ᠬᠠᠷᠠᠴᠢᠨ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠲᠤᠪᠴᠢᠶ᠎ᠠ ᠪᠠᠶᠠᠷ ᠤᠨ ᠡᠳᠦᠷ ᠤᠨ ᠵᠠᠬ᠎ᠠ ᠳᠡᠯᠭᠡᠭᠦᠷ ᠢ ᠪᠠᠲᠤ ᠰᠠᠬᠢᠵᠤ᠂ ᠡᠮ ᠪᠠ ᠢᠳᠡᠭᠡᠨ ᠤ ᠠᠮᠤᠷ ᠲᠥᠪᠰᠢᠨ ᠢ ᠪᠠᠲᠤᠯᠠᠵᠦ ᠪᠠᠶᠢᠨ᠎ᠠ
ᠨᠡᠶᠢᠲᠡᠯᠡᠭᠰᠡᠨ ᠴᠠᠭ᠄
2021/3/18

   ᠤᠷᠴᠢᠮ ᠤᠨ ᠡᠳᠦᠷ ᠤᠳ ᠲᠤ᠂ ᠬᠠᠷᠠᠴᠢᠨ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠨ ᠬᠠᠮᠢᠶᠠᠷᠬᠤ

ᠲᠤᠪᠴᠢᠶ᠎ᠠ ᠨᠢ ᠨᠢᠭᠡᠳᠦᠭᠡᠷ ᠹᠠᠷᠤᠨᠲ ᠢ ᠪᠠᠲᠤ ᠰᠠᠬᠢᠵᠤ᠂ ᠴᠠᠭᠠᠨ ᠰᠠᠷ᠎ᠠ ᠶᠢᠨ ᠬᠤᠭᠤᠴᠠᠭᠠᠨ ᠳᠠᠬᠢ ᠢᠳᠡᠭᠡᠨ

ᠤᠮᠳᠠᠭᠠᠨ ᠡᠮ ᠲᠠᠩ ᠤᠨ ᠦᠢᠯᠡᠳᠪᠦᠷᠢᠯᠡᠨ ᠡᠵᠡᠩᠨᠡᠬᠦ ᠪᠠᠶᠢᠭᠤᠯᠤᠯᠭ᠎ᠠ ᠳᠤ ᠲᠤᠭᠤᠷᠢᠨ ᠪᠠᠶᠢᠴᠠᠭᠠᠬᠤ ᠪᠠᠨ

ᠴᠢᠩᠭᠠᠳᠬᠠᠠᠨ᠂ ᠬᠢᠵᠢᠭ ᠢ ᠰᠡᠷᠭᠡᠶᠢᠯᠡᠬᠦ ᠠᠵᠢᠯ ᠤᠨ ᠪᠠᠶᠢᠴᠠᠭᠠᠯᠲᠠ ᠪᠠᠨ ᠴᠢᠩᠭᠠᠳᠬᠠᠠᠨ᠂ ᠴᠠᠭᠠᠨ ᠰᠠᠷ᠎ᠠ ᠶᠢᠨ

ᠬᠤᠭᠤᠴᠠᠭᠠᠨ ᠳᠠᠬᠢ ᠣᠯᠠᠨ  ᠲᠥᠮᠡᠨ ᠤ ᠢᠳᠡᠭᠡᠨ ᠤᠮᠳᠠᠭᠠᠨ ᠤ ᠠᠮᠤᠷ ᠲᠥᠪᠰᠢᠨ ᠢ ᠪᠥᠲᠥᠮᠵᠢᠲᠠᠢ ᠬᠠᠮᠠᠭᠠᠯᠠᠵᠠᠢ᠃

ᠵᠠᠬ᠎ᠠ ᠳᠡᠯᠭᠡᠭᠦᠷ ᠤᠨ ᠬᠢᠨᠠᠨ ᠬᠠᠮᠢᠶᠠᠷᠬᠤ ᠲᠤᠪᠴᠢᠶ᠎ᠠ ᠨᠢ ︽ᠳᠦᠷᠪᠡᠨ ᠬᠦᠨᠳᠤ ᠭᠤᠷᠪᠠᠨ ᠲᠤᠭᠳᠠᠭᠠᠯ︾ ᠤᠨ

ᠠᠵᠢᠯ ᠤᠨ ᠴᠢᠭᠯᠡᠯᠲᠡ ᠶᠢᠨ ᠶᠤᠰᠤᠭᠠᠷ᠂ ᠬᠤᠭᠤᠯᠠᠨ ᠭᠡᠷ᠂ ᠶᠡᠭᠡ ᠳᠤᠮᠳᠠ ᠬᠡᠯᠪᠡᠷᠢ ᠶᠢᠨ ᠪᠠᠭᠤᠳᠠᠯ᠂ ᠬᠡᠳᠦ

ᠳᠡᠯᠭᠡᠭᠦᠷ ᠵᠡᠷᠭᠡ ᠢᠳᠡᠭᠡᠨ ᠤᠮᠳᠠᠭᠠᠨ ᠡᠮ ᠲᠠᠩ ᠬᠤᠳᠠᠯᠳᠣᠨ ᠡᠵᠡᠩᠨᠡᠳᠡᠭ ᠪᠠᠶᠢᠭᠤᠯᠤᠯᠭ᠎ᠠ ᠨᠢᠭᠡᠴᠡ ᠳᠤ

ᠶᠠᠪᠤᠭᠳᠠᠭᠤᠯᠬᠤ ᠲᠣᠭᠤᠷᠢᠨ ᠪᠠᠶᠢᠴᠠᠭᠠᠬᠤ ᠡᠷᠴᠢ ᠪᠤᠯᠤᠨ ᠬᠢᠵᠢᠭ ᠢ ᠰᠡᠷᠭᠡᠶᠢᠯᠡᠬᠦ ᠪᠠᠶᠢᠴᠠᠭᠠᠯᠲᠠ ᠪᠠᠨ ᠴᠢᠩᠭᠠᠳᠬᠠᠠᠨ᠂

ᠥᠨᠳᠦᠷ ᠠᠶᠤᠯ ᠲᠠᠢ ᠢᠳᠡᠭᠡᠨ ᠪᠤᠯᠪᠠᠰᠤᠷᠠᠭᠤᠯᠬᠤ ᠠᠵᠤ ᠠᠬᠤᠶᠢᠯᠠᠯ ᠬᠢᠭᠡᠳ ᠭᠠᠷ ᠦᠢᠯᠡᠳᠭᠡᠯ ᠤᠨ ᠭᠠᠵᠠᠷ ᠲᠤ

ᠭᠤᠣᠯᠳᠠᠯᠭ᠎ᠠ ᠲᠠᠢ ᠬᠢᠨᠠᠯᠲᠠ ᠲᠠᠯᠪᠢᠵᠤ᠂ ᠪᠠᠴᠢᠮ ᠪᠠᠶᠢᠳᠠᠯ ᠢ  ᠰᠢᠢᠳᠪᠦᠷᠢᠯᠡᠬᠦ ᠠᠷᠭ᠎ᠠ ᠬᠡᠮᠵᠢᠶ᠎ᠡ ᠠᠪᠤᠪᠠ᠃

   ᠣᠳᠣ ᠪᠤᠯᠲᠠᠯ᠎ᠠ ᠢᠳᠡᠭᠡᠨ ᠤᠮᠳᠠᠭᠠᠨ ᠡᠮ ᠲᠠᠩ ᠢ ᠦᠢᠯᠡᠳᠪᠦᠷᠢᠯᠡᠨ ᠡᠵᠡᠩᠨᠡᠬᠦ ᠪᠠᠶᠢᠭᠤᠯᠭ᠎ᠠ ᠨᠢᠭᠡᠴᠡ ᠶᠢ

ᠨᠡᠶᠢᠲᠡ 3758 ᠪᠠᠶᠢᠭᠤᠯᠤᠯᠭ᠎ᠠ ᠤᠳᠠᠭ᠎ᠠ ᠪᠠᠶᠢᠴᠠᠭᠠᠵᠤ᠂120 ᠤᠳᠠᠭ᠎ᠠ ᠢᠳᠡᠭᠡᠨ ᠢ ᠰᠤᠩᠭᠤᠨ ᠪᠠᠶᠢᠴᠠᠭᠠᠵᠤ᠂

ᠵᠠᠰᠠᠨ ᠰᠠᠶᠢᠵᠢᠷᠠᠭᠤᠯᠬᠤ ᠵᠠᠷᠯᠢᠭ ᠢ 8 ᠬᠤᠪᠢ ᠪᠠᠭᠤᠯᠭᠠᠵᠤ᠂ ᠬᠡᠷᠡᠭ ᠡᠭᠦᠰᠭᠡᠨ ᠪᠠᠶᠢᠴᠠᠭᠠᠭᠰᠠᠨ ᠨᠢ 6 ᠤᠳᠠᠭ᠎ᠠ

ᠪᠤᠯᠵᠠᠢ᠃

 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号