ᠵᠢᠨᠱᠠᠨ ᠲᠠᠷᠢᠶᠠᠯᠠᠩ ᠠᠷᠠᠯᠵᠢᠶᠠᠨ ᠤ ᠵᠠᠬ᠎ᠠ ᠳᠡᠯᠭᠡᠭᠦᠷ ᠲᠤ ᠴᠠᠭᠠᠨ‌‍ᠰᠠᠷ᠎ᠠ ᠶᠢᠨ ᠠᠭᠤᠷ ᠠᠮᠢᠰᠬᠤᠯ ᠪᠢᠯᠬᠠᠮ᠎ᠠ
ᠨᠡᠶᠢᠲᠡᠯᠡᠭᠰᠡᠨ ᠴᠠᠭ᠄
2021/3/18

   ᠤᠷᠴᠢᠮ ᠤᠨ ᠡᠳᠦᠷ᠂ ᠰᠤᠷᠪᠤᠯᠵᠢᠯᠠᠭᠴᠢ ᠵᠢᠨᠱᠠᠨ ᠲᠠᠷᠢᠶᠠᠯᠠᠩ ᠠᠷᠠᠯᠵᠢᠶᠠᠨ ᠤ ᠵᠠᠬ᠎ᠠ ᠳᠡᠯᠭᠡᠭᠦᠷ ᠲᠤ ᠬᠦᠷᠴᠦ

ᠦᠵᠡᠪᠡᠯ᠂ ᠴᠠᠭᠠᠨ ᠰᠠᠷ᠎ᠠ ᠶᠢᠨ ᠪᠡᠯᠡᠳᠬᠡᠯ ᠬᠢᠵᠦ ᠪᠠᠷᠠᠭ᠎ᠠ ᠠᠪᠳᠠᠭ ᠬᠦᠮᠦᠰ ᠣᠯᠠᠨ ᠪᠠᠶᠢᠳᠠᠭ᠃ ᠪᠤᠶᠠᠨ ᠦᠰᠦᠭ ᠂

ᠬᠤᠣᠰ ᠤᠶᠠᠩᠭ᠎ᠠ ᠪᠠᠨ ᠨᠠᠭᠠᠪᠠᠯ ᠴᠠᠭᠠᠨ ᠰᠠᠷ᠎ᠠ ᠪᠣᠯᠴᠢᠬᠠᠬᠤ ᠨᠢ ᠲᠡᠷᠡ᠃ ᠵᠠᠬ᠎ᠠ ᠳᠡᠯᠭᠡᠭᠦᠷ ᠳᠡᠭᠡᠷ᠎ᠡ᠂

ᠰᠤᠷᠪᠤᠯᠵᠢᠯᠠᠭᠴᠢ ᠣᠯᠵᠤ ᠬᠠᠷᠠᠭᠰᠠᠨ ᠨᠢ᠂ ᠡᠯ᠎ᠡ ᠵᠦᠢᠯ ᠤᠨ ᠪᠠᠶᠠᠷ ᠡᠳᠦᠷ ᠤᠨ ᠳᠤᠮᠳᠠᠳᠤ ᠶᠢᠨ ᠵᠠᠩᠭᠢᠶ᠎ᠠ᠂ ᠴᠠᠭᠠᠨ

ᠰᠠᠷ᠎ᠠ ᠶᠢᠨ ᠵᠢᠷᠤᠭ᠂ ᠬᠤᠣᠰ᠂ ᠤᠯᠠᠭᠠᠨ ᠳ᠋ᠧᠩᠯᠦ ᠵᠡᠷᠭᠡ ᠪᠠᠶᠠᠷ ᠤᠨ ᠡᠳᠦᠷ ᠤᠨ ᠵᠠᠰᠠᠯ ᠴᠢᠮᠡᠭᠯᠡᠯ ᠨᠢ ᠵᠡᠭᠡᠯᠢ ᠶᠢᠨ

ᠥᠩᠭᠡ ᠶᠢ ᠭᠢᠯᠠᠶᠢᠯᠭᠠᠵᠤ᠂ ᠴᠥᠬᠡᠨ ᠪᠤᠰᠤ ᠵᠢᠯ ᠤᠨ ᠮᠠᠶᠢᠮᠠᠢ ᠬᠢᠳᠡᠭ ᠬᠦᠮᠦᠰ ᠠᠳᠡ ᠠᠴᠠ ᠪᠠᠷᠠᠭ᠎ᠠ ᠰᠤᠩᠭᠤᠵᠤ

