯᠬᠤ ᠲᠠᠢ ᠤᠶᠠᠯᠳᠤᠭᠤᠯᠤᠨ᠂ ᠪᠦᠬᠦ ᠵᠢᠯ ᠤᠨ ᠠᠵᠢᠯ ᠢᠶᠠᠨ ᠳ᠋ᠦᠩᠨᠡᠬᠦ ᠪᠠ ᠳᠠᠷᠠᠭ᠎ᠠ ᠠᠯᠬᠤᠮ ᠤᠨ ᠠᠵᠢᠯ ᠢᠶᠠᠨ ᠰᠢᠨᠵᠢᠯᠡᠬᠦ ᠤᠬᠠᠭᠠᠨᠴᠢ ᠪᠠᠷ ᠲᠥᠯᠥᠪᠯᠡᠬᠦ ᠲᠠᠢ ᠤᠶᠠᠯᠳᠤᠭᠤᠯᠵᠦ᠂ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠰᠠᠶᠢᠳᠤᠷ ᠰᠤᠷᠤᠯᠴᠠᠨ᠂ ᠰᠠᠶᠢᠳᠤᠷ ᠤᠬᠠᠭᠤᠯᠵᠦ᠂ ᠰᠠᠶᠢᠲᠤᠷ ᠲᠤᠤᠱᠯᠠᠭᠤᠯᠤᠨ᠂ ᠰᠠᠶᠢᠳᠤᠷ ᠨᠠᠶᠢᠳᠠᠪᠤᠷᠢᠵᠢᠭᠤᠯᠵᠦ᠂ ᠦᠵᠡᠯᠳᠡ ᠲᠠᠨᠢᠯᠲᠠ᠂ ᠦᠢᠯᠡ ᠠᠵᠢᠯᠯᠠᠭ᠎ᠠ ᠪᠠᠨ ᠪᠥᠬᠦᠳᠡ ᠬᠤᠷᠠᠯ ᠤᠨ ᠵᠣᠷᠢᠭ ᠰᠠᠨᠠᠭ᠎ᠠ  ᠲᠠᠢ ᠦᠨᠡᠨᠬᠦ ᠨᠢᠭᠡᠳᠬᠡᠵᠦ᠂ ᠦᠵᠡᠯ ᠰᠠᠨᠠᠭ᠎ᠠ ᠤᠯᠤᠰ ᠲᠥᠷᠥ ᠶᠢᠨ ᠪᠠᠶᠢᠭᠤᠯᠤᠯᠲᠠ ᠪᠠᠨ ᠴᠢᠩᠭᠠᠳᠬᠠᠨ᠂ ᠥᠨᠳᠥᠷ ᠬᠡᠪ ᠪᠣᠯᠪᠠᠰᠤᠷᠠᠯ ᠪᠦᠬᠦᠢ ᠺᠠᠳ᠋ᠷ ᠤᠨ ᠡᠩᠨᠡᠭᠡ ᠶᠢ ᠪᠠᠶᠢᠭᠤᠯᠵᠦ᠂ ᠪᠦᠬᠦ ᠬᠤᠰᠢᠭᠤᠨ ᠤ ᠵᠣᠬᠢᠶᠠᠨ ᠪᠠᠶᠢᠭᠤᠯᠬᠤ ᠠᠵᠢᠯ ᠤᠨ ᠳᠡᠰ ᠳᠡᠪᠰᠢᠬᠦ ᠶᠢ ᠦᠷᠭᠦᠯᠵᠢᠯᠡᠨ ᠠᠬᠢᠭᠤᠯᠵᠦ᠂ ᠰᠢᠯᠢᠳᠡᠭ ᠬᠢᠷᠢ ᠪᠦᠲᠦᠮᠵᠢ ᠪᠠᠷ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ ᠬᠡᠷᠡᠭᠳᠡᠢ ᠱᠠᠭᠠᠷᠳᠠᠭᠰᠠᠨ ᠪᠠᠶᠢᠨ᠎ᠠ᠃    ᠬᠤᠷᠠᠯ ᠳᠡᠭᠡᠷ᠎ᠡ᠂ ᠬᠡᠰᠡᠭ ᠪᠠᠶᠢᠭᠤᠯᠭ᠎ᠠ ᠨᠢᠬᠡᠴᠡ ᠶᠢᠨ ᠺᠠᠳ᠋ᠷ ᠪᠣᠳᠠᠲᠤ ᠠᠵᠢᠯ ᠲᠠᠢ ᠪᠠᠨ ᠤᠶᠠᠯᠳᠤᠭᠤᠯᠤᠨ ᠰᠤᠳᠤᠯᠤᠨ ᠶᠠᠷᠢᠯᠴᠠᠵᠦ ᠶᠠᠷᠢᠶ᠎ᠠ ᠢᠯᠡᠳᠬᠡᠯ ᠬᠢᠭᠰᠡᠨ ᠪᠠᠶᠢᠨ᠎ᠠ᠃
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号