ᠰᠢ ᠴᠢᠶᠤᠤ ᠪᠠᠯᠭᠠᠰᠤᠨ ᠤ ᠴᠡᠷᠢᠭ ᠤᠨ ᠠᠯᠪᠠ ᠬᠠᠭᠠᠵᠤ ᠪᠠᠶᠢᠭ᠎ᠠ ᠪᠢ ᠶᠠᠨ ᠲᠣᠣ ᠪᠠᠶᠢᠯᠳᠤᠭᠴᠢ ᠢᠷᠠᠭᠤ ᠠᠯᠳᠠᠷᠲᠠᠢ ᠪᠠᠷ ᠭᠤᠷᠪᠠᠳᠤᠭᠠᠷ ᠳᠡᠰ ᠤᠨ ᠭᠠᠪᠢᠶ᠎ᠠ ᠪᠠᠶᠢᠭᠤᠯᠵᠤ᠂ ᠬᠠᠮᠢᠶ᠎ᠠ ᠪᠦᠬᠦᠢ ᠪᠠᠶᠢᠭᠤᠯᠤᠯᠭ᠎ᠠ ᠠᠷᠤ ᠭᠡᠷ ᠲᠤᠨᠢ ᠪᠠᠶᠠᠷ ᠤᠨ ᠴᠢᠮᠡᠭᠡ ᠮᠡᠳᠡᠭᠦᠯᠵᠡᠢ
ᠨᠡᠶᠢᠲᠡᠯᠡᠭᠰᠡᠨ ᠴᠠᠭ᠄
2021/3/18

   ᠤᠷᠴᠢᠮ ᠤᠨ ᠡᠳᠦᠷ ᠲᠤ᠂ ᠬᠤᠰᠢᠭᠤᠨ ᠤ ᠠᠷᠠᠳ ᠤᠨ ᠵᠡᠪᠰᠡᠭᠲᠦ ᠬᠦᠴᠦᠨ ᠤ ᠬᠡᠯᠲᠡᠰ ᠬᠢᠭᠡᠳ ᠴᠡᠷᠢᠭ ᠠᠴᠠ

ᠬᠠᠯᠠᠭᠳᠠᠭᠰᠠᠳ ᠤᠨ ᠶᠠᠪᠤᠳᠠᠯ ᠤᠨ ᠠᠯᠪᠠᠨ ᠭᠡᠷ ᠨᠢ ᠢᠷᠠᠭᠤ ᠠᠯᠳᠠᠷᠲᠠᠢ ᠪᠠᠷ ᠭᠤᠷᠪᠠᠳᠤᠭᠠᠷ ᠳᠡᠰ ᠤᠨ ᠭᠠᠪᠢᠶ᠎ᠠ

ᠪᠠᠶᠢᠭᠤᠯᠤᠭᠰᠠᠨ ᠠᠯᠪᠠᠨ ᠳᠤ ᠪᠠᠶᠢᠭ᠎ᠠ ᠴᠡᠷᠢᠭ ᠪᠢ ᠶᠠᠨ ᠲᠣᠣ ᠶᠢᠨ ᠠᠷᠤ ᠭᠡᠷ ᠲᠤ ᠪᠠᠶᠠᠷ ᠤᠨ ᠴᠢᠮᠡᠭᠡ ᠬᠦᠷᠭᠡᠵᠦ

ᠣᠴᠢᠵᠠᠢ᠃ ᠮᠥᠨ ᠴᠤ ᠴᠡᠷᠢᠭ  ‍ᠦᠨ‌ᠠᠯᠪᠠ ᠬᠠᠭᠠᠵᠤ ᠪᠠᠶᠢᠭ᠎ᠠ ᠪᠠᠶᠢᠳᠠᠯ ᠢ ᠠᠰᠠᠭᠤᠨ ᠰᠤᠷᠠᠭᠯᠠᠵᠤ᠂ ᠴᠡᠷᠢᠭ

ᠡᠷ᠎ᠡ ᠶᠢᠨ ᠰᠠᠨᠠᠭ᠎ᠠ ᠠᠮᠤᠷ ᠠᠯᠪᠠ ᠬᠠᠭᠠᠬᠤ ᠳᠤᠨᠢ ᠠᠷᠤ ᠭᠡᠷ ᠤᠨ ᠬᠦᠴᠢᠷᠳᠡᠯ ᠢ ᠨᠢ ᠰᠢᠢᠳᠪᠦᠷᠢᠯᠡᠵᠦ ᠥᠭᠴᠡᠢ᠃

