| ᠬᠤᠰᠢᠭᠤᠨ ᠤ ᠨᠠᠮ ᠤᠨ ᠬᠤᠷᠢᠶᠠᠨ ᠤ ᠲᠤᠭᠤᠷᠢᠨ ᠪᠠᠶᠢᠴᠠᠭᠠᠬᠤ ᠠᠵᠢᠯ ᠤᠨ ᠨᠢᠭᠡᠳᠦᠯᠲᠡᠶ ᠪᠠᠶᠢᠷᠢᠯᠠᠭᠤᠯᠤᠯᠲᠠ ᠶᠢ | ᠦᠨᠳᠦᠰᠦᠯᠡᠨ᠂ 2020 ᠣᠨ ᠤ 6 ᠰᠠᠷ᠎ᠠ ᠶᠢᠨ 1 ᠤ ᠡᠳᠦᠷ ᠠᠴᠠ 6 ᠰᠠᠷ᠎ᠠ ᠶᠢᠨ 11 ᠤ ᠡᠳᠦᠷ ᠪᠣᠯᠲᠠᠯ᠎ᠠ᠂ | ᠬᠤᠰᠢᠭᠤᠨ ᠤ ᠨᠠᠮ ᠤᠨ ᠬᠤᠷᠢᠶᠠᠨ ᠤ ᠬᠤᠶᠠᠳᠤᠭᠠᠷ ᠴᠠᠭᠳᠠᠨ ᠪᠠᠶᠢᠴᠠᠭᠠᠬᠤ ᠳᠤᠭᠤᠶᠢᠯᠠᠩ ᠠᠴᠠ ᠬᠤᠰᠢᠭᠤᠨ ᠤ | ᠪᠠᠶᠢᠭᠤᠯᠭ᠎ᠠ ᠶᠢᠨ ᠶᠠᠪᠤᠳᠠᠯ ᠤᠨ ᠪᠠᠲᠤᠯᠠᠭ᠎ᠠ ᠶᠢᠨ ᠲᠥᠪ ᠲᠤ ᠴᠠᠭᠳᠠᠨ ᠪᠠᠶᠢᠴᠠᠭᠠᠯᠲᠠ ᠬᠢᠵᠦ᠂ 8 ᠰᠠᠷ᠎ᠠ ᠶᠢᠨ 26 ᠤ | ᠡᠳᠦᠷ ᠲᠤᠰ ᠲᠥᠪ ᠲᠤ ᠲᠤᠭᠤᠷᠢᠨ ᠪᠠᠶᠢᠴᠠᠭᠠᠭᠰᠠᠨ ᠰᠠᠨᠠᠯ ᠢᠶᠠᠨ ᠬᠠᠷᠢᠭᠤ ᠲᠤᠰᠬᠠᠪᠠ᠃ ᠨᠠᠮ ᠤᠨ ᠠᠵᠢᠯ ᠢ ᠢᠯᠡ | ᠪᠣᠯᠭᠠᠬᠤ ᠵᠠᠷᠴᠢᠮ ᠪᠠ ᠴᠠᠭᠳᠠᠨ ᠪᠠᠶᠢᠴᠠᠭᠠᠬᠤ ᠬᠤᠯᠪᠣᠭᠳᠠᠯ ᠪᠥᠬᠦᠶ ᠠᠵᠢᠯ ᠤᠨ ᠱᠠᠭᠠᠷᠳᠠᠯᠭ᠎ᠠ ᠶᠢ ᠦᠨᠳᠦᠰᠦᠯᠡᠨ᠂ | ᠡᠳᠦᠭᠡ ᠴᠠᠭᠳᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ ᠨᠡᠶᠢᠲᠡᠯᠡᠶ᠎ᠡ᠃ | ᠨᠢᠭᠡ᠂ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠢ ᠪᠥᠬᠦ ᠲᠠᠯ᠎ᠠ ᠪᠠᠷ ᠡᠮᠬᠢ ᠵᠢᠷᠤᠮ ᠲᠠᠢ | ᠥᠷᠨᠢᠭᠦᠯᠪᠡ | ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠦᠳᠲᠡᠷ ᠲᠦᠷᠭᠡᠨ ᠰᠤᠳᠤᠯᠤᠨ | ᠪᠠᠶᠢᠷᠢᠯᠠᠭᠤᠯᠪᠡ᠃ ᠨᠢᠭᠡ ᠳᠤ ᠴᠡᠭᠴᠡᠯᠡᠨ ᠥᠭᠡᠷᠡᠴᠢᠯᠡᠬᠦ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠪᠡ᠃ | ᠬᠤᠰᠢᠭᠤᠨ ᠤ ᠨᠠᠮ ᠤᠨ ᠬᠤᠷᠢᠶᠠᠨ ᠤ ᠲᠤᠭᠤᠷᠢᠨ ᠪᠠᠶᠢᠴᠠᠭᠠᠵᠤ ᠬᠠᠷᠢᠭᠤ ᠲᠤᠰᠬᠠᠬᠤ ᠬᠤᠷᠠᠯ ᠤᠨ ᠳᠠᠷᠠᠭ᠎ᠠ᠂ ᠲᠡᠷᠡ | ᠳᠠᠷᠤᠶ ᠳᠤᠨᠢ ᠲᠤᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠲᠤᠰᠬᠠᠶ ᠰᠡᠳᠦᠪᠲᠦ ᠬᠤᠷᠠᠯ ᠢ ᠵᠣᠬᠢᠶᠠᠨ | ᠪᠠᠶᠢᠭᠤᠯᠤᠨ ᠬᠤᠷᠠᠯᠳᠤᠭᠤᠯᠵᠤ᠂ ᠲᠤᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠤᠨ ᠤᠳᠤᠷᠢᠳᠬᠤ | ᠳᠤᠭᠤᠶᠢᠯᠠᠩ ᠢ ᠪᠠᠶᠢᠭᠤᠯᠪᠠ᠃ ᠬᠤᠶᠠᠷ ᠲᠤ ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠬᠤᠷᠠᠯᠳᠤᠭᠤᠯᠪᠡ᠃ | ᠨᠠᠮ ᠤᠨ ᠡᠭᠦᠷ ᠨᠢ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠤᠨ ᠲᠤᠰᠬᠠᠢ ᠰᠡᠳᠦᠪᠲᠦ | ᠠᠷᠠᠳᠴᠢᠯᠠᠯ ᠤᠨ ᠠᠮᠢᠳᠤᠷᠠᠯ ᠤᠨ ᠬᠤᠷᠠᠯ ᠬᠤᠷᠠᠯᠳᠤᠭᠤᠯᠵᠤ᠂ ᠲᠣᠭᠤᠷᠢᠨ ᠪᠠᠶᠢᠴᠠᠭᠠᠵᠤ ᠴᠡᠭᠴᠡᠯᠡᠨ | ᠰᠠᠶᠢᠵᠢᠷᠠᠭᠤᠯᠬᠤ ᠠᠵᠢᠯ ᠢ ᠰᠠᠶᠢᠲᠤᠷ ᠠᠳᠬᠤᠬᠤ ᠦᠵᠡᠯ ᠰᠠᠨᠠᠭᠠᠨ ᠤ ᠬᠠᠮᠲᠤ ᠶᠢᠨ ᠲᠠᠨᠢᠯᠲᠠ ᠶᠢ ᠤᠯᠠᠮ | ᠴᠢᠨᠠᠭᠰᠢᠳᠠ ᠨᠢᠭᠲᠠᠷᠠᠭᠤᠯᠪᠠ᠃ | ︵ᠬᠤᠶᠠᠷ︶ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢᠶᠠᠨ ᠨᠠᠷᠢᠯᠢᠬᠵᠢᠭᠤᠯᠵᠤ᠂ ᠴᠡᠭᠴᠡᠯᠡᠨ | ᠰᠠᠶᠢᠵᠢᠷᠠᠭᠤᠯᠬᠤ ᠬᠠᠷᠢᠭᠤᠴᠠᠯᠭ᠎ᠠ ᠪᠠᠨ ᠲᠣᠳᠣᠷᠬᠠᠶᠢᠯᠠᠪᠠ᠃ ᠨᠢᠭᠡ ᠳᠤ ᠴᠡᠭᠴᠡᠯᠡᠨ ᠥᠭᠡᠷᠡᠴᠢᠯᠡᠬᠦ ᠲᠥᠰᠦᠯ ᠢ | ᠲᠣᠭᠲᠠᠭᠠᠪᠠ᠃ ︽ᠬᠤᠰᠢᠭᠤᠨ ᠪᠠᠶᠢᠭᠤᠯᠤᠯᠭ᠎ᠠ ᠶᠢᠨ ᠶᠠᠪᠤᠳᠠᠯ ᠤᠨ ᠪᠠᠲᠤᠯᠠᠭ᠎ᠠ ᠶᠢᠨ ᠲᠥᠪ ᠠᠴᠠ ᠬᠤᠰᠢᠭᠤ | ᠨᠠᠮ ᠤᠨ ᠬᠤᠷᠢᠶᠠᠨ ᠤ ᠲᠤᠭᠤᠷᠢᠨ ᠪᠠᠶᠢᠴᠠᠭᠠᠬᠤ ᠬᠤᠶᠠᠳᠤᠭᠠᠷ ᠳᠤᠭᠤᠶᠢᠯᠠᠩ ᠤᠨ ᠬᠠᠷᠢᠭᠤ ᠲᠤᠰᠬᠠᠭᠰᠠᠨ | ᠠᠰᠠᠭᠤᠳᠠᠯ ᠢ ᠨᠠᠶᠢᠳᠠᠪᠤᠷᠢᠵᠢᠭᠤᠯᠬᠤ ᠲᠤᠬᠠᠶ ᠴᠡᠭᠴᠡᠯᠡᠨ ᠰᠠᠶᠢᠵᠢᠷᠠᠭᠤᠯᠬᠤ ᠲᠥᠰᠦᠯ︾ ᠢ ᠰᠤᠳᠤᠯᠤᠨ ᠲᠣᠭᠲᠠᠭᠠᠪᠠ᠃ | ᠬᠤᠶᠠᠷ ᠲᠤ ᠴᠡᠭᠴᠡᠯᠡᠨ ᠥᠭᠡᠷᠡᠴᠢᠯᠡᠬᠦ ᠱᠠᠭᠠᠷᠳᠠᠯᠭ᠎ᠠ ᠶᠢ ᠲᠣᠳᠣᠷᠬᠠᠶ ᠪᠣᠯᠭᠠᠪᠠ᠃ ᠲᠣᠭᠤᠷᠢᠨ ᠪᠠᠶᠢᠴᠠᠭᠠᠭᠰᠠᠨ | ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠣᠳᠣᠬᠠᠨ ᠤ ᠠᠵᠢᠯ ᠤᠨ ᠭᠤᠣᠯᠳᠠᠯᠭ᠎ᠠ ᠪᠣᠯᠭᠠᠨ ᠠᠳᠬᠤᠵᠤ᠂ | ᠴᠡᠭᠴᠡᠯᠡᠨ ᠰᠠᠶᠢᠵᠢᠷᠠᠭᠤᠯᠬᠤ ᠶᠢ ᠪᠦᠬᠦ ᠲᠠᠯ᠎ᠠ ᠪᠠᠷ ᠪᠡᠶᠡᠯᠡᠭᠦᠯᠪᠡ᠃ | ︵ᠭᠤᠷᠪᠠ︶ ᠬᠢᠨᠠᠯᠲᠠ ᠲᠠᠯᠪᠢᠵᠤ ᠪᠠᠶᠢᠴᠠᠭᠠᠬᠤ ᠶᠢ ᠴᠢᠩᠭᠠᠳᠬᠠᠵᠤ᠂ ᠪᠥᠬᠦ ᠶᠠᠪᠤᠴᠠ ᠳᠤ ᠬᠢᠨᠠᠯᠲᠠ ᠲᠠᠯᠪᠢᠪᠠ᠃ | ᠨᠢᠭᠡ ᠳᠤ ᠲᠣᠭᠲᠠᠮᠠᠯ ᠬᠤᠭᠤᠴᠠᠭ᠎ᠠ ᠲᠠᠢ ᠪᠠᠷ ᠪᠠᠶᠢᠴᠠᠭᠠᠨ ᠰᠤᠳᠤᠯᠤᠯᠲᠠ ᠬᠢᠪᠡ᠃ ᠠᠵᠢᠯ ᠢᠶᠠᠨ ᠴᠡᠭᠴᠡᠯᠡᠨ | ᠰᠠᠶᠢᠵᠢᠷᠠᠭᠤᠯᠬᠤ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠦᠨᠳᠦᠰᠦᠯᠡᠨ ᠴᠠᠭ ᠲᠤᠬᠠᠶ ᠳᠤᠨᠢ ᠪᠠᠶᠢᠷᠢᠯᠠᠭᠤᠯᠤᠨ | ᠵᠢᠯᠣᠭᠤᠳᠴᠤ᠂ ᠱᠠᠲᠤ ᠦᠶ᠎ᠡ ᠶᠢᠨ ᠡᠭᠦᠷᠭᠡ ᠶᠢ ᠲᠣᠳᠣᠷᠬᠠᠶᠢᠯᠠᠨ᠂ ᠴᠡᠭᠴᠡᠯᠡᠨ ᠰᠠᠶᠢᠵᠢᠷᠠᠭᠤᠯᠬᠤ ᠶᠢ ᠪᠣᠳᠠᠲᠠᠶ | ᠭᠠᠵᠠᠷ ᠲᠤᠨᠢ ᠨᠠᠶᠢᠳᠠᠪᠤᠷᠢᠵᠢᠭᠤᠯᠪᠠ᠃ ᠬᠤᠶᠠᠷ ᠲᠤ ᠪᠦᠭᠦᠳᠡᠭᠡᠷ ᠢᠶᠠᠨ ᠬᠦᠳᠡᠯᠦᠯᠴᠡᠨ ᠴᠡᠭᠴᠡᠯᠡᠨ | ᠰᠠᠶᠢᠵᠢᠷᠠᠭᠤᠯᠬᠤ ᠶᠢ ᠰᠠᠶᠢᠲᠤᠷ ᠠᠳᠬᠪᠠ᠃ ᠴᠡᠭᠴᠡᠯᠡᠨ ᠰᠠᠶᠢᠵᠢᠷᠠᠭᠤᠯᠬᠤ ᠳᠤᠮᠳᠠ ᠤᠬᠠᠮᠰᠠᠷ ᠢᠶᠠᠨ ᠴᠢᠩᠭᠠᠳᠬᠠᠵᠤ᠂ | ᠤᠬᠠᠮᠰᠠᠷ ᠢᠶᠠᠨ ᠴᠢᠩᠭᠠᠳᠬᠠᠬᠤ ᠳᠤᠮᠳᠠ ᠨᠠᠶᠢᠳᠠᠪᠤᠷᠢᠵᠢᠭᠤᠯᠤᠯᠲᠠ ᠶᠢ ᠠᠳᠬᠤᠵᠤ᠂ ᠴᠡᠭᠴᠡᠯᠡᠨ ᠰᠠᠶᠢᠵᠢᠷᠠᠭᠤᠯᠬᠤ | ᠬᠠᠷᠢᠭᠤᠴᠠᠯᠭ᠎ᠠ ᠶᠢᠨ ᠰᠢᠰᠲ᠋ᠧᠮ ᠢ ᠪᠣᠳᠠᠲᠠᠶᠢᠵᠢᠭᠤᠯᠪᠠ᠃ | ᠬᠤᠶᠠᠷ᠂ ᠴᠡᠭᠴᠡᠯᠡᠨ ᠰᠠᠶᠢᠵᠢᠷᠠᠭᠤᠯᠬᠤ ᠠᠵᠢᠯ ᠢ ᠴᠢᠩᠭ᠎ᠠ ᠪᠥᠭᠡᠳ ᠪᠣᠳᠠᠲᠠᠶ ᠪᠠᠷ ᠠᠬᠢᠭᠤᠯᠪᠠ | ᠬᠤᠰᠢᠭᠤ ᠨᠠᠮ ᠤᠨ ᠬᠤᠷᠢᠶ᠎ᠠ ᠶᠢᠨ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠬᠠᠷᠢᠭᠤ ᠲᠤᠰᠬᠠᠭᠰᠠᠨ ᠳᠥᠷᠪᠡᠨ | ᠶᠡᠭᠡ ᠲᠠᠯ᠎ᠠ ᠶᠢᠨ 13 ᠵᠦᠢᠯ ᠤᠨ ᠠᠰᠠᠭᠤᠳᠠᠯ ᠲᠠᠢ ᠬᠠᠷᠢᠴᠠᠭᠤᠯᠵᠤ᠂ ᠠᠳᠠᠯᠢ ᠪᠤᠰᠤ ᠠᠰᠠᠭᠤᠳᠠᠯ ᠳᠤ ᠴᠢᠭᠯᠡᠭᠦᠯᠦᠨ | 24 ᠵᠦᠢᠯ ᠤᠨ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠪᠣᠳᠠᠲᠠᠶ ᠲᠣᠭᠲᠠᠭᠠᠪᠠ᠃ ᠣᠳᠣᠬᠠᠨ ᠳᠤ | ᠴᠡᠭᠴᠡᠯᠡᠨ ᠥᠭᠡᠷᠡᠴᠢᠯᠡᠬᠦ ᠡᠭᠦᠷᠭᠡ ᠪᠠᠨ ᠨᠢᠭᠡᠨᠲᠡ ᠪᠡᠶᠡᠯᠡᠭᠦᠯᠵᠡᠶ᠃ | ︵ᠨᠢᠭᠡ︶ ᠨᠠᠮ ᠤᠨ ᠱᠤᠭᠤᠮ ᠴᠢᠭᠯᠡᠯᠲᠡ ᠲᠦᠷᠦ ᠶᠢᠨ ᠪᠤᠳᠤᠯᠭ᠎ᠠ ᠪᠠ ᠨᠠᠮ ᠤᠨ ᠲᠥᠪ ᠬᠤᠷᠢᠶ᠎ᠠ᠂ ᠥᠪᠡᠷᠲᠡᠭᠡᠨ | ᠵᠠᠰᠠᠬᠤ ᠣᠷᠣᠨ᠂ ᠬᠤᠳᠠ ᠶᠢᠨ ᠨᠠᠮ ᠤᠨ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ | ᠲᠤᠤᠱᠯᠠᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠲᠠᠯ᠎ᠠ ᠪᠠᠷ | 1.ᠠᠵᠢᠯ ᠤᠨ ᠬᠠᠷᠢᠭᠤᠴᠠᠯᠭ᠎ᠠ ᠪᠠᠨ ᠭᠦᠢᠴᠡᠳᠬᠡᠬᠦ ᠳᠤ ᠵᠣᠬᠢᠬᠤ ᠵᠥᠷᠢᠶ᠎ᠡ ᠲᠠᠢ ᠪᠠᠶᠢᠬᠤ᠃ | ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ᠄ ᠨᠢᠭᠡ ᠳᠤ᠂ ᠲᠤᠮᠳᠠᠳᠤ ᠤᠯᠤᠰ ᠤᠨ ᠵᠠᠯᠠᠭᠤᠴᠤᠳ ᠤᠨ ᠡᠪᠯᠡᠯ ᠤᠨ | ᠬᠤᠰᠢᠭᠤᠨ ᠤ ᠬᠤᠷᠢᠶ᠎ᠠ ᠨᠢ ᠨᠢᠭᠡᠨᠲᠡ ᠠᠯᠪᠠᠨ ᠬᠡᠷ ᠲᠤ ᠴᠠᠭ ᠲᠤᠬᠠᠶ ᠳᠤᠨᠢ ᠲᠣᠬᠢᠷᠠᠭᠤᠯᠤᠯᠲᠠ ᠬᠢᠵᠦ᠂ ᠠᠯᠪᠠᠨ | ᠬᠡᠷ ᠤᠨ ᠬᠡᠷᠡᠭᠯᠡᠯᠲᠡ ᠶᠢᠨ ᠬᠢᠨᠠᠯᠲᠠ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠪᠠ᠃ ᠬᠤᠶᠠᠷ ᠲᠤ | ᠳᠡᠭᠡᠳᠦ ᠱᠠᠲᠤᠨ ᠤ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠡᠨᠧᠷᠭᠢ ᠠᠷᠪᠢᠯᠠᠬᠤ ᠤᠬᠠᠭᠤᠯᠭ᠎ᠠ ᠶᠢᠨ ᠠᠵᠢᠯᠯᠠᠭ᠎ᠠ ᠶᠢ | ᠥᠷᠨᠢᠭᠦᠯᠪᠠ᠃ 2020 ᠣᠨ ᠤ 6 ᠰᠠᠷ᠎ᠠ ᠳᠤ᠂ ︽ᠪᠣᠬᠢᠷᠲᠤᠯ ᠪᠠᠭ᠎ᠠ ᠢᠯᠭᠠᠷᠠᠭᠤᠯᠤᠯ ᠢ ᠪᠠᠭᠠᠰᠬᠠᠵᠦ᠂ ᠪᠦᠬᠦ | ᠲᠠᠯ᠎ᠠ ᠪᠠᠷ ᠴᠢᠨᠡᠭᠡᠯᠢᠭᠵᠢᠬᠦ︾ ᠪᠠᠷ ᠭᠤᠣᠯ ᠰᠡᠳᠦᠪ ᠪᠣᠯᠭᠠᠭᠰᠠᠨ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ | ᠡᠳᠦᠷ ᠤᠨ ᠤᠬᠠᠭᠤᠯᠭ᠎ᠠ ᠶᠢᠨ ᠠᠵᠢᠯᠯᠠᠭ᠎ᠠ ᠶᠢ ᠥᠷᠨᠢᠭᠦᠯᠵᠦ᠂ ᠰᠠᠨᠠᠭᠠᠴᠢᠯᠠᠭ᠎ᠠ ᠶᠢᠨ ᠪᠢᠴᠢᠭ ᠢ 10000 ᠭᠠᠷᠤᠢ | ᠬᠤᠪᠢ ᠲᠠᠷᠬᠠᠭᠠᠵᠤ᠂ ᠤᠬᠠᠭᠤᠯᠭ᠎ᠠ ᠶᠢᠨ ᠬᠠᠭᠤᠳᠠᠰᠤ ᠶᠢ 2000 ᠭᠠᠷᠤᠢ ᠬᠤᠪᠢ ᠲᠠᠷᠬᠠᠭᠠᠵᠤ᠂ ᠣᠷᠴᠢᠨ | ᠲᠣᠭᠤᠷᠢᠨ ᠤ ᠬᠠᠮᠠᠭᠠᠯᠠᠯᠲᠠ ᠶᠢᠨ ᠤᠭᠤᠲᠠ ᠶᠢ 8000 ᠭᠠᠷᠤᠢ ᠲᠠᠷᠬᠠᠭᠠᠵᠠᠢ᠃ | 2. ᠭᠤᠤᠯ ᠰᠡᠳᠦᠪᠲᠦ ᠬᠥᠮᠦᠵᠢᠯ ᠤᠨ ᠠᠵᠢᠯᠯᠠᠭ᠎ᠠ ᠶᠢ ᠯᠠᠪᠳᠠᠭᠤᠨ ᠪᠠᠲᠤᠲᠠᠶ ᠥᠷᠨᠢᠭᠦᠯᠦᠭᠰᠡᠨ ᠢᠶᠠᠷ ᠬᠦᠷᠦᠯᠴᠡᠬᠦ | ᠥᠬᠡᠶ᠃ | ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ᠄ ᠨᠢᠭᠡ ᠳᠤ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ | ᠤᠯᠠᠮ ᠨᠢᠭᠡ ᠠᠯᠬᠤᠮ ᠲᠣᠳᠣᠷᠬᠠᠶᠢᠯᠠᠵᠤ᠂ ᠠᠵᠢᠯ ᠤᠨ ᠪᠣᠳᠠᠲᠠᠶ ᠲᠠᠢ ᠪᠠᠨ ᠤᠶᠠᠯᠳᠤᠭᠤᠯᠤᠨ ᠡᠯ᠎ᠡ ᠵᠦᠢᠯ ᠤᠨ | ᠠᠵᠢᠯ ᠢ ᠬᠢᠨᠠᠮᠠᠭᠠᠶ ᠥᠷᠨᠢᠭᠦᠯᠪᠡ᠃ ᠬᠤᠶᠠᠷ ᠲᠤ ᠡᠯ᠎ᠡ ᠲᠦᠷᠦᠯ ᠤᠨ ᠠᠵᠢᠯ ᠤᠨ ᠲᠥᠰᠦᠯ ᠢ ᠲᠣᠭᠲᠠᠭᠠᠬᠤ ᠠᠴᠠ | ᠡᠮᠦᠨ᠎ᠡ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠪᠦᠲᠦᠮᠵᠢᠲᠡᠶ ᠠᠵᠢᠯ ᠤᠨ ᠲᠥᠰᠦᠯ ᠢ ᠦᠨᠡᠨ | ᠬᠦ ᠲᠣᠭᠲᠠᠭᠠᠪᠡ᠃ ᠭᠤᠷᠪᠠ ᠳᠤ ᠬᠠᠷᠢᠭᠤ ᠲᠤᠰᠬᠠᠭᠰᠠᠨ ᠠᠰᠠᠭᠤᠳᠠᠯ ᠳᠤ ᠬᠢᠨᠠᠮᠠᠭᠠᠶ ᠬᠠᠨᠳᠤᠵᠤ᠂ ᠴᠠᠭ | ᠲᠤᠬᠠᠶ ᠳᠤᠨᠢ ᠴᠡᠭᠴᠡᠯᠡᠨ ᠰᠠᠶᠢᠵᠢᠷᠠᠭᠤᠯᠬᠤ ᠡᠬᠡ ᠲᠠᠩᠰᠠ ᠪᠠᠶᠢᠭᠤᠯᠵᠤ ᠴᠡᠭᠴᠡᠯᠡᠨ ᠰᠠᠶᠢᠵᠢᠷᠠᠭᠤᠯᠪᠡ᠃ | 3. ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠢ ᠨᠠᠷᠢᠨ ᠪᠣᠳᠠᠲᠠᠢ ᠨᠠᠶᠢᠳᠠᠪᠤᠷᠢᠵᠢᠭᠤᠯᠤᠭᠰᠠᠨ ᠦᠭᠡᠢ᠃ | ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ᠄ ᠨᠢᠭᠡ ᠳᠤ ᠱᠠᠭᠠᠷᠳᠠᠯᠭ᠎ᠠ ᠶᠢ ᠴᠢᠩᠭ᠎ᠠ ᠵᠢᠷᠤᠮᠯᠠᠨ ᠦᠵᠡᠯ ᠤᠬᠠᠮᠰᠠᠷ ᠤᠨ | ᠬᠡᠯᠪᠡᠷᠢ ᠶᠢᠨ ᠠᠵᠢᠯ ᠢ ᠠᠵᠢᠯ ᠤᠨ ᠳ᠋ᠦᠩᠨᠡᠯᠲᠡ᠂ ᠲᠤᠰᠢᠶᠠᠯ ᠤᠨ ᠮᠡᠳᠡᠭᠦᠯᠦᠯᠲᠡ᠂ ᠠᠷᠠᠳᠴᠢᠯᠠᠯ ᠤᠨ ᠠᠮᠢᠳᠤᠷᠠᠯ ᠤᠨ | ᠬᠤᠷᠠᠯ ᠤᠨ ᠶᠠᠷᠢᠶᠠᠨ ᠤ ᠮᠠᠲ᠋ᠧᠷᠢᠶᠠᠯ ᠳᠤ ᠣᠷᠣᠭᠤᠯᠪᠡ᠃ ᠬᠤᠶᠠᠷ ᠲᠤ᠂ ᠦᠵᠡᠯ ᠤᠬᠠᠮᠰᠠᠷ ᠤᠨ ᠬᠡᠯᠪᠡᠷᠢ ᠶᠢᠨ | ᠠᠵᠢᠯ ᠤᠨ ᠲᠤᠰᠬᠠᠢ ᠰᠡᠳᠦᠪᠲᠦ ᠬᠤᠷᠠᠯ ᠢ ᠨᠠᠷᠢᠨ ᠬᠢᠨᠠᠮᠠᠭᠠᠢ ᠵᠣᠬᠢᠶᠠᠨ ᠪᠠᠶᠢᠭᠤᠯᠵᠤ ᠥᠷᠨᠢᠭᠦᠯᠪᠡ᠃ ᠭᠤᠷᠪᠠ ᠳᠤ᠂ | ᠦᠵᠡᠯ ᠤᠬᠠᠮᠰᠠᠷ ᠤᠨ ᠬᠡᠯᠪᠡᠷᠢ ᠶᠢᠨ ᠮᠡᠳᠡᠯᠭᠡ ᠶᠢ ᠰᠤᠷᠤᠯᠴᠠᠬᠤ ᠶᠢ ᠨᠠᠮ ᠤᠨ ᠡᠭᠦᠷ ᠤᠨ ᠰᠤᠷᠤᠯᠴᠠᠯᠭ᠎ᠠ ᠶᠢᠨ | ᠴᠢᠬᠤᠯᠠ ᠠᠭᠤᠯᠭ᠎ᠠ ᠳᠤ ᠣᠷᠣᠭᠤᠯᠪᠠ᠃ | ︵ᠬᠤᠶᠠᠷ︶ ᠤᠯᠠᠨ ᠲᠦᠮᠡᠨ ᠤ ᠳᠡᠷᠭᠡᠳᠡᠬᠢ ᠢᠯᠵᠠᠷᠠᠯ ᠤᠨ ᠠᠰᠠᠭᠤᠳᠠᠯ ᠪᠠ ᠲᠥᠪ ᠪᠤᠰᠤ ᠰᠤᠷᠲᠠᠯ ᠤᠨ ᠲᠠᠯ᠎ᠠ ᠪᠠᠷ | 1.ᠠᠵᠢᠯ ᠳᠠᠭᠠᠨ ᠴᠢᠩᠭ᠎ᠠ ᠨᠢᠮᠪᠠᠶ ᠪᠢᠰᠢ᠂ ᠬᠢᠨᠠᠮᠠᠭᠠᠶ ᠪᠤᠰᠤ ᠪᠠᠶᠢᠬᠤ᠃ | ᠴᠡᠭᠴᠡᠯᠡᠨ ᠥᠭᠡᠷᠡᠴᠢᠯᠡᠭᠰᠡᠨ ᠪᠠᠶᠢᠳᠠᠯ᠄ ᠨᠢᠭᠡ ᠳᠤ ᠪᠥᠬᠦ ᠠᠵᠢᠯᠲᠠᠨ ᠤ ᠠᠵᠢᠯ ᠤᠨ ᠰᠠᠬᠢᠯᠭ᠎ᠠ ᠪᠠᠲᠤ ᠶᠢ ᠤᠯᠠᠮ ᠨᠢᠭᠡ | ᠠᠯᠬᠤᠮ ᠴᠢᠩᠳᠠᠯᠠᠪᠠ᠃ ᠬᠤᠶᠠᠷ ᠲᠤ ᠡᠯ᠎ᠡ ᠲᠥᠷᠥᠯ ᠤᠨ ᠠᠯᠪᠠᠨ ᠪᠢᠴᠢᠭ ᠤᠨ ᠮᠠᠲ᠋ᠧᠷᠢᠶᠠᠯ ᠢ ᠲᠡᠷᠡ ᠬᠡᠪ ᠢᠶᠠᠷ ᠨᠢ | ᠨᠡᠭᠦᠯᠭᠡᠨ ᠬᠠᠭᠤᠯᠬᠤ ᠵᠡᠷᠭᠡ ᠠᠰᠠᠭᠤᠳᠠᠯ ᠭᠠᠷᠬᠤ ᠶᠢ ᠡᠷᠡᠰ ᠬᠤᠷᠢᠭᠯᠠᠪᠠ᠃ | 2. ᠳᠠᠩᠰᠠ ᠪᠠ ᠪᠣᠳᠠᠲᠤ ᠶᠠᠭᠤᠮ᠎ᠠ ᠦᠯᠦ ᠨᠡᠶᠢᠴᠡᠬᠦ ᠦᠵᠡᠭᠳᠡᠯ ᠣᠷᠣᠰᠢᠵᠤ ᠪᠠᠶᠢᠨ᠎ᠠ | ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ᠄ ᠨᠢᠭᠡ ᠳᠤ ᠡᠳ᠋ ᠤᠨ ᠶᠠᠪᠤᠳᠠᠯ ᠤᠨ ᠬᠠᠮᠢᠶᠠᠷᠤᠯᠲᠠ ᠶᠢᠨ ᠲᠦᠷᠢᠮ ᠢ | ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠠᠵᠢᠯ ᠤᠨ ᠪᠣᠳᠠᠲᠠᠶ ᠲᠠᠢ ᠪᠠᠨ ᠤᠶᠠᠯᠳᠤᠭᠤᠯᠤᠨ ︽ᠡᠳ᠋ ᠤᠨ | ᠶᠠᠪᠤᠳᠠᠯ ᠤᠨ ᠬᠠᠮᠢᠶᠠᠷᠤᠯᠲᠠ ᠶᠢᠨ ᠲᠦᠷᠢᠮ︾᠂ ︽ᠡᠳ᠋ ᠪᠣᠳᠠᠰ ᠬᠤᠳᠠᠯᠳᠤᠨ ᠠᠪᠬᠤ ᠲᠦᠷᠢᠮ︾᠂ ︽ᠲᠣᠭᠲᠠᠮᠠᠯ | ᠬᠥᠷᠥᠩᠭᠡ ᠶᠢᠨ ᠬᠠᠮᠢᠶᠠᠷᠤᠯᠲᠠ ᠶᠢᠨ ᠲᠦᠷᠢᠮ︾ ᠵᠡᠷᠭᠡ ᠡᠯ᠎ᠡ ᠵᠦᠢᠯ ᠤᠨ ᠠᠵᠢᠯ ᠤᠨ ᠲᠦᠷᠢᠮ ᠢ ᠨᠠᠷᠢᠨ ᠬᠢᠨᠠᠮᠠᠭᠠᠶ | ᠲᠣᠭᠲᠠᠭᠠᠪᠠ᠃ ᠬᠤᠶᠠᠷ ᠲᠤ ᠡᠳ᠋ ᠤᠨ ᠶᠠᠪᠤᠳᠠᠯ ᠤᠨ ᠠᠵᠢᠯᠳᠠᠨ ᠪᠣᠭᠤᠮᠲᠠ ᠶᠢ ᠴᠢᠩᠭ᠎ᠠ ᠠᠳᠬᠤᠵᠤ᠂ | ᠱᠠᠭᠠᠷᠳᠠᠯᠭ᠎ᠠ ᠳᠤ ᠪᠦᠷᠢᠮᠦᠰᠦᠨ ᠨᠡᠶᠢᠴᠡᠭᠰᠡᠨ ᠠᠩᠬᠠᠨ ᠤ ᠬᠡᠷᠡᠴᠢ ᠪᠠᠷᠢᠮᠲᠠ ᠶᠢ ᠴᠠᠭ ᠲᠤᠬᠠᠶ ᠳᠤᠨᠢ ᠳᠠᠩᠰᠠᠨ ᠳᠤ | ᠣᠷᠣᠭᠤᠯᠵᠤ᠂ ᠲᠣᠬᠢᠲᠠᠶ ᠬᠠᠳᠠᠭᠠᠯᠠᠨ ᠬᠠᠮᠢᠶᠠᠷᠪᠠ᠃ | 3. ᠪᠡᠯᠡᠨ ᠵᠣᠭᠤᠰ ᠢ ᠶᠡᠭᠡ ᠲᠤᠭ᠎ᠠ ᠪᠠᠷ ᠭᠠᠷᠭᠠᠵᠤ ᠠᠪᠬᠤ ᠦᠵᠡᠭᠳᠡᠯ ᠣᠷᠣᠰᠢᠵᠤ ᠪᠠᠶᠢᠨ᠎ᠠ᠃ | ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ᠄ ᠨᠢᠭᠲᠠᠯᠠᠨ ᠪᠤᠳᠤᠭᠴᠢ ᠶᠢᠨ ᠠᠵᠢᠯ ᠤᠨ ᠪᠠᠶᠢᠷᠢ ᠶᠢᠨ ᠡᠭᠦᠷᠭᠡ | ᠬᠠᠷᠢᠭᠤᠴᠠᠯᠭ᠎ᠠ᠂ ᠪᠡᠯᠡᠨ ᠵᠣᠭᠤᠰ ᠪᠠᠷᠢᠭᠴᠢ ᠶᠢᠨ ᠠᠵᠢᠯ ᠤᠨ ᠪᠠᠶᠢᠷᠢ ᠶᠢᠨ ᠡᠭᠦᠷᠭᠡ ᠬᠠᠷᠢᠭᠤᠴᠠᠯᠭ᠎ᠠ ᠶᠢ ᠤᠯᠠᠮ ᠨᠢᠭᠡ | ᠠᠯᠬᠤᠮ ᠲᠣᠳᠣᠷᠬᠠᠶᠢᠯᠠᠵᠤ᠂ ︽ᠡᠳ᠋ ᠤᠨ ᠶᠠᠪᠤᠳᠠᠯ ᠤᠨ ᠬᠠᠮᠢᠶᠠᠷᠤᠯᠲᠠ ᠶᠢᠨ ᠲᠦᠷᠢᠮ︾ ᠢ ᠲᠡᠭᠦᠯᠳᠡᠷᠵᠢᠭᠦᠯᠦᠨ᠂ | 1000 ᠲᠥᠭᠦᠷᠢᠭ ᠠᠴᠠ ᠬᠡᠲᠦᠷᠡᠭᠰᠡᠨ ᠪᠠᠶᠢᠪᠠᠯ ᠲᠠᠩᠰᠠ ᠰᠢᠯᠵᠢᠭᠦᠯᠦᠨ ᠳ᠋ᠦᠩᠨᠡᠨ ᠪᠤᠳᠤᠬᠤ ᠠᠷᠭ᠎ᠠ ᠮᠠᠶ᠋ᠢᠭ ᠢ | ᠬᠡᠷᠡᠭᠯᠡᠪᠠ᠃ | 4. ᠳᠠᠩᠰᠠ ᠬᠠᠷ᠎ᠠ ᠶᠢ ᠴᠠᠭ ᠲᠤᠬᠠᠶ ᠳᠤᠨᠢ ᠰᠢᠢᠳᠪᠦᠷᠢᠯᠡᠭᠰᠡᠨ ᠦᠬᠡᠢ᠃ | ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ᠄ ᠲᠤᠰ ᠲᠥᠪ ᠤᠨ ᠠᠯᠪᠠᠨ ᠶᠠᠪᠤᠳᠠᠯ | ᠢᠶᠠᠷ ᠭᠠᠳᠠᠭᠰᠢ ᠭᠠᠷᠬᠤ ᠵᠠᠷᠤᠳᠠᠯ ᠤᠨ ᠲᠠᠩᠰᠠ ᠲᠠᠶᠢᠯᠬᠤ ᠲᠦᠷᠢᠮ ᠢ ᠤᠯᠠᠮ ᠨᠢᠭᠡ ᠠᠯᠬᠤᠮ ᠵᠢᠷᠤᠮᠵᠢᠭᠤᠯᠵᠤ᠂ | ᠲᠠᠩᠰᠠ ᠲᠠᠶᠢᠯᠬᠤ ᠲᠠᠰ ᠳᠠᠷᠠᠭᠠᠯᠠᠯ ᠢ ᠵᠢᠷᠤᠮᠵᠢᠭᠤᠯᠪᠠ᠃ | 5. ᠳᠠᠩᠰᠠ ᠬᠠᠷ᠎ᠠ ᠶ᠋᠊ ᠰᠢᠢᠳᠪᠦᠷᠢᠯᠡᠬᠦ ᠲᠠᠯ᠎ᠠ ᠪᠠᠷ ᠵᠢᠷᠤᠮᠵᠢᠯ ᠦᠬᠡᠢ᠃ | ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ᠄ ᠨᠢᠭᠡ ᠳᠤ ︽ᠠᠯᠪᠠᠨ ᠶᠠᠪᠤᠳᠠᠯ ᠳᠤ ᠬᠡᠷᠡᠭᠯᠡᠬᠦ ᠲᠡᠷᠭᠡ ᠶᠢᠨ | ᠬᠠᠮᠢᠶᠠᠷᠤᠯᠲᠠ ᠶᠢᠨ ᠲᠦᠷᠢᠮ︾᠂ ︽ᠡᠳ᠋ ᠤᠨ ᠶᠠᠪᠤᠳᠠᠯ ᠤᠨ ᠬᠠᠮᠢᠶᠠᠷᠤᠯᠲᠠ ᠶᠢᠨ ᠲᠦᠷᠢᠮ︾ ᠢ ᠲᠡᠭᠦᠯᠳᠡᠷᠵᠢᠭᠦᠯᠪᠡ | ᠃ ᠬᠤᠶᠠᠷ ᠲᠤ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ ᠪᠣᠯᠤᠨ ᠬᠤᠯᠪᠣᠭᠳᠠᠯ ᠪᠦᠬᠦᠢ ᠲᠠᠰᠤᠭ ᠤᠨ | ᠬᠠᠷᠢᠭᠤᠴᠠᠯᠭᠠᠲᠠᠨ ᠲᠤᠰ ᠲᠤᠰ ᠶᠠᠷᠢᠯᠴᠠᠪᠠ᠃ ᠭᠤᠷᠪᠠ ᠳᠤ ᠠᠵᠢᠯᠲᠠᠳ ᠳᠠᠩᠰᠠ ᠲᠠᠶᠢᠯᠬᠤ ᠬᠢᠨᠠᠨ | ᠵᠥᠪᠰᠢᠶᠡᠷᠡᠯ ᠤᠨ ᠬᠠᠭᠤᠳᠠᠰᠤ ᠶᠢ ᠬᠢᠨᠠᠮᠠᠭᠠᠶ ᠲᠠᠭᠯᠠᠵᠤ ᠮᠡᠳᠡᠭᠦᠯᠬᠦ ᠪᠤᠯᠭᠠᠪᠠ᠃ | ︵ᠭᠤᠷᠪᠠ︶ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠲᠤᠷᠤᠢ ᠪᠠᠭᠤᠷᠠᠶ ᠰᠤᠯᠠ ᠵᠠᠳᠠᠭᠠᠶ᠂ | ᠵᠣᠬᠢᠶᠠᠨ ᠪᠠᠶᠢᠭᠤᠯᠤᠯᠲᠠ ᠶᠢᠨ ᠬᠦᠴᠦᠨ ᠳᠤᠲᠠᠮᠠᠭ ᠪᠠᠶᠢᠬᠤ ᠲᠠᠯ᠎ᠠ ᠪᠠᠷ | 1. ᠠᠷᠠᠳᠴᠢᠯᠠᠯ ᠲᠥᠪᠯᠡᠷᠡᠯ ᠤᠨ ᠶᠣᠰᠣ ᠶᠢ ᠴᠢᠩᠭ᠎ᠠ ᠬᠡᠷᠡᠭᠵᠢᠭᠦᠯᠦᠭᠰᠡᠨ ᠦᠭᠡᠢ᠃ | ᠴᠡᠭᠴᠡᠯᠡᠨ ᠥᠭᠡᠷᠡᠴᠢᠯᠡᠭᠰᠡᠨ ᠪᠠᠶᠢᠳᠠᠯ᠄ ᠨᠢᠭᠡ ᠳᠤ ᠤᠳᠤᠷᠢᠳᠬᠤ ᠺᠠᠳ᠋ᠷ ᠪᠡᠶ᠎ᠡ ᠪᠠᠷ ᠢᠶᠠᠨ ᠬᠡᠪ ᠲᠦᠷᠢᠮ ᠪᠤᠯᠵᠤ᠂ | ᠠᠷᠠᠳᠴᠢᠯᠠᠯ ᠲᠥᠪᠯᠡᠷᠡᠯ ᠤᠨ ᠶᠣᠰᠣ ᠶᠢ ᠴᠢᠩᠭ᠎ᠠ ᠬᠡᠷᠡᠭᠵᠢᠭᠦᠯᠪᠡ᠃ ᠬᠤᠶᠠᠷ ᠲᠤ ᠤᠳᠤᠷᠢᠳᠬᠤ ᠪᠠᠭ ᠤᠨ | ᠬᠤᠷᠠᠯ ᠤᠨ ᠲᠡᠮᠳᠡᠭᠯᠡᠯ ᠢ ᠤᠯᠠᠮ ᠨᠢᠭᠡ ᠠᠯᠬᠤᠮ ᠵᠢᠷᠤᠮᠵᠢᠭᠤᠯᠪᠠ᠃ | 2. ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠱᠠᠭᠠᠷᠳᠠᠯᠭ᠎ᠠ ᠶᠣᠰᠣᠭᠠᠷ ᠬᠤᠷᠠᠯᠳᠤᠭᠤᠯᠤᠭᠰᠠᠨ ᠥᠬᠡᠶ ᠠᠴᠠ | ᠲᠠᠩᠰᠠ ᠡᠪᠬᠡᠮᠡᠯ ᠤᠨ ᠮᠠᠲ᠋ᠧᠷᠢᠶᠠᠯ ᠬᠦᠨᠳᠦ ᠨᠣᠴᠢᠲᠠᠶ ᠳᠤᠲᠠᠭᠳᠠᠵᠤ ᠪᠠᠶᠢᠨ᠎ᠠ᠃ | ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ᠄ ᠲᠣᠰ ᠤᠳᠠᠭ᠎ᠠ ᠶᠢᠨ ᠲᠣᠭᠤᠷᠢᠨ ᠪᠠᠶᠢᠴᠠᠭᠠᠵᠤ ᠴᠡᠭᠴᠡᠯᠡᠨ | ᠰᠠᠶᠢᠵᠢᠷᠠᠭᠤᠯᠤᠭᠰᠠᠨ ᠠᠵᠢᠯ ᠢᠶᠠᠷ ᠠᠵᠠ ᠲᠣᠬᠢᠶᠠᠯ ᠪᠣᠯᠭᠠᠵᠤ᠂ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ | ᠲᠥᠪᠯᠡᠷᠡᠭᠦᠯᠦᠨ ᠰᠤᠷᠤᠯᠴᠠᠬᠤ ᠵᠡᠷᠭᠡ ᠡᠯ᠎ᠡ ᠭᠤᠭᠴᠤᠭ᠎ᠠ ᠳᠤ ᠲᠥᠪ ᠴᠢᠩᠭ᠎ᠠ ᠨᠠᠷᠢᠨ ᠬᠢᠨᠠᠮᠠᠭᠠᠶ ᠬᠠᠨᠳᠤᠬᠤ ᠶᠢᠨ | ᠬᠠᠮᠲᠤ ᠲᠠᠩᠰᠠ ᠡᠪᠬᠡᠮᠡᠯ ᠤᠨ ᠮᠠᠲ᠋ᠧᠷᠢᠶᠠᠯ ᠢ ᠲᠣᠬᠢᠲᠠᠶ ᠬᠠᠳᠠᠭᠠᠯᠠᠵᠤ ᠬᠠᠮᠢᠶᠠᠷᠪᠠ᠃ | 3. ︽ᠭᠤᠷᠪᠠᠨ ᠬᠤᠷᠠᠯ ᠨᠢᠭᠡ ᠬᠢᠴᠢᠶᠡᠯ︾ ᠵᠡᠷᠭᠡ ᠲᠦᠷᠢᠮ ᠢ ᠨᠠᠶᠢᠳᠠᠪᠤᠷᠢᠵᠢᠭᠤᠯᠬᠤ ᠲᠠᠯ᠎ᠠ ᠪᠠᠷ ᠲᠡᠶᠢᠮᠦ ᠴᠢᠩᠭ᠎ᠠ | ᠪᠢᠰᠢ ᠪᠠᠶᠢᠨ᠎ᠠ᠃ | ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ᠄ ᠨᠢᠭᠡ ᠳᠤ ︽︿ᠭᠤᠷᠪᠠᠨ ᠬᠤᠷᠠᠯ ᠨᠢᠭᠡ ᠬᠢᠴᠢᠶᠡᠯ﹀ ᠤᠨ ᠲᠦᠷᠢᠮ︾᠂ | ︽ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠲᠦᠷᠢᠮ︾᠂ ︽ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ | ᠬᠤᠷᠠᠯ ᠤᠨ ᠲᠦᠷᠢᠮ︾ ᠵᠡᠷᠭᠡ ᠨᠠᠮ ᠤᠨ ᠡᠭᠦᠷ ᠤᠨ ᠡᠯ᠎ᠡ ᠵᠦᠢᠯ ᠤᠨ ᠲᠦᠷᠢᠮ ᠲᠣᠭᠲᠠᠭᠠᠯ ᠳᠤ ᠵᠠᠰᠠᠪᠤᠷᠢ | ᠣᠷᠣᠭᠤᠯᠤᠨ ᠲᠡᠭᠦᠯᠳᠡᠷᠵᠢᠭᠦᠯᠪᠡ᠃ ᠬᠤᠶᠠᠷ ᠲᠤ᠂ ᠨᠠᠮ ᠤᠨ ᠭᠡᠰᠢᠭᠦᠨ ᠤ ᠰᠤᠷᠤᠯᠴᠠᠯᠭ᠎ᠠ ᠬᠥᠮᠦᠵᠢᠯ ᠢ ᠨᠠᠷᠢᠨ | ᠬᠢᠨᠠᠮᠠᠭᠠᠢ ᠥᠷᠨᠢᠭᠦᠯᠵᠦ᠂ ᠴᠠᠭ ᠬᠤᠭᠤᠴᠠᠭ᠎ᠠ᠂ ᠠᠵᠢᠯᠳᠠᠨ᠂ ᠠᠭᠤᠯᠭ᠎ᠠ᠂ ᠦᠷ᠎ᠡ ᠪᠦᠲᠦᠮᠵᠢ ᠲᠦᠷᠪᠡ ᠶᠢ | ᠪᠣᠳᠠᠲᠠᠶᠢᠵᠢᠭᠤᠯᠬᠤ ᠶᠢ ᠪᠠᠲᠤᠯᠠᠪᠠ᠃ | 4᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠬᠠᠷᠢᠭᠤᠴᠠᠯᠭ᠎ᠠ ᠶᠢ ᠭᠦᠢᠴᠡᠳᠬᠡᠬᠦ ᠲᠠᠯ᠎ᠠ ᠪᠠᠷ ᠵᠦᠷᠢᠶ᠎ᠡ ᠲᠠᠢ | ᠪᠠᠶᠢᠨ᠎ᠠ᠃ | ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ᠄ ᠨᠢᠭᠡ ᠳᠤ ᠤᠳᠤᠷᠢᠳᠬᠤ ᠺᠠᠳ᠋ᠷ ᠲᠦᠷᠦᠭᠦᠯᠡᠨ ᠤᠯᠤᠰ ᠲᠥᠷᠥ ᠶᠢᠨ | ᠪᠠᠶᠢᠭᠤᠯᠤᠯᠲᠠ ᠶᠢ ᠴᠢᠩᠭᠠᠳᠬᠠᠵᠤ᠂ ︽ᠬᠤᠶᠠᠷ ᠬᠠᠷᠢᠭᠤᠴᠠᠯᠭ᠎ᠠ︾ ᠶᠢᠨ ᠨᠠᠷᠢᠨ ᠲᠠᠩᠰᠠ ᠶᠢ ᠰᠤᠳᠤᠯᠤᠨ | ᠲᠣᠭᠲᠠᠭᠠᠪᠠ᠃ ᠬᠤᠶᠠᠷ ᠲᠤ ᠠᠷᠢᠭᠤᠨ ᠴᠢᠬᠡᠴᠢ ᠪᠠᠷ ᠵᠠᠰᠠᠭ ᠪᠠᠷᠢᠬᠤ ᠲᠤᠬᠠᠶ ᠶᠠᠷᠢᠯᠴᠠᠭ᠎ᠠ ᠶᠢ ᠵᠢᠷᠤᠮᠵᠢᠭᠤᠯᠤᠨ | ᠲᠡᠮᠳᠡᠭᠯᠡᠪᠠ᠃ ᠭᠤᠷᠪᠠ ᠳᠤ᠂ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ ᠪᠣᠭᠤᠮᠲᠠ ᠶᠢ ᠴᠢᠩᠭ᠎ᠠ ᠠᠳᠬᠤᠵᠤ | ᠂ ᠡᠯ᠎ᠡ ᠵᠦᠢᠯ ᠤᠨ ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠪᠠ᠃ | ︵ᠲᠦᠷᠪᠡ︶ ᠲᠣᠭᠤᠷᠢᠨ ᠪᠠᠶᠢᠴᠠᠭᠠᠬᠤ ᠵᠡᠷᠭᠡ ᠡᠯ᠎ᠡ ᠲᠦᠷᠦᠯ ᠤᠨ ᠬᠢᠨᠠᠯᠲᠠ ᠪᠠᠶᠢᠴᠠᠭᠠᠯᠲᠠ ᠶᠢᠨ ᠬᠠᠷᠢᠭᠤ | ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠲᠣᠭᠤᠷᠢᠨ ᠪᠠᠶᠢᠴᠠᠭᠠᠬᠤ ᠳᠣᠯᠣᠳᠤᠭᠠᠷ ᠳᠤᠭᠤᠶᠢᠯᠠᠩ ᠤᠨ | ᠬᠠᠷᠠᠴᠢᠨ ᠬᠤᠰᠢᠭᠤ ᠶᠢ ᠲᠣᠭᠤᠷᠢᠨ ᠪᠠᠶᠢᠴᠠᠭᠠᠭᠠᠳ ᠬᠠᠷᠢᠭᠤ ᠲᠤᠰᠬᠠᠭᠰᠠᠨ ᠰᠠᠨᠠᠯ ᠢᠶᠠᠷ ᠴᠡᠭᠴᠡᠯᠡᠨ | ᠰᠠᠶᠢᠵᠢᠷᠠᠭᠤᠯᠤᠭᠰᠠᠨ ᠨᠢ ᠬᠦᠷᠦᠯᠴᠡᠬᠦ ᠥᠬᠡᠶ ᠪᠠᠶᠢᠨ᠎ᠠ᠃ | ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ᠄ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠤᠨ | ᠲᠤᠰᠬᠠᠶ ᠰᠡᠳᠦᠪᠲᠦ ᠴᠡᠭᠴᠡᠯᠡᠨ ᠰᠠᠶᠢᠵᠢᠷᠠᠭᠤᠯᠬᠤ ᠬᠤᠷᠠᠯ᠂ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ | ᠲᠤᠰᠬᠠᠶ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠬᠤᠷᠠᠯᠳᠤᠭᠤᠯᠬᠤ ᠪᠠᠷ ᠳᠡᠮᠵᠢᠨ᠂ ᠬᠢᠨᠠᠮᠠᠭᠠᠶ | ᠬᠠᠷᠢᠴᠠᠭᠤᠯᠤᠨ ᠪᠠᠶᠢᠴᠠᠭᠠᠵᠤ᠂ ᠭᠦᠨᠵᠡᠭᠡᠶ ᠵᠠᠳᠠᠯᠤᠨ ᠰᠢᠨᠵᠢᠯᠡᠵᠦ᠂ ᠡᠯ᠎ᠡ ᠵᠦᠶ᠋ᠯ ᠤᠨ ᠴᠡᠭᠴᠡᠯᠡᠨ ᠰᠠᠶᠢᠵᠢᠷᠠᠭᠤᠯᠬᠤ | ᠡᠭᠦᠷᠭᠡ ᠶᠢ ᠦᠨᠡᠨ ᠬᠦ ᠪᠣᠳᠠᠲᠠᠶ ᠳᠤ ᠨᠠᠶᠢᠳᠠᠪᠤᠷᠢᠵᠢᠭᠤᠯᠪᠠ᠃ | ᠭᠤᠷᠪᠠ᠂ ᠡᠯ᠎ᠡ ᠵᠦᠢᠯ ᠤᠨ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ᠪᠥᠬᠦ ᠲᠠᠯ᠎ᠠ ᠪᠠᠷ ᠪᠡᠶᠡᠯᠡᠭᠦᠯᠬᠦ ᠶᠢ ᠦᠨᠡᠨᠬᠦ | ᠪᠠᠲᠤᠯᠠᠬᠤ ᠬᠡᠷᠡᠭᠲᠡᠶ | ᠲᠤᠰ ᠲᠦᠪ ᠨᠢ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠶᠢ ᠲᠤᠬᠠᠶᠢᠯᠠᠭᠰᠠᠨ ᠠᠵᠢᠯ ᠤᠨ ᠪᠦᠬᠦ | ᠶᠠᠪᠤᠴᠠ ᠳᠤ ᠲᠤᠤᠱᠯᠠᠭᠤᠯᠬᠤ ᠶᠢ ᠪᠠᠷᠢᠮᠲᠠᠯᠠᠵᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ | ᠨᠠᠶᠢᠳᠠᠪᠤᠷᠢᠵᠢᠭᠤᠯᠬᠤ ᠶᠢ ᠠᠬᠢᠭᠤᠯᠪᠠ᠃ | ︵ᠨᠢᠭᠡ︶ ᠠᠰᠠᠭᠤᠳᠠᠯ ᠤᠨ ᠲᠤᠬᠠᠶ ᠦᠵᠡᠯ ᠤᠬᠠᠮᠰᠠᠷ ᠢᠶᠠᠨ ᠴᠢᠩᠭᠠᠷᠠᠭᠤᠯᠵᠤ᠂ ᠴᠡᠭᠴᠡᠯᠡᠨ ᠰᠠᠶᠢᠵᠢᠷᠠᠭᠤᠯᠵᠤ | ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠪᠠ᠃ ᠬᠤᠰᠢᠭᠤᠨ ᠤ ᠨᠠᠮ ᠤᠨ ᠬᠤᠷᠢᠶᠠᠨ ᠤ ᠶᠡᠷᠦᠩᠬᠡᠶ | ᠪᠠᠶᠢᠷᠢᠯᠠᠭᠤᠯᠤᠯᠲᠠ ᠶᠢᠨ ᠶᠣᠰᠣᠭᠠᠷ᠂ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠬᠠᠷᠢᠭᠤ ᠲᠤᠰᠬᠠᠭᠰᠠᠨ | ᠠᠰᠠᠭᠤᠳᠠᠯ ᠢ ᠨᠠᠷᠢᠨ ᠬᠢᠨᠠᠮᠠᠭᠠᠶ ᠬᠠᠷᠢᠴᠠᠭᠤᠯᠤᠨ᠂ ︽ᠳᠥᠷᠪᠡᠨ ᠤᠬᠠᠮᠰᠠᠷ︾ ᠢ ᠤᠯᠠᠮ ᠨᠢᠭᠡ ᠠᠯᠬᠤᠮ | ᠴᠢᠩᠭᠠᠳᠬᠠᠵᠤ᠂ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠤᠭᠰᠠᠨ ᠤ ᠳᠠᠷᠠᠭᠠᠬᠢ ᠠᠵᠢᠯ ᠢ ᠦᠨᠡᠨ ᠬᠦ | ᠴᠢᠩᠭ᠎ᠠ ᠠᠳᠬᠤᠵᠤ ᠪᠣᠳᠠᠲᠠᠶ ᠠᠳᠬᠤᠵᠤ ᠰᠠᠶᠢᠲᠤᠷ ᠠᠳᠬᠤᠪᠠ᠃ | ︵ᠬᠤᠶᠠᠷ︶ ᠰᠤᠷᠤᠯᠴᠠᠯᠭ᠎ᠠ ᠬᠥᠮᠦᠵᠢᠯ ᠢ ᠴᠢᠩᠭᠠᠳᠬᠠᠵᠤ᠂ ᠦᠵᠡᠯ ᠰᠠᠨᠠᠭᠠᠨ ᠤ ᠤᠬᠠᠮᠰᠠᠷ ᠢᠶᠠᠨ ᠳᠡᠭᠡᠭᠰᠢᠯᠡᠭᠦᠯᠪᠠ᠃ | ᠨᠠᠮ ᠤᠨ ᠲᠦᠷᠢᠮ ᠲᠣᠭᠲᠠᠭᠠᠯ᠂ ᠰᠢ ᠶᠢᠨ ᠫᠢᠩ ᠶᠡᠷᠦᠩᠬᠡᠶ ᠱᠦᠵᠢ ᠶᠢᠨ ᠰᠢᠷᠢᠰ ᠶᠠᠷᠢᠶ᠎ᠠ ᠶᠢᠨ ᠰᠤᠷᠤᠯᠴᠠᠯᠭ᠎ᠠ ᠶᠢ | ᠤᠯᠠᠮ ᠨᠢᠭᠡ ᠠᠯᠬᠤᠮ ᠴᠢᠩᠭᠠᠳᠬᠠᠵᠤ᠂ ︽ᠬᠤᠶᠠᠷ ᠬᠠᠷᠢᠭᠤᠴᠠᠯᠭ᠎ᠠ︾ ᠶᠢ ᠨᠠᠶᠢᠳᠠᠪᠤᠷᠢᠵᠢᠭᠤᠯᠵᠤ᠂ ᠲᠣᠭᠤᠷᠢᠨ | ᠪᠠᠶᠢᠴᠠᠭᠠᠭᠰᠠᠨ ᠦᠷ᠎ᠡ ᠪᠦᠲᠦᠭᠡᠯ ᠢ ᠪᠠᠬᠢᠵᠢᠭᠦᠯᠦᠨ ᠭᠦᠨᠵᠡᠭᠡᠶᠢᠷᠡᠭᠦᠯᠬᠦ ᠵᠡᠷᠭᠡ ᠠᠭᠤᠯᠭ᠎ᠠ ᠶᠢᠨ ᠲᠣᠭᠤᠷᠢᠨ ᠳᠤ | ᠬᠠᠷᠢᠴᠠᠭᠤᠯᠤᠨ ᠪᠠᠶᠢᠴᠠᠭᠠᠬᠤ ᠶᠢ ᠭᠤᠤᠯᠳᠠᠯᠭ᠎ᠠ ᠲᠠᠢ ᠶᠠᠪᠤᠭᠳᠠᠭᠤᠯᠪᠠ᠃ | ︵ᠭᠤᠷᠪᠠ︶ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠦᠷᠢᠨᠰᠢᠬᠦᠯᠵᠦ᠂ ᠴᠡᠭᠴᠡᠯᠡᠨ | ᠰᠠᠶᠢᠵᠢᠷᠠᠭᠤᠯᠤᠭᠰᠠᠨ ᠦᠷ᠎ᠡ ᠪᠦᠲᠦᠮᠵᠢ ᠶᠢ ᠪᠠᠬᠢᠵᠢᠭᠦᠯᠪᠠ᠃ ᠲᠣᠭᠤᠷᠢᠨ ᠪᠠᠶᠢᠴᠠᠭᠠᠵᠤ ᠴᠡᠭᠴᠡᠯᠡᠨ | ᠰᠠᠶᠢᠵᠢᠷᠠᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠠᠰᠠᠭᠤᠳᠠᠯ ᠢᠶᠠᠷ ᠤᠳᠤᠷᠢᠳᠤᠮᠵᠢ | ᠪᠣᠯᠭᠠᠬᠤ ᠶᠢ ᠪᠠᠷᠢᠮᠲᠠᠯᠠᠵᠤ᠂ ᠠᠰᠠᠭᠤᠳᠠᠯ ᠤᠨ ᠲᠠᠬᠢᠨ ᠡᠭᠦᠰᠬᠦ ᠶᠢ ᠰᠡᠷᠭᠡᠶᠢᠯᠡᠪᠠ᠃ ᠲᠣᠭᠤᠷᠢᠨ ᠪᠠᠶᠢᠴᠠᠭᠠᠵᠤ | ᠴᠡᠭᠴᠡᠯᠡᠨ ᠰᠠᠶᠢᠵᠢᠷᠠᠭᠤᠯᠬᠤ ᠶᠠᠪᠤᠴᠠ ᠳᠤ ᠨᠢᠭᠡᠨᠲᠡ ᠲᠣᠭᠲᠠᠭᠠᠭᠰᠠᠨ ᠡᠯ᠎ᠡ ᠵᠦᠢᠯ ᠤᠨ ᠲᠦᠷᠢᠮ ᠲᠣᠭᠲᠠᠭᠠᠯ ᠳᠤ | ᠤᠬᠠᠭᠤᠯᠭ᠎ᠠ ᠬᠥᠮᠦᠵᠢᠯ ᠢ ᠦᠨᠡᠨ ᠬᠦ ᠴᠢᠩᠭᠠᠳᠬᠠᠵᠤ᠂ ᠲᠦᠷᠢᠮ ᠢᠶᠠᠷ ᠡᠷᠬᠡ ᠶᠢ ᠬᠠᠮᠢᠶᠠᠷᠬᠤ᠂ ᠬᠥᠮᠦᠨ ᠢ | ᠬᠠᠮᠢᠶᠠᠷᠬᠤ᠂ ᠬᠡᠷᠡᠭ ᠶᠠᠪᠤᠳᠠᠯ ᠢ ᠬᠠᠮᠢᠶᠠᠷᠬᠤ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ | ᠪᠦᠷᠢᠨᠰᠢᠬᠦᠯᠪᠠ᠃ | | | ᠬᠠᠷᠠᠴᠢᠨ ᠬᠤᠰᠢᠭᠤᠨ ᠤ ᠪᠠᠶᠢᠭᠤᠯᠭ᠎ᠠ ᠶᠢᠨ ᠶᠠᠪᠤᠳᠠᠯ ᠤᠨ ᠪᠠᠲᠤᠯᠠᠭ᠎ᠠ ᠶᠢᠨ ᠲᠥᠪ | 2021 ᠣᠨ ᠤ 1 ᠰᠠᠷ᠎ᠠ ᠶᠢᠨ 13 | | | | |