ᠤᠯᠤᠰ ᠤᠨ ᠴᠠᠬᠢᠯᠭᠠᠨ ᠤ ᠲᠣᠣᠷ ᠤᠨ ᠬᠠᠷᠠᠴᠢᠨ ᠬᠤᠰᠢᠭᠤᠨ ᠤ ᠴᠠᠬᠢᠯᠭᠠᠨ ᠬᠠᠩᠭᠠᠬᠤ ᠺᠣᠮᠫᠠᠨᠢ᠄ ᠰᠠᠶᠢᠲᠤᠷ ᠨᠡᠬᠡᠭᠰᠡᠨ ︽ᠳᠦᠷᠪᠡᠨ ᠲᠣᠣᠷ︾ ᠢᠶᠠᠷ ᠬᠢᠵᠢᠭ ᠢ ᠰᠡᠷᠭᠡᠶᠢᠯᠡᠬᠦ ᠬᠤᠷᠢᠭᠯᠠᠯᠲᠠ ᠶᠢᠨ ᠱᠤᠭᠤᠮ ᠢᠶᠠᠨ ᠪᠠᠬᠢᠵᠢᠭᠦᠯᠦᠶ᠎ᠡ
ᠨᠡᠶᠢᠲᠡᠯᠡᠭᠰᠡᠨ ᠴᠠᠭ᠄
2021/3/18

   ᠤᠳᠤᠬᠢ ᠬᠢᠵᠢᠭ ᠢ ᠰᠡᠷᠭᠡᠶᠢᠯᠡᠬᠦ ᠬᠦᠨᠳᠤ ᠬᠡᠴᠡᠭᠦᠦ ᠪᠠᠶᠢᠳᠠᠯ ᠤᠨ ᠳᠣᠣᠷ᠎ᠠ᠂ᠤᠯᠤᠰ ᠤᠨ ᠴᠠᠬᠢᠯᠭᠠᠨ ᠤ ᠲᠣᠣᠷ 

ᠰᠦᠯᠵᠢᠶ᠎ᠡ ᠶᠢᠨ ᠬᠠᠷᠠᠴᠢᠨ ᠬᠤᠰᠢᠭᠤᠨ ᠤ ᠴᠠᠬᠢᠯᠭᠠᠨ ᠬᠠᠩᠭᠠᠬᠤ ᠺᠣᠮᠫᠠᠨᠢ᠄ ᠰᠠᠶᠢᠲᠤᠷ ᠨᠡᠬᠡᠭᠰᠡᠨ ︽ᠳᠦᠷᠪᠡᠨ

ᠲᠣᠣᠷ  ︾ ᠢᠶᠠᠷ ᠠᠮᠢ ᠨᠠᠰᠤᠨ ᠤ ᠬᠤᠷᠢᠭᠯᠠᠯᠲᠠ ᠶᠢᠨ ᠱᠤᠭᠤᠮ ᠢᠶᠠᠨ ᠪᠠᠬᠢᠵᠢᠭᠦᠯᠵᠦ ᠪᠠᠨᠶᠢᠨ᠎ᠠ᠃

   ︽ᠬᠠᠮᠢᠶᠠᠷᠤᠯᠲᠠ ᠡᠵᠡᠮᠳᠡᠬᠦ ᠲᠣᠣᠷ︾ ᠢᠶᠠᠨ ᠴᠢᠩᠭ᠎ᠠ ᠨᠡᠬᠡᠵᠡᠢ᠃ ᠬᠢᠵᠢᠭ ᠢ ᠰᠡᠷᠭᠡᠶᠢᠯᠡᠬᠦ ᠠᠵᠢᠯ ᠤᠨ

ᠤᠳᠤᠷᠢᠳᠬᠤ ᠳᠤᠭᠤᠶᠢᠯᠠᠩ ᠢ ᠪᠠᠶᠢᠭᠤᠯᠤᠨ᠂ ᠬᠢᠵᠢᠭ ᠢ ᠰᠡᠷᠭᠡᠶᠢᠯᠡᠬᠦ ᠠᠵᠢᠯ ᠤᠨ ᠳᠥᠰᠦᠯ ᠢ ᠰᠤᠳᠤᠯᠤᠨ

ᠲᠤᠭᠲᠠᠭᠠᠵᠤ᠂ ᠬᠢᠵᠢᠭ ᠢ ᠰᠡᠷᠭᠡᠶᠢᠯᠡᠬᠦ ᠲᠤᠰᠬᠠᠢ ᠬᠤᠷᠠᠯᠳᠤᠭᠠᠨ ᠢ ᠬᠤᠷᠠᠯᠳᠤᠭᠤᠯᠵᠤ᠂ ᠡᠭᠦᠷᠭᠡ ᠪᠠᠨ ᠴᠡᠭ

ᠬᠦᠷᠲᠡᠯ᠎ᠡ ᠨᠠᠷᠢᠯᠢᠭ ᠬᠤᠪᠢᠶᠠᠨ᠂ ᠬᠠᠷᠢᠭᠤᠴᠠᠯᠭ᠎ᠠ ᠶᠢ ᠪᠤᠲᠠᠳᠠᠢ ᠬᠦᠮᠦᠨ ᠬᠦᠷᠲᠡᠯ᠎ᠡ ᠲᠤᠳᠤ ᠪᠣᠯᠭᠠᠨ᠂

ᠦᠢᠯᠡᠴᠢᠯᠡᠯᠭᠡᠨ ᠤ ᠬᠦᠮᠦᠰ᠂ ᠠᠷᠠᠳ ᠣᠯᠠᠨ ᠤ ᠠᠮᠢ ᠨᠠᠰᠤᠨ ᠤ ᠠᠮᠤᠷ ᠲᠦᠪᠰᠢᠨ ᠪᠤᠯᠤᠨ ᠪᠡᠶ᠎ᠡ ᠮᠠᠬᠠᠪᠤᠳ ᠤᠨ

ᠡᠷᠡᠭᠦᠯ ᠮᠡᠨᠳᠦ ᠶᠢ ᠤᠯᠠᠮ ᠰᠠᠶᠢᠨ ᠬᠠᠮᠠᠭᠠᠯᠠᠵᠠᠢ᠃

   ︽ᠪᠠᠶᠢᠴᠠᠭᠠᠯᠲᠠ ᠶᠢᠨ ᠲᠣᠣᠷ︾ ᠢᠶᠠᠨ ᠴᠢᠩᠲᠠ ᠨᠡᠬᠡᠵᠡᠢ᠂ ᠺᠤᠮᠫᠠᠨᠢ ᠳᠤ ᠢᠷᠡᠵᠦ ᠪᠠᠶᠢᠭ᠎ᠠ ᠭᠠᠳᠠᠨ᠎ᠠ ᠶᠢᠨ

ᠬᠦᠮᠦᠰ  ᠲᠤ ᠲᠡᠮᠳᠡᠭᠯᠡᠯ ᠬᠢᠵᠦ᠂ ᠪᠡᠶ᠎ᠡ ᠶᠢᠨ ᠬᠠᠯᠠᠭᠤᠨ ᠢ ᠨᠢ ᠬᠡᠮᠵᠢᠵᠤ᠂ ᠡᠷᠢᠶᠡᠨ ᠴᠣᠬᠤᠷ ᠢ ᠨᠢ ᠰᠢᠷᠪᠢᠭᠦᠯᠬᠦ

ᠠᠵᠢᠯ ᠢ‌‍ᠲ᠋ᠤᠰᠬᠠᠢ ᠬᠦᠮᠦᠨ ᠢᠶᠠᠷ ᠲᠤᠬᠠᠢ ᠶᠢᠨ ᠲᠠᠯᠠᠪᠤᠷ ᠲᠤ ᠨᠢ ᠬᠢᠯᠭᠡᠵᠦ᠂ ᠡᠷᠲᠡ ᠢᠯᠡᠷᠡᠭᠦᠯᠬᠦ᠂ ᠡᠷᠲᠡ ᠮᠡᠳᠡᠭᠦᠯᠬᠦ᠂

ᠡᠷᠲᠡ ᠲᠤᠰᠠᠭᠠᠷᠯᠠᠬᠤ᠂ ᠡᠷᠲᠡ ᠡᠮᠨᠡᠭᠦᠯᠬᠦ ᠢ ᠪᠠᠲᠤᠯᠠᠨ᠂ ᠬᠢᠵᠢᠭ ᠢ ᠰᠡᠷᠭᠡᠶᠢᠯᠡᠬᠦ ᠠᠵᠢᠯ ᠡᠮᠬᠢ ᠳᠠᠷᠠᠭ᠎ᠠ ᠲᠠᠢ

