ᠾᠧᠨᠠᠨ ᠵᠡᠭᠡᠯᠢ ᠭᠤᠳᠤᠮᠵᠢ ᠶᠢᠨ ᠪᠢᠶᠠᠨ ᠳ᠋ᠠᠨ ᠭᠧᠦ ᠲᠣᠰᠬᠤᠨ᠄ ᠬᠢᠵᠢᠭ ᠳᠡᠯᠭᠡᠷᠡᠬᠦ ᠶᠢ ᠴᠢᠩᠭ᠎ᠠ ᠬᠤᠷᠢᠭᠯᠠᠨ᠂ ᠲᠤᠰᠬᠤᠨ ᠤ ᠠᠷᠠᠳ ᠤᠨ ᠠᠮᠢ ᠨᠠᠰᠤ ᠡᠷᠡᠭᠦᠯ ᠮᠡᠨᠳᠦ ᠶᠢ ᠬᠠᠮᠠᠭᠠᠯᠠᠨ᠎ᠠ
ᠨᠡᠶᠢᠲᠡᠯᠡᠭᠰᠡᠨ ᠴᠠᠭ᠄
2021/3/18

   ᠴᠠᠭᠠᠨ ᠰᠠᠷ᠎ᠠ ᠤᠶᠢᠷᠠᠳᠤᠬᠤ ᠲᠤᠳᠤᠮ᠂ ᠬᠠᠷᠠᠴᠢᠨ ᠬᠤᠰᠢᠭᠤᠨ ᠤ ᠾᠧᠨᠠᠨ ᠵᠡᠭᠡᠯᠢ ᠭᠤᠳᠤᠮᠵᠢ ᠶᠢᠨ

ᠳᠠᠮᠨᠠᠭᠤᠷ ᠤᠨ ᠭᠤᠤ ᠲᠤᠰᠬᠤᠨ ᠨᠢ ᠬᠢᠵᠢᠭ ᠢ ᠰᠡᠷᠭᠡᠶᠢᠯᠡᠬᠦ ᠠᠵᠢᠯ ᠤᠨ ᠱᠠᠭᠠᠷᠳᠠᠯᠭ᠎ᠠ ᠶᠤᠰᠤᠭᠠᠷ᠂ ᠭᠠᠳᠠᠨ᠎ᠠ ᠠᠴᠠ

ᠢᠷᠡᠭᠰᠡᠨ ᠬᠦᠮᠦᠰ ᠢ ᠲᠡᠮᠳᠡᠭᠯᠡᠯ ᠬᠢᠵᠦ ᠪᠠᠶᠢᠴᠠᠭᠠᠨ ᠬᠢᠨᠠᠵᠤ᠂ ᠬᠢᠵᠢᠭ ᠲᠠᠷᠬᠠᠬᠤ ᠶᠢ ᠴᠢᠩᠲᠠ ᠰᠡᠷᠭᠡᠶᠢᠯᠡᠵᠡᠢ᠃

    ᠪᠢᠶᠠᠨ ᠳ᠋ᠠᠨ ᠭᠧᠦ ᠲᠤᠰᠬᠤᠨ ᠤ ᠨᠠᠮ ᠠᠷᠠᠳ ᠲᠥᠮᠡᠨ ᠤ ᠦᠢᠯᠡᠴᠢᠯᠡᠭᠡᠨ ᠤ ᠲᠥᠪ ᠲᠤ᠂ ᠬᠡᠷᠡᠨ ᠳᠡᠭᠡᠷ᠎ᠡ ᠨᠢ

ᠬᠢᠵᠢᠭ ᠢ ᠰᠡᠷᠭᠡᠶᠢᠯᠡᠬᠦ ᠰᠠᠨᠠᠭᠤᠯᠤᠮᠵᠢ ᠶᠢᠨ ᠫᠠᠶᠢᠰᠠ ᠪᠠᠶᠢᠵᠤ᠂ ᠦᠨᠳᠦᠷ ᠳᠤᠮᠳᠠ ᠵᠡᠷᠭᠡ ᠶᠢᠨ ᠠᠶᠤᠯ ᠲᠠᠢ

ᠣᠷᠣᠨ ᠠᠴᠠ ᠬᠠᠷᠠᠴᠢᠨ ᠳᠤ ᠢᠷᠡᠭᠰᠡᠳ ᠪᠤᠯᠤᠨ ᠭᠠᠳᠠᠨ᠎ᠠ ᠤᠷᠤᠨ ᠠᠴᠠ ᠨᠤᠲᠤᠭ ᠲᠠᠭᠠᠨ ᠪᠤᠴᠠᠵᠤ ᠢᠷᠡᠭᠰᠡᠳ

ᠲᠤᠰᠬᠤᠨ ᠤ ᠵᠥᠪᠯᠡᠯ ᠤᠨ ᠬᠢᠵᠢᠭ ᠢ ᠰᠡᠷᠭᠡᠶᠢᠯᠡᠬᠦ ᠠᠷᠭ᠎ᠠ ᠬᠡᠮᠵᠢᠶ᠎ᠡ ᠲᠠᠢ ᠬᠠᠮᠵᠢᠯᠴᠠᠨ᠂ ᠪᠦᠷᠢᠳᠬᠡᠯ ᠬᠢᠵᠦ

