ᠬᠠᠷᠠᠴᠢᠨ ᠬᠤᠰᠢᠭᠤ 2021 ᠣᠨ ᠤ 8 ᠳ᠋ᠤᠭᠠᠷ ᠤᠳᠠᠭ᠎ᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠬᠢᠪᠠ
ᠨᠡᠶᠢᠲᠡᠯᠡᠭᠰᠡᠨ ᠴᠠᠭ᠄
2021/12/9
ᠬᠠᠷᠠᠴᠢᠨ ᠬᠤᠰᠢᠭᠤ 2021 ᠣᠨ ᠤ 8 ᠳ᠋ᠤᠭᠠᠷ ᠤᠳᠠᠭ᠎ᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠬᠢᠪᠠ     12 ᠰᠠᠷ᠎ᠠ ᠶᠢᠨ 7 ᠤ ᠡᠳᠦᠷ᠂ ᠬᠠᠷᠠᠴᠢᠨ ᠬᠤᠰᠢᠭᠤ 2021 ᠣᠨ ᠤ 8 ᠳ᠋ᠤᠭᠠᠷ ᠤᠳᠠᠭᠠᠨ ᠤ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠬᠤᠷᠠᠯᠳᠤᠭᠤᠯᠵᠤ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠣᠷᠣᠯᠠᠭᠴᠢ ᠬᠤᠰᠢᠭᠤᠨ ᠳᠠᠷᠤᠭ᠎ᠠ ᠵᠣᠣ ᠶᠠᠨ ᠬᠤᠩ ᠬᠤᠷᠠᠯ ᠡᠷᠭᠢᠯᠡᠵᠦ ᠶᠠᠷᠢᠶ᠎ᠠ ᠲᠠᠯᠪᠢᠪᠠ᠃     ᠬᠤᠷᠠᠯ ᠠᠴᠠ ᠴᠠᠯᠢᠩ ᠥᠷᠢᠲᠦᠬᠦ ᠶᠢ ᠦᠨᠳᠦᠰᠦᠨ ᠠᠴᠠ ᠨᠢ ᠵᠠᠰᠠᠬᠤ ︽ᠵᠠᠭᠤᠨ ᠡᠳᠦᠷ ᠤᠨ ᠪᠣᠭᠤᠮᠲᠠ ᠰᠢᠪᠲᠤᠯᠬᠤ︾ ᠠᠵᠢᠯᠯᠠᠭ᠎ᠠ᠂ ᠠᠶᠤᠯᠭᠦᠢ ᠦᠢᠯᠡᠳᠪᠦᠷᠢᠯᠡᠯ ᠤᠨ ᠠᠵᠢᠯ ᠢ ᠥᠷᠨᠢᠭᠦᠯᠦᠭᠰᠡᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠴᠠᠢ᠃     ᠬᠤᠷᠠᠯ ᠠᠴᠠ ᠵᠢᠭᠠᠵᠤ ᠭᠠᠷᠭᠠᠭᠰᠠᠨ ᠨᠢ᠂ ᠬᠥᠯᠥᠰᠥᠨ ᠠᠵᠢᠯᠴᠢᠨ ᠤ ᠬᠥᠳᠡᠯᠮᠦᠷᠢ ᠶᠢᠨ ᠬᠥᠯᠥᠰᠥ ᠣᠯᠭᠤᠮᠵᠢ ᠶᠢᠨ ᠡᠷᠬᠡ ᠠᠰᠢᠭ ᠢ ᠬᠠᠤᠯᠢ ᠶᠣᠰᠣᠭᠠᠷ ᠪᠠᠲᠤᠯᠠᠬᠤ ᠨᠢ ᠬᠥᠯᠥᠰᠥᠨ ᠠᠵᠢᠯᠴᠢᠨ ᠤ ᠲᠤᠰ ᠪᠡᠶ᠎ᠡ ᠶᠢᠨ ᠠᠰᠢᠭ ᠲᠤᠰᠠ ᠪᠣᠯᠤᠨ ᠨᠡᠶᠢᠭᠡᠮ ᠤᠨ ᠡᠶ᠎ᠡ ᠵᠣᠬᠢᠴᠠᠯ ᠲᠣᠭᠲᠠᠭᠤᠨ ᠪᠠᠶᠢᠳᠠᠯ ᠳᠤ ᠬᠤᠯᠪᠣᠭᠳᠠᠵᠤ ᠪᠠᠶᠢᠳᠠᠭ ᠪᠣᠯᠬᠤᠷ ᠡᠯ᠎ᠡ ᠨᠢᠭᠡᠴᠡ᠂ ᠡᠯ᠎ᠡ ᠰᠢᠶᠠᠩ ᠪᠠᠯᠭᠠᠰᠤ ᠢᠳᠡᠪᠬᠢᠲᠡᠶ ᠪᠠᠷ ᠲᠣᠬᠢᠷᠠᠭᠤᠯᠤᠯᠲᠠ ᠬᠢᠵᠦ᠂ ᠴᠠᠭ ᠲᠤᠬᠠᠶ ᠳᠤᠨᠢ ᠨᠣᠮᠧᠷ ᠢ  ᠨᠢ ᠬᠠᠰᠤᠵᠤ᠂ ᠡᠬᠡ ᠳᠠᠩᠰᠠ ᠶᠢ ᠲᠣᠳᠣᠷᠬᠠᠶ ᠪᠣᠯᠭᠠᠬᠤ ᠬᠡᠷᠡᠭᠲᠡᠶ︔ ᠴᠠᠯᠢᠩ ᠥᠷᠢᠲᠦᠬᠦ ᠬᠦᠴᠢᠷᠳᠡᠯ ᠶᠡᠬᠡᠲᠡᠶ ᠬᠡᠷᠡᠭ ᠢ ᠱᠠᠯᠠᠪᠳᠠᠨ ᠲᠣᠬᠢᠷᠠᠭᠤᠯᠵᠤ᠂ ᠬᠦᠨᠳᠦ ᠬᠡᠴᠡᠭᠦᠦ ᠬᠡᠷᠡᠭ ᠲᠤ ᠬᠠᠤᠯᠢ ᠶᠣᠰᠣᠭᠠᠷ ᠴᠢᠩᠭ᠎ᠠ ᠴᠣᠬᠢᠯᠲᠠ ᠥᠭᠬᠦ ᠬᠡᠷᠡᠭᠲᠡᠶ︔ ᠰᠠᠯᠠᠭ᠎ᠠ ᠮᠥᠴᠢᠷ ᠤᠨ ᠬᠤᠭᠤᠷᠣᠨᠳᠣᠬᠢ ᠬᠠᠮᠵᠢᠯᠴᠠᠭ᠎ᠠ ᠶᠢ ᠴᠢᠩᠭᠠᠳᠬᠠᠵᠤ᠂ ᠪᠦᠯᠬᠦᠮᠳᠡᠨ ᠬᠠᠮᠵᠢᠯᠴᠠᠵᠤ ᠂ ᠬᠠᠮᠲᠤᠪᠠᠷ ᠬᠦᠴᠢᠷ ᠢ ᠲᠤᠭᠤᠯᠤᠨ ᠪᠡᠷᠬᠡ ᠶᠢ ᠳᠠᠪᠠᠭ᠋ᠤ ᠬᠠᠮᠲᠤᠷᠠᠯ ᠬᠦᠴᠦᠨ ᠢ ᠪᠦᠷᠢᠯᠳᠦᠭᠦᠯᠬᠦ ᠬᠡᠷᠡᠭᠲᠡᠢ︔ ᠰᠦᠪᠡᠭᠴᠢ ᠪᠠ ᠬᠡᠮ ᠰᠣᠭᠤᠭ ᠢ ᠵᠢᠭᠰᠠᠭᠠᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠵᠠᠬᠢᠳᠠᠯ ᠰᠤᠷᠪᠤᠯᠵᠢᠯᠠᠭ᠎ᠠ ᠵᠡᠷᠭᠡ ᠬᠡᠷᠡᠭ ᠡᠭᠦᠰᠬᠦ ᠶᠢ ᠰᠡᠷᠭᠡᠶᠢᠯᠡᠨ᠂ ᠳᠣᠭᠢᠷᠠᠭᠤᠯᠬᠤ ᠡᠷᠴᠢᠮ ᠢᠶᠠᠨ ᠴᠢᠩᠭᠠᠷᠠᠭᠤᠯᠵᠤ᠂ ᠬᠥᠳᠡᠯᠮᠦᠷᠢ ᠶᠢᠨ ᠬᠢᠨᠠᠨ ᠪᠠᠶᠢᠴᠠᠭᠠᠯᠲᠠ ᠶᠢᠨ ᠬᠦᠴᠦᠨ ᠢ ᠰᠠᠶᠢᠲᠤᠷ ᠪᠠᠳᠠᠷᠠᠭᠤᠯᠵᠤ᠂ ᠴᠠᠯᠢᠩ ᠥᠷᠢᠲᠦᠬᠦ ᠶᠢ ᠦᠨᠳᠦᠰᠦᠨ ᠠᠴᠠ ᠨᠢ ᠵᠠᠰᠠᠬᠤ ︽ᠵᠠᠭᠤᠨ ᠡᠳᠦᠷ ᠤᠨ ᠪᠡᠷᠬᠡ ᠰᠡᠳᠦᠪ ᠢ ᠰᠢᠶᠳᠪᠦᠷᠢᠯᠡᠬᠦ︾ ᠠᠵᠢᠯ ᠢ ᠦᠨᠡᠨ ᠬᠦ ᠰᠠᠶᠢᠲᠤᠷ ᠬᠢᠬᠦ ᠬᠡᠷᠡᠭᠲᠡᠶ᠃     ᠬᠤᠷᠠᠯ ᠠᠴᠠ᠂ ᠪᠦᠬᠦ ᠬᠤᠳᠠ ᠶᠢᠨ ᠠᠶᠤᠯᠭᠦᠢ ᠦᠢᠯᠡᠳᠪᠦᠷᠢᠯᠡᠯ ᠤᠨ ᠶᠡᠭᠡ ᠰᠢᠪᠠᠳᠠᠨ ᠪᠠᠶᠢᠴᠠᠭᠠᠯᠲᠠ ᠳᠤᠮᠳᠠ ᠠᠶᠤᠯᠭᠦᠢ ᠦᠢᠯᠡᠳᠪᠦᠷᠢᠯᠡᠯ ᠳᠤ ᠪᠠᠰᠠ ᠮᠠᠰᠢ ᠤᠯᠠᠨ ᠠᠰᠠᠭᠤᠳᠠᠯ ᠪᠠᠶᠢᠬᠤ ᠶᠢ ᠢᠯᠡᠷᠡᠭᠦᠯᠪᠡ᠃ ᠡᠨᠡ ᠬᠡᠳᠦᠨ ᠤᠳᠠᠭᠠᠨ ᠤ ᠠᠶᠤᠯᠭᠦᠢ ᠦᠢᠯᠡᠳᠪᠦᠷᠢᠯᠡᠯ ᠤᠨ ᠰᠢᠯᠲᠠᠭᠠᠨ ᠢ ᠨᠠᠷᠢᠨ ᠬᠢᠨᠠᠮᠠᠭᠠᠢ ᠡᠷᠭᠢᠴᠡᠭᠦᠯᠦᠨ ᠪᠣᠳᠣᠯᠬᠢᠯᠠᠵᠤ᠂ ᠠᠶᠤᠯ ᠲᠦᠭᠰᠢᠭᠦᠷᠢ ᠶᠢ ᠰᠡᠷᠭᠡᠶᠢᠯᠡᠬᠦ ᠠᠵᠢᠯ ᠢ ᠰᠠᠶᠢᠲᠤᠷ ᠠᠳᠬᠤᠵᠤ᠂ ᠭᠤᠣᠯᠳᠠᠯᠭ᠎ᠠ ᠲᠠᠢ ᠱᠠᠯᠠᠪᠳᠠᠭᠤᠯᠤᠨ ᠪᠠᠶᠢᠴᠠᠭᠠᠬᠤ ᠬᠡᠷᠡᠭᠲᠡᠢ︔ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ ᠣᠶᠢᠷ᠎ᠠ ᠶᠢᠨ ᠬᠤᠭᠤᠴᠠᠭᠠᠨ ᠳᠤ ᠠᠶᠤᠯᠭᠦᠶ ᠦᠶᠯᠡᠳᠪᠦᠷᠢᠯᠡᠯ ᠤᠨ ᠵᠥᠪᠯᠡᠯ ᠤᠨ ᠬᠤᠷᠠᠯ ᠢ ᠵᠣᠬᠢᠶᠠᠨ ᠪᠠᠶᠢᠭᠤᠯᠵᠤ᠂ ᠣᠳᠣᠬᠠᠨ ᠤ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ᠬᠥᠮᠦᠨ ᠤ ᠬᠦᠴᠦᠨ᠂ ᠪᠣᠳᠠᠰ ᠤᠨ ᠬᠦᠴᠦᠨ ᠤ ᠲᠠᠯ᠎ᠠ ᠪᠠᠷ ᠬᠢ ᠬᠦᠴᠢᠷᠳᠡᠯ ᠢ ᠰᠢᠶᠳᠪᠦᠷᠢᠯᠡᠵᠦ᠂ ᠬᠢᠷᠢ ᠲᠦᠪᠰᠢᠨ ᠢ ᠳᠡᠭᠡᠭᠰᠢᠯᠡᠭᠦᠯᠦᠨ᠂ ᠪᠥᠬᠦ ᠬᠤᠰᠢᠭᠤᠨ ᠳᠤ ᠪᠠᠴᠢᠮ ᠪᠠᠶᠢᠳᠠᠯ ᠢ ᠠᠷᠭᠠᠴᠠᠬᠤ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠥᠷᠨᠢᠭᠦᠯᠦᠨ᠎ᠡ︔ ᠠᠶᠤᠯᠭᠦᠢ ᠦᠢᠯᠡᠳᠪᠦᠷᠢᠯᠡᠯ ᠤᠨ ᠪᠣᠯᠪᠠᠰᠤᠷᠠᠯ ᠢ ᠴᠢᠩᠭᠠᠳᠬᠠᠵᠤ᠂ ᠪᠦᠷᠢᠨ ᠪᠦᠲᠦᠨ ᠪᠣᠯᠪᠠᠰᠤᠷᠠᠯ ᠤᠨ ᠲᠥᠰᠦᠯ ᠲᠣᠭᠲᠠᠭᠠᠵᠤ᠂ ᠪᠦᠭᠦ ᠬᠤᠰᠢᠭᠤᠨ ᠤ ᠠᠶᠤᠯᠭᠦᠢ ᠦᠢᠯᠡᠳᠪᠦᠷᠢᠯᠡᠯ ᠤᠨ ᠠᠵᠢᠯ ᠢ ᠪᠣᠳᠠᠲᠠᠢ ᠨᠠᠷᠢᠯᠢᠭ ᠬᠢᠬᠦ ᠶᠢ ᠪᠠᠲᠤᠯᠠᠬᠤ ᠬᠡᠷᠡᠭᠲᠡᠢ᠃     ᠬᠤᠷᠠᠯ ᠳᠡᠭᠡᠷ᠎ᠡ ᠪᠠᠰᠠ ︽ᠡᠳ᠋ ᠤᠨ ᠵᠠᠰᠠᠭ ᠤᠨ ᠲᠠᠷᠢᠶᠠᠯᠠᠩ ᠳᠤ ᠬᠤᠯᠪᠣᠭᠳᠠᠬᠤ ᠪᠠᠯᠠ ᠮᠥᠩᠭᠦ ᠶᠢ ᠨᠢᠭᠡᠳᠦᠯᠲᠡᠶ ᠲᠥᠯᠥᠪᠯᠡᠨ ᠨᠢᠭᠡᠳᠬᠡᠵᠦ ᠬᠡᠷᠡᠭᠯᠡᠬᠦ ᠬᠠᠮᠢᠶᠠᠷᠤᠯᠲᠠ ᠶᠢᠨ ᠠᠷᠭ᠎ᠠ︾᠂ ᠪᠥᠬᠦ ᠬᠤᠰᠢᠭᠤᠨ ᠤ ᠮᠠᠯᠴᠢᠨ ᠲᠠᠷᠢᠶᠠᠴᠢᠨ ᠤ ᠡᠪᠦᠯ ᠤᠨ ᠤᠯᠠᠷᠢᠯ ᠤᠨ ᠳᠤᠯᠠᠭᠠᠯᠭ᠎ᠠ ᠶᠢᠨ ᠨᠡᠭᠦᠷᠡᠰᠦᠨ ᠤ ᠪᠠᠲᠤᠯᠠᠭ᠎ᠠ᠂ ︽ᠬᠠᠷᠠᠴᠢᠨ ᠬᠤᠰᠢᠭᠤᠨ ᠤ  ︿ᠠᠷᠪᠠᠨ ᠳᠥᠷᠪᠡᠳᠦᠭᠡᠷ ᠲᠠᠪᠤᠨ ᠵᠢᠯ﹀ ᠤᠨ ᠭᠠᠯ ᠤᠨᠲᠠᠷᠠᠭᠠᠵᠤ ᠠᠪᠤᠷᠠᠨ ᠲᠤᠰᠠᠯᠠᠬᠤ ᠦᠶᠯᠡᠰ ᠤᠨ ᠲᠥᠯᠥᠪᠵᠢᠭᠦᠯᠭᠡ︾᠂ ᠬᠠᠷᠠᠴᠢᠨ ᠬᠤᠰᠢᠭᠤᠨ ᠤ ᠬᠥᠳᠡᠭᠡ ᠲᠣᠰᠬᠤᠨ ᠤ ᠵᠣᠷᠯᠣᠩ ᠤᠨ ᠥᠭᠡᠷᠡᠴᠢᠯᠡᠯᠲᠡ ᠶᠢᠨ ᠠᠵᠢᠯ ᠤᠨ ᠠᠬᠢᠴᠠ ᠶᠢᠨ ᠪᠠᠶᠢᠳᠠᠯ ᠵᠡᠷᠭᠡ 24 ᠵᠥᠪᠯᠡᠬᠦ ᠰᠡᠳᠦᠪ ᠢ ᠰᠤᠳᠤᠯᠤᠨ ᠬᠢᠨᠠᠨ ᠵᠥᠪᠯᠡᠵᠦ᠂ ᠬᠠᠮᠢᠶ᠎ᠠ ᠪᠥᠬᠦᠶ ᠠᠵᠢᠯ ᠳᠤ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠵᠡᠶ᠃
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号