ᠶᠢᠨ ᠱᠠᠨ ᠪᠠᠯᠭᠠᠰᠤ᠄ ᠬᠢᠵᠢᠭ ᠤᠨ ᠰᠡᠷᠭᠡᠶᠢᠯᠡᠯᠲᠡ ᠶᠢ ᠪᠦᠬᠦ ᠲᠠᠯ᠎ᠠ ᠪᠠᠷ ᠠᠬᠢᠭᠤᠯᠵᠤ ᠪᠠᠶᠢᠨ᠎ᠠ
ᠨᠡᠶᠢᠲᠡᠯᠡᠭᠰᠡᠨ ᠴᠠᠭ᠄
2021/3/18

   ᠤᠶᠢᠷ᠎ᠠ ᠶᠢᠨ ᠡᠳᠦᠷ᠂ ᠶᠢᠨ ᠱᠠᠨ ᠪᠠᠯᠭᠠᠰᠤ ᠂ ᠲᠤᠰᠬᠤᠨ ᠤ ᠬᠤᠶᠠᠷ ᠳᠡᠰ ᠤᠨ ᠺᠠᠳ᠋ᠷ ᠬᠢᠵᠢᠭ ᠤᠨ

ᠰᠡᠷᠭᠡᠶᠢᠯᠡᠯᠲᠡ ᠶᠢᠨ ᠨᠢᠭᠡᠳᠦᠭᠡᠷ ᠤᠲᠠᠰᠤᠨ ᠳᠡᠭᠡᠷ᠎ᠡ ᠢᠳᠡᠪᠬᠢᠲᠡᠢ ᠣᠷᠣᠯᠴᠠᠵᠤ ᠪᠠᠶᠢᠯ᠎ᠠ᠂ ᠰᠤᠷᠪᠤᠯᠵᠢᠯᠠᠭᠴᠢ ᠱᠠᠩ

ᠱᠦᠢ ᠳ᠋ᠢ ᠲᠤᠰᠬᠤᠨ ᠳᠤ᠂ ᠲᠤᠰᠬᠤᠨ ᠤ ᠬᠢᠨ ᠠᠷᠠᠳ ᠣᠯᠠᠨ ᠳᠤ ᠬᠢᠵᠢᠭ ᠤᠨ ᠰᠡᠷᠭᠡᠶᠢᠯᠡᠯᠲᠡ ᠶᠢᠨ ᠮᠡᠳᠡᠭᠳᠡᠯ ᠤᠨ

ᠪᠢᠴᠢᠭ᠂ ᠠᠷᠢᠭᠤᠳᠬᠠᠯ ᠤᠨ ᠤᠰᠤ᠂ ᠠᠮᠠᠪᠴᠢ ᠵᠡᠷᠭᠡ ᠰᠡᠷᠭᠡᠶᠢᠯᠡᠯᠲᠡ ᠶᠢᠨ ᠪᠤᠳᠠᠰ ᠲᠥᠭᠡᠭᠡᠵᠦ ᠪᠠᠶᠢᠬᠤ ᠶᠢ ᠣᠯᠵᠤ

ᠬᠠᠷᠠᠯ᠎ᠠ᠃

   ᠰᠤᠷᠪᠤᠯᠵᠢᠯᠠᠭᠴᠢ ᠲᠤᠰ ᠲᠤᠰᠬᠤᠨ ᠳᠤ ᠰᠤᠷᠪᠤᠯᠵᠢᠯᠠᠨ ᠶᠠᠪᠤᠬᠤ ᠳᠤ ᠶᠢᠨ ᠱᠠᠨ ᠪᠠᠯᠭᠠᠰᠤ ᠶᠢᠨ ᠳᠡᠳ᠋ ᠳᠠᠷᠤᠭ᠎ᠠ

