ᠬᠤᠰᠢᠭᠤᠨ ᠤ ᠭᠠᠵᠠᠷ ᠰᠢᠷᠦᠢ ᠨᠦᠭᠡᠴᠡᠯᠡᠬᠦ ᠲᠦᠪ ᠲᠠᠬᠢ ᠲᠤᠭᠤᠷᠢᠨ ᠪᠠᠶᠢᠴᠠᠭᠠᠵᠤ ᠵᠠᠰᠠᠨ ᠴᠡᠭᠴᠡᠯᠡᠭᠰᠡᠨ ᠪᠠᠶᠢᠳᠠᠯ ᠤᠨ ᠵᠠᠷᠯᠠᠯ
ᠨᠡᠶᠢᠲᠡᠯᠡᠭᠰᠡᠨ ᠴᠠᠭ᠄
2021/3/1
   ᠬᠤᠰᠢᠭᠤᠨ ᠤ ᠨᠠᠮ ᠤᠨ ᠬᠤᠷᠢᠶᠠᠨ ᠤ ᠲᠤᠭᠤᠷᠢᠨ ᠪᠠᠶᠢᠴᠠᠭᠠᠬᠤ ᠠᠵᠢᠯ ᠤᠨ ᠨᠢᠭᠡᠳᠦᠯᠳᠡᠢ ᠪᠠᠶᠢᠷᠢᠯᠠᠭᠤᠯᠤᠯᠳᠠ  ᠶᠢ ᠦᠨᠳᠦᠰᠦᠯᠡᠵᠦ᠂ ᠬᠤᠰᠢᠭᠤᠨ ᠤ ᠨᠠᠮ ᠤᠨ ᠬᠤᠷᠢᠶᠠᠨ ᠤ ᠲᠤᠭᠤᠷᠢᠨ ᠪᠠᠶᠢᠴᠠᠭᠠᠬᠤ ᠨᠢᠭᠡᠳᠦᠭᠡᠷ ᠲᠤᠭᠤᠶᠢᠯᠠᠩ ᠨᠢ ᠬᠤᠰᠢᠭᠤᠨ ᠤ ᠭᠠᠵᠠᠷ ᠰᠢᠷᠦᠢ ᠨᠦᠭᠡᠴᠡᠯᠡᠬᠦ ᠲᠦᠪ ᠲᠤ ᠲᠤᠭᠤᠷᠢᠨ ᠪᠠᠶᠢᠴᠠᠭᠠᠵᠤ᠂ ᠲᠤᠰ ᠲᠦᠪ ᠲᠤ ᠲᠤᠭᠤᠷᠢᠨ ᠪᠠᠶᠢᠴᠠᠭᠠᠭᠰᠠᠨ ᠬᠠᠷᠢᠭᠤ ᠰᠠᠨᠠᠯ ᠢᠶᠠᠨ ᠲᠤᠰᠬᠠᠪᠠ᠃  ᠤᠳᠤ ᠲᠤᠭᠤᠷᠢᠨ ᠪᠠᠶᠢᠴᠠᠭᠠᠵᠤ ᠵᠠᠰᠠᠨ ᠴᠡᠭᠴᠡᠯᠡᠭᠰᠡᠨ ᠪᠠᠶᠢᠳᠠᠯ ᠢᠶᠠᠨ ᠵᠠᠷᠯᠠᠨ ᠨᠡᠶᠢᠳᠡᠯᠡᠶ᠎ᠡ᠃    ᠨᠢᠭᠡ᠂ ᠲᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠬᠠᠷᠢᠭᠤᠴᠠᠯᠭ᠎ᠠ ᠪᠠᠨ ᠴᠢᠩᠭᠠᠳᠬᠠᠨ᠂ ᠵᠠᠰᠠᠨ ᠴᠡᠭᠴᠡᠯᠡᠬᠦ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠬᠡᠷᠡᠭᠵᠢᠬᠦᠯᠪᠡ    ︵ᠨᠢᠭᠡ︶ ᠤᠯᠤᠰ ᠲᠦᠷᠦ ᠶᠢᠨ ᠵᠤᠭᠰᠤᠴᠠ ᠪᠠᠨ ᠲᠡᠭᠡᠭᠰᠢᠯᠡᠭᠦᠯᠵᠦ᠂ ᠦᠵᠡᠯ ᠰᠠᠨᠠᠭᠠᠨ ᠤ ᠲᠠᠨᠢᠯᠳᠠ ᠪᠠᠨ ᠨᠢᠭᠡᠳᠭᠡᠪᠡ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠬᠤ ᠶᠢ ᠪᠠᠷᠢᠮᠳᠠᠯᠠᠵᠤ᠂ ︽ᠬᠤᠶᠠᠷ ᠬᠠᠷᠢᠭᠤᠴᠠᠯᠭ᠎ᠠ︾ ᠪᠠᠨ ᠬᠡᠷᠡᠭᠵᠢᠬᠦᠯᠬᠦ ᠶᠢᠨ ᠬᠦᠴᠦᠳᠡᠢ ᠭᠠᠷᠤᠭ᠎ᠠ ᠪᠠᠨ ᠪᠤᠯᠭᠠᠪᠠ᠃    ︵ᠬᠤᠶᠠᠷ︶ ᠵᠤᠬᠢᠶᠠᠨ ᠪᠠᠶᠢᠭᠤᠯᠤᠯᠳᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠵᠠᠰᠠᠨ ᠴᠡᠭᠴᠡᠯᠡᠬᠦ ᠶᠢ ᠪᠦᠬᠦ ᠬᠦᠴᠦᠨ ᠢᠶᠠᠷ ᠢᠶᠠᠨ ᠰᠠᠶᠢᠳᠤᠷ ᠠᠳᠬᠤᠪᠠ᠃ ᠲᠤᠰ ᠲᠦᠪ ᠤᠨ ᠭᠤᠤᠯ ᠬᠠᠷᠢᠭᠤᠴᠠᠯᠭᠠᠳᠠᠨ ᠢᠶᠠᠷ ᠲᠤᠭᠤᠶᠢᠯᠠᠩ ᠤᠨ ᠲᠠᠷᠤᠭ᠎ᠠ ᠪᠤᠯᠭᠠᠭᠰᠠᠨ ᠲᠤᠭᠤᠷᠢᠨ ᠪᠠᠶᠢᠴᠠᠭᠠᠵᠤ ᠵᠠᠰᠠᠨ ᠴᠡᠭᠴᠡᠯᠡᠬᠦ ᠠᠵᠢᠯ ᠤᠨ ᠤᠳᠤᠷᠢᠳᠬᠤ ᠪᠠᠭ᠎ᠠ ᠲᠤᠭᠤᠶᠢᠯᠠᠩ ᠢ ᠪᠠᠶᠢᠭᠤᠯᠪᠠ᠃ ᠤᠯᠠᠨ ᠤᠳᠠᠭ᠎ᠠ ᠬᠤᠷᠠᠯ ᠬᠢᠵᠦ᠂ ᠬᠤᠰᠢᠭᠤᠨ ᠤ ᠨᠠᠮ ᠤᠨ ᠬᠤᠷᠢᠶᠠᠨ ᠤ ᠲᠤᠭᠤᠷᠢᠨ ᠪᠠᠶᠢᠴᠠᠭᠠᠬᠤ ᠲᠤᠭᠤᠶᠢᠯᠠᠩ ᠤᠨ ᠬᠠᠷᠢᠭᠤ ᠲᠤᠰᠬᠠᠭᠰᠠᠨ ᠠᠰᠠᠭᠤᠳᠠᠯ ᠢᠶᠠᠷ ᠬᠠᠷᠢᠴᠠᠭᠤᠯᠤᠯ ᠪᠤᠯᠭᠠᠵᠤ ᠦᠨᠡᠨᠬᠦ ᠦᠷ᠎ᠡ ᠪᠦᠳᠦᠮᠵᠢ ᠤᠯᠬᠤ ᠶᠢ ᠪᠠᠳᠤᠯᠠᠵᠤ ᠴᠢᠳᠠᠪᠠ᠃    ︵ᠭᠤᠷᠪᠠ︶ ᠬᠢᠨᠠᠨ ᠪᠠᠶᠢᠴᠠᠭᠠᠵᠤ ᠲᠤᠤᠱᠯᠠᠭᠤᠯᠬᠤ ᠶᠢ ᠴᠢᠩᠭᠠᠳᠬᠠᠪᠠ᠃ ᠵᠡᠷᠭᠡᠪᠡᠷ ᠠᠳᠬᠤᠵᠤ ᠬᠠᠮᠳᠤᠪᠠᠷ ᠬᠠᠮᠢᠶᠠᠷᠬᠤ ᠪᠠ ᠦᠷᠭᠦᠯᠵᠢ ᠠᠳᠬᠤᠵᠤ ᠰᠤᠯᠠᠷᠠᠭᠤᠯᠬᠤ ᠦᠭᠡᠢ ᠪᠠᠶᠢᠬᠤ ᠵᠠᠰᠠᠨ ᠴᠡᠭᠴᠡᠯᠡᠬᠦ ᠲᠤᠭᠳᠠᠯᠴᠠᠭ᠎ᠠ ᠶᠢ ᠪᠠᠶᠢᠭᠤᠯᠤᠨ᠂ ᠵᠠᠰᠠᠨ ᠴᠡᠭᠴᠡᠯᠡᠵᠦ ᠲᠤᠤᠱᠯᠠᠭᠤᠯᠬᠤ ᠲᠤᠮᠳᠠᠬᠢ ᠤᠷᠤᠰᠢᠵᠤ ᠪᠦᠬᠦᠢ ᠠᠰᠠᠭᠤᠳᠠᠯ ᠢ ᠴᠠᠭ ᠲᠤᠬᠠᠢ ᠳᠤ  ᠨᠢ ᠬᠠᠷᠢᠭᠤ ᠲᠤᠰᠬᠠᠪᠠ᠃     ᠬᠤᠶᠠᠷ᠂ ᠵᠠᠰᠠᠨ ᠴᠡᠭᠴᠡᠯᠡᠵᠦ‌‍ᠲ᠋ᠤᠤᠱᠯᠠᠭᠤᠯᠤᠭᠰᠠᠨ ᠪᠠᠶᠢᠳᠠᠯ    ︵ᠨᠢᠭᠡ︶ ᠦᠨᠳᠦᠰᠦᠨ ᠱᠠᠳᠤ ᠪᠠᠷ ᠭᠤᠤᠯ ᠪᠤᠯᠭᠠᠵᠤ ᠨᠠᠮ ᠤᠨ ᠱᠤᠭᠤᠮ ᠴᠢᠭᠯᠡᠯᠳᠡ ᠲᠦᠷᠦ ᠶᠢᠨ ᠪᠤᠳᠤᠯᠭ᠎ᠠ ᠪᠠ ᠨᠠᠮ ᠤᠨ ᠲᠦᠪ ᠬᠤᠷᠢᠶ᠎ᠠ᠂ ᠦᠪᠡᠷᠳᠡᠭᠡᠨ ᠵᠠᠰᠠᠬᠤ ᠤᠷᠤᠨ᠂ ᠬᠤᠳᠠ ᠶᠢᠨ ᠨᠠᠮ ᠤᠨ ᠬᠤᠷᠢᠶᠠᠨ ᠤ ᠰᠢᠢᠳᠪᠤᠷᠢᠳᠦ ᠪᠤᠳᠤᠯᠭ᠎ᠠ ᠶᠢ ᠲᠤᠤᠱᠯᠠᠭᠤᠯᠤᠭᠰᠠᠨ ᠲᠠᠯ᠎ᠠ ᠪᠠᠷ᠃    1.ᠲᠡᠭᠡᠳᠦ ᠱᠠᠳᠤᠨ ᠤ ᠭᠠᠵᠠᠷ ᠰᠢᠷᠦᠢ ᠨᠦᠭᠡᠴᠡᠯᠡᠬᠦ ᠠᠵᠢᠯ ᠤᠨ ᠰᠢᠢᠳᠪᠦᠷᠢᠳᠦ ᠪᠠᠶᠢᠷᠢᠯᠠᠭᠤᠯᠤᠯᠳᠠ ᠶᠢ ᠲᠤᠤᠱᠯᠠᠭᠤᠯᠤᠭᠰᠠᠨ ᠢᠶᠠᠷ ᠭᠦᠢᠴᠡᠳ ᠪᠤᠰᠤ ᠠᠰᠠᠭᠤᠳᠠᠯ ᠤᠨ ᠲᠤᠬᠠᠢ᠃    ︵1︶ 6 ᠰᠠᠷ᠎ᠠ ᠶᠢᠨ9 ᠤ ᠡᠳᠦᠷ᠂ ᠲᠤᠰ ᠲᠦᠪ ᠨᠢ ᠦᠪᠡᠷᠳᠡᠭᠡᠨ ᠵᠠᠰᠠᠬᠤ ᠤᠷᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠤᠨ ᠱᠠᠭᠠᠷᠳᠠᠯᠭ᠎ᠠ ᠶᠤᠰᠤᠭᠠᠷ᠂ ︽ᠬᠠᠷᠠᠴᠢᠨ ᠬᠤᠰᠢᠭᠤᠨ ᠤ 2020 ᠤᠨ ᠤ ᠭᠠᠵᠠᠷ ᠰᠢᠷᠣᠢ ᠨᠦᠭᠡᠴᠡᠯᠡᠬᠦ ᠲᠦᠯᠦᠪᠯᠡᠭᠡ ᠵᠢᠴᠢ ᠭᠠᠵᠠᠷ ᠰᠢᠷᠦᠢ ᠨᠦᠭᠡᠴᠡᠯᠡᠬᠦ ᠭᠤᠷᠪᠠᠨ ᠵᠢᠯ ᠤᠨ ᠦᠷᠭᠦᠯᠵᠢᠯᠡᠬᠦᠶᠢᠴᠡ  ᠲᠦᠯᠦᠪᠯᠡᠭᠡ︾ ᠶᠢ ᠲᠤᠭᠳᠠᠭᠠᠵᠤ᠂ ᠬᠡᠰᠡᠭᠯᠡᠭᠰᠡᠨ ᠭᠠᠵᠠᠷ ᠢ ᠬᠦᠮᠦᠷᠭᠡᠯᠡᠬᠦ ᠠᠵᠢᠯ ᠢ ᠲᠡᠭᠦᠰᠭᠡᠪᠡ᠃    ︵2︶ ᠭᠠᠵᠠᠷ ᠰᠢᠷᠦᠢ ᠬᠤᠷᠢᠶᠠᠨ ᠨᠦᠭᠡᠴᠡᠯᠡᠬᠦ ᠲᠤᠬᠠᠶᠢᠯᠠᠭᠰᠠᠨ ᠠᠵᠢᠯᠳᠠᠨ ᠲᠤᠳᠠᠮᠠᠭ᠂ ᠠᠵᠢᠯᠳᠠᠳ ᠪᠤᠳᠠᠳᠠᠢ ᠠᠵᠢᠯ ᠳᠤ ᠲᠠᠳᠮᠠᠭᠠᠢ ᠪᠤᠰᠤ ᠪᠠᠶᠢᠳᠠᠯ ᠳᠤ ᠴᠢᠭᠯᠡᠬᠦᠯᠦᠨ᠂ ᠮᠠᠨ ᠤ ᠲᠦᠪ ᠨᠢ ᠠᠵᠢᠯᠳᠠᠳ ᠢᠶᠠᠨ ᠵᠤᠬᠢᠶᠠᠨ ᠪᠠᠶᠢᠭᠤᠯᠵᠤ ᠦᠪᠡᠷᠳᠡᠭᠡᠨ ᠵᠠᠰᠠᠬᠤ ᠤᠷᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠤᠨ ︽ᠪᠦᠬᠦ ᠤᠷᠤᠨ ᠤ ᠭᠠᠵᠠᠷ ᠰᠢᠷᠦᠢ ᠨᠦᠭᠡᠴᠡᠯᠡᠬᠦ ᠲᠤᠬᠠᠶᠢᠯᠠᠭᠰᠠᠨ ᠠᠵᠢᠯ ᠤᠨ ᠪᠤᠯᠪᠠᠰᠤᠷᠠᠯ ᠤᠨ ᠬᠤᠷᠠᠯ︾ ᠳᠤ ᠤᠷᠤᠯᠴᠠᠭᠤᠯᠪᠠ᠃    2. ᠨᠠᠮ ᠤᠨ ᠭᠡᠰᠢᠭᠦᠨ ᠤ ᠨᠠᠮᠴᠢ ᠴᠢᠨᠠᠷ ᠤᠨ ᠬᠦᠮᠦᠵᠢᠯ ᠢ ᠦᠷᠨᠢᠬᠦᠯᠦᠭᠰᠡᠨ ᠢᠶᠠᠷ ᠭᠦᠨᠵᠡᠭᠡᠢ ᠪᠤᠰᠤ᠂ ᠶᠤᠰᠤᠨ ᠲᠡᠳᠦᠢ ᠦᠩᠭᠡᠷᠡᠭᠦᠯᠦᠭᠰᠡᠨ ᠠᠰᠠᠭᠤᠳᠠᠯ ᠤᠨ ᠲᠤᠬᠠᠢ᠃ ᠨᠠᠮ ᠤᠨ ᠭᠡᠰᠢᠭᠦᠳ ᠤᠨ ᠬᠦᠳᠡᠯᠭᠡᠭᠡᠨ ᠢ ᠯᠠᠪᠳᠠᠭᠤᠨ ᠪᠠᠳᠤᠳᠠᠢ ᠦᠷᠨᠢᠭᠦᠯᠵᠦ᠂ ᠲᠡᠭᠡᠳᠦ ᠱᠠᠳᠤᠨ ᠤ ᠨᠠᠮ ᠤᠨ ᠬᠤᠷᠢᠶᠠᠨ ᠤ ᠵᠤᠬᠢᠶᠠᠨ ᠪᠠᠶᠢᠭᠤᠯᠤᠭᠰᠠᠨ ᠭᠤᠤᠯ ᠰᠡᠳᠤᠪᠳᠤ ᠬᠦᠮᠦᠵᠢᠯ ᠢ ᠨᠠᠷᠢᠨ ᠬᠢᠨᠠᠮᠠᠭᠠᠢ ᠦᠷᠨᠢᠭᠦᠯᠪᠡ᠃    3. ᠤᠯᠤᠰ ᠲᠦᠷᠦ ᠤᠨᠤᠯ ᠤᠨ ᠰᠤᠷᠤᠯᠴᠠᠯᠭ᠎ᠠ ᠬᠦᠷᠦᠯᠴᠡᠬᠦ ᠦᠭᠡᠢ ᠪᠠᠶᠢᠬᠤ ᠲᠤᠬᠠᠢ᠃ ᠤᠨᠤᠯ ᠤᠨ ᠰᠤᠷᠤᠯᠴᠠᠯᠭ᠎ᠠ ᠶᠢ ᠴᠢᠩᠭᠠᠳᠬᠠᠨ᠂ ︽ᠰᠢ ᠶᠢᠨ ᠫᠢᠩ ᠤᠨ ᠶᠠᠳᠠᠭᠤ ᠠᠴᠠ ᠠᠩᠬᠢᠵᠢᠷᠠᠭᠤᠯᠬᠤ ᠰᠢᠢᠳᠪᠦᠷᠢᠳᠦ ᠢᠯᠠᠯᠳᠠ ᠶᠢ ᠤᠯᠬᠤ ᠰᠠᠭᠤᠳᠠᠯ ᠤᠨ ᠬᠤᠷᠠᠯ ᠲᠡᠭᠡᠷᠡᠬᠢ ᠶᠠᠷᠢᠶ᠎ᠠ︾᠂ ︽ᠰᠢᠨ᠎ᠡ ᠬᠡᠪ ᠪᠠᠶᠢᠳᠠᠯ ᠲᠤᠤᠷᠠᠬᠢ ᠨᠠᠮ ᠤᠨ ᠲᠤᠳᠤᠭᠠᠳᠤ ᠶᠢᠨ ᠤᠯᠤᠰ ᠲᠦᠷᠦ ᠶᠢᠨ ᠠᠮᠢᠳᠤᠷᠠᠯ ᠤᠨ ᠲᠤᠭᠳᠠᠭᠠᠯ ᠤᠳ︾ ᠢ ᠰᠤᠷᠤᠯᠴᠠᠭᠤᠯᠵᠤ᠂ ᠬᠦᠮᠦᠰ ᠤᠨ ᠰᠡᠳᠬᠢᠯ ᠵᠢᠷᠦᠭᠡᠨ ᠳᠤ ᠬᠠᠳᠠᠩᠰᠢᠭᠤᠯᠪᠠ᠃    4. ᠦᠵᠡᠯ ᠤᠬᠠᠮᠰᠠᠷ ᠤᠨ ᠬᠡᠯᠪᠡᠷᠢ ᠶᠢᠨ ᠲᠤᠶᠢᠯ ᠤᠨ ᠴᠢᠬᠤᠯᠠ ᠴᠢᠨᠠᠷ ᠤᠨ ᠲᠠᠨᠢᠯᠳᠠ ᠲᠤᠳᠠᠮᠠᠭ ᠪᠠᠶᠢᠬᠤ ᠠᠰᠠᠭᠤᠳᠠᠯ ᠤᠨ ᠲᠤᠬᠠᠢ᠃ ᠵᠢᠯ ᠪᠦᠷᠢ ᠦᠵᠡᠯ ᠤᠬᠠᠮᠰᠠᠷ ᠤᠨ ᠬᠡᠯᠪᠡᠷᠢ ᠶᠢᠨ ᠲᠤᠰᠬᠠᠢ ᠰᠡᠳᠦᠪᠳᠦ ᠬᠤᠷᠠᠯ ᠢ ᠬᠤᠶᠠᠷ ᠤᠳᠠᠭ᠎ᠠ ᠬᠤᠷᠠᠯᠳᠤᠭᠤᠯᠤᠨ᠂ ︽ᠬᠦᠴᠦᠷᠬᠡᠭ ᠴᠢᠩᠭ᠎ᠠ ᠨᠢᠭᠳᠠᠷᠠᠭᠤᠯᠬᠤ ᠬᠦᠴᠦᠨ ᠪᠠ ᠤᠳᠤᠷᠢᠳᠤᠨ ᠲᠠᠭᠠᠭᠤᠯᠬᠤ ᠬᠦᠴᠦᠨ ᠪᠦᠬᠦᠢ ᠨᠡᠶᠢᠭᠡᠮ ᠵᠢᠷᠤᠮᠳᠤ ᠦᠵᠡᠯ ᠤᠬᠠᠮᠰᠠᠷ ᠤᠨ ᠬᠡᠯᠪᠡᠷᠢ ᠶᠢᠨ ᠪᠠᠶᠢᠭᠤᠯᠤᠯᠳᠠ︾ ᠶᠢ ᠰᠤᠷᠤᠯᠴᠠᠨ᠂ ᠪᠤᠯᠪᠠᠰᠤᠨ ᠨᠢᠭᠡᠴᠡ ᠶᠢᠨ ᠪᠠᠶᠢᠭᠤᠯᠤᠯᠳᠠ ᠶᠢ ᠢᠳᠡᠪᠬᠢᠳᠡᠢ ᠲᠦᠯᠬᠢᠨ ᠠᠬᠢᠭᠤᠯᠪᠠ᠃    5. ᠲᠤᠰᠬᠤᠨ ᠳᠤ ᠰᠠᠭᠤᠵᠤ ᠬᠠᠪᠰᠤᠷᠤᠨ ᠲᠡᠳᠬᠦᠬᠦ ᠠᠵᠢᠯ ᠨᠠᠷᠢᠯᠢᠭ ᠪᠤᠳᠠᠳᠠᠢ ᠪᠢᠰᠢ ᠪᠠᠶᠢᠬᠤ ᠠᠰᠠᠭᠤᠳᠠᠯ ᠤᠨ ᠲᠤᠬᠠᠢ᠃ ᠰᠢᠶᠤᠤ ᠨᠢᠦ ᠴᠢᠶᠦ᠋ᠨ ᠲᠤᠰᠬᠤᠨ ᠤ ᠶᠠᠳᠠᠭᠤ ᠶᠢ ᠲᠡᠳᠬᠦᠬᠦ ᠠᠯᠪᠠᠨ ᠭᠡᠷ ᠲᠠᠢ ᠬᠠᠷᠢᠯᠴᠠᠨ᠂ ᠬᠠᠪᠰᠤᠷᠤᠨ ᠲᠡᠳᠬᠦᠬᠦ ᠪᠤᠳᠠᠳᠠᠢ ᠠᠵᠢᠯ ᠢ ᠦᠷᠨᠢᠭᠦᠯᠦᠨ᠂ ᠲᠠᠩᠰᠨ ᠪᠠᠶᠢᠭᠤᠯᠵᠤ ᠺᠠᠷᠲ ᠵᠤᠬᠢᠶᠠᠭᠰᠠᠨ ᠡᠷᠦᠭᠡ ᠶᠢᠨ ᠲᠠᠩᠰᠨ ᠡᠪᠬᠡᠮᠡᠯ ᠲᠦᠷᠢᠮᠵᠢᠭᠰᠡᠨ ᠪᠢᠰᠢ ᠪᠠ ᠰᠤᠷᠠᠭ ᠵᠠᠩᠬᠢ ᠤᠷᠬᠢᠭᠳᠠᠵᠤ ᠪᠠᠶᠢᠬᠤ ᠠᠰᠠᠭᠤᠳᠠᠯ ᠳᠤ ᠴᠢᠭᠯᠡᠭᠦᠯᠦᠨ᠂ ᠬᠠᠪᠰᠤᠷᠤᠨ ᠲᠡᠳᠬᠦᠬᠦ ᠬᠠᠷᠢᠭᠤᠴᠠᠯᠭ᠎ᠠ ᠪᠦᠬᠦᠢ ᠬᠦᠮᠦᠰ ᠢ ᠵᠤᠬᠢᠶᠠᠨ ᠪᠠᠶᠢᠭᠤᠯᠵᠤ ᠡᠷᠦᠬᠡ ᠳᠤ ᠭᠦᠨᠵᠡᠭᠡᠶᠢᠷᠡᠬᠦ ᠠᠵᠢᠯ ᠲᠠᠬᠢᠨ ᠨᠢᠭᠡ ᠤᠳᠠᠭ᠎ᠠ ᠦᠷᠨᠢᠭᠦᠯᠪᠡ᠃    ︵ᠬᠤᠶᠠᠷ︶ ᠤᠯᠠᠨ ᠲᠦᠮᠡᠨ ᠤ ᠠᠩᠬᠠᠷᠴᠤ ᠪᠠᠶᠢᠭ᠎ᠠ ᠢᠯᠵᠡᠷᠡᠯ ᠤᠨ ᠠᠰᠠᠭᠤᠳᠠᠯ ᠪᠠ ᠲᠦᠪ ᠪᠤᠰᠤ ᠰᠤᠷᠳᠠᠯ ᠤᠨ ᠲᠠᠯ᠎ᠠ ᠪᠠᠷ᠃    6. ᠭᠤᠷᠪᠠᠨ ᠴᠢᠬᠤᠯᠠ ᠨᠢᠭᠡ ᠲᠤᠮᠤ ᠵᠦᠪᠯᠡᠬᠦ ᠤᠴᠢᠷ ᠤᠨ ᠲᠦᠷᠢᠮ ᠢ ᠬᠡᠷᠡᠭᠵᠢᠬᠦᠯᠬᠦ ᠳᠤ ᠲᠤᠳᠠᠭᠳᠠᠵᠤ ᠪᠠᠶᠢᠭ᠎ᠠ ᠠᠰᠠᠭᠤᠳᠠᠯ ᠤᠨ ᠲᠤᠬᠠᠢ᠃ ︽ᠭᠠᠵᠠᠷ ᠰᠢᠷᠦᠢ ᠬᠤᠳᠠᠯᠳᠤᠨ ᠠᠪᠴᠦ ᠨᠦᠭᠡᠴᠡᠯᠡᠬᠦ ᠲᠦᠪ ᠤᠨ ︿ᠭᠤᠷᠪᠠᠨ ᠴᠢᠬᠤᠯᠠ ᠨᠢᠭᠡ ᠲᠤᠮᠤ﹀ ᠵᠦᠪᠯᠠᠬᠦ ᠲᠦᠷᠢᠮ ᠤᠨ ᠨᠠᠷᠢᠨ ᠵᠤᠷᠪᠤᠰ︾ ᠢ ᠲᠠᠬᠢᠨᠳᠠ ᠵᠠᠰᠠᠨ ᠲᠤᠭᠳᠠᠭᠠᠵᠤ᠂ ᠪᠦᠬᠦ ᠺᠠᠳ᠋ᠷ ᠠᠵᠢᠯᠳᠠᠨ ᠤ ᠬᠤᠷᠠᠯ ᠬᠤᠷᠠᠯᠳᠤᠭᠤᠯᠵᠤ᠂ ᠠᠵᠢᠯ ᠤᠨ ᠠᠬᠢᠴᠠ ᠶᠢ ᠬᠦᠴᠦ ᠬᠠᠮᠳᠤᠷᠠᠭᠤᠯᠤᠨ ᠠᠬᠢᠭᠤᠯᠪᠠ᠃    7. ᠬᠤᠷᠢᠶᠠᠨ ᠨᠦᠭᠡᠴᠡᠯᠡᠬᠦ ᠲᠤᠰᠬᠠᠢ ᠲᠦᠷᠦᠯ ᠤᠨ ᠪᠡᠯᠡ ᠮᠦᠩᠬᠦᠨ ᠤ ᠲᠠᠩᠰᠠᠨ ᠤ ᠬᠦᠦ ᠮᠦᠩᠬᠦ ᠶᠢᠨ ᠤᠷᠤᠯᠭ᠎ᠠ ᠶᠢ ᠡᠳ᠋ ᠤᠨ ᠵᠠᠰᠠᠭ ᠤᠨ ᠲᠤᠰᠬᠠᠢ ᠲᠠᠩᠰᠠᠨ ᠳᠤ ᠤᠷᠤᠭᠤᠯᠤᠭᠰᠠᠨ ᠦᠭᠡᠢ᠂ ᠤᠷᠤᠯᠭ᠎ᠠ ᠵᠠᠷᠤᠯᠭ᠎ᠠ ᠶᠢᠨ ᠬᠤᠶᠠᠷ ᠱᠤᠭᠤᠮ ᠤᠨ ᠲᠤᠭᠳᠠᠭᠠᠯ ᠢ ᠴᠢᠩᠭ᠎ᠠ ᠬᠡᠷᠡᠭᠵᠢᠬᠦᠯᠦᠭᠰᠡᠨ ᠦᠭᠡᠢ ᠠᠰᠠᠭᠤᠳᠠᠯ ᠤᠨ ᠲᠤᠬᠠᠢ᠃ ᠮᠠᠨ ᠤ ᠲᠦᠪ  ᠠᠴᠠ ᠨᠢᠭᠡᠨᠳᠡ ᠡᠳ᠋ ᠤᠨ ᠵᠠᠰᠠᠭ ᠤᠨ ᠰᠠᠯᠠᠭ᠎ᠠ ᠮᠦᠴᠢᠷ ᠲᠤ ᠡᠷᠡᠮᠡᠯᠵᠡᠯᠡᠯ ᠲᠤᠷᠠᠳᠴᠤ᠂ ᠬᠤᠷᠢᠶᠠᠨ ᠨᠦᠭᠡᠴᠡᠯᠡᠬᠦ ᠲᠤᠰᠬᠠᠢ ᠲᠦᠷᠦᠯ ᠤᠨ ᠪᠡᠯᠡ ᠮᠦᠩᠬᠦᠨ ᠤ ᠲᠠᠩᠰᠠᠨ ᠤ ᠬᠦᠦ ᠮᠦᠩᠬᠦ ᠶᠢᠨ ᠤᠷᠤᠯᠭ᠎ᠠ ᠶᠢ ᠡᠳ᠋ ᠤᠨ ᠵᠠᠰᠠᠭ ᠤᠨ ᠲᠤᠰᠬᠠᠢ ᠲᠠᠩᠰᠠᠨ ᠳᠤ ᠤᠷᠤᠭᠤᠯᠪᠠ᠃    8. ᠠᠯᠪᠠᠨ ᠶᠠᠪᠤᠳᠠᠯ ᠤᠨ ᠬᠦᠯᠢᠶᠡᠨ ᠵᠤᠴᠢᠯᠠᠯᠳᠠ ᠲᠦᠷᠢᠮᠵᠢᠯ ᠦᠭᠡᠢ᠂ ᠪᠠᠷ᠎ᠠ ᠪᠤᠯᠵᠤ ᠬᠤᠭᠤᠯᠠᠯᠠᠬᠤ ᠬᠦᠮᠦᠨ  ᠤ ᠲᠤᠭ᠎ᠠ ᠨᠤᠷᠮ᠎ᠠ ᠠᠴᠠ ᠭᠡᠳᠦᠷᠡᠬᠦ ᠠᠰᠠᠭᠤᠳᠠᠯ ᠤᠨ ᠲᠤᠬᠠᠢ᠃ ︽ᠨᠠᠮ ᠵᠠᠰᠠᠭ ᠤᠨ ᠪᠠᠶᠢᠭᠤᠯᠭ᠎ᠠ ᠶᠢᠨ ᠵᠤᠴᠢᠯᠠᠬᠤ ᠬᠠᠮᠢᠶᠠᠷᠤᠯᠳᠠ ᠶᠢᠨ ᠲᠤᠭᠳᠠᠭᠠᠯ︾ ᠢ ᠨᠠᠷᠢᠨ ᠬᠢᠨᠠᠮᠠᠭᠠᠢ ᠲᠤᠤᠱᠯᠠᠭᠤᠯᠪᠠ᠃    9. ᠠᠵᠢᠯ ᠤᠨ ᠭᠠᠷᠴᠠ ᠶᠢ ᠪᠦᠷᠢᠳᠭᠡᠬᠦ ᠲᠦᠷᠢᠮ ᠢ ᠴᠢᠩᠭ᠎ᠠ ᠬᠡᠷᠡᠭᠵᠢᠬᠦᠯᠬᠦ ᠦᠭᠡᠢ᠂ ᠠᠯᠪᠠᠨ ᠤ ᠲᠡᠷᠭᠡᠨ ᠤ ᠬᠠᠮᠢᠶᠠᠷᠤᠯᠳᠠ ᠲᠦᠷᠢᠮᠵᠢᠯ ᠲᠠᠢ ᠪᠤᠰᠤ ᠠᠰᠠᠭᠤᠳᠠᠯ ᠤᠨ ᠲᠤᠬᠠᠢ᠃ ︽ᠺᠠᠳ᠋ᠷ ᠠᠵᠢᠯᠳᠠᠳ ᠤᠨ ᠠᠯᠪᠠᠯᠠᠬᠤ ᠪᠦᠷᠢᠳᠭᠡᠯ ᠤᠨ ᠲᠦᠷᠢᠮ︾᠂ ︽ᠺᠠᠳ᠋ᠷ ᠠᠵᠢᠯᠳᠠᠳ ᠤᠨ ᠴᠢᠯᠦᠭᠡ ᠭᠤᠶᠤᠵᠤ ᠦᠭᠡᠶᠢᠰᠭᠡᠬᠦ ᠲᠦᠷᠢᠮ︾ ᠢ ᠲᠡᠭᠦᠯᠳᠡᠷᠵᠢᠬᠦᠯᠵᠦ ᠡᠮᠬᠢ ᠲᠠᠷᠠᠭᠠᠯᠠᠯ ᠢ ᠲᠦᠷᠢᠮᠵᠢᠬᠦᠯᠪᠡ᠃    10. ᠡᠳ᠋ ᠤᠨ ᠵᠠᠰᠠᠭ ᠤᠨ ᠲᠠᠩᠰᠠᠨ ᠠᠴᠠ ᠴᠠᠶᠢᠷᠠᠭᠤᠯᠬᠤ ᠲᠦᠷᠢᠮᠵᠢᠯ ᠦᠭᠡᠢ ᠠᠰᠠᠭᠤᠳᠠᠯ ᠤᠨ ᠲᠤᠬᠠᠢ᠃ ︽ᠪᠡᠯᠡ ᠮᠦᠩᠬᠦᠨ ᠤ ᠬᠠᠮᠢᠶᠠᠷᠤᠯᠳᠠ ᠶᠢᠨ ᠲᠦᠷ ᠬᠡᠷᠡᠭᠵᠢᠬᠦᠯᠬᠦ ᠵᠤᠷᠪᠤᠰ︾ ᠢ ᠨᠠᠷᠢᠨ ᠬᠢᠨᠠᠮᠠᠭᠠᠢ ᠲᠤᠤᠱᠯᠠᠭᠤᠯᠵᠤ᠂ ᠡᠳ᠋ ᠤᠨ ᠵᠠᠰᠠᠭ ᠤᠨ ᠲᠦᠷᠢᠮ ᠲᠤᠭᠳᠠᠭᠠᠯ ᠢ ᠴᠢᠩᠭ᠎ᠠ ᠵᠢᠷᠤᠮᠯᠠᠵᠤ᠂ ᠡᠳ᠋ ᠤᠨ ᠵᠠᠰᠠᠭ ᠤᠨ ᠠᠵᠢᠯ ᠤᠨ ᠡᠮᠬᠢ ᠲᠠᠷᠠᠭᠠᠯᠠᠯᠳᠤ ᠴᠢᠨᠠᠷ᠂ ᠲᠦᠷᠢᠮᠵᠢᠯᠳᠤ ᠴᠢᠨᠠᠷ ᠢ ᠪᠠᠳᠤᠯᠠᠵᠤ ᠴᠢᠳᠠᠪᠠ᠃    11. ︽ᠠᠯᠪᠠᠨ ᠤ ᠭᠤᠷᠪᠠᠨ ᠶᠠᠪᠤᠳᠠᠯ︾ ᠢ ᠢᠯᠡ ᠪᠤᠯᠭᠠᠬᠤ ᠠᠭᠤᠯᠭ᠎ᠠ ᠲᠤᠳᠠᠭᠳᠠᠵᠤ ᠪᠠᠶᠢᠭ᠎ᠠ ᠠᠰᠠᠭᠤᠳᠠᠯ ᠤᠨ ᠲᠤᠬᠠᠢ᠃ ᠬᠤᠷᠠᠯ ᠬᠢᠬᠦ ᠠᠷᠭ᠎ᠠ ᠮᠠᠶ᠋ᠢᠭ ᠢᠶᠠᠷ ᠲᠠᠮᠵᠢᠭᠤᠯᠵᠤ᠂ ︽ᠠᠯᠪᠠᠨ ᠤ ᠭᠤᠷᠪᠠᠨ ᠶᠠᠪᠤᠳᠠᠯ︾ ᠢ ᠢᠯᠡ ᠪᠤᠯᠭᠠᠬᠤ ᠠᠭᠤᠯᠭ᠎ᠠ ᠶᠢ ᠲᠤᠭᠳᠠᠭᠠᠵᠤ᠂ ᠢᠯᠡ ᠪᠠᠷ ᠨᠡᠶᠢᠳᠡᠯᠡᠬᠦ ᠨᠦᠬᠦᠴᠡᠯ ᠳᠤ ᠨᠡᠶᠢᠴᠡᠭᠰᠡᠨ ᠨᠠᠮ ᠤᠨ ᠶᠠᠪᠤᠳᠠᠯ᠂ ᠵᠠᠰᠠᠭ ᠤᠨ ᠶᠠᠪᠤᠳᠠᠯ᠂ ᠡᠳ᠋ ᠤᠨ ᠶᠠᠪᠤᠳᠠᠯ ᠤᠨ ᠰᠤᠷᠠᠭ ᠵᠠᠩᠬᠢ ᠶᠢ ᠴᠠᠭ ᠲᠤᠬᠠᠢ ᠳᠤ ᠨᠢ ᠢᠯᠡ ᠨᠡᠶᠢᠳᠡᠯᠡᠪᠡ᠃    ︵ᠭᠤᠷᠪᠠ︶ ᠦᠨᠳᠦᠰᠦᠨ ᠱᠠᠳᠤᠨ ᠤ ᠨᠠᠮ ᠤᠨ ᠵᠤᠬᠢᠶᠠᠨ ᠪᠠᠶᠢᠭᠤᠯᠤᠯᠳᠠ ᠶᠢᠨ ᠰᠤᠯᠠ ᠵᠠᠳᠠᠭᠠᠢ᠂ ᠵᠤᠬᠢᠶᠠᠨ ᠪᠠᠶᠢᠭᠤᠯᠬᠤ ᠬᠦᠴᠦᠨ ᠢᠶᠠᠷ ᠲᠤᠳᠠᠮᠠᠭ ᠪᠠᠶᠢᠬᠤ ᠪᠠᠷ ᠭᠤᠤᠯ ᠪᠤᠯᠭᠠᠭᠰᠠᠨ ᠠᠰᠠᠭᠤᠳᠠᠯ    12. ᠨᠠᠮ ᠤᠨ ᠴᠢᠩᠭ᠎ᠠ ᠵᠠᠰᠠᠬᠤ ᠭᠤᠤᠯ ᠴᠤᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ ᠢᠶᠠᠷ ᠲᠤᠳᠠᠮᠠᠭ ᠪᠠᠶᠢᠬᠤ ᠠᠰᠠᠭᠤᠳᠠᠯ ᠤᠨ ᠲᠤᠬᠠᠢ᠃ ᠤᠯᠠᠷᠢᠯ ᠪᠦᠷᠢ ᠨᠠᠮ ᠤᠨ ᠰᠤᠷᠳᠠᠯ ᠴᠢᠭᠡᠴᠢ ᠵᠠᠰᠠᠭ ᠤᠨ ᠪᠦᠳᠦᠭᠡᠨ ᠪᠠᠶᠢᠭᠤᠯᠤᠯᠳᠠ ᠶᠢᠨ ᠠᠵᠢᠯ ᠤᠨ ᠲᠤᠰᠬᠠᠢ ᠬᠤᠷᠠᠯ ᠢ ᠨᠢᠭᠡ ᠤᠳᠠᠭ᠎ᠠ ᠬᠤᠷᠠᠯᠳᠤᠭᠤᠯᠵᠤ᠂ ︽ᠭᠠᠵᠠᠷ ᠰᠢᠷᠦᠢ ᠬᠤᠳᠠᠯᠳᠤᠨ ᠠᠪᠴᠦ ᠨᠦᠭᠡᠴᠡᠯᠡᠬᠦ ᠲᠦᠪ ᠤᠨ ᠨᠠᠮ ᠢᠶᠠᠨ ᠴᠢᠩᠭ᠎ᠠ ᠵᠠᠰᠠᠬᠤ ᠬᠦᠳᠡᠯᠭᠡᠭᠡᠨ ᠤ ᠲᠦᠰᠦᠯ︾ ᠪᠠ ᠴᠢᠭᠡᠴᠢ ᠵᠠᠰᠠᠭ ᠤᠨ ᠲᠦᠭᠰᠢᠭᠦᠷᠢ ᠶᠢ ᠰᠡᠷᠭᠡᠶᠢᠯᠡᠬᠦ ᠬᠠᠮᠢᠶᠠᠷᠤᠯᠳᠠ ᠶᠢᠨ ᠨᠠᠷᠢᠨ ᠲᠠᠩᠰᠠ ᠶᠢ ᠲᠤᠭᠳᠠᠭᠠᠪᠠ᠃    13. ︽ᠨᠢᠭᠡ ᠠᠵᠢᠯ ᠤᠨ ᠪᠠᠶᠢᠷᠢ ᠶᠢᠨ ᠬᠤᠶᠠᠷ ᠢ ᠬᠠᠷᠢᠭᠤᠴᠠᠬᠤ︾ ᠬᠠᠷᠢᠭᠤᠴᠠᠯᠭ᠎ᠠ ᠶᠢᠨ ᠲᠦᠷᠢᠮ ᠢ ᠬᠡᠷᠡᠭᠵᠢᠬᠦᠯᠬᠦ ᠳᠤ ᠲᠤᠳᠠᠮᠠᠭ ᠪᠠᠶᠢᠭ᠎ᠠ ᠠᠰᠠᠭᠤᠳᠠᠯ ᠤᠨ ᠲᠤᠬᠠᠢ᠃ ᠨᠠᠮ ᠤᠨ ᠰᠤᠷᠳᠠᠯ ᠴᠢᠭᠡᠴᠢ ᠵᠠᠰᠠᠭ ᠤᠨ ᠪᠦᠳᠦᠭᠡᠨ ᠪᠠᠶᠢᠭᠤᠯᠤᠯᠳᠠ ᠶᠢᠨ ᠲᠦᠷᠢᠮ ᠢ ᠪᠠᠷᠢᠮᠳᠠᠯᠠᠵᠤ᠂ ᠬᠤᠰᠢᠭᠤᠨ ᠤ ᠰᠠᠬᠢᠯᠭ᠎ᠠ ᠪᠠᠳᠤ ᠪᠠᠶᠢᠴᠠᠭᠠᠬᠤ ᠬᠤᠷᠢᠶᠠᠨ  ᠤ ᠬᠢᠨᠠᠨ ᠪᠠᠶᠢᠴᠠᠭᠠᠬᠤ ᠵᠦᠪᠯᠡᠯ ᠤᠨ ᠱᠠᠭᠠᠷᠳᠠᠯᠭ᠎ᠠ ᠪᠠᠷ ᠬᠠᠭᠠᠰ ᠵᠢᠯ ᠪᠦᠷᠢ ᠨᠢᠭᠡ ᠤᠳᠠᠭ᠎ᠠ ᠴᠢᠭᠡᠴᠢ ᠵᠠᠰᠠᠭ ᠤᠨ ᠶᠠᠷᠢᠯᠴᠠᠭ᠎ᠠ ᠬᠢᠪᠡ᠃    14. ᠨᠠᠮ ᠤᠨ ᠲᠤᠳᠤᠭᠠᠳᠤ ᠶᠢᠨ ᠤᠯᠤᠰ ᠲᠦᠷᠦ ᠶᠢᠨ ᠠᠮᠢᠳᠤᠷᠠᠯ ᠲᠦᠪ ᠴᠢᠩᠭ᠎ᠠ ᠪᠢᠰᠢ ᠪᠠᠶᠢᠬᠤ ᠠᠰᠠᠭᠤᠳᠠᠯ ᠤᠨ ᠲᠤᠬᠠᠢ᠃ ᠵᠠᠰᠠᠭ ᠤᠨ ᠤᠷᠳᠤᠨ ᠤ ᠠᠯᠪᠠᠨ ᠭᠡᠷ ᠤᠨ ᠨᠠᠮ ᠤᠨ ᠡᠭᠦᠷ ᠤᠨ ᠵᠦᠪᠯᠡᠯ ᠨᠢ 6 ᠰᠠᠷ᠎ᠠ ᠶᠢᠨ 12 ᠤ ᠡᠳᠦᠷ ᠬᠤᠷᠠᠯ ᠬᠢᠵᠦ᠂ ᠭᠠᠵᠠᠷ ᠰᠢᠷᠦᠢ ᠨᠦᠭᠡᠴᠡᠯᠡᠯᠳᠡ ᠶᠢᠨ ᠲᠦᠪ ᠤᠨ ᠭᠤᠷᠪᠠᠨ ᠨᠠᠮ ᠤᠨ ᠭᠡᠰᠢᠭᠦᠨ ᠢ ᠲᠦᠷᠪᠡᠳᠦᠭᠡᠷ ᠪᠠᠭ᠎ᠠ ᠲᠤᠭᠤᠶᠢᠯᠠᠩ ᠳᠤ ᠰᠢᠯᠵᠢᠬᠦᠯᠦᠨ ᠲᠤᠬᠢᠷᠠᠭᠤᠯᠪᠠ᠃    