ᠶᠠᠪᠤᠭᠳᠠᠬᠤ ᠶᠢ ᠪᠠᠲᠤᠯᠠᠵᠠᠢ᠃

   ︽ᠤᠬᠠᠭᠤᠯᠭ᠎ᠠ ᠶᠢᠨ ᠲᠣᠣᠷ︾ ᠶᠢ ᠨᠢᠭᠲᠠ ᠨᠡᠬᠡᠵᠡᠢ᠃ ᠸᠢᠴᠠᠲ ᠤᠨ ᠬᠤᠯᠪᠤᠭ᠎ᠠ ᠶᠢ ᠠᠰᠢᠭᠯᠠᠨ᠂ ᠬᠢᠵᠢᠭ ᠢ

ᠰᠡᠷᠭᠡᠶᠢᠯᠡᠬᠦ ᠠᠵᠢᠯ ᠤᠨ ᠬᠥᠳᠡᠯᠦᠯ ᠢ ᠴᠠᠭ ᠲᠤᠬᠠᠢ ᠳᠤ ᠨᠢ ᠨᠡᠶᠢᠲᠡᠯᠡᠨ᠂ ᠠᠵᠢᠯᠲᠠᠳ ᠢ ᠴᠣᠭᠯᠠᠭᠠᠨ ᠳᠤ

ᠤᠷᠤᠯᠴᠠᠬᠤ ᠦᠭᠡᠢ᠂ ᠴᠤᠭᠯᠠᠷᠠᠨ ᠨᠡᠶᠢᠯᠡᠬᠦ ᠦᠭᠡᠢ ᠪᠠᠶᠢᠬᠤ ᠶᠢ ᠱᠠᠭᠠᠷᠳᠠᠨ᠂ ᠰᠠᠶᠢᠨ ᠰᠢᠯᠢᠳᠡᠭ ᠡᠷᠡᠭᠦᠯ

ᠬᠠᠮᠠᠭᠠᠯᠠᠯ ᠤᠨ ᠳᠠᠳᠬᠠᠯ ᠢᠶᠠᠨ ᠪᠠᠷᠢᠮᠳᠠᠯᠠᠬᠤ ᠶᠢ ᠱᠠᠭᠠᠷᠳᠠᠵᠠᠢ᠃

    ︽ᠬᠠᠩᠭᠠᠯᠲᠠ ᠶᠢᠨ ᠲᠣᠣᠷ︾ ᠢᠶᠠᠨ ᠨᠠᠷᠢᠯᠢᠭ ᠨᠡᠬᠡᠵᠡᠢ᠃ ᠬᠢᠵᠢᠭ ᠢ ᠰᠡᠷᠭᠡᠶᠢᠯᠡᠬᠦ ᠪᠦᠬᠦ ᠶᠠᠪᠤᠴᠠ ᠶᠢᠨ

ᠵᠤᠬᠢᠶᠠᠮᠠᠯ ᠰᠤᠷᠢᠯᠲᠠ ᠶᠢ ᠵᠤᠬᠢᠶᠠᠨ ᠪᠠᠶᠢᠭᠤᠯᠵᠤ᠂ ᠬᠢᠵᠢᠭ ᠢ ᠰᠡᠷᠭᠡᠶᠢᠯᠡᠬᠦ ᠠᠵᠢᠯ ᠳᠡᠭᠡᠷ᠎ᠡ ᠴᠠᠬᠢᠯᠭᠠᠨ ᠬᠦᠴᠦᠨ ᠤ

ᠬᠠᠩᠭᠠᠯᠲᠠ ᠶᠢ ᠰᠠᠶᠢᠲᠤᠷ ᠬᠠᠩᠭᠠᠬᠤ ᠶᠢ ᠪᠠᠲᠤᠯᠠᠵᠠᠢ᠃

    ᠬᠢᠵᠢᠭ ᠢ ᠰᠡᠷᠭᠡᠶᠢᠯᠡᠬᠦ ᠠᠵᠢᠯ ᠢ ᠥᠷᠨᠢᠭᠦᠯᠦᠭᠰᠡᠨ ᠠᠴᠠ ᠬᠤᠶᠢᠰᠢ᠂ ᠨᠠᠮ ᠤᠨ ᠬᠡᠰᠢᠭᠦᠨ ᠤ ᠦᠢᠯᠡᠴᠢᠯᠡᠯᠭᠡᠨ ᠤ

ᠠᠩᠭᠢ ᠨᠢ ᠢᠳᠡᠪᠬᠢᠲᠡᠢ ᠪᠠᠷ ᠬᠢᠵᠢᠭ ᠢ ᠰᠡᠷᠭᠡᠶᠢᠯᠡᠬᠦ ᠠᠷᠭ᠎ᠠ ᠬᠡᠮᠵᠢᠶ᠎ᠡ ᠶᠢ ᠲᠤᠭᠲᠠᠭᠠᠬᠤ ᠶᠢᠨ ᠵᠡᠷᠭᠡ ᠪᠠᠷ

ᠦᠢᠯᠡᠳᠪᠦᠷᠢᠯᠡᠯ ᠤᠨ ᠲᠤᠰᠬᠠᠢ ᠮᠡᠷᠭᠡᠵᠢᠯ ᠤᠨ ᠬᠦᠮᠦᠰ ᠢ ᠵᠣᠬᠢᠶᠠᠨ ᠪᠠᠶᠢᠭᠤᠯᠵᠤ ᠬᠢᠵᠢᠭ ᠢ ᠡᠰᠡᠷᠭᠦᠴᠡᠨ ᠴᠠᠬᠢᠯᠭᠠᠨ ᠢ

ᠪᠠᠲᠤᠯᠠᠬᠤ ᠵᠢᠵᠢᠭ ᠳᠤᠭᠤᠶᠢᠯᠠᠩ ᠪᠠᠶᠢᠭᠤᠯᠵᠤ᠂ ᠲᠤᠰᠬᠠᠢ ᠠᠵᠢᠯ ᠤᠨ ᠳᠠᠪᠠᠭᠤᠯᠢᠭ ᠦᠢᠯᠡᠳᠦᠯ ᠢᠶᠠᠨ ᠪᠠᠳᠠᠷᠠᠭᠤᠯᠵᠤ᠂

ᠬᠢᠵᠢᠭ ᠢ ᠡᠰᠡᠷᠭᠦᠴᠡᠬᠦ ᠳᠤ ᠪᠠᠳᠤᠯᠠᠭ᠎ᠠ ᠲᠠᠢ ᠴᠠᠬᠢᠯᠭᠠᠨ ᠬᠠᠩᠭᠠᠬᠤ ᠶᠢ ᠪᠠᠲᠤᠯᠠᠨ᠎ᠠ᠃

   ᠳᠠᠷᠠᠭᠠᠴᠢ ᠶᠢᠨ ᠠᠯᠬᠤᠮ ᠳᠠᠭᠠᠨ ᠺᠤᠮᠫᠠᠨᠢ ᠨᠢ ᠦᠨᠳᠦᠰᠦᠨ ᠱᠠᠲᠤᠨ ᠤ ᠨᠠᠮ ᠤᠨ ᠵᠤᠬᠢᠶᠠᠨ ᠪᠠᠶᠢᠭᠤᠯᠤᠯᠲᠠ ᠶᠢᠨ

ᠳᠠᠶᠢᠨ ᠤ ᠪᠠᠬᠢᠯᠡᠯᠲᠡ ᠶᠢᠨ ᠦᠢᠯᠡᠳᠦᠯ ᠪᠤᠯᠤᠨ ᠨᠠᠮ ᠢ ᠬᠡᠰᠢᠭᠦᠨ ᠤ ᠬᠤᠰᠢᠭᠤᠴᠢ ᠦᠢᠯᠡᠳᠦᠯ ᠪᠠ ᠵᠢᠱᠢᠶᠡᠴᠢ

ᠦᠢᠯᠡᠳᠦᠯ ᠢ ᠦᠷᠭᠦᠯᠵᠢᠯᠡᠨ ᠪᠠᠳᠠᠷᠠᠭᠤᠯᠵᠤ᠂ ᠪᠦᠬᠦ ᠬᠦᠴᠦ ᠪᠠᠨ ᠳᠠᠶᠢᠴᠢᠯᠠᠨ ᠬᠢᠵᠢᠭ ᠢ ᠡᠰᠡᠷᠭᠦᠴᠡᠬᠦ

ᠬᠤᠭᠤᠴᠠᠭᠠᠨ ᠳᠤ ᠴᠠᠬᠢᠯᠭᠠᠨ ᠤ ᠲᠣᠣᠷ ᠰᠦᠯᠵᠢᠶ᠎ᠡ ᠶᠢᠨ ᠠᠮᠤᠷ ᠲᠥᠪᠰᠢᠨ ᠲᠤᠭᠳᠠᠭᠤᠨ ᠶᠠᠪᠤᠭᠲᠠᠬᠤ  ᠪᠤᠯᠤᠨ

ᠠᠷᠠᠳ ᠣᠯᠠᠨ ᠤ ᠨᠠᠶᠢᠳᠠᠪᠤᠷᠢ ᠲᠠᠢ ᠴᠠᠬᠢᠯᠭᠠᠨ ᠬᠡᠷᠡᠭᠯᠡᠬᠦ ᠶᠢ ᠪᠠᠲᠤᠯᠠᠨ᠎ᠠ᠃

 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号