   ︽ᠴᠡᠷᠢᠭ ᠠᠩᠭᠢ ᠬᠦᠮᠦᠵᠢᠭᠦᠯᠦᠨ ᠰᠤᠷᠭᠠᠭᠰᠠᠨ ᠳᠤ ᠲᠠᠯᠠᠷᠬᠠᠵᠤ᠂ ᠨᠠᠮ ᠵᠠᠰᠠᠭ ᠤᠨ ᠬᠠᠶᠢᠷ᠎ᠠ ᠬᠠᠯᠠᠮᠵᠢ ᠳᠤ

ᠲᠠᠯᠠᠷᠬᠠᠵᠤ ᠪᠠᠶᠢᠨ᠎ᠠ᠃ ᠨᠡᠩ ᠰᠠᠶᠢᠨ ᠬᠢᠷᠢ ᠪᠥᠲᠥᠮᠵᠢ ᠪᠠᠷ ᠨᠤᠲᠤᠭ ᠤᠰᠤᠨ ᠳᠠᠭᠠᠨ ᠥᠩᠭᠡ ᠭᠡᠷᠡᠯ ᠠᠪᠴᠢᠷᠠᠨ᠎ᠠ︾

ᠭᠡᠵᠦ ᠪᠢ ᠶᠠᠨ ᠲᠣᠣ ᠶᠢᠨ ᠠᠷᠤ ᠭᠡᠷ ᠤᠨ ᠬᠢᠨ ᠨᠢ ᠶᠠᠷᠢᠵᠤ ᠪᠠᠶᠢᠯ᠎ᠠ᠃

   ᠡᠨᠡ ᠤᠳᠠᠭ᠎ᠠ ᠶᠢᠨ ᠲᠤᠭᠤᠷᠢᠨ ᠰᠤᠷᠪᠤᠯᠵᠢᠯᠠᠬᠤ ᠳᠤᠮᠳᠠ᠂ ᠠᠯᠪᠠᠨ ᠳᠤ ᠪᠠᠶᠢᠭ᠎ᠠ ᠴᠡᠷᠢᠭ ᠤᠨ ᠠᠷᠤ ᠭᠡᠷ ᠨᠢ

ᠨᠠᠮ ᠵᠠᠰᠠᠭ ᠤᠨ ᠬᠠᠶᠢᠷ᠎ᠠ ᠬᠠᠯᠠᠮᠵᠢ ᠶᠢ ᠦᠨᠡᠨᠬᠦ ᠤᠶᠢᠯᠭᠠᠨ᠂ ︽ᠴᠡᠷᠢᠭ ᠨᠢ ᠠᠷᠠᠳ ᠢᠶᠠᠨ ᠬᠠᠶᠢᠷᠠᠯᠠᠵᠤ᠂ ᠠᠷᠠᠳ

 ᠨᠢ ᠴᠡᠷᠢᠭ ᠢᠶᠠᠨ ᠬᠦᠷᠢᠶᠡᠯᠡᠵᠦ᠂ ᠴᠡᠷᠢᠭ ᠠᠷᠠᠳ  ᠨᠢ ᠤᠰᠤ ᠵᠢᠭᠠᠰᠤᠨ ᠤ ᠬᠠᠷᠢᠴᠠᠭ᠎ᠠ ᠲᠠᠢ ᠪᠠᠶᠢᠵᠤ᠂ ᠨᠢᠭᠡ

ᠭᠡᠷ ᠤᠨ ᠬᠦᠨᠦᠰ ᠮᠡᠲᠦ ᠲᠣᠳᠤᠨᠤ ᠪᠠᠶᠢᠬᠤ  ︾ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠭᠦᠢᠴᠡᠳ ᠪᠤᠢ

ᠪᠤᠯᠭᠠᠵᠠᠢ᠃

 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号