ᠮᠡᠶᠢᠷᠡᠨ ᠪᠠᠯᠭᠠᠰᠤ ᠬᠢᠵᠢᠭ ᠢ ᠰᠡᠷᠭᠡᠶᠢᠯᠡᠬᠦ ᠪᠠᠶᠢᠴᠠᠭᠠᠯᠲᠠ ᠶᠢᠨ ᠥᠷᠲᠡᠭᠡ᠄ ︽ᠭᠠᠳᠠᠨ᠎ᠠ ᠠᠴᠠ ᠤᠷᠤᠵᠤ ᠢᠷᠡᠬᠦ ᠶᠢ ᠬᠤᠷᠢᠭᠯᠠᠬᠤ︾ ᠬᠢᠵᠢᠭ ᠢ ᠰᠡᠷᠭᠡᠶᠢᠯᠡᠬᠦ ᠬᠠᠯᠬᠠᠪᠴᠢ ᠶᠢ ᠪᠠᠲᠤ ᠪᠠᠬᠢ ᠪᠠᠶᠢᠭᠤᠯᠤᠶ᠎ᠠ
ᠨᠡᠶᠢᠲᠡᠯᠡᠭᠰᠡᠨ ᠴᠠᠭ᠄
2021/3/18

   ᠣᠳᠤᠬᠠᠨ ᠳᠤ᠂ ᠬᠢᠵᠢᠭ ᠢ ᠰᠡᠷᠭᠡᠶᠢᠯᠡᠬᠦ ᠪᠠᠶᠢᠳᠠᠯ ᠮᠥᠨ ᠴᠤ ᠬᠦᠨᠳᠦ ᠬᠡᠴᠡᠭᠦᠦ ᠪᠤᠳᠤᠯᠢᠶᠠᠨᠲᠠᠢ ᠪᠠᠶᠢᠭ᠎ᠠ

ᠦᠶᠡᠰ ᠲᠤ᠂ ᠮᠡᠶᠢᠷᠡᠨ ᠪᠠᠯᠭᠠᠰᠤ ᠶᠢᠨ ᠬᠢᠵᠢᠭ ᠢ ᠰᠡᠷᠭᠡᠶᠢᠯᠡᠬᠦ ᠪᠠᠶᠢᠴᠠᠭᠠᠬᠤ ᠥᠷᠲᠡᠭᠡ ᠶᠢᠨ ᠠᠵᠢᠯᠲᠠᠳ ᠨᠢ

ᠬᠢᠵᠢᠭ ᠢ ᠰᠡᠷᠭᠡᠶᠢᠯᠡᠬᠦ ᠬᠠᠷᠢᠭᠤᠴᠠᠯᠭ᠎ᠠ ᠶᠢ ᠢᠳᠡᠪᠬᠢᠲᠡᠢ ᠡᠭᠦᠷᠭᠡᠯᠡᠨ᠂ ᠬᠠᠷᠠᠴᠢᠨ ᠳᠤ ᠢᠷᠡᠬᠦ ᠨᠤᠲᠤᠭ ᠲᠠᠭᠠᠨ

ᠪᠤᠴᠠᠬᠤ ᠬᠦᠮᠦᠰ ᠢ ᠪᠠᠶᠢᠴᠠᠭᠠᠬᠤ ᠨᠢᠭᠡᠳᠦᠭᠡᠷ ᠪᠤᠭᠤᠮᠲᠠ ᠶᠢ ᠰᠠᠶᠢᠲᠤᠷ ᠰᠠᠬᠢᠨ᠎ᠠ᠃

   ᠤᠷᠴᠢᠮ ᠤᠨ ᠡᠳᠦᠷ᠂ ᠰᠤᠷᠪᠤᠯᠵᠢᠯᠠᠭᠴᠢ ᠮᠡᠶᠢᠷᠡᠨ ᠪᠠᠯᠭᠠᠰᠤ ᠶᠢᠨ ᠠᠨ ᠳ᠋ᠠᠨ ᠭᠤᠤ ᠲᠣᠰᠬᠤᠨ ᠳᠤ ᠪᠠᠶᠢᠭ᠎ᠠ

ᠬᠢᠵᠢᠭ ᠢ ᠰᠡᠷᠭᠡᠶᠢᠯᠡᠬᠦ ᠪᠠᠶᠢᠴᠠᠭᠠᠬᠤ ᠥᠷᠲᠡᠭᠡ ᠳᠤ ᠢᠷᠡᠵᠦ ᠦᠵᠡᠭᠰᠡᠨ ᠳᠤ᠂ ᠪᠠᠶᠢᠴᠠᠭᠠᠬᠤ ᠥᠷᠲᠡᠭᠡ ᠶᠢᠨ

ᠠᠵᠢᠯᠲᠠᠳ ᠨᠢ ᠶᠠᠭ ᠰᠠᠶᠢᠬᠠᠨ ᠨᠠᠰᠢ ᠴᠠᠰᠢ ᠥᠩᠭᠡᠷᠡᠬᠦ ᠮᠠᠰᠢᠨ ᠲᠡᠷᠭᠡ ᠨᠢᠭᠡ ᠪᠥᠷᠢ ᠮᠠᠰᠢᠨ ᠳᠡᠭᠡᠷᠡᠬᠢ ᠠᠶᠠᠨᠴᠢᠳ

ᠨᠢᠭᠡ ᠪᠦᠷᠢ ᠶᠢ ᠡᠷᠢᠶᠡᠨ ᠴᠣᠬᠤᠷ ᠰᠢᠷᠪᠢᠭᠦᠯᠵᠦ᠂ ᠳᠠᠩᠰᠠᠯᠠᠨ ᠲᠡᠮᠳᠡᠭᠯᠡᠵᠦ᠂ ᠪᠡᠶ᠎ᠡ ᠶᠢᠨ ᠬᠠᠯᠠᠭᠤᠨ ᠢ ᠨᠢ ᠬᠡᠮᠵᠢᠵᠦ