15. ᠬᠦᠮᠦᠨ ᠰᠤᠩᠭᠤᠵᠤ ᠬᠡᠷᠡᠭᠯᠡᠬᠦ ᠳᠤ ᠲᠦᠪ ᠴᠢᠩᠭ᠎ᠠ ᠪᠢᠰᠢ ᠪᠠᠶᠢᠬᠤ ᠠᠰᠠᠭᠤᠳᠠᠯ ᠤᠨ ᠲᠤᠬᠠᠢ᠃ ︽ᠨᠠᠮ ᠵᠠᠰᠠᠭ ᠤᠨ ᠤᠳᠤᠷᠢᠳᠬᠤ ᠺᠠᠳ᠋ᠷ ᠢ ᠰᠤᠩᠭᠤᠨ ᠲᠤᠮᠢᠯᠠᠵᠤ ᠬᠡᠷᠡᠭᠯᠡᠬᠦ ᠠᠵᠢᠯ ᠤᠨ ᠵᠤᠷᠪᠤᠰ︾ ᠢ ᠨᠠᠷᠢᠨ ᠬᠢᠨᠠᠮᠠᠭᠠᠢ ᠰᠤᠷᠤᠯᠴᠠᠵᠤ᠂ ᠺᠠᠳ᠋ᠷ ᠢ ᠰᠤᠩᠭᠤᠨ ᠲᠤᠮᠢᠯᠠᠬᠤ ᠡᠮᠬᠢ ᠲᠠᠷᠠᠭᠠᠯᠠᠯ ᠢ ᠴᠢᠩᠭ᠎ᠠ ᠬᠡᠷᠡᠭᠵᠢᠭᠦᠯᠪᠡ᠃    16. ᠰᠠᠬᠢᠯᠭ᠎ᠠ ᠪᠠᠳᠤ ᠬᠢᠨᠠᠨ ᠪᠠᠶᠢᠴᠠᠭᠠᠬᠤ ᠲᠤᠭᠤᠶᠢᠯᠠᠩ ᠲᠤᠮᠢᠯᠠᠨ ᠬᠢᠨᠠᠯᠳᠠ ᠲᠠᠯᠪᠢᠬᠤ ᠬᠠᠷᠢᠭᠤᠴᠠᠯᠭ᠎ᠠ ᠲᠤᠳᠠᠮᠠᠭ ᠪᠠᠶᠢᠬᠤ ᠠᠰᠠᠭᠤᠳᠠᠯ ᠤᠨ ᠲᠤᠬᠠᠢ᠃ ᠰᠠᠬᠢᠯᠭ᠎ᠠ ᠪᠠᠳᠤ ᠬᠢᠨᠠᠨ ᠪᠠᠶᠢᠴᠠᠭᠠᠬᠤ ᠲᠤᠭᠤᠶᠢᠯᠠᠩ ᠯᠤᠭ᠎ᠠ ᠬᠠᠷᠢᠯᠴᠠᠭ᠎ᠠ ᠬᠤᠯᠪᠤᠭ᠎ᠠ ᠪᠠᠨ ᠤᠯᠠᠮ ᠨᠢᠭᠡ ᠠᠯᠬᠤᠮ ᠴᠢᠩᠭᠠᠳᠬᠠᠪᠠ᠃     ︵ᠲᠦᠷᠪᠡ︶ ᠲᠤᠭᠤᠷᠢᠨ ᠴᠠᠭᠳᠠᠨ ᠪᠠᠶᠢᠴᠠᠭᠠᠬᠤ ᠵᠡᠷᠭᠡ ᠡᠯ᠎ᠡ ᠵᠦᠢᠯ ᠤᠨ ᠬᠢᠨᠠᠨ ᠪᠠᠶᠢᠴᠠᠭᠠᠵᠤ ᠬᠠᠷᠢᠭᠤ ᠲᠤᠰᠬᠠᠭᠰᠠᠨ ᠢ ᠴᠡᠭᠴᠡᠯᠡᠨ ᠵᠠᠰᠠᠭᠰᠠᠨ ᠪᠠᠶᠢᠳᠠᠯ    17.ᠦᠪᠡᠷᠳᠡᠭᠡᠨ ᠵᠠᠰᠠᠬᠤ ᠤᠷᠤᠨ ᠤ ᠲᠤᠭᠤᠷᠢᠨ ᠪᠠᠶᠢᠴᠠᠭᠠᠬᠤ ᠲᠤᠯᠤᠳᠤᠭᠠᠷ ᠲᠤᠭᠤᠶᠢᠯᠠᠩ ᠤᠨ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠵᠠᠰᠠᠬᠤ ᠪᠠᠷ ᠲᠤᠳᠠᠮᠠᠭ ᠪᠠᠶᠢᠬᠤ ᠲᠤᠬᠠᠢ ᠠᠰᠠᠭᠤᠳᠠᠯ᠃ ᠪᠠᠶᠢᠭᠤᠯᠭ᠎ᠠ ᠶᠢᠨ ᠪᠦᠬᠦ ᠺᠠᠳ᠋ᠷ ᠠᠵᠢᠯᠳᠠᠳ ᠠᠵᠢᠯ ᠤᠨ ᠭᠠᠷᠴᠠ ᠪᠠᠨ ᠪᠦᠷᠢᠳᠭᠡᠬᠦ ᠲᠦᠷᠢᠮ᠂ ᠲᠦᠷ ᠴᠠᠭ ᠭᠠᠳᠠᠭᠰᠢ ᠭᠠᠷᠬᠤ ᠪᠦᠷᠢᠳᠭᠡᠬᠦ ᠲᠦᠷᠢᠮ ᠢ ᠴᠢᠩᠭ᠎ᠠ ᠬᠡᠷᠡᠭᠵᠢᠬᠦᠯᠵᠦ᠂ ᠲᠤᠰᠬᠤᠨ ᠳᠤ ᠰᠠᠭᠤᠭ᠎ᠠ ᠠᠵᠢᠯᠯᠠᠬᠤ ᠬᠦᠮᠦᠰ ︽ᠠᠵᠢᠯ ᠤᠨ ᠢᠷᠡᠴᠡ ᠶᠢᠨ ᠪᠦᠷᠢᠳᠭᠡᠬᠦᠯᠬᠦ ᠲᠦᠷᠢᠮ︾ ᠢ ᠬᠡᠷᠡᠭᠵᠢᠬᠦᠯᠪᠡ᠂ ᠠᠯᠪᠠᠨ ᠲᠡᠷᠭᠡ ᠬᠡᠷᠡᠭᠯᠡᠬᠦ᠂ ᠴᠢᠯᠦᠭᠡ ᠭᠤᠶᠤᠵᠤ ᠴᠢᠯᠦᠭᠡ ᠪᠠᠨ ᠲᠠᠶᠢᠯᠬᠤ ᠵᠦᠪᠰᠢᠶᠡᠷᠡᠯ ᠤᠨ ᠲᠠᠷᠠᠭᠠᠯᠠᠯ ᠢ ᠲᠦᠷᠢᠮᠵᠢᠬᠦᠯᠪᠡ᠃    ᠭᠤᠷᠪᠠ᠂ ᠲᠠᠷᠠᠭᠠᠴᠢ ᠶᠢᠨ ᠠᠯᠬᠤᠮ ᠤᠨ ᠲᠦᠯᠦᠪᠯᠡᠭᠡ    ︵ᠨᠢᠭᠡ︶ ᠲᠦᠷᠢᠮ ᠲᠤᠭᠳᠠᠭᠠᠯ ᠲᠤᠭᠳᠠᠭᠠᠨ᠂ ᠵᠠᠰᠠᠨ ᠴᠡᠭᠴᠡᠯᠡᠬᠦ ᠦᠷ᠎ᠡ ᠪᠦᠳᠦᠭᠡᠯ ᠢ ᠪᠠᠳᠤᠳᠬᠠᠪᠠ᠃ ᠨᠢᠭᠡᠨᠳᠡ ᠵᠠᠰᠠᠨ ᠰᠠᠶᠢᠵᠢᠷᠠᠭᠤᠯᠤᠭᠰᠠᠨ ᠠᠰᠠᠭᠤᠳᠠᠯ ᠳᠤ ᠡᠯ᠎ᠡ ᠵᠦᠢᠯ ᠤᠨ ᠲᠦᠷᠢᠮ ᠲᠤᠭᠳᠠᠭᠠᠯ ᠢ ᠤᠯᠠᠮ ᠨᠢᠭᠡ ᠠᠯᠬᠤᠮ ᠲᠡᠭᠦᠯᠳᠡᠷᠵᠢᠬᠦᠯᠦᠨ ᠪᠦᠷᠢᠨᠰᠢᠭᠦᠯᠵᠦ᠂ ᠵᠠᠰᠠᠨ ᠴᠡᠭᠴᠡᠯᠡᠬᠦ ᠦᠷ᠎ᠡ ᠪᠦᠳᠦᠭᠡᠯ ᠢᠶᠠᠨ ᠲᠠᠰᠤᠷᠠᠯᠳᠠ ᠦᠭᠡᠢ ᠪᠠᠳᠤᠳᠬᠠᠪᠠ᠃    ︵ᠬᠤᠶᠠᠷ︶ ᠡᠭᠦᠷᠢᠳᠡ ᠬᠤᠪᠢᠷᠠᠭᠠᠯ ᠦᠭᠡᠢ ᠪᠠᠷᠢᠮᠳᠠᠯᠠᠵᠤ᠂ ᠵᠠᠰᠠᠨ ᠦᠭᠡᠷᠡᠴᠢᠯᠡᠬᠦ ᠪᠠᠨ ᠦᠷᠭᠦᠯᠵᠢᠯᠡᠨ ᠰᠠᠶᠢᠳᠤᠷ ᠠᠳᠬᠤᠪᠠ᠃ ᠨᠢᠭᠡᠨᠳᠡ ᠵᠠᠰᠠᠨ ᠰᠠᠶᠢᠵᠢᠷᠠᠭᠤᠯᠤᠭᠰᠠᠨ ᠠᠰᠠᠭᠤᠳᠠᠯ ᠳᠤ ︽ᠡᠷᠭᠢᠵᠦ ᠬᠠᠷᠠᠬᠤ︾ ᠠᠵᠢᠯᠯᠠᠭ᠎ᠠ ᠶᠢ ᠦᠷᠨᠢᠭᠦᠯᠵᠦ᠂ ᠵᠠᠰᠠᠨ ᠴᠡᠭᠴᠡᠯᠡᠯᠳᠡ ᠶᠢ ᠬᠦᠴᠦᠳᠡᠢ ᠡᠮᠬᠢ ᠲᠢᠭᠯᠢᠮ ᠲᠠᠢ ᠲᠦᠯᠬᠢᠨ ᠠᠬᠢᠭᠤᠯᠬᠤ ᠶᠢ ᠪᠠᠳᠤᠯᠠᠪᠠ᠃    ︵ᠭᠤᠷᠪᠠ︶ ᠰᠡᠳᠬᠢᠯ ᠨᠢᠭᠳᠠᠷᠠᠨ ᠬᠦᠴᠦ ᠪᠠᠨ ᠲᠦᠪᠯᠡᠷᠡᠭᠦᠯᠵᠦ᠂ ᠪᠦᠬᠦ ᠲᠠᠯ᠎ᠠ ᠪᠠᠷ ᠨᠠᠮ ᠢᠶᠠᠨ ᠴᠢᠩᠭ᠎ᠠ ᠵᠠᠰᠠᠪᠠ᠃ ᠨᠠᠮ ᠨᠢ ᠨᠠᠮ ᠢᠶᠠᠨ ᠬᠠᠮᠢᠶᠠᠷᠬᠤ᠂ ᠨᠠᠮ ᠢᠶᠠᠨ ᠪᠦᠬᠦ ᠲᠠᠯ᠎ᠠ ᠪᠠᠷ ᠴᠢᠩᠭ᠎ᠠ ᠵᠠᠰᠠᠬᠤ ᠶᠢ ᠪᠠᠷᠢᠮᠳᠠᠯᠠᠨ᠂ ᠰᠤᠷᠳᠠᠯ ᠤᠨ ᠪᠠᠶᠢᠭᠤᠯᠤᠯᠳᠠ ᠶᠢ ᠭᠦᠨᠵᠡᠭᠡᠶᠢᠷᠡᠭᠦᠯᠦᠨ᠂ ᠬᠦᠮᠦᠨ ᠪᠦᠬᠦᠨ ᠰᠡᠳᠬᠢᠯ ᠬᠠᠨᠤᠮᠵᠢᠳᠡᠢ ᠪᠠᠶᠢᠬᠤ ᠨᠠᠮ ᠤᠨ ᠡᠩᠨᠡᠭᠡ ᠶᠢ ᠪᠠᠶᠢᠭᠤᠯᠪᠠ᠃    ᠤᠯᠠᠨ ᠲᠦᠮᠡᠨ ᠺᠠᠳ᠋ᠷ ᠠᠵᠢᠯᠳᠠᠳ ᠲᠤᠭᠤᠷᠢᠨ ᠪᠠᠶᠢᠴᠠᠭᠠᠵᠤ ᠵᠠᠰᠠᠨ ᠴᠡᠭᠴᠡᠯᠡᠭᠰᠡᠨ ᠪᠠᠶᠢᠳᠠᠯ ᠳᠤ ᠬᠢᠨᠠᠯᠳᠠ ᠲᠠᠯᠪᠢᠬᠤ ᠶᠢ ᠪᠠᠶᠠᠷᠯᠠᠨ ᠤᠭᠳᠤᠵᠤ ᠪᠠᠶᠢᠨ᠎ᠠ᠃ ᠬᠡᠷᠪᠡ ᠰᠠᠨᠠᠯ ᠰᠠᠨᠠᠭᠤᠯᠭ᠎ᠠ ᠪᠠᠶᠢᠪᠠᠯ᠂ ᠴᠠᠭ ᠲᠤᠬᠠᠢ ᠳᠤ ᠨᠢ ᠮᠠᠨ ᠳᠤ ᠬᠠᠷᠢᠭᠤ ᠲᠤᠰᠬᠠᠭᠠᠷᠠᠢ᠃ ᠬᠠᠷᠢᠯᠴᠠᠬᠤ ᠤᠳᠠᠰᠤ᠄ 0476-3756773᠂ ᠰᠢᠤᠳᠠᠨ ᠬᠠᠶ᠋ᠢᠭ᠄ ᠬᠠᠷᠠᠴᠢᠨ ᠬᠤᠰᠢᠭᠤᠨ ᠤ ᠵᠢᠨᠱᠠᠨ ᠪᠠᠯᠭᠠᠰᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠤᠪᠴᠢᠶᠠᠨ ᠤ 5 ᠳ᠋ᠤᠭᠠᠷ ᠠᠰᠠᠷ ᠤᠨ 505 ᠲᠠᠰᠤᠭ᠃                                           ᠬᠠᠷᠠᠴᠢᠨ ᠬᠤᠰᠢᠭᠤᠨ ᠤ ᠭᠠᠵᠠᠷ ᠰᠢᠷᠦᠢ ᠬᠤᠳᠠᠯᠳᠤᠨ ᠠᠪᠴᠤ ᠨᠦᠭᠡᠴᠡᠯᠡᠬᠦ ᠲᠦᠪ                           2021ᠤᠨ ᠤ 1 ᠰᠠᠷ᠎ᠠ ᠶᠢᠨ 21 ᠤ ᠡᠳᠦᠷ
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号