ᠲᠤᠰᠠᠭᠠᠷᠯᠠᠬᠤ ᠬᠡᠷᠡᠭᠲᠡᠢ᠃ ᠤᠶᠢᠯᠭᠠᠭᠰᠠᠨ ᠢᠶᠠᠷ᠂ ᠳᠠᠮᠨᠠᠭᠤᠷ ᠤᠨ ᠭᠤᠤ ᠲᠤᠰᠬᠤᠨ ᠳᠤ ᠭᠠᠳᠠᠨ᠎ᠠ ᠤᠷᠤᠨ ᠳᠤ

ᠠᠵᠢᠯᠯᠠᠵᠤ ᠰᠤᠷᠤᠯᠴᠠᠵᠤ ᠪᠠᠶᠢᠭ᠎ᠠ ᠬᠦᠮᠦᠰ ᠨᠡᠶᠢᠲᠡ 73 ᠪᠠᠶᠢᠨ᠎ᠠ᠂ ᠡᠳᠡᠭᠡᠷ ᠬᠦᠮᠦᠰ ᠲᠤ ᠬᠠᠨᠳᠤᠭᠤᠯᠤᠨ᠂

ᠲᠤᠰᠬᠤᠨ ᠤ ᠵᠥᠪᠯᠡᠯ ᠨᠢ ᠤᠬᠠᠭᠤᠯᠭ᠎ᠠ ᠶᠢᠨ ᠠᠵᠢᠯ ᠢᠶᠠᠨ ᠴᠢᠩᠭᠠᠳᠬᠠᠠᠨ᠂ ᠨᠤᠲᠤᠭ ᠲᠠᠭᠠᠨ ᠪᠤᠴᠠᠨ ᠢᠷᠡᠭᠰᠡᠳ ᠢ

ᠬᠠᠮᠢᠶᠠᠷᠤᠨ ᠬᠢᠨᠠᠵᠠᠢ᠃

   ︽ᠪᠢᠶᠠᠨ ᠳ᠋ᠠᠨ ᠭᠧᠦ ᠲᠤᠰᠬᠤᠨ ᠨᠢ ᠬᠢᠵᠢᠭ ᠢ ᠰᠡᠷᠭᠡᠶᠢᠯᠡᠬᠦ ᠠᠵᠢᠯ ᠢᠶᠠᠨ ᠥᠷᠨᠢᠭᠦᠯᠦᠭᠰᠡᠨ ᠠᠴᠠ ᠨᠠᠭᠠᠰᠢ᠂

ᠲᠤᠤᠷᠯᠠᠨ ᠭᠡᠰᠡᠭᠯᠡᠬᠦ ᠠᠷᠭ᠎ᠠ ᠪᠠᠷ᠂ ᠪᠦᠬᠦ ᠲᠤᠰᠬᠤᠨ ᠢᠶᠠᠨ 6 ᠲᠤᠤᠷ ᠭᠡᠰᠡᠭ ᠪᠣᠯᠭᠠᠵᠤ᠂ ᠲᠤᠰᠬᠤᠨ ᠤ ᠺᠠᠳ᠋ᠷ

ᠭᠡᠰᠡᠭ ᠤᠨ ᠳᠠᠷᠤᠭ᠎ᠠ ᠪᠣᠯᠵᠤ᠂ ᠲᠤᠰᠬᠤᠨ ᠤ ᠳᠤᠭᠤᠶᠢᠯᠠᠩ ᠤᠨ ᠳᠠᠷᠤᠭ᠎ᠠ ᠨᠢ ᠪᠤᠳᠠᠲᠠᠢ ᠬᠠᠷᠢᠭᠤᠴᠠᠯᠭᠠᠲᠠᠨ ᠪᠣᠯᠵᠤ

ᠪᠠᠶᠢᠨ᠎ᠠ᠃ ᠬᠢᠵᠢᠭ ᠢ ᠰᠡᠷᠭᠡᠶᠢᠯᠡᠬᠦ ᠠᠵᠢᠯ ᠳᠤ ᠪᠦᠬᠦ ᠠᠷᠠᠳ ᠢᠶᠠᠷ ᠢᠶᠠᠨ ᠭᠦᠨᠳᠦᠳᠭᠡᠵᠦ᠂ ᠪᠦᠬᠦ ᠠᠷᠠᠳ ᠢᠶᠠᠷ ᠢᠶᠠᠨ

ᠣᠷᠣᠯᠴᠠᠬᠤ ᠶᠢ ᠪᠠᠲᠤᠯᠠᠬᠤ ᠬᠡᠷᠡᠭᠲᠡᠢ︾ ᠭᠡᠵᠦ  ᠪᠢᠶᠠᠨ ᠳ᠋ᠠᠨ ᠭᠧᠦ ᠲᠤᠰᠬᠤᠨ ᠤ ᠵᠥᠪᠯᠡᠯ ᠤᠨ ᠭᠡᠰᠢᠭᠦᠨ ᠦ᠋ ᠵᠢᠩ

ᠬᠤᠤ ᠰᠤᠷᠪᠤᠯᠵᠢᠯᠠᠭᠴᠢ ᠳᠤ ᠲᠠᠨᠢᠯᠴᠠᠭᠤᠯᠤᠯ᠎ᠠ᠃

 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号