ᠪᠠᠶᠢᠯ᠎ᠠ᠃

   ᠮᠡᠶᠢᠷᠡᠨ ᠪᠠᠯᠭᠠᠰᠤ ᠶᠢᠨ ᠠᠨ ᠳ᠋ᠠᠨ ᠭᠤᠤ ᠲᠤᠰᠬᠤᠨ ᠨᠢ ᠾᠧᠪᠧᠢ ᠶᠢᠨ ᠸᠧᠢ ᠴᠠᠩ ᠰᠢᠶᠠᠨ ᠤ ᠰᠢᠨ ᠳ᠋ᠢ

ᠲᠤᠰᠬᠤᠨ ᠲᠠᠢ ᠬᠥᠷᠰᠢ ᠪᠠᠶᠢᠳᠠᠭ᠂ ᠠᠨ ᠳ᠋ᠠᠨ ᠭᠤᠤ ᠲᠤᠰᠬᠤᠨ ᠨᠢ ᠬᠢᠵᠢᠭ ᠢ ᠰᠡᠷᠭᠡᠶᠢᠯᠡᠬᠦ ᠪᠠᠶᠢᠴᠠᠭᠠᠬᠤ

ᠥᠷᠲᠡᠭᠡ ᠶᠢ ᠪᠠᠶᠢᠭᠤᠯᠤᠨ᠂ ᠲᠤᠰᠬᠤᠨ ᠤ ᠬᠤᠶᠠᠷ ᠵᠥᠪᠯᠡᠯ ᠤᠨ ᠺᠠᠳ᠋ᠷ᠂ ᠲᠤᠰᠬᠤᠨ ᠤ ᠠᠷᠠᠳ᠂ ᠰᠠᠶᠢᠨ

ᠳᠤᠷᠠᠴᠤᠤᠯ ᠵᠡᠷᠭᠡ 40 ᠭᠠᠷᠤᠢ ᠬᠦᠮᠦᠨ ᠥᠪᠡᠷ ᠤᠨ ᠤᠬᠠᠮᠰᠠᠷ ᠠᠴᠠ ᠪᠠᠨ ᠠᠵᠢᠯᠯᠠᠬᠤ ᠠᠩᠭᠢ ᠵᠤᠬᠢᠶᠠᠨ

ᠪᠠᠶᠢᠭᠤᠯᠵᠤ᠂ 24 ᠴᠠᠭ ᠢᠶᠠᠷ ᠬᠠᠷᠠᠭᠤᠯ ᠵᠤᠭᠰᠤᠨ ᠵᠢᠵᠢᠭᠦᠷᠯᠡᠵᠦ ᠪᠠᠶᠢᠨ᠎ᠠ᠃

   ᠤᠶᠢᠯᠭᠠᠭᠰᠠᠨ ᠢᠶᠠᠷ᠂ ᠮᠡᠶᠢᠷᠡᠨ ᠪᠠᠯᠭᠠᠰᠤ ᠨᠢ S0206 ᠵᠠᠰᠠᠮᠠᠯ ᠵᠠᠮ  ᠳᠡᠭᠡᠷ᠎ᠡ ᠳ᠋ᠠ ᠳ᠋ᠢᠶᠠᠨ ᠤ ᠪᠠᠶᠢᠴᠠᠭᠠᠬᠤ

ᠥᠷᠲᠡᠭᠡ᠂ ᠸᠠᠩ ᠶᠧ ᠳ᠋ᠢᠶᠠᠨ ᠤ ᠦᠨᠳᠦᠷ ᠬᠤᠷᠳᠤᠴᠠᠲᠤ ᠵᠠᠰᠠᠮᠠᠯ ᠵᠠᠮ ᠤᠨ ᠦᠢᠯᠡᠴᠢᠯᠡᠯᠭᠡᠨ ᠤ ᠲᠤᠭᠤᠷᠢᠭ ᠲᠤ ᠬᠢ

ᠪᠠᠶᠢᠴᠠᠭᠠᠬᠤ ᠥᠷᠲᠡᠭᠡ᠂ ᠪᠠᠭ᠎ᠠ ᠮᠡᠶᠢᠷᠡᠨ ᠤ ᠮᠧᠩ ᠵᠢᠶᠠ ᠳ᠋ᠢᠶᠠᠨ ᠤ ᠪᠠᠶᠢᠴᠠᠭᠠᠬᠤ ᠥᠷᠲᠡᠭᠡ᠂ ᠠᠨ ᠳ᠋ᠠᠨ ᠭᠤᠤ

ᠲᠤᠰᠬᠤᠨ ᠤ ᠪᠠᠶᠢᠴᠠᠭᠠᠬᠤ ᠥᠷᠲᠡᠭᠡ ᠵᠡᠷᠭᠡ ᠳᠦᠷᠪᠡᠨ ᠬᠢᠵᠢᠭ ᠢ ᠰᠡᠷᠭᠡᠶᠢᠯᠡᠬᠦ ᠪᠠᠶᠢᠴᠠᠭᠠᠬᠤ ᠥᠷᠲᠡᠭᠡ ᠶᠢ

ᠪᠠᠶᠢᠭᠤᠯᠤᠨ᠂ ᠵᠠᠮ ᠤᠨ ᠴᠠᠭᠳᠠᠭ᠎ᠠ᠂ ᠡᠮᠨᠡᠯᠭᠡ ᠶᠢᠨ ᠠᠵᠢᠯᠲᠠᠳ᠂ ᠪᠠᠯᠭᠠᠰᠤ ᠲᠤᠰᠬᠤᠨ ᠤ ᠬᠤᠶᠠᠷ ᠳᠡᠰ ᠤᠨ ᠺᠠᠳ᠋ᠷ᠂

ᠰᠠᠶᠢᠨ ᠳᠤᠷᠠᠴᠤᠤᠯ ᠨᠠᠷ 24 ᠴᠠᠭ ᠢᠶᠠᠷ ᠡᠭᠡᠯᠵᠢ ᠬᠠᠯᠠᠭ᠎ᠠ ᠪᠠᠷ ᠵᠢᠵᠢᠭᠦᠷᠯᠡᠵᠦ ᠪᠠᠶᠢᠨ᠎ᠠ᠃ ᠣᠶᠢᠨ ᠳᠤ ᠣᠷᠣ