ᠪᠠᠶᠢᠯ᠎ᠠ᠂

   ᠰᠢᠬᠢᠷ ᠵᠢᠮᠢᠰ ᠤᠨ ᠲᠥᠷᠥᠯ ᠨᠢ ᠮᠠᠶᠢᠮᠠᠢ ᠰᠠᠶᠢᠲᠠᠢ ᠠᠴᠠ ᠭᠠᠳᠠᠨ᠎ᠠ᠂ ᠬᠠᠲᠠᠭᠤ ᠵᠢᠮᠢᠰ ᠨᠢ ᠴᠤ ᠣᠯᠠᠨ

ᠬᠦᠮᠦᠰ ᠤᠨ ᠪᠠᠭ᠋ᠠᠷᠤᠯ ᠢ ᠣᠯᠵᠤ ᠪᠠᠶᠢᠯ᠎ᠠ᠃ ᠴᠠᠭᠠᠨ ᠰᠠᠷ᠎ᠠ ᠤᠶᠢᠷᠡᠲᠤᠬᠤ ᠲᠤᠳᠤᠮ᠂ ᠬᠠᠳᠠᠭᠠᠭᠰᠠᠨ ᠵᠢᠮᠢᠰ

ᠬᠤᠳᠠᠯᠳᠤᠨ ᠠᠪᠬᠤ ᠬᠦᠮᠦᠰ ᠢᠯᠡᠦᠲᠡ ᠨᠡᠮᠡᠭᠳᠡᠵᠡᠢ᠃ ᠵᠠᠬ᠎ᠠ ᠳᠡᠯᠭᠡᠭᠦᠷ ᠲᠣᠲᠣᠷ᠎ᠠ᠂ ᠮᠠᠰᠢ ᠣᠯᠠᠨ

ᠬᠤᠳᠠᠯᠳᠣᠭᠠᠨ ᠤ ᠮᠤᠬᠤᠯᠠᠭ ᠨᠢ ᠡᠭᠦᠳᠡᠨ ᠤ ᠳᠡᠷᠭᠡᠲᠡ ᠲᠦᠷ ᠴᠠᠭ ᠤᠨ ᠵᠢᠯ ᠤᠨ ᠮᠠᠶᠢᠮᠠᠢ ᠬᠤᠳᠠᠯᠳᠤᠵᠤ ᠪᠠᠶᠢᠯ᠎ᠠ᠃

ᠲᠤᠭᠤᠷᠢᠨ ᠰᠤᠷᠪᠤᠯᠵᠢᠯᠠᠬᠤ ᠶᠠᠪᠤᠴᠠ ᠳᠤᠮᠳᠠ᠂ ᠰᠤᠷᠪᠤᠯᠵᠢᠯᠠᠭᠴᠢ ᠤᠶᠢᠯᠭᠠᠭᠰᠠᠨ ᠢᠶᠠᠷ᠂ ᠣᠳᠤᠬᠠᠨ ᠳᠤ ᠵᠠᠬ᠎ᠠ

ᠳᠡᠯᠭᠡᠭᠦᠷ ᠲᠤ ᠪᠠᠷᠠᠭ᠎ᠠ ᠶᠢᠨ ᠢᠷᠡᠯᠲᠡ ᠡᠯᠪᠡᠭ ᠳᠡᠯᠪᠡᠭ ᠪᠠᠶᠢᠵᠤ᠂ ᠦᠨ᠎ᠡ ᠬᠠᠨᠠᠭᠠᠰᠠᠢ ᠨᠢ ᠲᠤᠭᠳᠠᠭᠤᠨ ᠪᠠᠶᠢᠨ᠎ᠠ᠃

ᠡᠯ᠎ᠡ ᠬᠤᠳᠠᠯᠳᠤᠭᠠᠨ ᠤ ᠭᠡᠷ ᠤᠳ ᠤᠤᠯ ᠠᠴᠠ ᠪᠠᠨ ᠬᠢᠵᠢᠭ ᠢ ᠰᠡᠷᠭᠡᠶᠢᠯᠡᠬᠦ ᠠᠵᠢᠯ ᠢ ᠰᠠᠶᠢᠲᠤᠷ ᠬᠢᠵᠦ᠂ ᠠᠷᠠᠳ

ᠣᠯᠠᠨ ᠤ ᠪᠠᠶᠠᠷ ᠪᠠᠶᠠᠰᠬᠤᠯᠠᠩᠲᠠᠢ᠂ ᠲᠠᠶᠢᠪᠤᠭᠤᠨ ᠠᠮᠤᠭᠤᠯᠠᠩ᠂ ᠠᠮᠤᠷ ᠮᠡᠨᠳᠦ ᠴᠠᠭᠠᠨ ᠰᠠᠷ᠎ᠠ ᠪᠠᠨ

ᠥᠩᠭᠡᠷᠡᠭᠦᠯᠬᠦ ᠶᠢ ᠪᠠᠲᠤᠯᠠᠨ᠎ᠠ᠃

 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号