ᠫᠢᠶᠣᠣ ᠯᠢ ᠵᠢᠶᠦ᠋ᠨ ᠲᠤᠰᠬᠤᠨ ᠤ ᠳᠠᠷᠤᠭ᠎ᠠ ᠠᠴᠠ ᠪᠠᠶᠢᠳᠠᠯ ᠢ ᠤᠶᠢᠯᠭᠠᠨ᠂ ᠾᠧᠪᠧᠢ ᠠᠴᠠ ᠬᠠᠷᠢᠵᠤ ᠢᠷᠡᠭᠰᠡᠨ

ᠬᠦᠮᠦᠰ ᠤᠨ ᠲᠤᠬᠠᠢ ᠠᠰᠠᠭᠤᠨ ᠯᠠᠪᠯᠠᠵᠤ ᠪᠠᠶᠢᠪᠠ᠃ ᠤᠶᠢᠯᠭᠠᠭᠰᠠᠨ ᠢᠶᠠᠷ᠂ ᠬᠢᠵᠢᠭ ᠢ ᠰᠡᠷᠭᠡᠶᠢᠯᠡᠬᠦ

ᠳᠠᠶᠢᠯᠠᠯᠳᠤᠭᠠᠨ ᠤ ᠢᠯᠠᠯᠲᠠ ᠶᠢ ᠪᠠᠲᠤᠯᠠᠬᠤ ᠶᠢᠨ ᠲᠥᠯᠥᠭᠡ᠂ ᠶᠢᠨ ᠱᠠᠨ ᠪᠠᠯᠭᠠᠰᠤ ᠨᠢ ᠬᠢᠵᠢᠭ ᠢ ᠰᠡᠷᠭᠡᠶᠢᠯᠡᠬᠦ

ᠬᠤᠷᠠᠯ ᠬᠢᠭᠰᠡᠨ ᠪᠠᠶᠢᠨ᠎ᠠ᠃ ᠬᠤᠷᠠᠯ ᠳᠡᠭᠡᠷ᠎ᠡ᠂ ᠬᠤᠲᠠ ᠶᠢᠨ ᠬᠢᠵᠢᠭ ᠢ ᠰᠡᠷᠭᠡᠶᠢᠯᠡᠬᠦ ᠠᠵᠢᠯ ᠤᠨ ᠵᠢᠯᠤᠭᠤᠳᠬᠤ

ᠭᠠᠵᠠᠷ ᠤᠨ 4 ᠳ᠋ᠦ᠋ᠭᠡᠷ ᠲᠤᠭᠠᠲᠤ ᠵᠠᠷᠯᠢᠭ ᠢ ᠤᠯᠠᠮᠵᠢᠯᠠᠵᠠᠢ᠂ ᠪᠠᠰᠠ ᠴᠤ ᠪᠦᠬᠦ ᠪᠠᠯᠭᠠᠰᠤᠨ ᠤ ᠺᠠᠳᠠᠷ ᠢ ᠵᠤᠬᠢᠶᠠᠨ

ᠪᠠᠶᠢᠭᠤᠯᠵᠤ᠂ ᠬᠢᠵᠢᠭ ᠢ ᠰᠡᠷᠭᠡᠶᠢᠯᠡᠬᠦ ᠪᠠᠴᠢᠮ ᠪᠠᠶᠢᠳᠠᠯ ᠤᠨ ᠪᠣᠯᠪᠠᠰᠤᠷᠠᠭᠤᠯᠤᠯ ᠢ ᠬᠢᠵᠦ ᠬᠢᠨᠠᠨ ᠬᠠᠮᠢᠶᠠᠷᠬᠤ  

ᠵᠣᠷᠢᠯᠭ᠎ᠠ  ᠳᠤ ᠪᠠᠨ ᠬᠦᠷᠬᠦ ᠳᠤ ᠪᠠᠲᠤᠯᠠᠭ᠎ᠠ ᠲᠠᠢ ᠪᠤᠯᠭᠠᠭᠰᠠᠨ ᠪᠠᠶᠢᠨ᠎ᠠ᠃

 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号