ᠪᠤᠯᠲᠠᠯ᠎ᠠ᠂ ᠮᠡᠶᠢᠷᠡᠨ ᠪᠠᠯᠭᠠᠰᠤ ᠨᠢ ᠳᠦᠷᠪᠡᠨ ᠬᠢᠵᠢᠭ ᠢ ᠰᠡᠷᠭᠡᠶᠢᠯᠡᠬᠦ ᠪᠠᠶᠢᠴᠠᠭᠠᠬᠤ ᠥᠷᠲᠡᠭᠡ ᠳᠤ ᠥᠷᠲᠡᠭ ᠨᠢ

20000 ᠤᠨ ᠬᠢᠵᠢᠭ ᠢ ᠰᠡᠷᠭᠡᠶᠢᠯᠡᠬᠦ ᠡᠳ᠋ ᠪᠤᠳᠠᠰ ᠢ ᠬᠠᠩᠭᠠᠭᠰᠠᠨ ᠪᠠᠶᠢᠨ᠎ᠠ᠃

   ︽ᠬᠤᠲᠠ ᠪᠤᠯᠤᠨ ᠬᠤᠰᠢᠭᠤᠨ ᠤ ᠬᠤᠶᠠᠷ ᠳᠡᠰ ᠤᠨ ᠨᠠᠮ ᠤᠨ ᠬᠤᠷᠢᠶ᠎ᠠ ᠶᠢᠨ ᠪᠠᠶᠢᠷᠢᠯᠠᠭᠤᠯᠤᠯᠲᠠ ᠪᠠᠷ᠂ ᠮᠠᠨ ᠤ

ᠮᠡᠶᠢᠷᠡᠨ ᠪᠠᠯᠭᠠᠰᠤ ᠨᠢ ︿ᠲᠠᠪᠤᠨ ᠪᠠᠶᠢᠬᠤ ᠨᠢᠭᠡ ᠲᠤᠤᠷ ᠭᠡᠰᠡᠭ﹀ ᠤᠨ ᠱᠠᠭᠠᠷᠳᠠᠯᠭ᠎ᠠ ᠶᠢ ᠴ᠊ ᠲᠤᠭᠤᠷᠢᠨ ᠳᠤ ᠨᠢᠭᠲᠠ

ᠤᠶᠠᠯᠳᠤᠨ᠂ ᠳᠦᠷᠪᠡᠨ ᠲᠠᠯ᠎ᠠ ᠶᠢᠨ ᠬᠠᠷᠢᠭᠤᠴᠠᠯᠭ᠎ᠠ ᠶᠢ ᠪᠤᠳᠠᠲᠠᠶᠢᠵᠢᠭᠤᠯᠤᠨ᠎ᠠ᠃ ᠠᠵᠢᠯᠲᠠᠳ 24 ᠴᠠᠭ ᠢᠶᠠᠷ

ᠡᠭᠡᠯᠵᠢ ᠬᠠᠯᠠᠭ᠎ᠠ ᠪᠠᠷ ᠵᠢᠵᠢᠭᠦᠷᠯᠡᠨ᠂ ᠠᠷᠠᠳ ᠲᠦᠮᠡᠨ ᠤ ᠠᠮᠤᠷ ᠲᠥᠪᠰᠢᠨ ᠢ ᠪᠠᠲᠤᠯᠠᠨ᠎ᠠ︾ ᠭᠡᠵᠦ ᠮᠡᠶᠢᠷᠡᠨ

ᠪᠠᠯᠭᠠᠰᠤ ᠶᠢᠨ ᠨᠠᠮ ᠤᠨ ᠬᠤᠷᠢᠶ᠎ᠠ ᠶᠢᠨ ᠱᠦᠵᠢ ᠮᠠ ᠱᠤ᠋ ᠵᠢᠶᠠᠩ ᠰᠤᠷᠪᠤᠯᠵᠢᠯᠠᠭᠴᠢ ᠳᠤ ᠬᠡᠯᠡᠪᠡ᠃

 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号