2021ᠤᠨ ᠤ ᠵᠠᠰᠠᠭ ᠤᠨ ᠤᠷᠳᠤᠨ ᠤ ᠠᠵᠢᠯ ᠤᠨ ᠢᠯᠡᠳᠭᠡᠯ | | ——2021ᠤᠨ ᠤ 3 ᠰᠠᠷ᠎ᠠ ᠶᠢᠨ 10 ᠤ ᠡᠳᠦᠷ ᠬᠠᠷᠠᠴᠢᠨ ᠬᠤᠰᠢᠭᠤᠨ ᠤ ᠠᠷᠪᠠᠨ | ᠲᠤᠯᠤᠳᠤᠭᠠᠷ ᠬᠤᠭᠤᠴᠠᠭᠠᠨ ᠤ | | ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ | ᠲᠠᠪᠤᠳᠤᠭᠠᠷ ᠤᠳᠠᠭᠠᠨ ᠤ ᠬᠤᠷᠠᠯᠳᠤᠭᠠᠨ ᠲᠡᠭᠡᠷ᠎ᠡ | | ᠬᠤᠰᠢᠭᠤᠨ ᠲᠠᠷᠤᠭ᠎ᠠ ᠵᠠᠩ ᠭᠦᠸᠧ ᠬᠤᠸᠠ | | ᠲᠦᠯᠦᠭᠡᠯᠡᠭᠴᠢᠳ ᠡ᠄ | | ᠤᠳᠤ᠂ ᠪᠢ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠢ ᠲᠦᠯᠦᠭᠡᠯᠡᠵᠦ ᠶᠡᠭᠡ ᠬᠤᠷᠠᠯ ᠳᠤ ᠠᠵᠢᠯ ᠤᠨ | ᠢᠯᠡᠳᠭᠡᠯ ᠬᠢᠶ᠎ᠡ᠂ ︽ᠬᠠᠷᠠᠴᠢᠨ ᠬᠤᠰᠢᠭᠤᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ | ᠬᠦᠭᠵᠢᠯᠳᠡ ᠶᠢᠨ ᠠᠷᠪᠠᠨ ᠲᠦᠷᠪᠡᠳᠦᠭᠡᠷ ᠲᠠᠪᠤᠨ ᠵᠢᠯ ᠤᠨ ᠲᠦᠯᠦᠪᠵᠢᠭᠦᠯᠭᠡ ᠪᠠ 2035 ᠤᠨ ᠤ ᠠᠯᠤᠰ ᠤᠨ | ᠬᠠᠷᠠᠯᠳᠠ ᠶᠢᠨ ᠬᠦᠳᠦᠯᠪᠦᠷᠢ ︵ᠲᠦᠰᠦᠯ︶︾ ᠢ ᠬᠠᠮᠳᠤ ᠳᠤ ᠨᠢ ᠬᠢᠨᠠᠨ ᠵᠦᠪᠯᠡᠬᠦ ᠪᠤᠯᠪᠠ ᠤᠤ᠂ ᠬᠤᠰᠢᠭᠤᠨ ᠤ | ᠤᠯᠤᠰ ᠲᠦᠷᠦ ᠶᠢᠨ ᠵᠦᠪᠯᠡᠯᠭᠡᠨ ᠤ ᠭᠡᠰᠢᠭᠦᠳ ᠪᠠ ᠰᠤᠯᠠ ᠤᠷᠤᠯᠴᠠᠭᠰᠠᠨ ᠨᠦᠭᠦᠳ ᠴᠤ ᠰᠠᠨᠠᠯ ᠢᠶᠠᠨ ᠲᠤᠷᠠᠳᠬᠤ | ᠪᠤᠯᠪᠠ ᠤᠤ᠃ | | ᠨᠢᠭᠡ᠂ 2020 ᠤᠨ ᠤ ᠠᠵᠢᠯ ᠤᠨ ᠡᠷᠭᠢᠴᠡᠭᠦᠯᠦᠯ | | ᠦᠩᠭᠡᠷᠡᠭᠰᠡᠨ ᠨᠢᠭᠡ ᠵᠢᠯ ᠳᠤ᠂ ᠦᠭᠡᠷᠡᠴᠢᠯᠡᠯᠳᠡ ᠬᠦᠭᠵᠢᠬᠦᠯᠦᠯᠳᠡ ᠲᠤᠭᠳᠠᠭᠤᠨ ᠪᠠᠶᠢᠯᠭᠠᠬᠤ ᠰᠢᠷᠭᠠᠭᠤ | ᠬᠠᠳᠠᠭᠤᠵᠢᠯᠳᠠᠢ ᠡᠭᠦᠷᠭᠡ ᠤᠨᠴᠠᠭᠠᠶᠢᠯᠠᠨ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠭᠡᠨᠡᠳᠳᠡ ᠶᠢᠨ | ᠬᠢᠵᠢᠭ ᠤᠨ ᠪᠠᠶᠢᠳᠠᠯ ᠳᠤ ᠬᠠᠨᠳᠤᠭᠤᠯᠵᠤ᠂ ᠬᠤᠳᠠ ᠶᠢᠨ ᠨᠠᠮ ᠤᠨ ᠬᠤᠷᠢᠶ᠎ᠠ ᠪᠠ ᠬᠤᠰᠢᠭᠤᠨ ᠤ ᠨᠠᠮ ᠤᠨ ᠬᠤᠷᠢᠶᠠᠨ | ᠤ ᠪᠠᠳᠤ ᠴᠢᠩᠭ᠎ᠠ ᠤᠳᠤᠷᠢᠳᠤᠯᠭ᠎ᠠ ᠲᠤᠤᠷ᠎ᠠ᠂ ᠪᠢᠳᠡ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠦᠭᠵᠢᠯᠳᠡ ᠶᠢ ᠨᠢᠭᠡᠳᠦᠯᠵᠢᠬᠦᠯᠦᠨ ᠠᠬᠢᠭᠤᠯᠵᠤ᠂ | ︽ᠵᠢᠷᠭᠤᠭ᠎ᠠ ᠶᠢ ᠲᠣᠭᠲᠠᠪᠤᠷᠢᠵᠢᠭᠤᠯᠬᠤ︾ ᠠᠵᠢᠯ ᠢ ᠲᠤᠤᠱᠲᠠᠢ ᠬᠢᠵᠦ᠂ ︽ᠵᠢᠷᠭᠤᠭ᠎ᠠ ᠶᠢ ᠪᠠᠲᠤᠯᠠᠬᠤ︾ | ᠡᠭᠦᠷᠭᠡ ᠶᠢ ᠪᠦᠷᠢᠨ ᠬᠡᠷᠡᠭᠵᠢᠭᠦᠯᠦᠭᠰᠡᠨ ᠠᠴᠠ ᠪᠦᠬᠦ ᠬᠤᠰᠢᠭᠤᠨ ᠤ ᠠᠵᠤ ᠠᠬᠤᠢ ᠲᠤᠭᠳᠠᠭᠤᠨ ᠪᠠᠶᠢᠬᠤ ᠪᠠᠶᠢᠳᠠᠯ ᠢ | ᠪᠡᠶᠡᠯᠡᠬᠦᠯᠵᠦ᠂ ᠨᠡᠶᠢᠭᠡᠮ ᠤᠨ ᠪᠦᠬᠦ ᠪᠠᠶᠢᠳᠠᠯ ᠡᠶ᠎ᠡ ᠵᠤᠬᠢᠴᠠᠯ ᠲᠠᠢ ᠪᠠᠶᠢᠬᠤ ᠶᠢ ᠪᠠᠳᠤᠯᠠᠵᠤ ᠴᠢᠳᠠᠪᠠ᠃ ᠪᠦᠬᠦ | ᠬᠤᠰᠢᠭᠤᠨ ᠤ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠥᠷᠲᠡᠭ ᠢ 87.2 ᠳ᠋ᠦᠩᠰᠢᠭᠤᠷ ᠲᠦᠭᠦᠷᠢᠭ | ᠪᠡᠶᠡᠯᠡᠬᠦᠯᠵᠦ᠂ ᠠᠳᠠᠯᠢ ᠬᠤᠭᠤᠴᠠᠭᠠᠨ ᠤ ᠬᠢ ᠠᠴᠠ 3 % ᠪᠠᠷ ᠨᠡᠮᠡᠭᠳᠡᠭᠦᠯᠪᠡ᠂ ᠤᠯᠠᠨ ᠨᠡᠶᠢᠳᠡ ᠶᠢᠨ ᠡᠳ᠋ ᠤᠨ | ᠵᠠᠰᠠᠭ ᠤᠨ ᠲᠦᠰᠦᠪ ᠤᠨ ᠤᠷᠤᠯᠭ᠎ᠠ ᠶᠢ 4.7 ᠳ᠋ᠦᠩᠰᠢᠭᠤᠷ ᠲᠦᠭᠦᠷᠢᠭ ᠪᠡᠶᠡᠯᠡᠬᠦᠯᠵᠦ᠂ 15% ᠪᠠᠷ | ᠨᠡᠮᠡᠭᠳᠡᠭᠦᠯᠵᠦ᠂ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠬᠦᠮᠦᠨ ᠪᠦᠷᠢ ᠲᠡᠭᠰᠢᠳᠭᠡᠭᠰᠡᠨ ᠡᠵᠡᠮᠳᠡᠵᠦ ᠪᠤᠯᠬᠤ | ᠤᠷᠤᠯᠭ᠎ᠠ 30891 ᠲᠦᠭᠦᠷᠢᠭ ᠪᠠ 13494 ᠲᠦᠭᠦᠷᠢᠭ ᠬᠦᠷᠭᠡᠵᠦ᠂ ᠲᠤᠰᠪᠤᠷᠢ 2.5% ᠪᠠ 8.5% ᠪᠠᠷ | ᠨᠡᠮᠡᠭᠳᠡᠭᠦᠯᠪᠡ᠂ ᠲᠤᠭᠳᠠᠮᠠᠯ ᠬᠦᠷᠦᠩᠭᠡ ᠶᠢᠨ ᠪᠡᠯᠡ ᠤᠷᠤᠭᠤᠯᠤᠯᠳᠠ 23.3 ᠳ᠋ᠦᠩᠰᠢᠭᠤᠷ ᠲᠦᠭᠦᠷᠢᠭ ᠪᠡᠶᠡᠯᠡᠬᠦᠯᠪᠡ | ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠬᠤ ᠶᠡᠷᠦᠩᠬᠡᠶ ᠲᠤᠭ᠎ᠠ ᠶᠢ 30.2 ᠳ᠋ᠦᠩᠰᠢᠭᠤᠷ | ᠲᠦᠭᠦᠷᠢᠭ ᠪᠡᠶᠡᠯᠡᠬᠦᠯᠪᠡ᠂ ᠡᠭᠦᠨ ᠤ ᠲᠤᠳᠤᠷ᠎ᠠ᠂ ᠲᠤᠭᠳᠠᠮᠠᠯ ᠬᠦᠷᠦᠩᠭᠡ ᠶᠢᠨ ᠪᠡᠯᠡ ᠤᠷᠤᠭᠤᠯᠤᠯᠳᠠ ᠶᠢᠨ | ᠨᠡᠮᠡᠭᠳᠡᠯ ᠤᠨ ᠬᠤᠷᠳᠤᠴᠠ ᠨᠢ ᠪᠦᠬᠦ ᠬᠤᠰᠢᠭᠤᠨ ᠤ ᠲᠡᠭᠰᠢᠳᠭᠡᠭᠰᠡᠨ ᠬᠢᠷᠢ ᠲᠦᠪᠰᠢᠨ ᠠᠴᠠ ᠲᠤᠤᠷ᠎ᠠ ᠪᠠᠶᠢᠬᠤ ᠶᠢ | ᠭᠠᠳᠠᠨ᠎ᠠ᠂ ᠭᠠᠵᠠᠷ ᠤᠷᠤᠨ ᠤ ᠦᠢᠯᠡᠳᠪᠦᠷᠢᠯᠡᠯ ᠤᠨ ᠶᠡᠷᠦᠩᠬᠡᠢ ᠦᠷᠳᠡᠭ᠂ ᠤᠯᠠᠨ ᠨᠡᠶᠢᠳᠡ ᠶᠢᠨ ᠡᠳ᠋ ᠤᠨ | ᠵᠠᠰᠠᠭ ᠤᠨ ᠲᠦᠰᠦᠪ ᠤᠨ ᠤᠷᠤᠯᠭ᠎ᠠ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠬᠤ ᠶᠡᠷᠦᠩᠬᠡᠶ | ᠲᠤᠭ᠎ᠠ᠂ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠤᠷᠤᠯᠭ᠎ᠠ ᠶᠢᠨ ᠨᠡᠮᠡᠭᠳᠡᠯ ᠤᠨ ᠬᠤᠷᠳᠤᠴᠠ ᠨᠢ ᠪᠦᠬᠦ | ᠬᠤᠳᠠ ᠶᠢᠨ ᠬᠢ ᠠᠴᠠ 1.6᠂ 8.0᠂1.9᠂ 0.5 ᠵᠠᠭᠤᠨ ᠤ ᠬᠤᠪᠢ ᠦᠨᠳᠦᠷ ᠪᠠᠶᠢᠵᠤ᠂ ᠤᠨᠴᠠᠭᠠᠶᠢᠯᠠᠨ | ᠬᠡᠪᠴᠢᠶᠡᠨ ᠠᠴᠠ ᠲᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠦᠷᠳᠡᠭ ᠤᠨ ᠬᠤᠷᠠᠮᠳᠤᠯ ᠤᠨ ᠬᠤᠷᠳᠤᠴᠠ | 131.6% ᠪᠠᠶᠢᠵᠤ᠂ ᠪᠦᠬᠦ ᠬᠤᠳᠠ ᠶᠢᠨ ᠬᠢ ᠠᠴᠠ 125 ᠵᠠᠭᠤᠨ ᠤ ᠬᠤᠪᠢ ᠦᠨᠳᠦᠷ ᠪᠤᠯᠵᠤ᠂ ᠪᠦᠬᠦ | ᠬᠤᠳᠠ ᠶᠢᠨ 1 ᠳ᠋ᠦ᠋ᠭᠡᠷ ᠪᠠᠶᠢᠷᠢ ᠳᠤ ᠵᠢᠭᠰᠠᠭᠠᠭᠳᠠᠪᠠ᠃ ᠦᠵᠡᠬᠦ ᠳᠤ ᠡᠭᠡᠯ ᠶᠠᠷᠤᠮᠳᠡᠭ ᠠᠳᠠᠯ᠎ᠠ ᠪᠠᠨ ᠤᠨᠴᠠᠭᠠᠢ | ᠲᠤᠪᠤᠶᠢᠮ᠎ᠠ᠂ ᠤᠯᠤᠯᠳᠠ ᠠᠮᠵᠢᠯᠳᠠ ᠨᠢ ᠠᠮᠠᠷ ᠬᠢᠯᠪᠡᠷ ᠭᠡᠳᠡᠭ ᠴᠤ ᠰᠢᠷᠭᠠᠭᠤ ᠬᠠᠳᠠᠭᠤᠵᠢᠯᠳᠠᠢ ᠪᠢᠯᠡ᠃ ᠡᠶᠢᠮᠦᠷᠬᠦ | ᠠᠮᠵᠢᠯᠳᠠ ᠶᠢ ᠤᠯᠵᠤ ᠠᠪᠴᠢᠷᠠᠭᠰᠠᠨ ᠦᠨᠡᠬᠡᠷ ᠬᠢᠯᠪᠠᠷ ᠪᠢᠰᠢ ᠪᠢᠯᠡ᠃ ᠨᠢᠭᠡ ᠵᠢᠯ ᠤᠨ ᠲᠤᠷᠰᠢ᠂ ᠪᠢᠳᠠ ᠦᠨᠡᠨ | ᠠᠴᠠ ᠵᠦᠪ ᠢ ᠡᠷᠢᠬᠦ ᠶᠢ ᠪᠠᠷᠢᠮᠳᠠᠯᠠᠵᠤ᠂ ᠬᠦᠴᠢᠷ ᠪᠡᠷᠬᠡ ᠪᠠ ᠦᠷᠢᠰᠦᠯᠳᠦᠭᠡᠨ ᠳᠤ ᠵᠦᠪ ᠬᠠᠨᠳᠤᠵᠤ᠂ ᠴᠠᠭ ᠤᠨ | ᠪᠠᠶᠢᠳᠠᠯ ᠤᠨ ᠬᠤᠪᠢᠷᠠᠯᠳᠠ ᠶᠢ ᠦᠨᠳᠦᠰᠦᠯᠡᠵᠦ᠂ ᠠᠷᠭᠠᠴᠠᠭᠠᠬᠤ ᠠᠷᠭ᠎ᠠ ᠪᠤᠳᠤᠯᠭ᠎ᠠ ᠪᠠᠨ ᠴᠠᠭ ᠲᠤᠬᠠᠢ ᠳᠤ ᠨᠢ | ᠲᠤᠬᠢᠷᠠᠭᠤᠯᠵᠤ᠂ ᠬᠠᠷᠠᠴᠢᠨ ᠤ ᠪᠠᠨ ᠲᠡᠭᠡᠳᠦ ᠴᠢᠨᠠᠷ ᠴᠢᠨᠰᠠᠭᠠᠳᠤ ᠬᠦᠭᠵᠢᠯᠳᠡ ᠲᠡᠰᠢ ᠤᠷᠤᠭᠰᠢᠯᠠᠬᠤ ᠶᠢ ᠪᠦᠬᠦ | ᠬᠦᠴᠦᠨ ᠢᠶᠠᠷ ᠢᠶᠠᠨ ᠠᠬᠢᠭᠤᠯᠵᠤ᠂ ︽ᠠᠷᠪᠠᠨ ᠭᠤᠷᠪᠠᠳᠤᠭᠠᠷ ᠲᠠᠪᠤᠨ ᠵᠢᠯ︾ ᠢᠶᠠᠨ ᠠᠮᠵᠢᠯᠳᠠᠳᠠᠢ ᠲᠡᠭᠦᠰᠭᠡᠬᠦ ᠳᠤ | ᠬᠢᠷᠢ ᠲᠡᠩᠴᠡᠭᠰᠡᠨ ᠬᠠᠷᠢᠭᠤᠯᠳᠠ ᠶᠢᠨ ᠬᠠᠭᠤᠳᠠᠰᠤ ᠲᠤᠰᠢᠶᠠᠵᠤ᠂ ︽ᠠᠷᠪᠠᠨ ᠲᠦᠷᠪᠡᠳᠦᠭᠡᠷ ᠲᠠᠪᠤᠨ ᠵᠢᠯ︾ ᠰᠠᠶᠢᠨ | ᠡᠬᠢᠯᠡᠯᠳᠡ ᠲᠠᠢ ᠪᠤᠯᠭᠠᠬᠤ ᠪᠠᠳᠤ ᠰᠠᠭᠤᠷᠢ ᠶᠢ ᠲᠠᠯᠪᠢᠵᠤ ᠴᠢᠳᠠᠪᠠ᠃ | | ︵ᠨᠢᠭᠡ︶ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠡᠷᠴᠢᠮᠳᠡᠢ ᠡᠰᠡᠷᠭᠦᠴᠡᠪᠡ᠃ | ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ ᠪᠠᠷᠢᠮᠲᠠᠯᠠᠵᠤ᠂ ᠶᠠᠭᠤᠨ ᠤ ᠲᠡᠷᠢᠭᠦᠨ ᠳᠤ | ᠬᠠᠮᠲᠤᠷᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ᠂ ᠣᠯᠠᠨ ᠢᠶᠠᠷ ᠢᠶᠠᠨ ᠣᠷᠣᠯᠴᠠᠵᠤ ᠣᠯᠠᠨ ᠢᠶᠠᠷ ᠢᠶᠠᠨ | ᠬᠢᠵᠠᠭᠠᠷᠯᠠᠬᠤ ᠪᠠᠶᠢᠩᠭᠤ ᠶᠢᠨ ᠠᠵᠢᠯᠯᠠᠭ᠎ᠠ ᠲᠠᠢ ᠰᠡᠷᠭᠡᠶᠢᠯᠡᠨ ᠡᠵᠡᠮᠳᠡᠬᠦ ᠰᠢᠰᠲ᠋ᠧᠮ ᠢ ᠪᠣᠢ ᠪᠣᠯᠭᠠᠨ᠂ 6600 ᠭᠠᠷᠤᠢ | ᠨᠠᠮ ᠤᠨ ᠭᠡᠰᠢᠭᠦᠳ᠂ 2400 ᠭᠠᠷᠤᠢ ᠡᠮᠨᠡᠯᠭᠡ ᠶᠢᠨ ᠠᠵᠢᠯᠳᠠᠳ᠂ 1600 ᠭᠠᠷᠤᠢ ᠲᠤᠤᠷᠴᠢᠯᠠᠯᠳᠠ ᠶᠢᠨ | ᠭᠡᠰᠢᠭᠦᠳ ᠰᠡᠷᠭᠡᠶᠢᠯᠡᠯᠳᠡ ᠶᠢᠨ ᠨᠢᠭᠡᠳᠦᠭᠡᠷ ᠤᠳᠠᠰᠤᠨ ᠳᠤ ᠴᠤᠭᠯᠠᠷᠠᠵᠤ᠂ ᠪᠦᠬᠦ ᠲᠠᠯ᠎ᠠ ᠪᠠᠷ ᠪᠠᠶᠢᠴᠠᠭᠠᠬᠤ᠂ | ᠬᠠᠯᠳᠠᠪᠤᠷᠢᠳᠤ ᠡᠪᠡᠳᠴᠢᠨ ᠤ ᠪᠠᠶᠢᠴᠠᠭᠠᠯᠳᠠ ᠶᠢ ᠤᠨᠤᠴᠢᠳᠠᠢ ᠬᠢᠵᠦ᠂ ᠪᠢᠳᠠᠭᠦᠮᠵᠢᠯᠡᠨ ᠬᠠᠮᠢᠶᠠᠷᠬᠤ᠂ ᠪᠠᠴᠢᠮ | ᠪᠠᠶᠢᠳᠠᠯ ᠢ ᠠᠷᠭᠠᠴᠠᠭᠠᠨ ᠪᠠᠳᠤᠯᠠᠭ᠎ᠠ ᠵᠡᠷᠭᠡ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠲᠤᠤᠱᠯᠠᠭᠤᠯᠵᠤ᠂ | ᠨᠢᠭᠡᠳᠦᠯᠳᠡᠢ ᠵᠢᠯᠤᠭᠤᠳᠬᠤ᠂ ᠪᠦᠬᠦ ᠲᠠᠯ᠎ᠠ ᠪᠠᠷ ᠪᠠᠶᠢᠷᠢᠯᠠᠭᠤᠯᠬᠤ᠂ ᠪᠤᠰᠤᠭ᠎ᠠ ᠴᠤᠭᠴᠠᠳᠤ ᠰᠡᠷᠭᠡᠶᠢᠯᠡᠯᠳᠡ ᠶᠢᠨ | ᠪᠠᠶᠢᠳᠠᠯ ᠢ ᠲᠠᠷᠤᠢ ᠲᠦᠷᠭᠡᠨ ᠪᠦᠷᠢᠯᠳᠦᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠷᠢᠭᠯᠠᠯᠳᠠ ᠶᠢᠨ | ᠲᠠᠶᠢᠨ ᠢ ᠪᠦᠬᠦ ᠲᠠᠯ᠎ᠠ ᠪᠠᠷ ᠡᠬᠢᠯᠡᠭᠦᠯᠪᠡ᠃ ︽ᠭᠠᠳᠠᠨ᠎ᠠ ᠳᠣᠲᠣᠨ᠎ᠠ ᠶᠢᠨ ᠬᠠᠯᠳᠠᠪᠤᠷᠢ ᠦᠭᠡᠢ︾ ᠪᠠᠶᠢᠬᠤ᠂ ︽ | ᠬᠦᠮᠦᠨ ᠪᠤᠳᠠᠰ ᠢ ᠵᠡᠷᠭᠡᠪᠡᠷ ᠰᠡᠷᠭᠡᠶᠢᠯᠡᠬᠦ︾ ︽ᠤᠷᠴᠢᠨ ᠲᠤᠭᠤᠷᠢᠨ ᠢ ᠠᠳᠠᠯᠢᠬᠠᠨ ᠪᠠᠶᠢᠴᠠᠭᠠᠬᠤ︾ ᠱᠠᠭᠠᠷᠳᠠᠯᠭ᠎ᠠ | ᠶᠢ ᠴᠢᠩᠭ᠎ᠠ ᠲᠤᠤᠱᠯᠠᠭᠤᠯᠤᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠠᠶᠢᠩᠭᠤ ᠶᠢᠨ ᠴᠢᠨᠠᠷᠳᠠᠢ | ᠪᠤᠯᠭᠠᠬᠤ ᠶᠢ ᠡᠷᠴᠢᠮᠳᠠᠢ ᠠᠬᠢᠭᠤᠯᠵᠤ᠂ ᠦᠪᠦᠷ ᠮᠤᠩᠭᠤᠯ ᠠᠴᠠ ᠪᠡᠭᠡᠵᠢᠩ ᠳᠤ ᠤᠴᠢᠬᠤ᠂ ᠾᠧᠪᠧᠢ ᠠᠴᠠ ᠦᠪᠦᠷ | ᠮᠤᠩᠭᠤᠯ ᠳᠤ ᠤᠷᠤᠬᠤ ᠵᠡᠷᠭᠡ ᠬᠤᠷᠢᠭ᠎ᠠ ᠪᠤᠭᠤᠮᠳᠠ ᠶᠢᠨ ᠪᠠᠶᠢᠴᠠᠭᠠᠯᠳᠠ ᠶᠢ ᠴᠢᠩᠭᠠᠳᠬᠠᠨ᠂ ᠢᠦᠢ ᠯᠦᠩ | ᠨᠢᠰᠭᠡᠯ ᠤᠨ ᠪᠠᠭᠤᠳᠠᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠤᠬᠢᠴᠠᠭᠤᠯᠤᠯᠳᠠ ᠶᠢ ᠨᠢᠭᠡᠳᠦᠯᠵᠢᠭᠦᠯᠦᠨ᠂ | ᠡᠮ ᠡᠮᠨᠡᠯᠭᠡ ᠶᠢᠨ ᠪᠠᠶᠢᠭᠤᠯᠤᠮᠵᠢ᠂ ᠬᠤᠳᠠᠯᠳᠤᠭ᠎ᠠ ᠬᠡᠳᠦ ᠲᠡᠯᠭᠡᠭᠦᠷ᠂ ᠨᠠᠰᠤᠳᠠᠳ ᠢ ᠠᠰᠠᠷᠠᠬᠤ ᠬᠦᠷᠢᠶᠡᠯᠡᠩ᠂ | ᠰᠤᠷᠭᠠᠭᠤᠯᠢ ᠵᠡᠷᠭᠡ ᠭᠤᠤᠯᠳᠠᠯᠭ᠎ᠠ ᠲᠠᠢ ᠭᠠᠵᠠᠷ ᠤᠷᠤᠨ ᠳᠤ ᠴᠢᠩᠭ᠎ᠠ ᠰᠡᠷᠭᠡᠶᠢᠯᠡᠨ ᠡᠵᠡᠮᠳᠡᠵᠦ᠂ ᠬᠦᠢᠳᠡᠨ | ᠬᠡᠯᠬᠢᠶᠡᠵᠢᠯ ᠤᠨ ᠢᠳᠡᠭᠡᠨ ᠵᠡᠷᠭᠡ ᠵᠠᠩᠬᠢᠯᠠᠭ᠎ᠠ ᠶᠢᠨ ᠭᠤᠭᠴᠤᠭ᠎ᠠ ᠶᠢ ᠪᠦᠬᠦ ᠬᠡᠯᠬᠢᠶᠡᠵᠢᠯ ᠢᠶᠠᠷ ᠨᠢ ᠬᠠᠮᠢᠶᠠᠷᠤᠨ | ᠡᠵᠡᠮᠳᠡᠵᠦ᠂ ᠭᠤᠤᠯᠳᠠᠯᠭ᠎ᠠ ᠲᠠᠢ ᠬᠦᠮᠦᠰ ᠢ ᠪᠦᠭᠡᠮ ᠬᠦᠴᠢᠯ ᠤᠨ ᠪᠠᠶᠢᠴᠠᠭᠠᠯᠳᠠ ᠬᠢᠬᠦ ᠶᠤᠰᠤᠳᠠᠢ ᠪᠦᠬᠦᠨ ᠢ | ᠰᠢᠯᠭᠠᠨ ᠪᠠᠶᠢᠴᠠᠭᠠᠵᠤ᠂ ᠸᠠᠺᠼᠢᠨ ᠲᠠᠷᠢᠯᠭ᠎ᠠ ᠬᠢᠬᠦ ᠠᠵᠢᠯ ᠢ ᠡᠮᠬᠢ ᠴᠡᠭᠴᠡᠳᠡᠢ ᠠᠬᠢᠭᠤᠯᠪᠠ᠂ ᠤᠨᠴᠠᠭᠠᠶᠢᠯᠠᠨ ᠪᠦᠬᠦ | ᠶᠠᠪᠤᠴᠠ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠤᠳᠠᠳᠤ ᠰᠤᠷᠢᠯᠳᠠ ᠶᠠᠪᠤᠭᠤᠯᠵᠤ ᠬᠢᠵᠢᠭ ᠤᠨ | ᠪᠠᠶᠢᠳᠠᠯ ᠤᠨ ᠬᠡᠨᠡᠳᠳᠡ ᠶᠢᠨ ᠬᠡᠷᠡᠭ ᠢ ᠰᠢᠢᠳᠪᠦᠷᠢᠯᠡᠬᠦ ᠴᠢᠳᠠᠪᠬᠢ ᠶᠢ ᠡᠷᠴᠢᠮᠳᠡᠢ ᠲᠡᠰ ᠲᠠᠪᠰᠢᠭᠤᠯᠵᠤ᠂ ︽ᠵᠠᠷᠢᠮ | ᠪᠠᠯᠭᠠᠰᠤᠨ ᠤ ᠰᠡᠵᠢᠭᠯᠡᠯ ᠲᠠᠢ ᠡᠪᠡᠳᠴᠢᠨ ᠤ ᠵᠢᠱᠢᠶ᠎ᠡ︾ ︽ᠵᠠᠷᠢᠮ ᠡᠭᠡᠯᠵᠢ ᠶᠢᠨ ᠨᠢᠰᠭᠡᠯ ᠢ ᠦᠨᠵᠢᠬᠦᠯᠦᠨ | ᠪᠠᠶᠢᠴᠠᠭᠠᠬᠤ︾ ︽ᠱᠠᠨᠳᠦ᠋ᠩ ᠤᠨ ᠰᠦᠨ ᠲᠠᠯᠬ᠎ᠠ ᠶᠢᠨ ᠴᠢᠪᠠᠭ᠎ᠠ ᠰᠢᠯᠭᠠᠨ ᠪᠠᠶᠢᠴᠠᠭᠠᠯᠳᠠ ᠨᠢ ᠡᠶᠡᠷᠡᠬᠦ ᠴᠢᠨᠠᠷ ᠲᠠᠢ︾ | ᠵᠡᠷᠭᠡ ᠭᠡᠨᠡᠳᠳᠡ ᠶᠢᠨ ᠬᠡᠷᠡᠭ ᠢ ᠤᠨᠤᠴᠢᠳᠠᠢ ᠯᠠᠪᠳᠠᠭᠤᠨ ᠢᠶᠠᠷ ᠴᠠᠭ ᠲᠤᠬᠠᠢ ᠳᠤ ᠨᠢ ᠰᠢᠢᠳᠪᠦᠷᠢᠯᠡᠵᠦ᠂ ᠠᠷᠠᠳ | ᠤᠯᠠᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠶᠢᠨ ᠡᠷᠡᠭᠦᠯ ᠴᠢᠬᠢᠷᠠᠭ ᠢ ᠬᠠᠮᠤᠭ ᠶᠡᠭᠡ ᠬᠡᠮᠵᠢᠶ᠎ᠡ ᠪᠠᠷ | ᠬᠠᠮᠠᠭᠠᠯᠠᠪᠠ᠂ ᠪᠦᠬᠦ ᠵᠢᠯ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤ 4300 ᠭᠠᠷᠤᠢ ᠲᠦᠮᠡᠨ | ᠲᠦᠭᠦᠷᠢᠭ ᠤᠨ ᠪᠡᠯᠡ ᠤᠷᠤᠭᠤᠯᠵᠤ᠂ ᠪᠦᠭᠡᠮ ᠬᠦᠴᠢᠯ ᠤᠨ ᠪᠠᠶᠢᠴᠠᠭᠠᠯᠳᠠ ᠶᠢᠨ 3 ᠰᠠᠯᠪᠤᠷᠢ ᠶᠢ ᠰᠢᠨ᠎ᠡ ᠪᠠᠷ | ᠪᠠᠶᠢᠭᠤᠯᠵᠤ᠂ ᠬᠠᠯᠳᠠᠪᠤᠷᠢᠳᠤ ᠡᠪᠡᠳᠴᠢᠨ ᠤ ᠪᠠᠶᠢᠴᠠᠭᠠᠯᠳᠠ ᠶᠢ 70 ᠭᠠᠷᠤᠢ ᠲᠦᠮᠡᠨ ᠬᠦᠮᠦᠨ ᠤᠳᠠᠭ᠎ᠠ | ᠪᠠᠶᠢᠴᠠᠭᠠᠵᠤ᠂ ᠪᠦᠭᠡᠮ ᠬᠦᠴᠢᠯ ᠤᠨ ᠪᠠᠶᠢᠴᠠᠭᠠᠯᠳᠠ ᠶᠢ 6 ᠲᠦᠮᠨ ᠭᠠᠷᠤᠢ ᠬᠦᠮᠦᠨ ᠤᠳᠠᠭ᠎ᠠ ᠬᠢᠵᠦ᠂ 1 ᠲᠦᠮᠡ | ᠭᠠᠷᠤᠢ ᠬᠦᠮᠦᠨ ᠳᠤ ᠸᠠᠺᠼᠢᠨ ᠲᠠᠷᠢᠯᠭ᠎ᠠ ᠬᠢᠪᠡ᠂ ᠬᠢᠵᠢᠭ ᠤᠨ ᠪᠠᠶᠢᠳᠠᠯ ︽ᠦᠯᠦ ᠲᠠᠮᠵᠢᠭᠳᠠᠨᠬᠠᠯᠳᠠᠪᠤᠷᠢᠯᠠᠭᠰᠠᠨ︾ | ᠂ ᠡᠪᠡᠳᠴᠢᠨ ︽ᠦᠯᠦ ᠡᠭᠦᠰᠦᠭᠰᠡᠨ︾ ᠰᠡᠷᠭᠡᠶᠢᠯᠡᠨ ᠡᠵᠡᠮᠳᠡᠭᠰᠡᠨ ᠦᠷ᠎ᠡ ᠪᠦᠳᠦᠭᠡᠯ ᠢ ᠤᠯᠪᠠ᠂ ᠪᠦᠬᠦ ᠬᠤᠳᠠ ᠳᠤ | ᠶᠠᠭᠤᠨ ᠤ ᠲᠦᠷᠦᠭᠦᠨ ᠳᠤ ᠠᠵᠢᠯ ᠦᠢᠯᠡᠳᠪᠦᠷᠢᠯᠡᠯ ᠢᠶᠠᠨ ᠰᠡᠷᠭᠦᠭᠡᠵᠦ᠂ ᠠᠮᠢᠳᠤᠷᠠᠯ ᠤᠨ ᠡᠮᠬᠢ ᠲᠢᠭᠯᠢᠮ ᠢ | ᠰᠡᠷᠭᠦᠭᠡᠵᠦ ᠴᠢᠳᠠᠪᠠ᠃ ᠬᠢᠵᠢᠭ ᠤᠨ ᠪᠠᠶᠢᠳᠠᠯ ᠤᠨ ᠰᠡᠷᠭᠡᠶᠢᠯᠡᠯᠳᠡ ᠲᠤᠮᠳᠠ᠂ ᠡᠮ ᠡᠮᠨᠡᠯᠭᠡ ᠶᠢᠨ ᠠᠵᠢᠯᠳᠠᠳ᠂ | ᠬᠢᠵᠢᠭ ᠢ ᠰᠡᠷᠭᠡᠶᠢᠯᠡᠬᠦ ᠠᠵᠢᠯᠳᠠᠳ ᠠᠶᠤᠯ ᠲᠦᠭᠰᠢᠭᠦᠷᠢ ᠠᠴᠠ ᠰᠦᠷᠳᠡᠯ ᠦᠭᠡᠢ᠂ ᠦᠴᠦᠬᠡᠨ ᠴᠤ ᠲᠠᠳᠠᠭᠠᠯᠵᠠᠯ | ᠦᠭᠡᠢ ᠨᠢᠭᠡᠳᠦᠭᠡᠷ ᠤᠳᠠᠰᠤᠨ ᠳᠤ ᠰᠢᠭᠤᠷᠬᠠᠶᠢᠯᠠᠵᠦ᠂ ᠡᠮᠦᠨ᠎ᠡ ᠹᠷᠠᠳᠲ ᠳᠤ ᠲᠡᠮᠡᠴᠡᠪᠡ᠂ ᠲᠤᠳᠤᠭᠠᠳᠤ ᠶᠢ | ᠬᠠᠮᠠᠭᠠᠯᠠᠬᠤ ᠠᠷᠠᠳ ᠤᠨ ᠴᠠᠭᠳᠠᠭ᠎ᠠ᠂ ᠨᠢᠰᠭᠡᠯ ᠤᠨ ᠲᠠᠯᠠᠪᠠᠢ ᠶᠢᠨ ᠠᠵᠢᠯᠳᠠᠨ᠂ ᠪᠠᠶᠢᠭᠤᠯᠭ᠎ᠠ ᠶᠢᠨ ᠺᠠᠳ᠋ᠷ᠂ ᠰᠢᠶᠠᠩ | ᠪᠠᠯᠭᠠᠰᠤ ᠲᠤᠰᠬᠤᠨ ᠲᠤᠭᠤᠶᠢᠯᠠᠩ ᠤᠨ ᠺᠠᠳ᠋ᠷ᠂ ᠨᠡᠶᠢᠭᠡᠮ ᠲᠤᠭᠤᠷᠢᠭ ᠤᠨ ᠠᠵᠢᠯᠳᠠᠨ᠂ ᠰᠤᠨᠢᠨ ᠮᠡᠳᠡᠭᠡᠨ ᠤ | ᠠᠵᠢᠯᠳᠠᠨ ᠪᠠ ᠲᠤᠤᠷᠴᠢᠯᠠᠯᠳᠠ ᠶᠢᠨ ᠭᠡᠰᠢᠭᠦᠳ ᠡᠳᠦᠷ ᠰᠦᠨᠢ ᠢᠯᠭᠠᠯ ᠦᠭᠡᠢ᠂ ᠬᠠᠯᠠᠭᠤᠨ ᠬᠦᠢᠳᠡᠨ ᠠᠴᠠ | ᠰᠦᠷᠳᠡᠯ ᠦᠭᠡᠢ ᠪᠠᠷ ᠨᠢᠭᠡᠳᠦᠭᠡᠷ ᠤᠳᠠᠰᠤ ᠶᠢ ᠪᠠᠳᠤ ᠰᠠᠬᠢᠵᠦ᠂ ᠬᠠᠷᠠᠮ ᠦᠭᠡᠢ ᠵᠢᠳᠬᠦᠯ ᠢᠶᠠᠨ ᠡᠷᠭᠦᠪᠡ᠂ | ᠨᠡᠶᠢᠭᠡᠮ ᠤᠨ ᠡᠯ᠎ᠡ ᠡᠳᠡᠭᠡᠳ ᠤᠨ ᠬᠢᠨ ᠡᠳ᠋ ᠪᠤᠳᠠᠰ ᠵᠤᠭᠤᠰ ᠮᠦᠩᠬᠦ ᠢᠳᠡᠪᠬᠢᠳᠡᠢ ᠬᠠᠨᠳᠢᠪᠯᠠᠵᠤ᠂ ᠬᠠᠶᠢᠷ᠎ᠠ | ᠰᠡᠳᠬᠢᠯ ᠢᠶᠠᠨ ᠢᠯᠡᠳᠭᠡᠵᠦ ᠪᠠᠶᠢᠪᠠ᠂ ᠤᠯᠠᠨ ᠲᠦᠮᠡᠨ ᠶᠡᠭᠡ ᠪᠠᠶᠢᠳᠠᠯ ᠢ ᠵᠦᠪ ᠲᠠᠨᠢᠵᠤ᠂ ᠤᠬᠠᠮᠰᠠᠷ ᠠᠴᠠ ᠪᠠᠨ | ᠬᠢᠵᠢᠭ ᠢ ᠰᠡᠷᠭᠡᠶᠢᠯᠡᠬᠦ ᠠᠵᠢᠯ ᠳᠤ ᠢᠳᠠᠪᠬᠢᠳᠡᠢ ᠬᠠᠮᠵᠢᠯᠴᠠᠨ᠂ ᠬᠢᠵᠢᠭ ᠤᠨ ᠪᠠᠶᠢᠳᠠᠯ ᠢ ᠬᠤᠷᠢᠭᠯᠠᠬᠤ ᠪᠠᠳᠤ ᠪᠠᠬᠢ | ᠰᠡᠷᠭᠡᠶᠢᠯᠡᠯᠳᠡ ᠶᠢᠨ ᠱᠤᠭᠤᠮ ᠢ ᠪᠠᠶᠢᠭᠤᠯᠪᠠ᠂ ᠬᠢᠵᠢᠭ ᠢ ᠡᠰᠡᠷᠭᠦᠴᠡᠬᠦ ᠠᠭᠤᠤ ᠶᠡᠭᠡ ᠵᠤᠷᠢᠭ ᠰᠠᠨᠠᠭ᠎ᠠ ᠶᠢ ᠭᠦᠢᠴᠡᠳ | ᠢᠯᠡᠷᠡᠭᠦᠯᠦᠨ᠂ ᠠᠯᠢᠪᠠ ᠬᠦᠴᠢᠷ ᠪᠡᠷᠬᠡ ᠶᠢ ᠢᠯᠠᠨ ᠲᠠᠪᠠᠭ᠋ᠤ ᠢᠳᠡᠭᠡᠯ ᠵᠤᠷᠢᠭ ᠲᠤᠶᠢᠯ ᠤᠨ ᠶᠡᠭᠡ ᠪᠠᠷ | ᠴᠢᠩᠭᠠᠷᠠᠭᠤᠯᠪᠠ᠃ | | ︵ᠬᠤᠶᠠᠷ︶ ᠭᠤᠷᠪᠠᠨ ᠶᠡᠭᠡ ᠲᠠᠶᠢᠯᠠᠯᠳᠤᠭᠠᠨ ᠤ ᠰᠢᠢᠳᠪᠦᠷᠢᠯᠡᠭᠴᠢ ᠴᠢᠨᠠᠷ ᠲᠠᠢ ᠢᠯᠠᠯᠳᠠ ᠶᠢ ᠤᠯᠪᠠ᠃ | ᠶᠠᠳᠠᠭᠤ ᠠᠴᠠ ᠠᠩᠬᠢᠵᠢᠷᠠᠭᠤᠯᠬᠤ ᠰᠢᠪᠳᠤᠯᠤᠯᠳᠠ ᠶᠢᠨ ᠲᠠᠶᠢᠨ ᠤ ᠪᠦᠬᠦ ᠲᠠᠯ᠎ᠠ ᠶᠢᠨ ᠢᠯᠠᠯᠳᠠ ᠶᠢ ᠤᠯᠪᠠ᠂ 3.2 | ᠳ᠋ᠦᠩᠰᠢᠭᠤᠷ ᠲᠦᠭᠦᠷᠢᠭ ᠤᠨ ᠪᠡᠯᠡ ᠤᠷᠤᠭᠤᠯᠵᠤ᠂ ᠶᠠᠳᠠᠭᠤ ᠶᠢ ᠲᠡᠮᠵᠢᠬᠦ ᠪᠠᠭ᠎ᠠ ᠬᠡᠮᠵᠢᠶᠡᠨ ᠤ ᠵᠢᠭᠡᠯᠡᠯᠭᠡ ᠶᠢ | 3400 ᠲᠦᠮᠡᠨ ᠲᠦᠭᠦᠷᠢᠭ ᠲᠠᠷᠬᠠᠭᠠᠪᠠ᠂ ᠶᠠᠳᠠᠭᠤ ᠶᠢ ᠲᠡᠳᠬᠦᠬᠦ 146 ᠲᠦᠷᠦᠯ ᠵᠦᠢᠯ ᠢ ᠬᠡᠷᠡᠭᠵᠢᠬᠦᠯᠵᠦ᠂ ︽ | ᠬᠤᠶᠠᠷ ᠲᠤ ᠵᠤᠪᠠᠭ᠋ᠤ ᠦᠭᠡᠢ ᠭᠤᠷᠪᠠ ᠶᠢ ᠪᠠᠳᠤᠯᠠᠬᠤ︾ ᠠᠰᠠᠭᠤᠳᠠᠯ ᠢ ᠪᠦᠬᠦ ᠲᠠᠯ᠎ᠠ ᠪᠠᠷ ᠰᠢᠢᠳᠪᠦᠷᠢᠯᠡᠪᠡ᠂ | ᠦᠯᠡᠳᠡᠵᠦ ᠪᠠᠶᠢᠭᠰᠠᠨ 148 ᠡᠷᠦᠬᠡ 309 ᠨᠡᠷ᠎ᠡ ᠶᠠᠳᠠᠭᠤ ᠬᠦᠴᠢᠷᠳᠡᠢ ᠬᠦᠮᠦᠨ ᠢ ᠲᠤᠭᠳᠠᠭᠰᠠᠨ | ᠬᠤᠭᠤᠴᠠᠭᠠᠨ ᠳᠤ ᠶᠠᠳᠠᠭᠤ ᠠᠴᠠ ᠨᠢ ᠠᠩᠬᠢᠵᠢᠷᠠᠭᠤᠯᠪᠠ᠃ ᠶᠡᠷᠦᠩᠬᠡᠢ ᠪᠡᠯᠡ ᠤᠷᠤᠭᠤᠯᠤᠯᠳᠠ ᠨᠢ 6500 ᠲᠦᠮᠡᠨ | ᠲᠦᠭᠦᠷᠢᠭ ᠪᠤᠯᠬᠤ ᠪᠡᠭᠡᠵᠢᠩ ᠦᠪᠦᠷ ᠮᠤᠩᠭᠤᠯ ᠤᠨ ᠬᠠᠷᠠᠭᠠᠯᠵᠠᠭᠤᠯᠤᠨ ᠲᠡᠳᠬᠦᠬᠦ ᠪᠠ ᠪᠤᠤ ᠯᠢ ᠪᠦᠯᠦᠭᠯᠡᠯ ᠤᠨ | ᠲᠤᠭᠳᠠᠭᠰᠠᠨ ᠴᠢᠭ᠋ ᠲᠤ ᠶᠠᠳᠠᠭᠤ ᠶᠢ ᠲᠠᠳᠬᠦᠬᠦ 30 ᠲᠦᠷᠦᠯ ᠵᠦᠢᠯ ᠢ ᠬᠡᠷᠡᠭᠵᠢᠬᠦᠯᠪᠡ᠃ ᠡᠯ᠎ᠡ ᠱᠠᠳᠤᠨ ᠤ | ᠬᠠᠷᠢᠭᠤ ᠲᠤᠰᠬᠠᠭᠰᠠᠨ ᠠᠰᠠᠭᠤᠳᠠᠯ ᠢ ᠪᠦᠬᠦᠨ ᠴᠡᠭᠴᠡᠯᠡᠨ ᠴᠡᠪᠡᠷᠯᠡᠪᠡ᠂ ᠤᠯᠤᠰ ᠤᠨ ᠶᠠᠳᠠᠭᠤ ᠶᠢ ᠲᠡᠳᠬᠦᠬᠦ ᠪᠡᠯᠡ | ᠮᠦᠩᠭᠦᠨ ᠤ ᠦᠷ᠎ᠡ ᠪᠦᠳᠦᠮᠵᠢ ᠶᠢᠨ ᠬᠢᠨᠠᠨ ᠰᠢᠯᠭᠠᠯᠳᠠ ᠶᠢ ᠤᠷᠤᠭᠰᠢᠳᠠᠢ ᠲᠤᠭᠤᠯᠵᠤ ᠴᠢᠳᠠᠪᠠ᠃ ᠯᠧᠢ ᠵᠢᠶᠠ | ᠶᠢᠩᠽᠢ ᠲᠤᠰᠬᠤᠨ ᠨᠢ ᠲᠡᠯᠡᠭᠡᠢ ᠶᠢᠨ ᠵᠢᠭᠤᠯᠴᠢᠯᠠᠯ ᠤᠨ ᠬᠤᠯᠪᠤᠭᠠᠨ ᠤ ᠵᠢᠭᠤᠯᠴᠢᠯᠠᠯ ᠢᠶᠠᠷ ᠶᠠᠳᠠᠭᠤ ᠶᠢ | ᠴᠦᠬᠡᠳᠬᠡᠭᠰᠡᠨ ᠵᠢᠱᠢᠶ᠎ᠠ ᠪᠠᠷ ᠵᠢᠭᠰᠠᠭᠠᠭᠳᠠᠪᠠ᠃ ᠪᠤᠬᠢᠷᠳᠤᠯ ᠢ ᠰᠡᠷᠭᠡᠶᠢᠯᠡᠨ ᠵᠠᠰᠠᠬᠤ ᠰᠢᠪᠳᠤᠯᠤᠯᠳᠠ ᠶᠢᠨ ᠲᠠᠶᠢᠨ | ᠢᠯᠡᠷᠭᠡᠢ ᠦᠷ᠎ᠡ ᠪᠦᠳᠦᠮᠵᠢ ᠤᠯᠪᠠ᠂ ᠲᠦᠪ ᠬᠤᠷᠢᠶᠠᠨ ᠤ ᠤᠷᠴᠢᠨ ᠲᠤᠭᠤᠷᠢᠨ ᠢ ᠬᠠᠮᠠᠭᠠᠯᠠᠯᠳᠠ ᠶᠢᠨ | ᠱᠠᠯᠠᠪᠳᠠᠭᠤᠯᠤᠨ ᠪᠠᠶᠢᠴᠠᠭᠠᠯᠳᠠ ᠵᠢᠴᠢ ︽ᠡᠷᠭᠢᠵᠦ ᠬᠠᠷᠠᠬᠤ︾ ᠬᠠᠷᠢᠭᠤ ᠲᠤᠰᠬᠠᠭᠰᠠᠨ ᠠᠰᠠᠭᠤᠳᠠᠯ ᠢ ᠪᠦᠬᠦᠨ ᠢ | ᠴᠡᠭᠴᠡᠯᠡᠨ ᠲᠠᠭᠤᠰᠬᠠᠪᠠ᠂ ᠰᠠᠨ ᠳ᠋ᠤᠤ ᠶᠢᠩᠽᠢ ᠲᠤᠰᠬᠤᠨ ᠤ ᠨᠡᠭᠦᠷᠡᠰᠦ ᠮᠠᠯᠳᠠᠵᠤ ᠴᠦᠮᠦᠷᠡᠵᠦ ᠬᠤᠳᠤᠶᠢᠭᠰᠠᠨ | ᠤᠷᠤᠨ ᠤ ᠠᠮᠢ ᠠᠬᠤᠢ ᠶᠢᠨ ᠤᠷᠴᠢᠨ ᠲᠤᠭᠤᠷᠢᠨ ᠢ ᠶᠡᠷᠦᠩᠬᠡᠶᠢᠯᠡᠨ ᠵᠠᠰᠠᠬᠤ ᠢᠨᠵᠧᠨᠧᠷᠢᠩ ᠨᠢ ᠬᠤᠶᠠᠷ ᠵᠢᠯ | ᠤᠷᠢᠳᠴᠢᠯᠠᠨ ᠡᠭᠦᠷᠭᠡ ᠪᠠᠨ ᠪᠠᠶᠡᠯᠡᠭᠦᠯᠪᠡ᠂ ᠱᠢ ᠵᠢᠶᠠ ᠮᠠᠨᠵᠤ ᠦᠨᠳᠦᠰᠦᠳᠡᠨ ᠤ ᠰᠢᠶᠠᠩ ᠴᠤᠬᠤᠢ ᠶᠢᠨ | ᠴᠢᠯᠠᠭᠤᠯᠢᠭ ᠤᠨ ᠠᠭᠤᠯᠠᠨ ᠤ ᠭᠠᠵᠠᠷ ᠰᠢᠨᠵᠢᠯᠡᠭᠡ ᠶᠢᠨ ᠤᠷᠴᠢᠨ ᠲᠤᠭᠤᠷᠢᠨ ᠢ ᠶᠡᠷᠦᠩᠬᠡᠶᠢᠯᠡᠭᠰᠡᠨ ᠴᠡᠭᠴᠡᠯᠡᠯᠳᠡ | ᠢᠳᠡᠪᠬᠢᠳᠡᠢ ᠠᠬᠢᠴᠠ ᠲᠠᠢ ᠪᠤᠯᠪᠠ᠂ ᠦᠩᠭᠡᠷᠡᠭᠰᠡᠨ ᠤ ᠦᠯᠡᠳᠡᠭᠳᠡᠵᠦ ᠢᠷᠡᠭᠰᠡᠨ ᠪᠠ ᠬᠠᠷᠢᠭᠤᠴᠠᠯᠭᠠᠳᠤ ᠭᠤᠤᠯ | ᠴᠤᠭᠴᠠ ᠨᠢ ᠠᠯᠳᠠᠭᠳᠠᠭᠰᠠᠨ ᠠᠭᠤᠷᠬᠠᠢ ᠶᠢᠨ ᠠᠭᠤᠯᠠᠨ ᠤ 17 ᠭᠠᠵᠠᠷ ᠢ ᠵᠠᠰᠠᠵᠦ᠂ ᠵᠠᠰᠠᠨ ᠴᠡᠭᠴᠡᠯᠡᠭᠰᠡᠨ ᠪᠡᠯᠡ | ᠮᠦᠩᠬᠦ ᠨᠡᠶᠢᠳᠡ ᠪᠠᠷᠤᠭ 3 ᠳ᠋ᠦᠩᠰᠢᠭᠤᠷ ᠲᠦᠭᠦᠷᠢᠭ ᠪᠤᠯᠪᠠ ᠃ ᠠᠭᠠᠷ᠂ ᠤᠰᠤ᠂ ᠬᠦᠷᠦᠰᠦ ᠶᠢ ᠵᠠᠰᠠᠬᠤ ᠶᠢ | ᠯᠠᠪᠳᠠᠭᠤᠨ ᠢᠶᠠᠷ ᠠᠬᠢᠭᠤᠯᠪᠠ᠂ ᠵᠢᠨᠱᠠᠨ ᠤ ᠬᠤᠳᠠ ᠲᠤᠭᠤᠷᠢᠭ ᠤᠨ ᠠᠭᠠᠷ ᠮᠠᠨᠳᠠᠯ ᠤᠨ ᠴᠢᠨᠠᠷ ᠰᠠᠶᠢᠳᠠᠢ ᠡᠳᠦᠷ ᠤᠨ | ᠲᠤᠭ᠎ᠠ 342 ᠡᠳᠦᠷ ᠪᠤᠯᠵᠦ᠂ ᠬᠠᠷᠢᠴᠠᠯ ᠢ 7 ᠵᠢᠯ ᠵᠠᠯᠭ᠎ᠠ ᠪᠠᠷ ᠨᠡᠮᠡᠭᠳᠡᠭᠦᠯᠵᠦ᠂ 95.1% ᠳᠤ ᠬᠦᠷᠪᠡ᠃ | ᠦᠨᠳᠦᠷ ᠪᠠᠷᠢᠮᠵᠢᠶᠡᠳᠦ ᠤᠰᠤ ᠠᠷᠪᠢᠯᠠᠬᠤ ᠲᠠᠷᠢᠶᠠᠨ ᠲᠠᠯᠠᠪᠠᠢ 2.33 ᠲᠦᠮᠡᠨ ᠮᠤ᠋ ᠪᠤᠯᠵᠤ᠂ ᠭᠤᠤᠯ ᠤᠨ | ᠭᠤᠯᠳᠤᠷᠢᠯ ᠢ 12.6 ᠺᠢᠯᠤᠮᠧᠲᠷ ᠶᠡᠷᠦᠩᠬᠡᠶᠢᠯᠡᠨ ᠵᠠᠰᠠᠵᠦ᠂ ᠵᠢᠯ ᠳᠤ 1200 ᠲᠦᠮᠡᠨ ᠪᠤᠰᠤᠭ᠎ᠠ ᠲᠦᠷᠪᠡᠯᠵᠢᠨ | ᠮᠧᠲᠷ ᠤᠰᠤ ᠠᠷᠪᠢᠯᠠᠪᠠ᠃ ᠲᠠᠷᠢᠶᠠᠨ ᠡᠮ᠂ ᠬᠢᠮᠢ ᠪᠤᠷᠳᠤᠭᠤᠷ ᠬᠡᠷᠡᠭᠯᠡᠭᠰᠡᠨ ᠬᠡᠮᠵᠢᠶ᠎ᠡ ᠠᠳᠠᠯᠢ ᠬᠤᠭᠤᠴᠠᠭᠠᠨ ᠤ ᠬᠢ | ᠠᠴᠠ 5.6% ᠪᠠ 6.5% ᠪᠠᠷ ᠪᠠᠭᠤᠷᠠᠪᠠ᠃ ᠤᠯᠤᠰ ᠤᠨ ᠨᠤᠳᠤᠭ ᠳᠡᠪᠢᠰᠬᠡᠷ ᠤᠨ ᠤᠷᠤᠨ ᠵᠠᠢ ᠶᠢ | ᠲᠦᠯᠦᠪᠵᠢᠬᠦᠯᠦᠨ ᠵᠢᠷᠤᠭᠯᠠᠬᠤ ᠠᠵᠢᠯ ᠢ ᠪᠦᠬᠦ ᠲᠠᠯ᠎ᠠ ᠪᠠᠷ ᠡᠬᠢᠯᠡᠬᠦᠯᠵᠦ᠂ ︽ᠭᠤᠷᠪᠠᠨ ᠤᠷᠤᠨ ᠭᠤᠷᠪᠠᠨ ᠱᠤᠭᠤᠮ︾ | ᠢ ᠠᠩᠬ᠎ᠠ ᠠᠯᠬᠤᠮ ᠵᠢᠷᠤᠭᠯᠠᠨ ᠲᠤᠭᠳᠠᠭᠠᠵᠤ᠂ ᠡᠭᠦᠷᠢᠳᠡ ᠶᠢᠨ ᠴᠢᠨᠠᠷᠳᠠᠢ ᠦᠨᠳᠦᠰᠦᠨ ᠲᠠᠷᠢᠶᠠᠨ ᠭᠠᠵᠠᠷ ᠢ 6.79 | ᠲᠦᠮᠡᠨ ᠮᠤ᠋ ᠶᠢ ᠦᠭᠡᠷᠡᠴᠢᠯᠡᠨ ᠨᠦᠬᠦᠪᠦᠷᠢᠯᠡᠨ ᠵᠢᠷᠤᠭᠯᠠᠪᠠ᠃ ᠸᠠᠩ ᠶᠧ ᠳ᠋ᠢᠶᠠᠨ ᠳᠠᠬᠢ ᠤᠯᠤᠰ ᠤᠨ ᠤᠢ | ᠰᠢᠭᠤᠢ ᠶᠢᠨ ᠴᠡᠴᠡᠷᠯᠢᠭ ᠪᠠ ᠬᠤᠳᠠ ᠶᠢᠨ ᠲᠡᠰ ᠤᠨ ᠪᠠᠶᠢᠭᠠᠯᠢ ᠶᠢᠨ ᠬᠠᠮᠠᠭᠠᠯᠠᠯᠳᠠ ᠶᠢᠨ ᠤᠷᠤᠨ ᠤ ᠰᠤᠯᠪᠢᠴᠠᠨ | ᠲᠠᠪᠬᠤᠴᠠᠭᠰᠠᠨ ᠵᠡᠷᠭᠡ ᠠᠰᠠᠭᠤᠳᠠᠯ ᠢ ᠨᠡᠶᠢᠯᠡᠬᠦᠯᠦᠨ ᠰᠢᠯᠢᠳᠡᠭᠵᠢᠬᠦᠯᠬᠦ ᠶᠢ ᠰᠢᠢᠳᠪᠦᠷᠢᠯᠡᠪᠡ᠃ ᠪᠡᠭᠡᠵᠢᠩ | ᠲᠢᠶᠠᠨᠵᠢᠨ ᠤ ᠰᠠᠯᠬᠢ ᠡᠯᠡᠰᠦ ᠶᠢ ᠵᠠᠰᠠᠬᠤ᠂ ᠲᠤᠷᠤᠶᠢᠳᠠᠭᠰᠠᠨ ᠤᠢ ᠰᠢᠭᠤᠢ ᠶᠢ ᠰᠡᠷᠭᠦᠭᠡᠨ ᠵᠠᠰᠠᠬᠤ ᠵᠡᠷᠭᠡ | ᠢᠨᠵᠧᠨᠧᠷᠢᠩ ᠢ 3 ᠲᠦᠮᠡᠨ ᠮᠤ᠋ ᠬᠡᠷᠡᠭᠵᠢᠬᠦᠯᠪᠡ᠂ 1 ᠰᠠᠭᠤᠷᠢ ᠠᠭᠤᠷᠬᠠᠢ ᠶᠢᠨ ᠠᠭᠤᠯᠠ ᠶᠢ ᠤᠶᠢᠵᠢᠭᠤᠯᠤᠨ | ᠪᠠᠶᠢᠭᠤᠯᠪᠠ᠃ ᠵᠠᠰᠠᠭ ᠤᠨ ᠤᠷᠳᠤᠨ ᠤ ᠲᠠᠯᠳᠠ ᠴᠢᠨᠠᠷᠳᠠᠢ ᠵᠢᠭᠡᠯᠡᠯᠭᠡ ᠶᠢ 2.6 ᠳ᠋ᠦᠩᠰᠢᠭᠤᠷ ᠲᠦᠭᠦᠷᠢᠭ | ᠰᠢᠢᠳᠪᠦᠷᠢᠯᠡᠵᠦ᠂ ᠠᠷᠠᠳ ᠠᠴᠠ ᠡᠷᠬᠢᠯᠡᠭᠰᠡᠨ ᠠᠵᠤ ᠠᠬᠤᠶᠢᠯᠠᠯ ᠲᠤᠮᠳᠠ ᠪᠠᠭ᠎ᠠ ᠵᠢᠵᠢᠭ ᠠᠵᠤ ᠠᠬᠤᠶᠢᠯᠠᠯ ᠤᠨ | ᠲᠠᠩᠰᠡᠨ ᠳᠠᠬᠢ 3311 ᠲᠦᠮᠡᠨ ᠲᠦᠭᠦᠷᠢᠭ ᠢ ᠴᠠᠭ ᠲᠤᠬᠠᠢ ᠳᠤ ᠨᠢ ᠴᠡᠪᠡᠷᠯᠡᠪᠡ᠂ ᠲᠡᠭᠡᠳᠦ ᠱᠠᠳᠤᠨ ᠤ ᠲᠤᠰᠬᠠᠢ | ᠲᠦᠷᠦᠯ ᠤᠨ ᠪᠡᠯᠡ ᠮᠦᠩᠬᠦ᠂ ᠭᠠᠵᠠᠷ ᠤᠷᠤᠨ ᠤ ᠵᠠᠰᠠᠭ ᠤᠨ ᠤᠷᠳᠤᠨ ᠤ ᠵᠢᠭᠡᠯᠡᠯᠭᠡ᠂ ᠬᠢᠵᠢᠭ ᠢ ᠡᠰᠡᠷᠭᠦᠴᠡᠬᠦ | ᠤᠯᠤᠰ ᠤᠨ ᠤᠨᠴᠠᠭᠠᠢ ᠵᠢᠭᠡᠯᠡᠯᠭᠡ 6.34 ᠳ᠋ᠦᠩᠰᠢᠭᠤᠷ ᠲᠦᠭᠦᠷᠢᠭ ᠢ ᠲᠡᠮᠡᠴᠡᠨ ᠤᠯᠵᠤ᠂ ᠡᠷᠡᠭᠦᠯ ᠪᠤᠰᠤ | ᠵᠢᠭᠡᠯᠡᠯᠭᠡ ᠶᠢ 2.7 ᠳ᠋ᠦᠩᠰᠢᠭᠤᠷ ᠲᠦᠭᠦᠷᠢᠭ ᠰᠢᠢᠳᠪᠦᠷᠢᠯᠡᠪᠡ᠃ | | ︵ᠭᠤᠷᠪᠠ︶ ᠠᠵᠤ ᠦᠢᠯᠡᠰ ᠤᠨ ᠬᠦᠭᠵᠢᠯᠳᠡ ᠶᠢᠨ ᠪᠦᠳᠦᠴᠡ ᠶᠢ ᠲᠠᠰᠤᠷᠠᠯᠳᠠ ᠦᠭᠡᠢ ᠰᠢᠯᠢᠳᠡᠭᠵᠢᠭᠦᠯᠪᠡ᠃ | ᠲᠠᠷᠢᠶᠠᠯᠠᠩ ᠠᠵᠤ ᠠᠬᠤᠢ ᠶᠢᠨ ᠭᠤᠤᠯᠳᠠᠯᠭ᠎ᠠ ᠲᠠᠢ ᠠᠵᠢᠯ ᠲᠦᠷᠭᠡᠳᠭᠡᠨ ᠠᠬᠢᠭᠤᠯᠪᠠ᠂ ᠲᠦᠬᠦᠭᠡᠷᠦᠮᠵᠢᠳᠦ | ᠲᠠᠷᠢᠶᠠᠯᠠᠩ ᠢ 8000 ᠮᠤ᠋ ᠰᠢᠨ᠎ᠡ ᠪᠠᠷ ᠨᠡᠮᠡᠭᠳᠡᠭᠦᠯᠵᠦ᠂ ᠬᠢᠳᠡᠳ ᠡᠪᠡᠰᠦᠨ ᠡᠮ᠂ ᠬᠠᠳᠠᠭᠤ ᠵᠢᠮᠢᠰᠳᠦ ᠲᠦᠪᠡᠳ | ᠬᠠᠰᠢ᠂ ᠠᠭᠤᠯᠠᠨ ᠦᠵᠦᠮ ᠵᠡᠷᠭᠡ ᠤᠨᠴᠠᠯᠢᠭᠳᠤ ᠲᠠᠷᠢᠮᠠᠯ ᠢ 33 ᠲᠦᠮᠡᠨ ᠮᠤ᠋ ᠪᠤᠯᠭᠠᠬᠤ ᠶᠢ ᠪᠠᠳᠤᠯᠠᠪᠠ᠂ | ᠪᠠᠷᠢᠮᠵᠢᠶᠠᠵᠢᠭᠰᠠᠨ ᠲᠡᠵᠢᠭᠡᠵᠦ ᠦᠷᠡᠵᠢᠬᠦᠯᠬᠦ ᠪᠠᠭ᠎ᠠ ᠲᠤᠭᠤᠷᠢᠭ ᠢ 33 ᠲᠦᠮᠡᠨ ᠲᠡᠭᠰᠢ ᠲᠦᠷᠪᠡᠯᠵᠢᠨ ᠮᠧᠲᠷ | ᠰᠢᠨ᠎ᠡ ᠪᠠᠶᠢᠭᠤᠯᠤᠭᠰᠠᠨ ᠪᠠ ᠦᠭᠡᠷᠡᠴᠢᠯᠡᠨ ᠵᠠᠰᠠᠪᠠ᠂ 1 ᠲᠦᠮᠡᠨ ᠮᠢᠬᠠᠨ ᠦᠬᠡᠷ ᠢ ᠰᠢᠨ᠎ᠡ ᠪᠠᠷ ᠨᠡᠮᠡᠭᠳᠡᠭᠦᠯᠦᠨ᠂ | ᠵᠢᠯ ᠳᠤ700 ᠲᠦᠮᠡᠨ ᠮᠢᠬᠠᠨ ᠤ ᠨᠤᠭᠤᠰᠤ ᠪᠤᠷᠤᠯᠠᠭᠤᠯᠪᠠ᠃ ︽ᠭᠤᠷᠪᠠᠨ ᠪᠦᠳᠦᠭᠡᠭᠳᠡᠭᠦᠨ ᠨᠢᠭᠡ ᠲᠡᠮᠳᠡᠭ︾ ᠤᠨ | ᠦᠨᠡᠯᠡᠯᠳᠡ ᠶᠢᠨ ᠪᠦᠳᠦᠭᠡᠭᠳᠡᠭᠦᠨ ᠢ 6 ᠶᠢ ᠰᠢᠨ᠎ᠡ ᠪᠠᠷ ᠨᠡᠮᠡᠭᠳᠡᠭᠦᠯᠪᠡ᠃ ᠤᠯᠠᠭᠠᠨᠬᠠᠳᠠ ᠬᠤᠳᠠ ᠶᠢᠨ ᠲᠠᠷᠢᠶᠠᠯᠠᠩ | ᠮᠠᠯ ᠠᠵᠤ ᠠᠬᠤᠢ ᠶᠢᠨ ᠰᠢᠨᠵᠢᠯᠡᠬᠦ ᠮᠡᠷᠭᠡᠵᠢᠯ ᠤᠨ ᠬᠦᠷᠢᠶᠡᠯᠡᠩ ᠢ ᠲᠦᠷᠭᠡᠳᠭᠡᠨ ᠪᠠᠶᠢᠭᠤᠯᠵᠤ᠂ ᠱᠧᠦ ᠨᠦᠩ | ᠪᠦᠯᠦᠭᠯᠡᠯ ᠤᠨ ᠱᠤᠸᠠᠩ ᠴᠢᠶᠤᠤ ᠲᠠᠷᠢᠶᠠᠯᠠᠩ ᠤᠨ ᠲᠠᠯᠠᠪᠠᠢ ᠶᠢᠨ ᠴᠢᠬᠢ ᠪᠤᠶᠢᠵᠢᠭᠤᠯᠬᠤ ᠪᠠᠷᠢᠮᠵᠢᠶᠠᠵᠢᠭᠰᠠᠨ | ᠦᠢᠯᠡᠳᠪᠦᠷᠢ ᠶᠢ ᠪᠠᠶᠢᠭᠤᠯᠵᠤ ᠠᠰᠢᠭᠯᠠᠯᠳᠠ ᠳᠤ ᠤᠷᠤᠭᠤᠯᠪᠠ᠃ ᠮᠠᠨ ᠤ ᠬᠤᠰᠢᠭᠤ ︽︿ᠰᠦᠯᠵᠢᠶ᠎ᠡ+﹀ | ᠲᠠᠷᠢᠶᠠᠯᠠᠩ ᠤᠨ ᠪᠦᠳᠦᠭᠡᠭᠳᠡᠭᠦᠨ ᠢ ᠲᠤᠰᠬᠤᠨ ᠠᠴᠠ ᠭᠠᠷᠭᠠᠵᠤ ᠬᠤᠳᠠ ᠳᠤ ᠤᠷᠤᠭᠤᠯᠬᠤ ᠢᠨᠵᠧᠨᠧᠷᠢᠩ ᠤᠨ | ᠲᠤᠷᠰᠢᠯᠳᠠ ᠶᠢᠨ ᠰᠢᠶᠠᠨ︾ ︽ᠪᠦᠬᠦ ᠤᠯᠤᠰ ᠤᠨ ᠭᠤᠤᠯ ᠪᠤᠯᠬᠤ ᠲᠠᠷᠢᠮᠠᠯ ᠢ ᠦᠢᠯᠡᠳᠪᠦᠷᠢᠯᠡᠬᠦ | ᠮᠠᠰᠢᠨᠴᠢᠯᠠᠯᠳᠠ ᠶᠢᠨ ᠵᠢᠱᠢᠶ᠎ᠡ ᠦᠵᠡᠬᠦᠯᠬᠦ ᠲᠠᠪᠤᠳᠤᠭᠠᠷ ᠪᠦᠯᠦᠭ ᠲᠤᠷᠰᠢᠯᠳᠠ ᠶᠢᠨ ᠰᠢᠶᠠᠨ︾ ᠢᠶᠠᠷ ᠨᠤᠳᠠᠯᠠᠭᠳᠠᠪᠠ᠃ | ᠠᠵᠤ ᠦᠢᠯᠡᠳᠪᠦᠷᠢ ᠶᠢᠨ ᠭᠤᠤᠯᠳᠠᠯᠭ᠎ᠠ ᠲᠠᠢ ᠲᠦᠷᠦᠯ ᠵᠦᠢᠯ ᠢ ᠲᠦᠷᠭᠡᠳᠭᠡᠨ ᠪᠠᠶᠢᠭᠤᠯᠪᠠ᠂ ᠤᠯᠠᠭᠠᠨᠬᠠᠳᠠ ᠶᠢᠨ | ᠶᠦᠨ ᠲᠦᠩ ᠤᠨ ᠠᠷᠭ᠎ᠠ ᠲᠤᠶᠢᠯᠳᠤ ᠰᠢᠪᠡᠷ ᠢ ᠨᠠᠷᠢᠯᠢᠭ ᠪᠤᠯᠪᠠᠰᠤᠷᠠᠭᠤᠯᠬᠤ ᠢᠨᠵᠧᠨᠧᠷᠢᠩ ᠢ ᠠᠰᠢᠭᠯᠠᠯᠳᠠ ᠳᠤ | ᠤᠷᠤᠵᠤ᠂ ᠵᠢᠯ ᠳᠤ ᠪᠢᠯᠢᠭ ᠲᠤᠶᠢᠯᠳᠤ ᠵᠡᠰ ᠢ 41.8 ᠲᠦᠮᠡᠨ ᠲᠤᠨ ᠦᠢᠯᠡᠳᠴᠦ᠂ 202 ᠳ᠋ᠦᠩᠰᠢᠭᠤᠷ | ᠲᠦᠭᠦᠷᠢᠭ ᠤᠨ ᠦᠢᠯᠡᠳᠪᠦᠷᠢᠯᠡᠯ ᠤᠨ ᠦᠷᠳᠡᠭ ᠡᠭᠦᠳᠪᠡ᠃ ᠳ᠋ᠦᠩ ᠶᠤᠸᠠᠢ ᠶᠢᠨ ᠹᠧᠩ ᠤᠨ 9 ᠲᠦᠮᠡᠨ ᠲᠤᠨ | ᠹᠯᠤᠷᠵᠢᠯ ᠤᠰᠤᠳᠦ᠋ᠷᠦᠭᠴᠢ ᠶᠢᠨ ᠦᠢᠯᠡᠳᠪᠦᠷᠢᠯᠡᠯ ᠤᠨ ᠱᠤᠭᠤᠮ ᠢ ᠪᠠᠶᠢᠭᠤᠯᠵᠤ ᠦᠢᠯᠡᠳᠪᠦᠷᠢᠯᠡᠯ ᠢᠶᠠᠨ ᠡᠬᠢᠯᠡᠭᠦᠯᠪᠡ᠂ | ᠶᠤᠸᠠᠨ ᠬᠠᠩ ᠱᠦᠢᠨᠢ ᠶᠢᠨ ᠬᠢᠮᠡᠯ ᠭᠤᠤᠯ ᠮᠠᠲ᠋ᠧᠷᠢᠶᠠᠯ ᠲᠦᠷᠦᠯ ᠵᠦᠢᠯ ᠢ ᠡᠬᠢᠯᠡᠨ ᠪᠠᠶᠢᠭᠤᠯᠪᠠ᠂ ᠮᠧᠩ ᠶᠤᠸᠠᠨ | ᠲᠠᠩ ᠬᠢᠳᠡᠳ ᠡᠮ ᠤᠨ ᠮᠠᠲ᠋ᠧᠷᠢᠶᠠᠯ᠂ ᠵᠢᠦ ᠮᠤ᠋ ᠾᠧ ᠮᠢᠬᠠᠨ ᠤ ᠨᠤᠭᠤᠰᠤᠨ ᠤ ᠦᠢᠯᠡᠰᠵᠢᠯᠳᠠ ᠶᠢᠨ ᠨᠢᠭᠡᠳᠦᠭᠡᠷ | ᠬᠤᠭᠤᠴᠠᠭ᠎ᠠ ᠲᠤᠷᠰᠢᠨ ᠠᠵᠢᠯᠯᠠᠪᠠ᠃ ᠲᠡᠭᠦᠯᠳᠡᠷ ᠵᠢᠭᠤᠯᠴᠢᠯᠠᠯ ᠰᠢᠨ᠎ᠡ ᠬᠦᠭᠵᠢᠯᠳᠡ ᠲᠠᠢ ᠪᠤᠯᠪᠠ᠂ ᠮᠡᠶᠢᠷᠡᠨ | ᠬᠠᠪᠴᠢᠯ ᠤᠨ ᠴᠠᠰᠤᠨ ᠳᠤ ᠭᠤᠯᠭᠤᠬᠤ ᠲᠠᠯᠠᠪᠠᠢ᠂ ᠱᠠᠨ ᠷᠦᠩ ᠤᠪᠤᠭ ᠠᠶᠢᠮᠠᠭ ᠵᠡᠷᠭᠡ ᠭᠤᠤᠯᠳᠠᠯᠭ᠎ᠠ ᠲᠠᠢ | ᠦᠵᠡᠮᠵᠢ ᠶᠢᠨ ᠤᠷᠤᠨ ᠢ ᠪᠦᠬᠦᠶᠢᠯᠡ ᠴᠤᠭᠴᠠ ᠪᠠᠷ ᠠᠰᠢᠭᠯᠠᠯᠳᠠ ᠤᠷᠤᠭᠤᠯᠬᠤ ᠶᠢ ᠪᠡᠶᠡᠯᠡᠭᠦᠯᠵᠦ᠂ ᠯᠧᠢ ᠵᠢᠶᠠ | ᠶᠢᠩᠽᠢ ᠶᠢᠨ ᠦᠨᠳᠦᠷ ᠠᠭᠤᠯᠠᠨ ᠤ ᠰᠢᠯ ᠲᠦᠬᠦᠭᠡᠷᠦᠮᠵᠢ ᠳᠤ ᠤᠷᠤᠰᠬᠠᠯ ᠰᠦᠷᠬᠦ᠂ ᠱᠢ ᠵᠢᠶ᠋ᠨ ᠮᠠᠨᠵᠤ | ᠦᠨᠳᠦᠰᠦᠳᠡᠨ ᠤ ᠠᠷᠠᠳ ᠤᠨ ᠵᠠᠩ ᠠᠭᠠᠯᠢ ᠶᠢᠨ ᠤᠷᠳᠤᠨ ᠵᠡᠷᠭᠡ 11 ᠪᠡᠶᠡᠴᠢᠯᠡᠨ ᠤᠶᠢᠯᠠᠭᠠᠬᠤ ᠲᠦᠷᠦᠯ ᠵᠦᠢᠯ ᠢ | ᠪᠠᠶᠢᠭᠤᠯᠵᠤ ᠠᠰᠢᠭᠯᠠᠯᠳᠠ ᠳᠤ ᠤᠷᠤᠭᠤᠯᠪᠠ᠂ ᠡᠮᠡᠭᠡᠯ ᠠᠭᠤᠯᠠ ᠶᠢᠨ ᠬᠤᠪᠢᠰᠬᠠᠯᠳᠤ ᠰᠤᠷᠭᠠᠨ ᠬᠦᠮᠦᠵᠢᠯ ᠤᠨ | ᠰᠠᠭᠤᠷᠢᠨ ᠭᠠᠵᠠᠷ᠂ ᠢᠦᠢ ᠯᠦᠩ ᠴᠤᠸᠠᠨ ᠲᠠᠷᠢᠶᠠᠯᠠᠩ ᠤᠨ ᠬᠦᠷᠢᠶᠡᠯᠡᠩ ᠤᠨ ᠶᠡᠷᠦᠩᠬᠡᠢ ᠴᠤᠭᠴᠠ ᠵᠡᠷᠭᠡ 6 | ᠲᠦᠷᠦᠯ ᠵᠦᠢᠯ ᠢ ᠲᠦᠷᠭᠡᠳᠭᠡᠨ ᠪᠠᠶᠢᠭᠤᠯᠪᠠ᠃ ᠯᠢᠨ ᠶᠢᠩᠽᠢ ᠲᠤᠰᠬᠤᠨ ᠨᠢ ᠰᠤᠶᠤᠯ ᠵᠢᠭᠤᠯᠴᠢᠯᠠᠯ ᠤᠨ ᠶᠠᠮᠤᠨ ᠤ | ︽ᠪᠦᠬᠦ ᠤᠯᠤᠰ ᠤᠨ ᠬᠦᠳᠡᠭᠡ ᠲᠤᠰᠬᠤᠨ ᠤ ᠵᠢᠭᠤᠯᠴᠢᠯᠠᠯ ᠤᠨ ᠭᠤᠤᠯᠳᠠᠯᠭ᠎ᠠ ᠲᠠᠢ ᠲᠤᠰᠬᠤᠨ︾ ᠢᠶᠠᠷ | ᠦᠨᠡᠯᠡᠭᠳᠡᠪᠡ᠃ ᠪᠦᠬᠦ ᠵᠢᠯ ᠳᠤ 117.9 ᠲᠦᠮᠡᠨ ᠬᠦᠮᠦᠨ ᠵᠤᠭᠠᠴᠠᠭᠰᠠᠳ ᠢ ᠬᠦᠯᠢᠶᠡᠨ ᠠᠪᠴᠦ᠂ 10.2 | ᠳ᠋ᠦᠩᠰᠢᠭᠤᠷ ᠲᠦᠭᠦᠷᠢᠭ ᠤᠨ ᠵᠢᠭᠤᠯᠴᠢᠯᠠᠯ ᠤᠨ ᠤᠷᠤᠯᠭ᠎ᠠ ᠡᠭᠦᠳᠴᠦ᠂ ᠲᠤᠰᠪᠦᠷᠢ159% ᠪᠠ145% ᠪᠠᠷ | ᠨᠡᠮᠡᠭᠳᠡᠪᠡ᠃ ᠠᠷᠠᠯᠵᠢᠶ᠎ᠠ ᠬᠤᠳᠠᠯᠳᠤᠭ᠎ᠠ ᠪᠤᠳᠠᠰ ᠤᠨ ᠭᠦᠢᠯᠭᠡᠭᠡ ᠶᠢ ᠲᠦᠷᠭᠡᠳᠭᠡᠨ ᠬᠦᠭᠵᠢᠬᠦᠯᠪᠡ᠂ ᠾᠧ ᠮᠧᠢ | ᠲᠤᠭᠤᠷᠢᠭ ᠾᠧᠩ ᠮᠤᠤ ᠲᠦᠷᠦᠭᠦᠴᠤᠳ ᠤᠨ ᠬᠤᠷᠠᠯ᠂ ᠵᠢᠶᠡ ᠾᠧ ᠵᠢᠶᠡ ᠮᠧᠢ ᠬᠤᠳᠠᠯᠳᠤᠭᠠᠨ ᠤ ᠶᠠᠪᠤᠳᠠᠯ ᠤᠨ | ᠶᠡᠭᠡ ᠠᠰᠠᠷ᠂ ᠾᠧ ᠮᠧᠢ ᠡᠮᠡᠭᠳᠡᠶᠢᠴᠦᠳ ᠤᠨ ᠬᠦᠩᠭᠡᠵᠢᠯ ᠤᠨ ᠡᠮᠨᠡᠯᠭᠡ ᠶᠢᠨ ᠬᠤᠷᠢᠶᠠᠨ ᠤ ᠭᠤᠤᠯ ᠴᠤᠭᠴᠠ ᠶᠢᠨ | ᠪᠠᠷᠢᠯᠭ᠎ᠠ ᠶᠢ ᠲᠠᠭᠤᠰᠬᠠᠵᠤ᠂ ᠾᠧ ᠷᠠᠨ ᠡᠨᠧᠷᠬᠢ ᠠᠷᠪᠢᠯᠠᠬᠤ ᠶᠡᠷᠦᠩᠬᠡᠢ ᠬᠡᠯᠳᠡᠰ ᠢ ᠡᠬᠢᠯᠡᠨ ᠪᠠᠶᠢᠭᠤᠯᠵᠤ᠂ | ᠭᠦᠷᠢᠶᠡᠯᠡᠩ ᠤᠨ ᠲᠤᠭᠤᠷᠢᠭ ᠨᠢ 50 ᠳ᠋ᠦᠩᠰᠢᠭᠤᠷ ᠲᠦᠭᠦᠷᠢᠭ ᠤᠨ ᠪᠤᠷᠤᠯᠠᠭᠤᠯᠭ᠎ᠠ ᠶᠢᠨ ᠤᠷᠤᠯᠭ᠎ᠠ ᠪᠡᠶᠡᠯᠡᠭᠦᠯᠵᠦ᠂ | 1.3 ᠳ᠋ᠦᠩᠰᠢᠭᠤᠷ ᠲᠦᠭᠦᠷᠢᠭ ᠤᠨ ᠠᠰᠢᠭ ᠤᠷᠤᠯᠭ᠎ᠠ ᠡᠭᠦᠳᠪᠡ᠃ ᠡᠯᠧᠺᠲᠷᠤᠨ ᠬᠤᠳᠠᠯᠳᠤᠭᠠᠨ ᠤ ᠰᠤᠯᠢᠯᠴᠠᠭᠠᠨ | ᠤ ᠦᠷᠳᠡᠭ᠂ ᠰᠦᠯᠵᠢᠶᠡᠨ ᠲᠡᠭᠡᠷᠡᠬᠢ ᠵᠢᠵᠢᠭᠯᠡᠨ ᠬᠤᠳᠠᠯᠳᠤᠬᠤ ᠨᠤᠷᠮ᠎ᠠ ᠲᠤᠰᠪᠦᠷᠢ 8 ᠳ᠋ᠦᠩᠰᠢᠭᠤᠷ ᠲᠦᠭᠦᠷᠢᠭ ᠪᠠ | 1.6 ᠳ᠋ᠦᠩᠰᠢᠭᠤᠷ ᠲᠦᠭᠦᠷᠢᠭ ᠬᠦᠷᠴᠦ᠂ ᠲᠤᠰᠪᠦᠷᠢ 7% ᠪᠠ 23% ᠪᠠᠷ ᠨᠡᠮᠡᠭᠳᠡᠪᠡ᠃ | | ︵ᠲᠦᠷᠪᠡ︶ ᠬᠤᠳᠠ ᠪᠠᠯᠭᠠᠰᠤᠨ ᠤ ᠰᠠᠭᠤᠷᠢ ᠲᠦᠬᠦᠭᠡᠷᠦᠮᠵᠢ ᠶᠢ ᠦᠷᠭᠦᠯᠵᠢᠯᠡᠨ ᠲᠡᠭᠦᠯᠳᠡᠷᠵᠢᠭᠦᠯᠪᠡ᠃ ᠶᠢᠨ | ᠨᠠᠨ ᠶᠡᠭᠡ ᠵᠡᠭᠡᠯᠢ ᠶᠢᠨ ᠲᠤᠮᠳᠠ ᠬᠡᠰᠡᠭ᠂ ᠾᠧ ᠪᠢᠨ ᠡᠮᠦᠨ᠎ᠡ ᠵᠡᠭᠡᠯᠢ ᠶᠢᠨ ᠪᠠᠷᠠᠭᠤᠨ ᠬᠡᠰᠡᠭ ᠵᠠᠮ ᠢ ᠦᠭᠡᠷᠡᠴᠢᠯᠡᠨ | ᠵᠠᠰᠠᠬᠤ ᠢᠨᠵᠧᠨᠧᠷᠢᠩ ᠢ ᠤᠷᠢᠳᠴᠢᠯᠡᠨ ᠪᠠᠷᠢᠯᠭ᠎ᠠ ᠲᠡᠭᠦᠰᠭᠡᠵᠦ ᠲᠡᠷᠭᠡ ᠨᠡᠪᠳᠡᠷᠡᠭᠦᠯᠪᠡ᠃ ᠴᠠᠬᠢᠯᠭᠠᠨ ᠬᠤᠯᠪᠤᠭᠠᠨ ᠤ | ᠪᠠᠭ᠎ᠠ ᠲᠤᠭᠤᠷᠢᠭ ᠢ ᠶᠡᠷᠦᠩᠬᠡᠶᠢᠯᠡᠨ ᠵᠠᠰᠠᠬᠤ ᠠᠵᠢᠯ ᠢ ᠲᠡᠭᠦᠰᠭᠡᠵᠦ᠂ ᠯᠦᠩ ᠴᠢᠤᠸᠠᠨ ᠰᠧ ᠰᠦᠮ᠎ᠡ ᠶᠢᠨ | ᠦᠵᠡᠮᠵᠢ ᠶᠢᠨ ᠤᠷᠤᠨ᠂ ᠶᠢᠨ ᠨᠠᠨ ᠶᠡᠭᠡ ᠵᠡᠭᠡᠯᠢ ᠶᠢᠨ ᠵᠡᠭᠦᠨ ᠬᠡᠰᠡᠭ᠂ ᠾᠧ ᠪᠢᠨ ᠬᠤᠶᠢᠳᠦ ᠵᠡᠭᠡᠯᠢ ᠶᠢᠨ ᠵᠡᠭᠦᠨ | ᠬᠡᠰᠡᠭ ᠤᠨ 11.4 ᠲᠦᠮᠡᠨ ᠲᠡᠭᠰᠢ ᠲᠦᠷᠪᠡᠯᠵᠢᠨ ᠮᠧᠲᠷ ᠢ ᠨᠤᠭᠤᠭᠠᠷᠠᠭᠤᠯᠪᠠ᠃ ᠨᠠᠨᠱᠠᠨ ᠴᠡᠴᠡᠷᠯᠢᠭ ᠤᠨ ᠪᠡᠶ᠎ᠡ | ᠴᠢᠬᠢᠷᠠᠭᠵᠢᠭᠤᠯᠬᠤ ᠠᠭᠤᠳᠠᠮ ᠲᠠᠯᠠᠪᠠᠢ᠂ ᠴᠡᠴᠡᠷᠯᠢᠭ ᠤᠨ ᠵᠠᠮ ᠤᠨ ᠰᠡᠯᠡᠭᠦᠴᠡᠯ ᠤᠨ ᠬᠦᠷᠢᠶᠡᠯᠡᠩ ᠢ ᠪᠠᠶᠢᠭᠤᠯᠵᠤ | ᠴᠢᠯᠦᠭᠡᠳᠡᠢ ᠠᠰᠢᠭᠯᠠᠬᠤ ᠪᠤᠯᠭᠠᠪᠠ᠃ ᠪᠠᠷᠠᠭᠠᠨ ᠤ ᠲᠤᠮᠤ ᠮᠠᠰᠢᠨ ᠤ ᠵᠤᠭᠰᠤᠭᠠᠯ ᠤᠨ ᠲᠠᠯᠠᠪᠠᠢ ᠶᠢ ᠪᠠᠶᠢᠭᠤᠯᠵᠤ | ᠬᠡᠷᠡᠭᠯᠡᠯᠳᠡ ᠶᠢᠨ ᠤᠷᠤᠭᠤᠯᠵᠤ᠂ ᠬᠤᠳᠠ ᠲᠤᠭᠤᠷᠢᠭ ᠤᠨ ᠰᠢᠶᠠᠩ ᠵᠢᠶᠤᠤ ᠬᠠᠰᠢᠯᠭ᠎ᠠ ᠶᠢᠨ ᠠᠮᠤᠷ ᠲᠦᠪᠰᠢᠨ ᠤ | ᠰᠠᠷᠠᠯᠵᠢ ᠶᠢ ᠲᠤᠨᠤᠭᠯᠠᠨ ᠲᠡᠭᠦᠰᠭᠡᠪᠡ᠃ ᠮᠠᠨ ᠤ ᠬᠤᠰᠢᠭᠤ ᠨᠢ ᠦᠪᠡᠷᠳᠡᠭᠡᠨ ᠵᠠᠰᠠᠬᠤ ᠤᠷᠤᠨ ᠤ ᠬᠤᠳᠠ ᠶᠢᠨ | ᠨᠠᠷᠢᠯᠢᠭᠵᠢᠭᠤᠯᠤᠭᠰᠠᠨ ᠬᠠᠮᠢᠶᠠᠷᠤᠯᠳᠠ ᠶᠢᠨ ᠲᠤᠷᠰᠢᠯᠳᠠ ᠶᠢᠨ ᠬᠤᠰᠢᠭᠤ ᠪᠠᠷ ᠵᠢᠭᠰᠠᠭᠠᠭᠳᠠᠪᠠ᠃ ᠤᠯᠠᠨ ᠲᠦᠮᠡᠨ ᠤ | ᠬᠦᠰᠡᠯ ᠱᠠᠭᠠᠷᠳᠠᠯᠭ᠎ᠠ ᠳᠤ ᠴᠠᠭ ᠲᠤᠬᠠᠢ ᠳᠤ ᠨᠢ ᠬᠠᠷᠢᠭᠤ ᠦᠭᠴᠦ᠂ ᠲᠤᠯᠠᠭᠠᠯᠭ᠎ᠠ ᠶᠢᠨ ᠺᠤᠮᠫᠠᠨᠢ ᠶᠢᠨ ᠬᠦᠴᠢᠷᠳᠡᠯ ᠢ | ᠴᠢᠬᠤᠯᠠᠴᠢᠯᠠᠨ ᠦᠵᠡᠵᠦ᠂ ︽ᠱᠠᠩᠨᠠᠵᠤ ᠲᠤᠷᠠᠭᠠᠬᠤ ᠨᠢ ᠲᠤᠳᠤᠷᠬᠠᠢ︾ ᠤᠷᠮᠠᠰᠢᠭᠤᠯᠤᠨ ᠲᠤᠭᠳᠠᠯᠴᠠᠭ᠎ᠠ ᠶᠢ | ᠰᠤᠳᠤᠯᠤᠨ ᠪᠠᠶᠢᠭᠤᠯᠵᠤ᠂ 448 ᠲᠦᠮᠡᠨ ᠲᠦᠭᠦᠷᠢᠭ ᠤᠨ ᠲᠤᠯᠠᠭᠠᠯᠭ᠎ᠠ ᠶᠢᠨ ᠨᠦᠬᠦᠪᠦᠷᠢ ᠲᠠᠷᠬᠠᠭᠠᠵᠤ᠂ | ᠲᠤᠯᠠᠭᠠᠯᠭ᠎ᠠ ᠶᠢᠨ ᠠᠮᠤᠷ ᠲᠦᠪᠰᠢᠨ ᠪᠠ ᠴᠢᠨᠠᠷ ᠴᠢᠨᠰᠠᠭ᠎ᠠ ᠶᠢ ᠡᠷᠴᠢᠮᠳᠠᠢ ᠪᠠᠳᠤᠯᠠᠪᠠ᠃ ᠾᠧ ᠮᠧᠢ ᠬᠦᠷᠢᠶᠡᠯᠡᠩ | ᠲᠤᠭᠤᠷᠢᠭ ᠤᠨ ᠦᠢᠯᠡᠰᠵᠢᠯᠳᠡ ᠪᠠᠨ ᠬᠤᠳᠠᠴᠢᠯᠠᠯᠳᠠ ᠶᠢ ᠠᠭᠤᠰᠤᠯᠴᠠᠭᠤᠯᠬᠤ ᠬᠤᠰᠢᠭᠤᠴᠢ ᠲᠤᠭᠤᠷᠢᠭ | ᠤᠳᠤᠷᠢᠳᠬᠠᠯ ᠤᠨ ᠴᠢᠨᠠᠷᠳᠠᠢ᠂ ᠬᠢᠵᠠᠭᠠᠷᠯᠠᠯ ᠤᠨ ᠴᠢᠨᠠᠷᠳᠠᠢ ᠨᠠᠷᠢᠯᠢᠭ ᠲᠦᠯᠦᠪᠵᠢᠭᠦᠯᠭᠡ ᠶᠢ ᠨᠠᠶᠢᠷᠠᠭᠤᠯᠤᠨ | ᠲᠡᠭᠦᠰᠭᠡᠪᠡ᠃ ᠹᠦ᠋ ᠾᠧ ᠵᠡᠭᠡᠯᠢ᠂ ᠰᠠᠯᠪᠤᠷᠢ ᠨᠠᠢᠮᠠᠨ ᠵᠡᠭᠡᠯᠢ᠂ ᠰᠠᠯᠪᠤᠷᠢ ᠲᠠᠪᠤᠨ ᠵᠠᠮ ᠨᠢ ᠪᠠᠷᠢᠯᠭ᠎ᠠ ᠲᠡᠭᠦᠰᠭᠡᠵᠦ | ᠲᠡᠷᠭᠡ ᠨᠡᠪᠳᠡᠷᠡᠪᠡ᠂ ᠬᠤᠳᠠ ᠶᠢᠨ ᠶᠠᠪᠤᠳᠠᠯ ᠤᠨ ᠬᠤᠭᠤᠯᠠᠢ ᠲᠤᠤᠷ ᠢ 25.3 ᠺᠢᠯᠤᠮᠧᠲᠷ ᠰᠢᠨ᠎ᠡ ᠪᠠᠷ ᠦᠭᠡᠷᠡᠴᠢᠯᠡᠨ | ᠪᠠᠶᠢᠭᠤᠯᠵᠤ᠂ ᠪᠠᠷᠠᠭᠤᠨ ᠲᠤᠭᠤᠷᠢᠯᠳᠠ ᠶᠢᠨ ᠵᠠᠮ ᠤᠨ 4.3 ᠲᠦᠮᠡᠨ ᠲᠡᠭᠰᠢ ᠲᠦᠷᠪᠡᠯᠵᠢᠨ ᠮᠧᠲᠷ ᠢ ᠤᠶᠢᠵᠢᠭᠤᠯᠪᠠ | ᠃ ᠬᠤᠳᠠ ᠶᠢᠨ ᠲᠦᠷᠢ ᠲᠦᠷᠬᠦ ᠶᠢ ᠶᠡᠷᠦᠩᠬᠡᠶᠢᠯᠡᠨ ᠵᠠᠰᠠᠬᠤ ︽ᠵᠠᠭᠤᠨ ᠡᠳᠦᠷ ᠤᠨ ᠰᠢᠪᠳᠤᠯᠤᠯᠳᠠ︾ ᠶᠢᠨ | ᠠᠵᠢᠯᠯᠠᠭ᠎ᠠ ᠶᠢᠨ ᠦᠷ᠎ᠡ ᠪᠦᠳᠦᠮᠵᠢ ᠢᠯᠡᠷᠬᠡᠢ ᠪᠤᠯᠵᠤ᠂ ᠪᠦᠬᠦ ᠤᠷᠤᠨ ᠤ ᠬᠤᠳᠠ ᠶᠢᠨ ᠨᠠᠷᠢᠯᠢᠭᠵᠢᠭᠤᠯᠤᠭᠰᠠᠨ | ᠬᠠᠮᠢᠶᠠᠷᠤᠯᠳᠠ ᠶᠢᠨ ᠲᠤᠬᠠᠢ ᠶᠢᠨ ᠲᠠᠯᠠᠪᠠᠢ ᠶᠢᠨ ᠬᠤᠷᠠᠯ ᠢ ᠲᠠᠭᠠᠭᠠᠴᠢᠯᠠᠨ ᠡᠷᠬᠢᠯᠡᠬᠦ ᠡᠭᠦᠷᠭᠡ ᠶᠢ ᠠᠮᠵᠢᠯᠳᠠᠳᠠᠢ | ᠲᠡᠭᠦᠰᠭᠡᠪᠡ᠃ ᠢᠦᠢ ᠯᠦᠩ ᠨᠢᠰᠭᠡᠯ ᠤᠨ ᠪᠠᠭᠤᠳᠠᠯ ᠢ ᠦᠷᠭᠡᠳᠭᠡᠨ ᠪᠠᠶᠢᠭᠤᠯᠬᠤ ᠢᠨᠵᠧᠨᠧᠷᠢᠩ ᠢ ᠪᠦᠬᠦ | ᠬᠦᠴᠦᠨ ᠢᠶᠠᠷ ᠢᠶᠠᠨ ᠦᠢᠯᠡᠴᠢᠯᠡᠨ᠂ ᠪᠠᠭ᠎ᠠ ᠦᠵᠦᠮᠦᠴᠢᠨ ᠢ ᠪᠦᠬᠦ ᠲᠤᠭᠤᠶᠢᠯᠠᠩ ᠨᠤᠷᠠᠭᠠᠨ ᠨᠡᠭᠦᠯᠭᠡᠬᠦ ᠠᠵᠢᠯ ᠢ | ᠠᠮᠵᠢᠯᠳᠠᠳᠠᠢ ᠲᠡᠭᠦᠰᠭᠡᠪᠡ᠃ ᠳ᠋ᠠ ᠭᠤᠸᠠᠩ ᠦᠨᠳᠦᠷ ᠬᠤᠷᠳᠤᠴᠠᠳᠤ ᠵᠠᠮ ᠤᠨ ᠨᠢᠦ ᠵᠢᠶᠠ ᠶᠢᠩᠽᠢ ᠳᠤ ᠨᠡᠪᠳᠡᠷᠡᠬᠦ | ᠵᠠᠮ ᠢ ᠪᠠᠶᠢᠭᠤᠯᠤᠨ ᠲᠡᠭᠦᠰᠭᠡᠪᠡ᠂ ᠬᠦᠳᠡᠭᠡ ᠲᠤᠰᠬᠤᠨ ᠤ 6 ᠵᠤᠷᠪᠤᠰ 70 ᠺᠢᠯᠤᠮᠧᠲᠷ ᠵᠠᠰᠠᠮᠠᠯ ᠵᠠᠮ ᠢ | ᠦᠭᠡᠷᠡᠴᠢᠯᠡᠬᠦ ᠢᠨᠵᠧᠨᠧᠷᠢᠩ᠂ ᠠᠮᠢ ᠨᠠᠰᠤ ᠶᠢ ᠬᠠᠮᠠᠭᠠᠯᠠᠬᠤ 33 ᠺᠢᠯᠤᠮᠧᠲᠷ ᠤᠨ ᠢᠨᠵᠧᠨᠧᠷᠢᠩ᠂ 235 | ᠺᠢᠯᠤᠮᠧᠲᠷ ᠤᠨ 10 ᠺᠢᠯᠤᠸᠤᠯᠲ ᠤᠨ ᠴᠠᠬᠢᠯᠭᠠᠨ ᠬᠦᠷᠭᠡᠬᠦ ᠲᠤᠤᠷ ᠤᠨ ᠢᠨᠵᠧᠨᠧᠷᠢᠩ ᠢ ᠪᠠᠶᠢᠭᠤᠯᠤᠨ | ᠠᠰᠢᠭᠯᠠᠯᠳᠠ ᠳᠤ ᠤᠷᠤᠭᠤᠯᠪᠠ᠃ ᠨᠢᠦ ᠵᠢᠶᠠ ᠶᠢᠩᠽᠢ ᠪᠠᠯᠭᠠᠰᠤᠨ ᠤ ᠲᠦ᠋ ᠴᠧᠩᠽᠢ ᠲᠤᠰᠬᠤᠨ᠂ ᠨᠢᠦ ᠳ᠋ᠠ | ᠬᠡᠰᠡᠭ ᠤᠨ ᠵᠡᠭᠡᠯᠢ ᠲᠤᠭᠤᠷᠢᠭ ᠤᠨ ᠪᠤᠵᠠᠷ ᠤᠰᠤ ᠶᠢ ᠰᠢᠢᠳᠪᠦᠷᠢᠯᠡᠬᠦ ᠦᠷᠳᠡᠭᠡ ᠪᠠ ᠮᠡᠶᠢᠷᠡᠨ ᠪᠠᠯᠭᠠᠰᠤ᠂ ᠨᠠᠷᠢᠨ | ᠪᠠᠯᠭᠠᠰᠤ ᠳᠤ 9 ᠰᠠᠭᠤᠷᠢ ᠬᠤᠭ ᠨᠤᠪᠰᠢ ᠶᠢ ᠪᠤᠯᠠᠬᠤ ᠲᠠᠯᠠᠪᠠᠢ ᠪᠠᠶᠢᠭᠤᠯᠵᠤ᠂ 1.65 ᠲᠦᠮᠡᠨ ᠡᠷᠦᠬᠡ ᠶᠢᠨ | ᠵᠤᠷᠯᠤᠩ ᠢ ᠦᠭᠡᠷᠡᠴᠢᠯᠡᠵᠦ᠂ ᠵᠢᠯ ᠤᠨ ᠡᠭᠦᠷᠭᠡ ᠪᠠᠨ ᠲᠠᠪᠠᠭᠤᠯᠤᠨ ᠪᠡᠶᠡᠯᠡᠭᠦᠯᠪᠡ᠃ | | ︵ᠲᠠᠪᠤ︶ ᠦᠭᠡᠷᠡᠴᠢᠯᠡᠯᠳᠡ ᠨᠡᠬᠡᠭᠡᠯᠳᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠪᠡ᠃ ᠬᠤᠳᠠᠯᠳᠤᠭ᠎ᠠ | ᠡᠷᠬᠢᠯᠡᠬᠦ ᠤᠷᠴᠢᠨ ᠲᠤᠭᠤᠷᠢᠨ ᠢ ᠲᠠᠰᠤᠷᠠᠯᠳᠠ ᠦᠭᠡᠢ ᠰᠢᠯᠢᠳᠡᠭᠵᠢᠬᠦᠯᠪᠡ᠂ 6.89 ᠳ᠋ᠦᠩᠰᠢᠭᠤᠷ ᠲᠦᠭᠦᠷᠢᠭ ᠤᠨ | ᠭᠠᠶᠢᠯᠢ ᠰᠦᠢᠳᠭᠡᠯ ᠢ ᠬᠠᠰᠤᠵᠤ᠂ ᠲᠤᠮᠳᠠ ᠪᠠᠭ᠎ᠠ ᠵᠢᠵᠢᠭ ᠠᠵᠤ ᠠᠬᠤᠶᠢᠯᠠᠯ ᠳᠤ ᠲᠠᠭᠠᠭᠠᠴᠢᠠᠯᠠᠯᠳᠠ ᠲᠠᠢ ᠵᠢᠭᠡᠯᠡᠯᠭᠡ | ᠶᠢ 2115 ᠲᠦᠮᠡᠨ ᠲᠦᠭᠦᠷᠢᠭ ᠲᠠᠷᠬᠠᠭᠠᠪᠠ᠂ ᠤᠨᠴᠠᠭᠠᠶᠢᠯᠠᠨ ᠬᠢᠵᠢᠭ ᠤᠨ ᠬᠤᠭᠤᠴᠠᠭᠠᠨ ᠳᠤ 1.4 ᠲᠦᠮᠡᠨ | ᠬᠤᠳᠠᠯᠳᠤᠭᠠᠨ ᠤ ᠭᠤᠤᠯ ᠴᠤᠭᠴᠠ ᠶᠢᠨ 814 ᠲᠦᠮᠡᠨ ᠲᠦᠭᠦᠷᠢᠭ ᠤᠨ ᠴᠠᠬᠢᠯᠭᠠᠨ ᠤ ᠰᠦᠢᠳᠭᠡᠯ ᠢ ᠬᠠᠰᠤᠨ | ᠬᠡᠯᠳᠦᠷᠢᠭᠦᠯᠪᠡ᠃ ︽ᠲᠠᠯᠪᠢᠬᠤ ᠬᠠᠮᠢᠶᠠᠷᠬᠤ ᠦᠢᠯᠡᠴᠢᠯᠡᠬᠦ︾ ᠦᠭᠡᠷᠡᠴᠢᠯᠡᠯᠳᠡ ᠶᠢ ᠦᠷᠭᠦᠯᠵᠢᠯᠡᠨ | ᠭᠦᠨᠵᠡᠭᠡᠶᠢᠷᠡᠭᠦᠯᠵᠦ᠂ ︽ᠨᠠᠢᠮᠠᠨ ᠬᠠᠭᠤᠳᠠᠰᠤ ᠨᠠᠷᠢᠨ ᠲᠠᠩᠰᠠ︾ ᠶᠢᠨ 7113 ᠲᠦᠷᠦᠯ ᠵᠦᠢᠯ ᠤᠨ ᠬᠦᠳᠡᠯᠦᠩᠭᠦᠢ | ᠲᠤᠬᠢᠷᠠᠭᠤᠯᠤᠯᠳᠠ ᠶᠢ ᠪᠡᠶᠡᠯᠡᠬᠦᠯᠵᠦ᠂ ︽ᠲᠦᠷᠪᠡ ᠶᠢ ᠭᠦᠢᠴᠡᠳᠭᠡᠬᠦ︾ ᠲᠦᠷᠦᠯ ᠤᠨ 530 ᠵᠦᠢᠯ ᠢ ᠪᠦᠬᠦ ᠲᠠᠯ᠎ᠠ | ᠪᠠᠷ ᠡᠮᠬᠢᠯᠡᠨ ᠴᠡᠭᠴᠡᠯᠡᠵᠦ᠂ ᠰᠢᠶᠠᠩ ᠪᠠᠯᠭᠠᠰᠤ ᠵᠡᠭᠡᠯᠢ ᠭᠤᠳᠤᠮᠵᠢ ᠶᠢᠨ ᠡᠷᠬᠡ ᠲᠤᠰᠢᠶᠡᠯ ᠤᠨ 99 ᠵᠦᠢᠯ ᠢ ᠴᠠᠭ | ᠲᠤᠬᠠᠢ ᠳᠤ ᠨᠢ ᠲᠤᠷᠤᠭᠰᠢ ᠪᠠᠭᠤᠯᠭᠠᠪᠠ᠂ ᠴᠠᠬᠢᠮ ᠵᠠᠰᠠᠭ ᠤᠨ ᠶᠠᠪᠤᠳᠠᠯ ᠤᠨ ᠭᠠᠳᠠᠭᠠᠳᠤ ᠰᠦᠯᠵᠢᠶ᠎ᠡ ᠶᠢ ᠲᠠᠪᠤᠨ | ᠲᠤᠶᠢᠯ ᠳᠤ ᠠᠭᠤᠰᠤᠯᠴᠠᠭᠤᠯᠬᠤ ᠶᠢ ᠵᠤᠯᠭᠠᠭᠤᠯᠵᠤ᠂ ᠬᠢᠨᠠᠨ ᠵᠦᠪᠰᠢᠶᠡᠷᠡᠬᠦ ᠵᠦᠢᠯ᠂ ᠭᠤᠭᠴᠤᠭ᠎ᠠ ᠶᠢᠨ ᠪᠠ | ᠬᠠᠪᠰᠤᠷᠠᠭᠠᠬᠤ ᠴᠢᠬᠤᠯᠠ ᠵᠦᠢᠯ ᠢ 13% ᠪᠠᠷ ᠪᠠᠭᠠᠰᠬᠠᠨ᠂ ᠬᠢᠨᠠᠨ ᠵᠦᠪᠰᠢᠶᠡᠷᠡᠬᠦ ᠴᠠᠭ ᠤᠨ ᠬᠢᠵᠠᠭᠠᠷ ᠢ 57% | ᠪᠠᠷ ᠪᠠᠭᠠᠰᠬᠠᠪᠠ᠃ ᠲᠠᠷᠢᠶᠠᠯᠠᠩ ᠤᠨ ᠤᠰᠤᠨ ᠤ ᠦᠨ᠎ᠡ ᠶᠢᠨ ᠶᠡᠷᠦᠩᠬᠡᠶᠢᠯᠡᠭᠰᠡᠨ ᠦᠭᠡᠷᠡᠴᠢᠯᠡᠯᠳᠡ ᠶᠢ ᠡᠮᠬᠢ | ᠴᠡᠭᠴᠡᠳᠡᠢ ᠠᠬᠢᠭᠤᠯᠵᠤ᠂ ᠬᠦᠳᠡᠭᠡ ᠲᠤᠰᠬᠤᠨ ᠤ ᠬᠠᠮᠳᠤ ᠶᠢᠨ ᠦᠮᠴᠢᠯᠡᠯ ᠤᠨ ᠲᠦᠷᠢᠮ ᠤᠨ ᠦᠭᠡᠷᠡᠴᠢᠯᠡᠯᠳᠡ ᠶᠢ | ᠦᠨᠳᠦᠰᠦᠨ ᠳᠤ ᠪᠠᠨ ᠲᠡᠭᠦᠰᠭᠡᠪᠡ᠂ ᠵᠠᠰᠠᠭ ᠵᠠᠬᠢᠷᠭᠠᠨ ᠤ ᠶᠡᠷᠦᠩᠬᠡᠶᠢᠯᠡᠭᠰᠡᠨ ᠬᠠᠤᠯᠢ ᠬᠡᠷᠡᠭᠵᠢᠬᠦᠯᠬᠦ ᠪᠠ ᠤᠢ | ᠰᠢᠭᠤᠢ ᠶᠢᠨ ᠲᠤᠳᠤᠭᠠᠳᠤ ᠶᠢ ᠬᠠᠮᠠᠭᠠᠯᠠᠬᠤ ᠪᠠᠶᠢᠭᠤᠯᠤᠮᠵᠢ ᠶᠢᠨ ᠲᠤᠬᠢᠷᠠᠭᠤᠯᠤᠯᠳᠠ᠂ ᠡᠷᠬᠡ ᠲᠤᠰᠢᠶᠠᠯ ᠢ ᠰᠢᠯᠵᠢᠬᠦᠯᠬᠦ | ᠂ ᠬᠦᠮᠦᠰ ᠤᠨ ᠬᠠᠷᠢᠶ᠎ᠠ ᠶᠢ ᠰᠢᠯᠵᠢᠬᠦᠯᠬᠦ ᠵᠡᠷᠭᠡ ᠶᠢ ᠪᠦᠬᠦᠨ ᠢ ᠪᠡᠶᠡᠯᠡᠭᠦᠯᠪᠡ᠃ ᠪᠦᠬᠦ ᠵᠢᠯ ᠳᠤ ᠬᠤᠳᠠᠯᠳᠤᠭᠠᠴᠢᠨ | ᠤᠷᠢᠭᠰᠠᠨ 20 ᠲᠦᠷᠦᠯ ᠵᠦᠢᠯ ᠳᠤ ᠭᠠᠷ ᠤᠨ ᠦᠰᠦᠭ ᠵᠢᠷᠤᠵᠤ᠂ 58 ᠳ᠋ᠦᠩᠰᠢᠭᠤᠷ ᠲᠦᠭᠦᠷᠢᠭ ᠤᠨ ᠪᠡᠯᠡ | ᠤᠷᠤᠭᠤᠯᠬᠤ ᠪᠠᠷ ᠲᠦᠯᠦᠪᠯᠡᠪᠡ᠃ | ︵ᠵᠢᠷᠭᠤᠭ᠎ᠠ︶ ᠠᠷᠠᠳ ᠤᠨ ᠠᠮᠢᠳᠤᠷᠠᠯ ᠨᠡᠶᠢᠭᠡᠮ ᠤᠨ ᠦᠢᠯᠡᠰ ᠢ ᠪᠦᠬᠦ ᠲᠠᠯ᠎ᠠ ᠪᠠᠷ ᠤᠷᠤᠭᠰᠢ ᠲᠠᠪᠰᠢᠭᠤᠯᠪᠠ | ᠃ ᠪᠦᠬᠦ ᠬᠤᠰᠢᠭᠤᠨ ᠤ ᠠᠷᠠᠳ ᠤᠨ ᠠᠮᠢᠳᠤᠷᠠᠯ ᠤᠨ ᠵᠠᠷᠤᠯᠭ᠎ᠠ ᠳᠤ 23.5 ᠳ᠋ᠦᠩᠰᠢᠭᠤᠷ ᠲᠦᠭᠦᠷᠢᠭ | ᠵᠠᠷᠤᠴᠠᠭᠤᠯᠵᠤ᠂ ᠤᠯᠠᠨ ᠨᠡᠶᠢᠳᠡ ᠶᠢᠨ ᠡᠳ᠋ ᠤᠨ ᠵᠠᠰᠠᠭ ᠤᠨ ᠤᠷᠢᠳᠴᠢᠯᠠᠭᠰᠠᠨ ᠲᠦᠰᠦᠪ ᠤᠨ ᠵᠠᠷᠤᠯᠭ᠎ᠠ ᠶᠢᠨ | 77% ᠶᠢ ᠡᠵᠡᠯᠡᠪᠡ᠃ ᠬᠤᠳᠠ ᠪᠠᠯᠭᠠᠰᠤᠨ ᠤ 1515 ᠬᠦᠮᠦᠨ ᠳᠤ ᠰᠢᠨ᠎ᠡ ᠪᠠᠷ ᠠᠵᠢᠯ ᠤᠯᠭᠤᠵᠤ᠂ 5.3 | ᠲᠦᠮᠡᠨ ᠲᠠᠷᠢᠶᠠᠴᠢᠳ ᠢ ᠰᠢᠯᠵᠢᠭᠦᠯᠦᠨ ᠠᠵᠢᠯ ᠤᠯᠭᠤᠪᠠ᠂ ᠦᠢᠯᠡᠰ ᠪᠦᠳᠦᠭᠡᠬᠦ ᠲᠠᠭᠠᠭᠠᠴᠢᠠᠯᠠᠯᠳᠠ ᠲᠠᠢ ᠵᠢᠭᠡᠯᠡᠯᠭᠡ | ᠶᠢ 2067 ᠲᠦᠮᠡᠨ ᠲᠦᠭᠦᠷᠢᠭ ᠲᠠᠷᠬᠠᠭᠠᠵᠤ᠂ ᠨᠡᠶᠢᠳᠡ ᠳᠤ ᠠᠰᠢᠭᠳᠠᠢ ᠠᠵᠢᠯ ᠤᠨ ᠪᠠᠶᠢᠷᠢ ᠶᠢᠨ ᠨᠦᠬᠦᠪᠦᠷᠢ ᠶᠢ | 1246 ᠲᠦᠮᠡᠨ ᠲᠦᠭᠦᠷᠢᠭ ᠲᠠᠷᠬᠠᠭᠠᠪᠠ᠃ ᠬᠤᠳᠠ ᠪᠠᠯᠭᠠᠰᠤᠨ ᠤ ᠲᠤᠤᠷ᠎ᠠ ᠪᠠᠳᠤᠯᠠᠭ᠎ᠠ ᠶᠢ ᠰᠠᠷ᠎ᠠ ᠪᠦᠷᠢ 728 | ᠲᠦᠭᠦᠷᠢᠭ ᠪᠤᠯᠭᠠᠨ ᠨᠡᠮᠡᠵᠦ᠂ ᠬᠦᠳᠡᠭᠡ ᠲᠤᠰᠬᠤᠨ ᠤ ᠲᠤᠤᠷ᠎ᠠ ᠪᠠᠳᠤᠯᠠᠭ᠎ᠠ ᠶᠢ ᠵᠢᠯ ᠪᠦᠷᠢ 5160 ᠲᠦᠭᠦᠷᠢᠭ | ᠪᠤᠯᠭᠠᠨ ᠨᠡᠮᠡᠵᠦ᠂ ᠡᠯ᠎ᠡ ᠵᠦᠢᠯ ᠤᠨ ᠲᠡᠳᠭᠦᠨ ᠲᠡᠮᠵᠢᠬᠦ ᠪᠡᠯᠡ ᠮᠦᠩᠬᠦ ᠶᠢ 1.8 ᠳ᠋ᠦᠩᠰᠢᠭᠤᠷ ᠲᠦᠭᠦᠷᠢᠭ | ᠲᠠᠷᠬᠠᠭᠠᠪᠠ᠃ ᠤᠯᠤᠰ ᠤᠨ ᠦᠮᠴᠢᠯᠡᠯᠳᠤ ᠭᠠᠵᠠᠷ ᠰᠢᠷᠦᠢ ᠭᠡᠷ ᠬᠦᠷᠦᠩᠭᠡ ᠶᠢᠨ ᠦᠮᠴᠢᠯᠡᠯ ᠤᠨ ᠬᠠᠷᠢᠶᠠᠯᠠᠯ ᠤᠨ | ᠪᠦᠷᠢᠳᠭᠡᠯ ᠳᠠᠬᠢ ᠲᠡᠦᠬᠡᠨ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠢ ᠡᠷᠴᠢᠮᠳᠡᠢ ᠰᠢᠢᠳᠪᠦᠷᠢᠯᠡᠪᠡ᠃ ᠴᠡᠷᠢᠭ | ᠠᠴᠠ ᠬᠠᠯᠠᠭᠳᠠᠭᠰᠠᠳ ᠤᠨ ᠦᠢᠯᠡᠴᠢᠯᠡᠭᠡᠨ ᠤ ᠦᠷᠳᠡᠭᠡ ︵ᠲᠦᠪ︶ ᠢ ᠪᠦᠬᠦ ᠬᠤᠰᠢᠭᠤᠨ ᠤ ᠰᠢᠶᠠᠩ ᠲᠤᠰᠬᠤᠨ ᠳᠤ | ᠪᠦᠬᠦᠨ ᠢ ᠪᠦᠷᠬᠦᠭᠦᠯᠵᠦ᠂ ᠦᠪᠡᠷᠳᠡᠭᠡᠨ ᠵᠠᠰᠠᠬᠤ ᠤᠷᠤᠨ ᠤ ᠲᠡᠰ ᠤᠨ ︽ᠬᠤᠶᠠᠷ ᠢ ᠬᠦᠷᠢᠶᠡᠯᠡᠬᠦ ᠬᠤᠳᠠ︾ ᠶᠢ | ᠡᠭᠦᠳᠦᠭᠰᠡᠨ ᠲᠡᠷᠢᠭᠦᠨ ᠨᠡᠷ᠎ᠡ ᠶᠢ ᠬᠤᠶᠠᠷ ᠤᠳᠠᠭ᠎ᠠ ᠵᠠᠯᠭ᠎ᠠ ᠪᠠᠷ ᠬᠠᠮᠠᠭᠠᠯᠠᠵᠤ ᠴᠢᠳᠠᠪᠠ᠃ ᠦᠪᠡᠷᠳᠡᠭᠡᠨ ᠵᠠᠰᠠᠬᠤ | ᠤᠷᠤᠨ ᠤ ᠲᠡᠰ ᠤᠨ ᠰᠢᠨᠵᠢᠯᠡᠬᠦ ᠮᠡᠷᠭᠡᠵᠢᠯ ᠤᠨ ᠰᠢᠨ᠎ᠡ ᠡᠭᠦᠳᠬᠦ ᠲᠠᠪᠴᠠᠩ ᠢ ᠰᠢᠨ᠎ᠡ ᠪᠠᠷ ᠪᠠᠶᠢᠭᠤᠯᠵᠤ᠂ | ᠤᠯᠤᠰ ᠤᠨ ᠲᠡᠭᠡᠳᠦ ᠰᠢᠨ᠎ᠡ ᠮᠡᠷᠭᠡᠵᠢᠯ ᠤᠨ1ᠠᠵᠤ ᠠᠬᠤᠶᠢᠯᠠᠯ ᠢ ᠰᠢᠨ᠎ᠡ ᠪᠠᠷ ᠨᠡᠮᠡᠪᠡ᠃ ᠾᠧ ᠮᠧᠢ ᠬᠡᠦᠭᠡᠳ ᠤᠨ | ᠨᠢᠭᠡᠳᠦᠭᠡᠷ ᠴᠡᠴᠡᠷᠯᠢᠭ᠂ ᠰᠢ ᠴᠢᠶᠤᠤ ᠰᠤᠷᠭᠠᠭᠤᠯᠢ ᠶᠢᠨ ᠶᠡᠷᠦᠩᠬᠡᠶᠢᠯᠡᠭᠰᠡᠨ ᠠᠰᠠᠷ ᠢ ᠪᠠᠶᠢᠭᠤᠯᠵᠤ ᠠᠰᠢᠭᠯᠠᠯᠳᠠ ᠳᠤ | ᠤᠷᠤᠭᠤᠯᠪᠠ᠂ ᠨᠠᠷᠢᠨ ᠮᠤᠩᠭᠤᠯ ᠦᠨᠳᠦᠰᠦᠳᠡᠨ ᠤ ᠪᠠᠭ᠎ᠠ ᠰᠤᠷᠭᠠᠭᠤᠯᠢ ᠨᠢ ᠪᠦᠬᠦ ᠤᠯᠤᠰ ᠤᠨ ᠬᠦᠳᠡᠭᠡ ᠲᠤᠰᠬᠤᠨ | ᠤ ᠬᠠᠯᠠᠭᠤᠨ ᠲᠤᠳᠤᠨᠤ ᠵᠢᠱᠢᠶ᠎ᠡ ᠦᠵᠡᠭᠦᠯᠬᠦ ᠰᠤᠷᠭᠠᠭᠤᠯᠢ ᠶᠢᠨ ᠬᠦᠷᠢᠶᠡᠯᠡᠩ ᠢᠶᠠᠷ ᠦᠨᠡᠯᠡᠭᠳᠡᠪᠡ᠃ ᠬᠤᠰᠢᠭᠤᠨ ᠤ | ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶᠠᠨ ᠤ ᠭᠤᠤᠯ ᠴᠤᠭᠴᠠ ᠶᠢᠨ ᠪᠠᠷᠢᠯᠭ᠎ᠠ ᠶᠢ ᠲᠡᠭᠦᠰᠭᠡᠵᠦ᠂ ᠶᠦᠩ ᠹᠧᠩ᠂ | ᠮᠡᠶᠢᠷᠡᠨ ᠬᠠᠪᠴᠢᠯ ᠳᠠᠬᠢ ᠡᠮᠨᠡᠯᠭᠡ ᠶᠢᠨ ᠬᠤᠷᠢᠶ᠎ᠠ ᠶᠢ ᠪᠠᠶᠢᠭᠤᠯᠵᠤ ᠠᠰᠢᠭᠯᠠᠯᠳᠠ ᠳᠤ ᠤᠷᠤᠭᠤᠯᠵᠤ᠂ ᠤᠯᠠᠭᠠᠨᠬᠠᠳᠠ | ᠬᠤᠳᠠ ᠶᠢᠨ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠡᠵᠡᠮᠳᠡᠬᠦ ᠪᠤᠯᠪᠠᠰᠤᠷᠠᠯ ᠤᠨ ᠰᠠᠭᠤᠷᠢᠨ ᠭᠠᠵᠠᠷ ᠢ ᠪᠠᠶᠢᠭᠤᠯᠵᠤ | ᠲᠡᠭᠦᠰᠭᠡᠪᠡ᠃ ᠤᠷᠤᠨ ᠪᠠ ᠬᠤᠳᠠ ᠶᠢᠨ ᠲᠡᠰ ᠤᠨ ᠪᠤᠳᠠᠰ ᠤᠨ ᠪᠤᠰᠤ ᠰᠤᠶᠤᠯ ᠤᠨ ᠦᠪ ᠤᠨ ᠲᠦᠯᠦᠭᠡᠯᠡᠬᠦ | ᠴᠢᠨᠠᠷᠳᠠᠢ 27 ᠲᠦᠷᠦᠯ ᠵᠦᠢᠯ ᠢ ᠠᠮᠵᠢᠯᠳᠠᠳᠠᠢ ᠡᠷᠡᠮᠡᠯᠵᠡᠯᠡᠨ ᠮᠡᠳᠡᠭᠦᠯᠪᠡ᠂ ᠤᠯᠠᠭᠠᠨᠮᠦ᠋ᠴᠢᠷ ᠤᠨ ᠠᠷᠠᠳ ᠲᠤ | ᠬᠠᠷᠠᠭᠠᠯᠵᠠᠯ ᠦᠵᠡᠬᠦᠯᠬᠦ ᠲᠤᠭᠯᠠᠯᠳᠠ ᠶᠢ 100 ᠲᠠᠯᠠᠪᠠᠢ ᠲᠤᠭᠯᠠᠪᠠ᠃ ᠲᠤᠷᠠᠰᠬᠠᠯᠳᠤ ᠪᠤᠳᠠᠰ ᠤᠨ ᠠᠮᠤᠷ | ᠲᠦᠪᠰᠢᠨ ᠤ ᠪᠠᠶᠢᠴᠠᠭᠠᠯᠳᠠ ᠶᠢ ᠪᠦᠬᠦ ᠲᠠᠯ᠎ᠠ ᠪᠠᠷ ᠪᠡᠶᠡᠯᠡᠬᠦᠯᠵᠦ᠂ ᠲᠡᠦᠬᠡᠨ ᠲᠤᠷᠠᠰᠬᠠᠯᠳᠤ ᠪᠠᠷᠢᠯᠭ᠎ᠠ ᠶᠢ ᠵᠠᠰᠠᠬᠤ | ᠲᠦᠯᠦᠪᠯᠡᠭᠡ ᠶᠢ ᠡᠬᠢᠯᠡᠨ ᠬᠡᠷᠡᠭᠵᠢᠬᠦᠯᠵᠦ᠂ ᠲᠡᠦᠭᠡᠨ ᠲᠤᠷᠠᠰᠬᠠᠯᠳᠤ ᠡᠷᠳᠡᠨ ᠤ ᠪᠠᠷᠢᠯᠭ᠎ᠠ ᠶᠢ ᠡᠷᠴᠢᠮᠳᠠᠢ ᠬᠠᠮᠠᠭᠠᠯᠠᠬᠤ | ᠪᠤᠶᠤ ᠵᠠᠰᠠᠨ ᠰᠡᠯᠪᠢᠪᠡ᠃ | | ︵ᠲᠤᠯᠤᠭ᠎ᠠ︶ ᠨᠡᠶᠢᠭᠡᠮ ᠢ ᠶᠡᠷᠦᠩᠬᠡᠶᠢᠯᠡᠨ ᠵᠠᠰᠠᠬᠤ ᠬᠢᠷᠢ ᠲᠦᠪᠰᠢᠨ ᠢ ᠲᠠᠰᠤᠷᠠᠯᠳᠠ ᠦᠭᠡᠢ ᠲᠡᠰ | ᠲᠠᠪᠰᠢᠭᠤᠯᠪᠠ᠃ ᠠᠮᠤᠷ ᠲᠦᠪᠰᠢᠨ ᠦᠢᠯᠡᠳᠪᠦᠷᠢᠯᠡᠯ ᠤᠨ ᠲᠤᠰᠬᠠᠢ ᠴᠡᠭᠴᠡᠯᠡᠯᠳᠡ ᠶᠢᠨ ᠭᠤᠷᠪᠠᠨ ᠵᠢᠯ ᠤᠨ | ᠠᠵᠢᠯᠯᠠᠭ᠎ᠠ ᠶᠢ ᠡᠬᠢᠯᠡᠨ ᠬᠡᠷᠡᠭᠵᠢᠬᠦᠯᠵᠦ᠂ ᠪᠦᠬᠦ ᠬᠤᠰᠢᠭᠤᠨ ᠤ ᠠᠮᠤᠷ ᠲᠦᠪᠰᠢᠨ ᠦᠢᠯᠡᠳᠪᠦᠷᠢᠯᠡᠯ ᠤᠨ ᠪᠠᠶᠢᠳᠠᠯ | ᠲᠤᠭᠳᠠᠭᠤᠨ ᠪᠠᠶᠢᠬᠤ ᠶᠢ ᠪᠠᠳᠤᠯᠠᠪᠠ᠃ ᠢᠳᠡᠭᠡᠨ ᠡᠮ ᠤᠨ ᠵᠦᠢᠯ ᠤᠨ ᠠᠮᠤᠷ ᠲᠦᠪᠰᠢᠨ ᠬᠢᠨᠠᠯᠳᠠ ᠬᠠᠮᠢᠶᠠᠷᠤᠯᠳᠠ | ᠶᠢ ᠭᠦᠨᠵᠡᠭᠡᠢ ᠠᠬᠢᠭᠤᠯᠵᠤ᠂ ᠤᠯᠠᠨ ᠲᠦᠮᠡᠨ ᠤ ᠢᠳᠡᠭᠡᠨ ᠤᠮᠳᠠᠭᠠᠨ ᠪᠠ ᠡᠮ ᠤᠨ ᠵᠦᠢᠯ ᠢ ᠬᠡᠷᠡᠭᠯᠡᠬᠦ ᠠᠮᠤᠷ | ᠲᠦᠪᠰᠢᠨ ᠢ ᠡᠷᠴᠢᠮᠳᠡᠢ ᠪᠠᠳᠤᠯᠠᠵᠤ ᠴᠢᠳᠠᠪᠠ᠃ ᠤᠯᠠᠭᠠᠨᠬᠠᠳᠠ ᠬᠤᠳᠠ ᠶᠢᠨ ᠦᠨᠳᠦᠰᠦᠳᠡᠨ ᠤ ᠪᠦᠯᠬᠦᠮᠳᠡᠯ | ᠲᠠᠪᠰᠢᠯᠳᠠ ᠶᠢᠨ ᠵᠢᠱᠢᠶ᠎ᠠ ᠦᠵᠡᠬᠦᠯᠬᠦ ᠬᠤᠰᠢᠭᠤ ᠶᠢ ᠡᠬᠦᠳᠦᠨ ᠪᠠᠶᠢᠭᠤᠯᠵᠤ᠂ ᠲᠤᠮᠳᠠᠳᠤ ᠶᠢᠨ ᠦᠨᠳᠦᠰᠦᠳᠡᠨ ᠤ | ᠬᠠᠮᠳᠤ ᠶᠢᠨ ᠴᠤᠭᠴᠠ ᠶᠢᠨ ᠤᠬᠠᠮᠰᠠᠷ ᠢ ᠪᠠᠳᠤᠳᠬᠠᠪᠠ᠃ ᠲᠤᠯᠤᠳᠤᠭᠠᠷ ᠤᠳᠠᠭᠠᠨ ᠤ ᠪᠦᠬᠦ ᠤᠯᠤᠰ ᠤᠨ ᠬᠦᠮᠦᠨ | ᠠᠮᠠ ᠶᠢᠨ ᠨᠡᠶᠢᠳᠡᠮ ᠪᠠᠶᠢᠴᠠᠭᠠᠯᠳᠠ᠂ ︽ᠲᠤᠯᠤᠳᠤᠭᠠᠷ ᠲᠠᠪᠤᠨ ᠵᠢᠯ︾ ᠤᠨ ᠬᠠᠤᠯᠢ ᠲᠦᠭᠡᠮᠡᠯᠵᠢᠬᠦᠯᠬᠦ᠂ ᠲᠤᠰᠬᠤᠨ | ᠨᠡᠶᠢᠭᠡᠮ ᠲᠤᠭᠤᠷᠢᠭ ᠤᠨ ︽ᠬᠤᠶᠠᠷ ᠵᠦᠪᠯᠡᠯ︾ ᠤᠨ ᠬᠤᠭᠤᠴᠠᠭ᠎ᠠ ᠰᠤᠯᠢᠬᠤ ᠠᠵᠢᠯ ᠢ ᠪᠦᠬᠦ ᠲᠠᠯ᠎ᠠ ᠪᠠᠷ | ᠪᠡᠶᠡᠯᠡᠭᠦᠯᠪᠡ᠃ ᠨᠡᠭᠦᠷᠡᠰᠦᠨ ᠤ ᠡᠬᠢ ᠰᠤᠷᠪᠤᠯᠵᠢ ᠶᠢᠨ ᠬᠦᠷᠢᠶ᠎ᠡ ᠬᠡᠪᠴᠢᠶᠡᠨ ᠳᠠᠬᠢ ᠬᠠᠤᠯᠢ ᠲᠦᠷᠢᠮ ᠢ | ᠵᠦᠷᠢᠴᠡᠭᠰᠡᠨ ᠠᠰᠠᠭᠤᠳᠠᠯ ᠢ ᠲᠤᠰᠬᠠᠢ ᠲᠦᠷᠦᠯ ᠤᠨ ᠴᠡᠭᠴᠡᠯᠡᠯᠳᠡ᠂ ᠠᠷᠠᠳ ᠤᠨ ᠠᠭᠠᠷ ᠤᠨ ᠰᠡᠷᠭᠡᠶᠢᠯᠡᠯᠳᠡ ᠶᠢᠨ | ᠰᠢᠰᠲ᠋ᠧᠮ ᠤᠨ ᠢᠯᠵᠡᠷᠡᠯ ᠤᠨ ᠠᠰᠠᠭᠤᠳᠠᠯ ᠢ ᠲᠤᠰᠬᠠᠶᠢᠯᠠᠨ ᠴᠡᠭᠴᠡᠯᠡᠬᠦ ᠠᠵᠢᠯ ᠨᠡᠯᠢᠶᠡᠳ ᠰᠠᠶᠢᠨ ᠦᠷ᠎ᠡ ᠪᠦᠳᠦᠮᠵᠢ | ᠤᠯᠪᠠ᠂ ᠬᠠᠷ᠎ᠠ ᠪᠦᠯᠦᠭᠳᠡᠨ ᠬᠠᠷᠬᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠢ ᠭᠦᠨᠵᠡᠭᠡᠢ ᠦᠷᠨᠢᠭᠦᠯᠵᠦ᠂ | ᠵᠠᠬᠢᠳᠠᠯ ᠰᠤᠷᠪᠤᠯᠵᠢᠯᠠᠭ᠎ᠠ ᠶᠢᠨ ᠨᠢᠭᠡ ᠪᠦᠯᠦᠭ ᠲᠠᠷᠤᠭᠳᠠᠮᠠᠯ ᠬᠡᠷᠡᠭ ᠲᠦᠪᠡᠭᠳᠡᠢ ᠬᠡᠷᠡᠭ ᠢ ᠡᠷᠴᠢᠮᠳᠡᠢ ᠰᠢᠢᠳᠪᠦᠷᠢᠯᠡᠵᠦ | ᠂ ᠨᠡᠶᠢᠭᠡᠮ ᠨᠡᠶᠢᠲᠡ ᠶᠢᠨ ᠪᠦᠬᠦ ᠲᠠᠯ᠎ᠠ ᠶᠢ ᠨᠡᠩ ᠨᠠᠶᠢᠷᠰᠠᠭ ᠲᠤᠭᠳᠠᠭᠤᠨ ᠪᠤᠯᠭᠠᠪᠠ᠃ | | ᠬᠤᠶᠠᠷ᠂ ︽ᠠᠷᠪᠠᠨ ᠭᠤᠷᠪᠠᠳᠤᠭᠠᠷ ᠲᠠᠪᠤᠨ ᠵᠢᠯ︾ ᠤᠨ ᠡᠷᠭᠢᠴᠡᠭᠦᠯᠦᠯ ᠪᠠ ︽ᠠᠷᠪᠠᠨ ᠭᠤᠷᠪᠠᠳᠤᠭᠠᠷ ᠲᠠᠪᠤᠨ | ᠵᠢᠯ︾ ᠶᠢᠨ ᠪᠠᠷᠠᠯᠠᠯ | ᠲᠦᠯᠦᠭᠡᠯᠡᠭᠴᠢᠳ ᠡ᠂ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠦᠯᠦᠪᠵᠢᠭᠦᠯᠭᠡ ᠶᠢᠨ ᠬᠤᠭᠤᠴᠠᠭ᠎ᠠ | ᠪᠤᠯ ᠮᠠᠨ ᠤ ᠬᠤᠰᠢᠭᠤᠨ ᠤ ᠦᠭᠡᠷᠡᠴᠢᠯᠡᠯᠳᠡ ᠬᠦᠭᠵᠢᠯᠳᠡ ᠶᠢᠨ ᠲᠡᠦᠬᠡᠨ ᠲᠡᠭᠡᠷᠡᠬᠢ ᠲᠤᠶᠢᠯ ᠤᠨ ᠡᠩ ᠤᠨ ᠪᠤᠰᠤ | ᠲᠠᠪᠤᠨ ᠵᠢᠯ ᠪᠤᠯᠬᠤ ᠶᠤᠮ᠂ ᠪᠠᠰᠠ ᠴᠤ ᠪᠡᠯᠭᠡ ᠲᠡᠮᠳᠡᠭ ᠤᠨ ᠤᠳᠬ᠎ᠠ ᠠᠭᠤᠯᠭ᠎ᠠ ᠪᠦᠬᠦᠢ ᠪᠦᠭᠡᠳ ᠴᠢᠬᠤᠯᠠ | ᠠᠮᠵᠢᠯᠳᠠ ᠪᠦᠳᠦᠭᠡᠯ ᠤᠯᠤᠭᠰᠠᠨ ᠲᠠᠪᠤᠨ ᠵᠢᠯ ᠶᠤᠮ᠃ ᠤᠨᠴᠠᠭᠠᠶᠢᠯᠠᠨ 2019 ᠤᠨ ᠤ 7 ᠰᠠᠷ᠎ᠠ ᠶᠢᠨ 15 ᠤ | ᠡᠳᠦᠷ᠂ ᠰᠢ ᠶᠢᠨ ᠫᠢᠩ ᠶᠡᠷᠦᠩᠬᠡᠢ ᠱᠦᠵᠢ ᠬᠠᠷᠠᠴᠢᠨ ᠬᠤᠰᠢᠭᠤᠨ ᠳᠤ ᠮᠤᠷᠢᠯᠠᠨ ᠰᠠᠭᠠᠳᠠᠵᠤ ᠲᠤᠭᠤᠷᠢᠨ | ᠪᠠᠶᠢᠴᠠᠭᠠᠪᠠ᠂ ᠡᠨᠡ ᠨᠢ ᠪᠦᠬᠦ ᠬᠤᠰᠢᠭᠤᠨ ᠤ ᠡᠯ᠎ᠡ ᠦᠨᠳᠦᠰᠦᠳᠡᠨ ᠤ ᠲᠤᠳᠤᠨᠤ ᠬᠠᠯᠠᠮᠵᠢᠯᠠᠯ ᠪᠠ ᠲᠤᠶᠢᠯ ᠤᠨ ᠶᠡᠭᠡ | ᠵᠤᠷᠢᠭᠵᠢᠭᠤᠯᠤᠯ ᠤᠯᠭᠤᠵᠤ᠂ ᠪᠦᠬᠦ ᠬᠤᠰᠢᠭᠤ ᠪᠠᠷ ᠢᠶᠠᠨ ᠤᠷᠮᠠᠰᠢᠨ ᠵᠤᠷᠢᠭᠵᠢᠪᠠ᠂ ᠰᠢᠨ᠎ᠡ ᠴᠠᠭ ᠦᠶ᠎ᠡ ᠶᠢᠨ | ᠬᠠᠷᠠᠴᠢᠨ ᠤ ᠴᠢᠨᠠᠷ ᠰᠠᠶᠢᠳᠠᠢ ᠬᠦᠭᠵᠢᠯᠳᠡ ᠳᠤ ᠬᠢᠵᠠᠭᠠᠯᠠᠰᠢ ᠦᠭᠡᠢ ᠬᠦᠴᠦᠨ ᠶᠡᠭᠦᠯᠡᠨ ᠦᠭᠪᠡ᠃ ᠦᠩᠭᠡᠷᠡᠭᠰᠡᠨ | ᠲᠠᠪᠤᠨ ᠵᠢᠯ ᠤᠨ ᠠᠵᠢᠯ ᠢᠶᠠᠨ ᠡᠷᠭᠢᠴᠡᠭᠦᠯᠪᠡᠯ᠂ ᠪᠢᠳᠠ ᠬᠦᠰᠡᠯ ᠨᠠᠶᠢᠳᠠᠯᠭ᠎ᠠ ᠶᠢ ᠪᠠᠳᠤ ᠴᠡᠭᠡᠵᠢᠯᠡᠨ᠂ ᠬᠠᠶᠢᠷ᠎ᠠ | ᠡᠨᠡᠷᠢᠯ ᠳᠤ ᠲᠠᠯᠠᠷᠬᠠᠨ ᠤᠷᠤᠭᠰᠢ ᠲᠠᠪᠰᠢᠵᠦ᠂ ᠡᠯ᠎ᠡ ᠵᠦᠢᠯ ᠠᠵᠢᠯ ᠦᠢᠯᠡᠰ ᠢᠯᠡᠷᠬᠡᠢ ᠬᠢᠷᠢ ᠪᠦᠳᠦᠮᠵᠢ ᠤᠯᠵᠤ᠂ | ᠠᠵᠤ ᠠᠬᠤᠢ ᠨᠡᠶᠢᠭᠡᠮ ᠤᠨ ᠴᠢᠨᠠᠷ ᠰᠠᠶᠢᠳᠠᠢ ᠬᠦᠭᠵᠢᠯᠳᠡ ᠳᠤ ᠪᠠᠳᠤ ᠴᠢᠩᠭ᠎ᠠ ᠠᠯᠬᠤᠴᠠ ᠶᠢ ᠠᠯᠬᠤᠵᠤ᠂ ᠴᠢᠨᠡᠭᠡᠯᠢᠭ | ᠨᠡᠶᠢᠭᠡᠮ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠳᠤ ᠰᠢᠢᠳᠪᠦᠷᠢᠯᠡᠭᠴᠢ ᠴᠢᠨᠠᠷ ᠲᠠᠢ ᠠᠮᠵᠢᠯᠳᠠ ᠶᠢ ᠤᠯᠪᠠ᠃ | | ᠲᠠᠪᠤᠨ ᠵᠢᠯ ᠤᠨ ᠲᠤᠷᠰᠢᠳᠠ᠂ ᠪᠢᠳᠠ ᠰᠢᠨ᠎ᠡ ᠶᠢ ᠡᠭᠦᠳᠬᠦ ᠬᠦᠭᠵᠢᠯᠳᠡ ᠶᠢ ᠪᠠᠷᠢᠮᠳᠠᠯᠠᠨ᠂ ᠠᠵᠤ ᠦᠢᠯᠡᠰ ᠤᠨ | ᠬᠡᠯᠪᠡᠷᠢ ᠶᠢ ᠬᠤᠪᠢᠷᠠᠭᠠᠬᠤ ᠢᠯᠡᠷᠬᠡᠢ ᠦᠷ᠎ᠡ ᠪᠦᠳᠦᠮᠵᠢ ᠤᠯᠪᠠ᠃ ᠭᠤᠷᠪᠠᠨ ᠠᠵᠤ ᠦᠢᠯᠡᠰ ᠤᠨ ᠪᠦᠳᠦᠴᠡ ᠶᠢ 18. | 4᠄ 34.7᠄ 46.9 ᠪᠤᠯᠭᠠᠨ ᠲᠤᠬᠢᠷᠠᠭᠤᠯᠵᠤ᠂ ᠭᠠᠵᠠᠷ ᠤᠷᠤᠨ ᠤ ᠦᠢᠯᠡᠳᠪᠦᠷᠢᠯᠡᠯ ᠤᠨ ᠶᠡᠷᠦᠩᠬᠡᠢ ᠦᠷᠳᠡᠭ | ᠵᠢᠯ ᠪᠦᠷᠢ ᠲᠡᠭᠰᠢᠳᠭᠡᠭᠡᠳ 5.2% ᠪᠠᠷ ᠨᠡᠮᠡᠭᠳᠡᠵᠦ᠂ ᠪᠦᠬᠦ ᠬᠤᠳᠠ ᠶᠢᠨ ᠬᠢ ᠠᠴᠠ ᠵᠠᠭᠤᠨ ᠤ 0.6 ᠬᠤᠪᠢ | ᠦᠨᠳᠦᠷ ᠪᠤᠯᠪᠠ᠃ ᠲᠠᠷᠢᠶᠠᠯᠠᠩ ᠤᠨ ᠲᠦᠪᠯᠡᠷᠡᠩᠬᠦᠢ ᠪᠦᠭᠡᠮᠨᠡᠷᠡᠭᠰᠡᠨ ᠡᠷᠴᠢᠮᠵᠢᠭᠦᠯᠦᠭᠰᠡᠨ ᠬᠦᠭᠵᠢᠯᠳᠡ ᠶᠢᠨ | ᠠᠯᠬᠤᠴᠠ ᠶᠢ ᠲᠦᠷᠭᠡᠰᠭᠡᠨ᠂ ᠬᠢᠳᠠᠳ ᠡᠮ ᠤᠨ ᠮᠠᠲ᠋ᠧᠷᠢᠶᠠᠯ᠂ ᠬᠠᠳᠠᠭᠤ ᠵᠢᠮᠢᠰᠳᠤ ᠲᠦᠷᠪᠡᠳ ᠬᠠᠰᠢ᠂ ᠤᠷᠭᠠᠨᠢᠭ | ᠢᠳᠡᠰᠢᠨ ᠨᠤᠭᠤᠭ᠎ᠠ ᠵᠡᠷᠭᠡ ᠤᠨᠴᠠᠯᠢᠭᠳᠤ ᠠᠵᠤ ᠦᠢᠯᠡᠰ ᠤᠨ ᠬᠡᠪᠴᠢᠶ᠎ᠡ ᠪᠠ ᠦᠷ᠎ᠡ ᠠᠰᠢᠭ ᠢ ᠲᠤᠭᠳᠠᠭᠤᠨ ᠢᠶᠠᠷ | ᠨᠡᠮᠡᠭᠳᠡᠭᠦᠯᠪᠡ᠂ ᠬᠢᠳᠠᠳ ᠡᠮ ᠤᠨ ᠮᠠᠲ᠋ᠧᠷᠢᠶᠠᠯ ᠤᠨ 3.3 ᠲᠦᠮᠡᠨ ᠮᠤ᠋᠂ ᠬᠠᠳᠠᠭᠤ ᠵᠢᠮᠢᠰᠳᠤ ᠲᠦᠷᠪᠡᠳ ᠬᠠᠰᠢ ᠶᠢᠨ | 3.8 ᠲᠦᠮᠡᠨ ᠮᠤ᠋ ᠶᠢ ᠰᠢᠨ᠎ᠡ ᠪᠠᠷ ᠨᠡᠮᠡᠵᠦ᠂ ᠵᠢᠯ ᠪᠦᠷᠢ ᠲᠡᠭᠰᠢᠳᠭᠡᠭᠡᠳ 700 ᠲᠦᠮᠡᠨ ᠮᠢᠬᠠᠨ ᠤ ᠨᠤᠭᠤᠰᠤ | ᠭᠠᠷᠭᠠᠵᠤ᠂ ᠦᠢᠯᠡᠳᠪᠦᠷᠢᠯᠡᠯ ᠤᠨ ᠦᠷᠳᠡᠭ ᠨᠢ ᠲᠤᠰᠪᠤᠷᠢ 14.2 ᠳ᠋ᠦᠩᠰᠢᠭᠤᠷ ᠲᠦᠭᠦᠷᠢᠭ᠂ 9.6 ᠳ᠋ᠦᠩᠰᠢᠭᠤᠷ | ᠲᠦᠭᠦᠷᠢᠭ᠂ 3.2 ᠳ᠋ᠦᠩᠰᠢᠭᠤᠷ ᠲᠦᠭᠦᠷᠢᠭ ᠲᠤ ᠬᠦᠷᠪᠡ᠃ ᠠᠵᠤ ᠦᠢᠯᠡᠳᠪᠦᠷᠢ ᠶᠢᠨ ᠶᠡᠷᠦᠩᠬᠡᠢ ᠬᠡᠮᠵᠢᠶ᠎ᠡ ᠶᠢ | ᠲᠠᠬᠢᠨ ᠢᠶᠠᠷ ᠨᠡᠮᠡᠭᠳᠡᠬᠦᠯᠬᠦ ᠲᠦᠯᠦᠪᠯᠡᠭᠡ ᠶᠢ ᠪᠡᠶᠡᠯᠡᠭᠦᠯᠵᠦ᠂ ᠬᠡᠪᠴᠢᠶᠡᠨ ᠠᠴᠠ ᠲᠡᠭᠡᠭᠰᠢᠬᠢ ᠠᠵᠤ ᠦᠢᠯᠡᠳᠪᠦᠷᠢ ᠶᠢᠨ | ᠦᠢᠯᠡᠳᠪᠦᠷᠢᠯᠡᠯ ᠤᠨ ᠦᠷᠳᠡᠭ 225 ᠳ᠋ᠦᠩᠰᠢᠭᠤᠷ ᠲᠦᠭᠦᠷᠢᠭ ᠢ ᠲᠡᠪᠠᠵᠤ᠂ ᠪᠦᠬᠦ ᠬᠤᠳᠠ ᠶᠢ ᠬᠤᠶᠠᠳᠤᠭᠠᠷ | ᠪᠠᠶᠢᠷᠢ ᠳᠤ ᠤᠷᠤᠵᠤ᠂ ︽ᠠᠷᠪᠠᠨ ᠬᠤᠶᠠᠳᠤᠭᠠᠷ ᠲᠠᠪᠤᠨ ᠵᠢᠯ︾ ᠤᠨ ᠬᠢ ᠠᠴᠠ 3.1 ᠲᠠᠬᠢᠨ ᠪᠤᠯᠪᠠ᠃ | ᠤᠯᠠᠭᠠᠨᠬᠠᠳᠠ ᠶᠢᠨ ᠶᠦᠨ ᠲᠦᠩ᠂ ᠳ᠋ᠦᠩ ᠶᠤᠸᠠᠢ ᠶᠢᠨ ᠹᠧᠩ ᠨᠢ ᠵᠢᠨᠱᠠᠨ ᠬᠤᠳᠠ ᠲᠤᠭᠤᠷᠢᠭ ᠠᠴᠠ | ᠠᠮᠵᠢᠯᠳᠠᠳᠠᠢ ᠪᠠᠷ ᠤᠬᠤᠷᠢᠨ ᠭᠠᠷᠴᠤ ᠳ᠋ᠦᠩᠱᠠᠨ ᠠᠵᠤ ᠦᠢᠯᠡᠳᠪᠦᠷᠢ ᠶᠢᠨ ᠲᠤᠭᠤᠷᠢᠭ ᠲᠤ ᠨᠡᠭᠦᠨ ᠤᠷᠤᠵᠤ᠂ | ᠠᠵᠤ ᠦᠢᠯᠡᠳᠪᠦᠷᠢ ᠶᠢᠨ ᠶᠡᠷᠦᠩᠬᠡᠢ ᠬᠡᠮᠵᠢᠶ᠎ᠡ ᠶᠢ ᠪᠤᠵᠠᠭᠠᠶᠢᠷᠠᠭᠤᠯᠬᠤ᠂ ᠡᠳ᠋ ᠤᠨ ᠵᠠᠰᠠᠭ ᠭᠠᠶᠢᠯᠢ ᠶᠢᠨ ᠤᠷᠤᠯᠭ᠎ᠠ | ᠶᠢ ᠶᠢ ᠨᠡᠮᠡᠭᠳᠡᠭᠦᠯᠬᠦ᠂ ᠬᠤᠳᠠ ᠲᠤᠭᠤᠷᠢᠭ ᠤᠨ ᠬᠦᠭᠵᠢᠯᠳᠡ ᠶᠢᠨ ᠤᠷᠤᠨ ᠵᠠᠢ ᠶᠢ ᠰᠤᠯᠠᠯᠠᠬᠤ᠂ ᠡᠨᠧᠷᠬᠢ ᠡᠬᠢ | ᠰᠤᠷᠪᠤᠯᠵᠢ ᠶᠢᠨ ᠬᠤᠷᠤᠭᠳᠠᠯ ᠢ ᠠᠷᠪᠢᠯᠠᠬᠤ ᠳᠤ ᠲᠡᠦᠬᠡᠳᠦ ᠴᠢᠨᠠᠷᠳᠠᠢ ᠬᠤᠪᠢ ᠨᠡᠮᠡᠷᠢ ᠦᠵᠡᠭᠦᠯᠪᠡ᠃ | ᠤᠯᠠᠭᠠᠨᠬᠠᠳᠠ ᠶᠢᠨ ᠡᠮᠦᠨᠡᠳᠦ ᠬᠡᠰᠡᠭ ᠤᠨ ᠰᠡᠯᠡᠭᠦᠴᠡᠨ ᠠᠮᠠᠷᠠᠬᠤ ᠵᠢᠭᠤᠯᠴᠢᠯᠠᠯ ᠤᠨ ᠨᠡᠷᠡᠳᠦ ᠲᠡᠮᠳᠡᠭ ᠤᠯᠠᠮ ᠭᠡᠷᠡᠯ | ᠭᠢᠯᠪᠠᠭ᠎ᠠ ᠲᠠᠢ ᠪᠤᠯᠵᠤ᠂ ᠵᠢᠭᠤᠯᠴᠢᠯᠠᠯ ᠤᠨ ᠨᠡᠭᠡᠭᠡᠨ ᠠᠰᠢᠭᠯᠠᠯᠳᠠ ᠶᠢᠨ ᠪᠦᠳᠦᠭᠡᠨ ᠪᠠᠶᠢᠭᠤᠯᠤᠯᠳᠠ ᠶᠢᠨ ᠪᠡᠯᠡ | ᠮᠦᠩᠬᠦ ᠶᠢ ᠨᠡᠶᠢᠳᠡ 2.5 ᠳ᠋ᠦᠩᠰᠢᠭᠤᠷ ᠲᠦᠭᠦᠷᠢᠭ ᠤᠷᠤᠭᠤᠯᠵᠤ᠂ ᠵᠢᠭᠤᠯᠴᠢᠯᠠᠯ ᠤᠨ ᠰᠠᠭᠤᠷᠢ | ᠲᠦᠬᠦᠭᠡᠷᠦᠮᠵᠢ ᠶᠢᠨ ᠪᠦᠳᠦᠭᠡᠨ ᠪᠠᠶᠢᠭᠤᠯᠤᠯᠳᠠ ᠶᠢᠨ 44 ᠲᠦᠷᠦᠯ ᠵᠦᠢᠯ ᠢ ᠬᠡᠷᠡᠭᠵᠢᠬᠦᠯᠵᠦ᠂ ᠮᠡᠶᠢᠷᠡᠨ | ᠬᠠᠪᠴᠢᠯ ᠤᠨ ᠴᠠᠰᠤᠨ ᠳᠤ ᠭᠤᠯᠭᠤᠬᠤ ᠰᠢᠨ᠎ᠡ ᠲᠠᠯᠠᠪᠠᠢ᠂ ᠱᠠᠨ ᠷᠦᠩ ᠠᠶᠢᠮᠠᠭ ᠤᠨ ᠰᠡᠯᠡᠭᠦᠴᠡᠯ ᠤᠨ ᠤᠷᠤᠨ᠂ | ᠤᠯᠠᠨ ᠤᠯᠤᠰ ᠤᠨ ᠮᠤᠷᠢᠨ ᠤᠷᠤᠯᠳᠤᠭᠠᠨ ᠤ ᠲᠠᠯᠠᠪᠠᠢ᠂ ᠡᠮᠡᠭᠡᠯ ᠠᠭᠤᠯᠠ ᠶᠢᠨ ᠮᠠᠰᠢᠨ ᠲᠡᠷᠭᠡᠨ ᠤ ᠬᠤᠸᠠᠷᠠᠨ ᠵᠡᠷᠭᠡ | ᠭᠤᠤᠯᠳᠠᠯᠭ᠎ᠠ ᠲᠠᠢ ᠲᠦᠷᠦᠯ ᠵᠦᠢᠯ ᠢ ᠪᠦᠳᠦᠭᠡᠨ ᠪᠠᠶᠢᠭᠤᠯᠵᠦ ᠠᠰᠢᠭᠯᠠᠯᠳᠠ ᠳᠤ ᠤᠷᠤᠭᠤᠯᠪᠠ᠂ ᠡᠮᠡᠭᠡᠯ ᠠᠭᠤᠯᠠ | ᠤᠢ ᠰᠢᠭᠤᠢ ᠶᠢᠨ ᠲᠠᠯᠠᠪᠠᠢ᠂ ᠡᠮᠡᠭᠡᠯ ᠠᠭᠤᠯᠠ ᠲᠤᠰᠬᠤᠨ᠂ ᠯᠧᠢ ᠵᠢᠶᠠ ᠶᠢᠩᠽᠢ ᠲᠤᠰᠬᠤᠨ᠂ ᠯᠢᠨ ᠶᠢᠩᠽᠢ | ᠲᠤᠰᠬᠤᠨ᠂ ᠰᠠᠨ ᠵᠢᠶ᠋ᠨ ᠲᠤᠰᠬᠤᠨ᠂ ᠯᠠ ᠽᠢ ᠭᠧᠦ ᠲᠤᠰᠬᠤᠨ᠂ ᠳ᠋ᠦᠩ ᠵᠢᠦᠢ ᠽᠢ ᠲᠤᠰᠬᠤᠨ᠂ ᠮᠡᠶᠢᠷᠡᠨ | ᠲᠤᠰᠬᠤᠨ᠂ ᠭᠦ᠋ ᠱᠠᠨ ᠲᠤᠰᠬᠤᠨ ᠵᠡᠷᠭᠡ ᠬᠦᠳᠡᠭᠡ ᠲᠤᠰᠬᠤᠨ ᠤ ᠤᠨᠴᠠᠯᠢᠭ ᠲᠠᠢ ᠵᠢᠭᠤᠯᠴᠢᠯᠠᠯ ᠤᠨ ᠦᠵᠡᠮᠵᠢ ᠶᠢᠨ | ᠴᠢᠭ ᠨᠢ ᠵᠢᠭᠤᠯᠴᠢᠯᠠᠯ ᠤᠨ ᠰᠦᠯᠵᠢᠶᠡᠨ ᠤ ᠤᠳᠤᠨ ᠺᠠᠷᠲ᠋ᠠᠯᠠᠬᠤ ᠤᠷᠤᠨ ᠪᠤᠯᠪᠠ᠂ ᠨᠡᠶᠢᠳᠡ 520 ᠲᠦᠮᠡᠨ ᠬᠦᠮᠦᠨ | ᠤᠳᠠᠭ᠎ᠠ ᠬᠦᠯᠢᠶᠡᠨ ᠵᠤᠴᠢᠯᠠᠵᠤ᠂ 61ᠳ᠋ᠦᠩᠰᠢᠭᠤᠷ ᠲᠦᠭᠦᠷᠢᠭ ᠤᠨ ᠵᠢᠭᠤᠯᠴᠢᠯᠠᠯ ᠤᠨ ᠤᠷᠤᠯᠭ᠎ᠠ ᠡᠭᠦᠳᠪᠡ᠃ | ᠮᠦᠩᠬᠦᠨ ᠭᠦᠢᠯᠭᠡᠭᠡᠨ ᠤ 3 ᠪᠠᠶᠢᠭᠤᠯᠤᠮᠵᠢ ᠶᠢ ᠰᠢᠨ᠎ᠡ ᠪᠠᠷ ᠨᠡᠮᠡᠭᠳᠡᠭᠦᠯᠵᠦ᠂ ᠬᠠᠳᠠᠭᠠᠯᠠᠮᠵᠢ ᠵᠢᠭᠡᠯᠡᠯᠭᠡ ᠶᠢᠨ | ᠦᠯᠡᠳᠡᠪᠦᠷᠢ ᠨᠢ ︽ᠠᠷᠪᠠᠨ ᠬᠤᠶᠠᠳᠤᠭᠠᠷ ᠲᠠᠪᠤᠨ ᠵᠢᠯ︾ ᠤᠨ ᠬᠢ ᠠᠴᠠ ᠲᠤᠰᠪᠤᠷᠢ 61.62 ᠳ᠋ᠦᠩᠰᠢᠭᠤᠷ | ᠲᠦᠭᠦᠷᠢᠭ ᠪᠠ 36.53 ᠳ᠋ᠦᠩᠰᠢᠭᠤᠷ ᠲᠦᠭᠦᠷᠢᠭ ᠨᠡᠮᠡᠭᠳᠡᠵᠦ᠂ 79.3% ᠪᠠ 90.7% ᠪᠠᠷ ᠨᠡᠮᠡᠭᠳᠡᠪᠡ᠃ ︽ | ᠪᠦᠬᠦ ᠤᠯᠤᠰ ᠤᠨ ᠲᠦᠷᠦᠭᠦᠦ ᠪᠦᠯᠦᠭ ᠤᠯᠤᠰ ᠤᠨ ᠲᠠᠷᠢᠶᠠᠯᠠᠩ ᠤᠨ ᠪᠦᠳᠦᠭᠡᠭᠳᠡᠭᠦᠨ ᠤ ᠴᠢᠨᠠᠷ ᠴᠢᠨᠰᠠᠭ᠎ᠠ ᠶᠢᠨ | ᠠᠮᠤᠷ ᠲᠦᠪᠰᠢᠨ ᠤ ᠵᠢᠱᠢᠶ᠎ᠡ ᠦᠵᠡᠬᠦᠯᠬᠦ ᠰᠢᠶᠠᠨ︾ ︽ᠪᠦᠬᠦ ᠤᠯᠤᠰ ᠤᠨ ᠬᠦᠳᠡᠭᠡ ᠲᠤᠰᠬᠤᠨ ᠤ ᠰᠢᠨ᠎ᠡ ᠶᠢ | ᠡᠭᠦᠳᠴᠦ ᠦᠢᠯᠡᠰ ᠪᠤᠰᠬᠠᠬᠤ ᠬᠤᠶᠠᠳᠤᠭᠠᠷ ᠪᠦᠯᠦᠭ ᠨᠡᠶᠢᠳᠡᠯᠢᠭ ᠤᠨᠴᠠᠯᠢᠭᠳᠤ ᠰᠢᠶᠠᠨ︾ ︽ᠤᠯᠤᠰ ᠤᠨ ᠲᠡᠰ ᠤᠨ | ᠡᠯᠧᠺᠲᠷᠤᠨ ᠬᠤᠳᠠᠯᠳᠤᠭ᠎ᠠ ᠶᠢ ᠬᠦᠳᠡᠭᠡ ᠲᠤᠰᠬᠤᠨ ᠳᠤ ᠤᠷᠤᠭᠤᠯᠭᠰᠠᠨ ᠵᠢᠱᠢᠶ᠎ᠡ ᠦᠵᠡᠬᠦᠯᠬᠦ ᠰᠢᠶᠠᠨ︾ ︽ᠪᠦᠬᠦ | ᠤᠯᠤᠰ ᠤᠨ ᠤᠢ ᠰᠢᠭᠤᠢ ᠶᠢᠨ ᠵᠢᠭᠤᠯᠴᠢᠯᠠᠯ ᠤᠨ ᠵᠢᠱᠢᠶ᠎ᠡ ᠦᠵᠡᠬᠦᠯᠬᠦ ᠰᠢᠶᠠᠨ︾ ᠵᠡᠷᠭᠡ ᠢᠷᠠᠭᠤ ᠠᠯᠳᠠᠷ ᠢ | ᠬᠦᠷᠳᠡᠪᠡ᠃ | | ᠲᠠᠪᠤᠨ ᠵᠢᠯ ᠤᠨ ᠲᠤᠷᠰᠢᠳᠠ᠂ ᠪᠢᠳᠠ ᠵᠤᠬᠢᠴᠠᠩᠭᠤᠢ ᠬᠦᠭᠵᠢᠯᠳᠡ ᠶᠢ ᠪᠠᠷᠢᠮᠳᠠᠯᠠᠵᠤ᠂ ᠬᠤᠳᠠ ᠬᠦᠳᠡᠭᠡ ᠶᠢ | ᠨᠢᠭᠡ ᠴᠤᠭᠴᠠᠵᠢᠭᠤᠯᠬᠤ ᠬᠦᠭᠵᠢᠯᠳᠡ ᠶᠢᠨ ᠠᠯᠬᠤᠴᠠ ᠶᠢ ᠲᠦᠷᠭᠡᠳᠭᠡᠪᠡ᠃ ᠬᠤᠳᠠ ᠶᠢᠨ ᠰᠠᠭᠤᠷᠢ | ᠲᠦᠬᠦᠭᠡᠷᠦᠮᠵᠢ ᠶᠢᠨ ᠪᠠᠶᠢᠭᠤᠯᠤᠯᠳᠠ ᠳᠤ 25 ᠳ᠋ᠦᠩᠰᠢᠭᠤᠷ ᠲᠦᠭᠦᠷᠢᠭ ᠪᠡᠯᠡ ᠤᠷᠤᠭᠤᠯᠵᠤ᠂ ᠬᠤᠳᠠ ᠲᠤᠭᠤᠷᠢᠭ | ᠤᠨ 22 ᠵᠤᠷᠪᠤᠰ ᠵᠠᠮ ᠤᠨ 32 ᠺᠢᠯᠤᠮᠧᠲᠷ ᠢ ᠰᠢᠨ᠎ᠡ ᠪᠠᠷ ᠲᠠᠪᠢᠰᠴᠦ᠂ ᠡᠯ᠎ᠡ ᠵᠦᠢᠯ ᠬᠤᠭᠤᠯᠠᠢ ᠲᠤᠤᠷ ᠢ 156 | ᠺᠢᠯᠤᠮᠧᠲᠷ ᠤᠭᠰᠠᠷᠠᠪᠠ᠃ ᠵᠢᠨᠱᠠᠨ ᠬᠤᠳᠠ ᠲᠤᠭᠤᠷᠢᠭ ᠢ ︽ᠵᠢᠷᠭᠤᠭᠠᠨ ᠭᠤᠤᠯᠳᠤ ᠲᠠᠪᠤᠨ ᠬᠦᠨᠳᠡᠯᠡᠨ︾ ᠭᠤᠤᠯ | ᠵᠠᠮ ᠱᠤᠭᠤᠮ ᠢ ᠪᠦᠬᠦᠨ ᠢ ᠲᠡᠰ ᠲᠠᠪᠰᠢᠭᠤᠯᠵᠤ ᠦᠭᠡᠷᠡᠴᠢᠯᠡᠨ᠂ ᠰᠢᠨ᠎ᠡ ᠡᠨᠧᠷᠬᠢ᠂ ᠤᠰᠤᠨ ᠤ ᠰᠢᠨ᠎ᠡ ᠰᠤᠷᠪᠤᠯᠵᠢ | ᠂ ᠪᠤᠵᠠᠷ ᠤᠰᠤ ᠰᠢᠢᠳᠪᠦᠷᠢᠯᠡᠬᠦ ᠰᠢᠨ᠎ᠡ ᠦᠢᠯᠡᠳᠪᠦᠷᠢ᠂ ᠬᠤᠭ ᠨᠤᠪᠰᠢ ᠪᠤᠬᠢᠷᠳᠤᠯ ᠦᠭᠡᠢ ᠰᠢᠢᠳᠪᠦᠷᠢᠯᠡᠬᠦ | ᠦᠢᠯᠡᠳᠪᠦᠷᠢ ᠶᠢ ᠪᠠᠶᠢᠭᠤᠯᠤᠨ ᠠᠰᠢᠭᠯᠠᠯᠳᠠ ᠳᠤ ᠤᠷᠤᠭᠤᠯᠪᠠ᠃ ᠤᠯᠤᠰ ᠤᠨ ᠤᠢ ᠰᠢᠭᠤᠢ ᠶᠢᠨ ᠴᠡᠴᠡᠷᠯᠢᠭᠳᠦ | ᠬᠤᠳᠠ ᠠᠮᠵᠢᠯᠳᠠᠳᠠᠢ ᠴᠤᠭᠴᠠᠯᠠᠨ ᠪᠠᠶᠢᠭᠤᠯᠪᠠ᠃ ᠾᠧ ᠮᠧᠢ ᠬᠦᠷᠢᠶᠡᠯᠡᠩ ᠲᠤᠭᠤᠷᠢᠭ ᠤᠨ ᠬᠤᠳᠠ ᠶᠢᠨ | ᠶᠠᠪᠤᠳᠠᠯ ᠤᠨ ᠬᠤᠭᠤᠯᠠᠢ ᠲᠤᠤᠷ ᠪᠠ ᠬᠤᠳᠠ ᠶᠢᠨ ᠲᠦᠪ ᠲᠤᠭᠤᠷᠢᠭ ᠯᠤᠭ᠎ᠠ ᠬᠠᠷᠢᠯᠴᠠᠨ ᠨᠡᠪᠳᠡᠷᠡᠭᠦᠯᠬᠦ ᠶᠢ | ᠪᠡᠶᠡᠯᠡᠭᠦᠯᠪᠡ᠃ ᠵᠢᠵᠢᠭ ᠬᠤᠳᠠ ᠪᠠᠯᠭᠠᠰᠤᠨ ᠳᠤ ᠤᠰᠤ ᠬᠠᠩᠭᠠᠬᠤ ᠴᠢᠳᠠᠪᠬᠢ ᠶᠢ 4.3 ᠲᠦᠮᠡᠨ ᠲᠤᠨ᠂ | ᠲᠦᠪᠯᠡᠷᠡᠬᠦᠯᠦᠨ ᠲᠤᠯᠠᠭᠠᠯᠭ᠎ᠠ ᠬᠠᠩᠭᠠᠬᠤ ᠲᠠᠯᠠᠪᠠᠢ ᠶᠢ 65 ᠲᠦᠮᠡᠨ ᠲᠡᠭᠰᠢ ᠲᠦᠷᠪᠡᠯᠵᠢᠨ ᠮᠧᠲᠷ ᠨᠡᠮᠡᠭᠳᠡᠭᠦᠯᠵᠦ᠂ | 10 ᠺᠢᠯᠤᠸᠤᠯᠲ ᠠᠴᠠ ᠲᠡᠭᠡᠭᠰᠢᠬᠢ ᠬᠦᠴᠦᠳᠡᠯ ᠦᠭᠡᠷᠡᠴᠢᠯᠡᠬᠦ ᠴᠠᠬᠢᠯᠭᠠᠨ ᠱᠤᠭᠤᠮ ᠢ 65 ᠺᠢᠯᠤᠮᠧᠲᠷ | ᠪᠠᠶᠢᠭᠤᠯᠵᠤ᠂ 306 ᠤᠯᠤᠰ ᠤᠨ ᠵᠠᠮ ᠤᠨ ᠨᠢᠭᠡᠳᠦᠭᠡᠷ ᠲᠡᠰ ᠤᠨ ᠵᠠᠰᠠᠮᠠᠯ ᠵᠠᠮ᠂ ᠸᠠᠩ ᠠᠨ ᠱᠤᠭᠤᠮ ᠤᠨ | ᠵᠢᠭᠤᠯᠴᠢᠯᠠᠯ ᠤᠨ ᠵᠠᠰᠠᠮᠠᠯ ᠵᠠᠮ ᠵᠡᠷᠭᠡ ᠭᠤᠤᠯᠳᠠᠯᠭ᠎ᠠ ᠲᠠᠢ ᠲᠦᠷᠦᠯ ᠵᠦᠢᠯ ᠢ ᠪᠠᠶᠢᠭᠤᠯᠤᠨ ᠲᠡᠷᠭᠡ ᠨᠡᠪᠳᠡᠷᠡᠭᠦᠯᠪᠡ᠂ | ᠬᠦᠳᠡᠭᠡ ᠲᠤᠰᠬᠤᠨ ᠤ 390 ᠺᠢᠯᠤᠮᠧᠲᠷ ᠤᠨ ᠵᠠᠰᠠᠮᠠᠯ ᠵᠠᠮ ᠢ ᠰᠢᠨ᠎ᠡ ᠪᠠᠷ ᠪᠠᠶᠢᠭᠤᠯᠤᠨ᠂ 1145 ᠺᠢᠯᠤᠮᠧᠲᠷ | ᠵᠡᠭᠡᠯᠢ ᠭᠤᠳᠤᠮᠵᠢ ᠶᠢ ᠬᠠᠳᠠᠭᠤᠷᠠᠭᠤᠯᠪᠠ᠂ ᠪᠤᠢ ᠪᠦᠬᠦᠢ ᠵᠠᠰᠠᠭ ᠵᠠᠬᠢᠷᠭᠠᠨ ᠤ ᠲᠤᠰᠬᠤᠨ ᠪᠠ ᠨᠦᠬᠦᠴᠡᠯ ᠪᠦᠬᠦᠢ | ᠠᠶᠢᠯ ᠲᠤᠰᠬᠤᠨ ᠵᠠᠰᠠᠮᠠᠯ ᠵᠠᠮ ᠲᠠᠢ ᠪᠤᠯᠵᠤ᠂ ︽ᠲᠦᠷᠪᠡᠨ ᠰᠠᠶᠢᠨ ᠬᠦᠳᠡᠭᠡ ᠲᠤᠰᠬᠤᠨ ᠤ ᠵᠠᠮ︾ ᠤᠨ ᠪᠦᠬᠦ | ᠤᠯᠤᠰ ᠤᠨ ᠵᠢᠱᠢᠶ᠎ᠡ ᠦᠵᠡᠬᠦᠯᠬᠦ ᠰᠢᠶᠠᠨ ᠪᠤᠯᠪᠠ᠃ ᠭᠤᠶᠤ ᠰᠠᠶᠢᠬᠠᠨ ᠰᠢᠶᠠᠩ ᠲᠤᠰᠬᠤᠨ ᠤ ᠪᠦᠳᠦᠭᠡᠨ | ᠪᠠᠶᠢᠭᠤᠯᠤᠯᠳᠠ ᠶᠢ ᠯᠠᠪᠳᠠᠭᠤᠨ ᠢᠶᠠᠷ ᠠᠬᠢᠭᠤᠯᠪᠠ᠂ ᠬᠦᠳᠡᠭᠡ ᠲᠤᠰᠬᠤᠨ ᠤ 1.01 ᠲᠦᠮᠡᠨ ᠡᠷᠦᠬᠡ ᠶᠢᠨ ᠨᠤᠷᠠᠬᠤ | ᠠᠶᠤᠯᠳᠠᠢ ᠭᠡᠷ ᠪᠠᠶᠢᠰᠢᠩ ᠢ ᠦᠭᠡᠷᠡᠴᠢᠯᠡᠨ ᠵᠠᠰᠠᠵᠤ᠂ ᠤᠤᠭᠤᠬᠤ ᠤᠰᠤᠨ ᠤ ᠠᠮᠤᠷ ᠲᠦᠪᠰᠢᠨ ᠤ ᠢᠨᠵᠧᠨᠧᠷᠢᠩ ᠢ | 553 ᠭᠠᠵᠠᠷ ᠲᠤ ᠬᠡᠷᠡᠭᠵᠢᠬᠦᠯᠵᠦ᠂ ᠬᠦᠳᠡᠭᠡ ᠲᠤᠰᠬᠤᠨ ᠤ 1.8 ᠡᠷᠦᠬᠡ ᠶᠢᠨ ᠵᠤᠷᠯᠤᠩ ᠢ ᠦᠭᠡᠷᠡᠴᠢᠯᠡᠨ | ᠪᠠᠶᠢᠭᠤᠯᠵᠤ᠂ ᠬᠦᠳᠡᠭᠡ ᠲᠤᠰᠬᠤᠨ ᠤ ᠦᠢᠯᠡᠳᠪᠦᠷᠢᠯᠡᠯ ᠠᠮᠢᠳᠤᠷᠠᠯ ᠤᠨ ᠨᠦᠬᠦᠴᠡᠯ ᠪᠠ ᠲᠦᠷᠢ ᠲᠦᠷᠬᠦ ᠶᠢ | ᠦᠨᠳᠦᠰᠦᠨ ᠠᠴᠠ ᠨᠢ ᠦᠭᠡᠷᠡᠴᠢᠯᠡᠪᠡ᠃ | | ᠲᠠᠪᠤᠨ ᠵᠢᠯ ᠤᠨ ᠲᠤᠷᠰᠢᠳᠠ᠂ ᠪᠢᠳᠠ ᠪᠤᠬᠢᠷᠳᠤᠯ ᠦᠭᠡᠢ ᠬᠦᠭᠵᠢᠯᠳᠡ ᠶᠢ ᠪᠠᠷᠢᠮᠳᠠᠯᠠᠨ᠂ ᠠᠮᠢ ᠠᠬᠤᠢ ᠶᠢᠨ | ᠠᠮᠤᠷ ᠲᠦᠪᠰᠢᠨ ᠤ ᠬᠠᠯᠬᠠᠪᠴᠢ ᠶᠢ ᠨᠡᠩ ᠪᠠᠬᠢᠵᠢᠭᠦᠯᠪᠡ᠃ ᠠᠮᠢ ᠠᠬᠤᠢ ᠶᠢᠨ ᠤᠷᠴᠢᠨ ᠲᠤᠭᠤᠷᠢᠨ ᠢ ᠵᠠᠰᠠᠬᠤ | ᠬᠦᠴᠦᠯᠡᠴᠡ ᠶᠢ ᠲᠠᠰᠤᠷᠠᠯᠳᠠ ᠦᠭᠡᠢ ᠶᠡᠬᠡᠰᠬᠡᠪᠡ᠂ ᠰᠠᠨ ᠳ᠋ᠤᠤ ᠶᠢᠩᠽᠢ ᠶᠢᠨ ᠨᠡᠭᠦᠷᠡᠰᠦ ᠮᠠᠯᠳᠠᠵᠤ ᠬᠤᠳᠤᠶᠢᠵᠦ | ᠴᠦᠮᠦᠷᠡᠭᠰᠡᠨ ᠤᠷᠤᠨ᠂ ᠶᠢᠨ ᠹᠧᠩ ᠵᠡᠰ ᠤᠨ ᠦᠢᠯᠡᠰ ᠤᠨ ᠬᠠᠭᠤᠴᠢᠨ ᠦᠢᠯᠡᠳᠪᠦᠷᠢ ᠶᠢᠨ ᠤᠷᠤᠨ ᠵᠡᠷᠭᠡ ᠠᠮᠢ | ᠠᠬᠤᠢ ᠤᠷᠴᠢᠨ ᠲᠤᠭᠤᠷᠢᠨ ᠤ ᠲᠤᠪᠤᠶᠢᠮ᠎ᠠ ᠠᠰᠠᠭᠤᠳᠠᠯ ᠤᠳ ᠢ ᠲᠤᠶᠢᠯᠪᠤᠷᠢᠳᠠᠢ ᠵᠠᠰᠠᠨ ᠴᠡᠭᠴᠡᠯᠡᠪᠡ᠃ ᠪᠡᠭᠡᠵᠢᠩ | ᠲᠢᠶᠠᠨᠵᠢᠨ ᠤ ᠰᠠᠯᠬᠢ ᠡᠯᠡᠰᠦ ᠶᠢᠨ ᠡᠬᠢ ᠡᠭᠦᠰᠦᠯ ᠢ ᠵᠠᠰᠠᠬᠤ᠂ ᠲᠠᠷᠢᠶᠠᠯᠠᠬᠤ ᠶᠢ ᠵᠤᠭᠰᠤᠵᠤ ᠤᠢ ᠰᠢᠭᠤᠢ ᠶᠢ | ᠰᠡᠷᠭᠦᠭᠡᠬᠦ᠂ ᠮᠠᠭᠤᠳᠠᠭᠰᠠᠨ ᠤᠢ ᠶᠢ ᠰᠡᠷᠭᠦᠭᠡᠬᠦ ᠵᠡᠷᠭᠡ ᠲᠦᠷᠦᠯ ᠵᠦᠢᠯ ᠢ ᠵᠠᠯᠭ᠎ᠠ ᠪᠠᠷ ᠬᠡᠷᠡᠭᠵᠢᠬᠦᠯᠪᠡ᠂ ᠠᠮᠢ | ᠠᠬᠤᠢ ᠶᠢᠨ ᠪᠦᠳᠦᠭᠡᠨ ᠪᠠᠶᠢᠭᠤᠯᠤᠯᠳᠠ ᠳᠤ 12.6 ᠲᠦᠮᠡᠨ ᠮᠤ᠋ ᠶᠢ ᠨᠡᠮᠡᠭᠳᠡᠭᠦᠯᠵᠦ᠂ ᠤᠢ ᠰᠢᠭᠤᠢ ᠪᠦᠬᠦᠢ | ᠲᠠᠯᠠᠪᠠᠢ 275 ᠲᠦᠮᠡᠨ ᠮᠤ᠋ ᠪᠤᠯᠵᠤ᠂ ᠤᠢ ᠰᠢᠭᠤᠢ ᠶᠢᠨ ᠪᠦᠷᠬᠦᠴᠡ 57.8% ᠳᠤ ᠬᠦᠷᠴᠦ᠂ ︽ᠠᠷᠪᠠᠨ | ᠬᠤᠶᠠᠳᠤᠭᠠᠷ ᠲᠠᠪᠤᠨ ᠵᠢᠯ︾ ᠤᠨ ᠬᠢ ᠠᠴᠠ ᠵᠠᠭᠤᠨ ᠤ 9 ᠬᠤᠪᠢ ᠪᠠᠷ ᠨᠡᠮᠡᠭᠳᠡᠨ᠂ ᠦᠪᠡᠷᠳᠡᠭᠡᠨ ᠵᠠᠰᠠᠬᠤ ᠤᠷᠤᠨ | ᠤ ᠡᠮᠦᠨ᠎ᠡ ᠡᠩᠨᠡᠭᠡᠨ ᠳᠤ ᠵᠢᠭᠰᠠᠭᠠᠭᠳᠠᠪᠠ᠃ ᠡᠮᠡᠭᠡᠯ ᠠᠭᠤᠯᠠ ᠤᠢ ᠰᠢᠭᠤᠢ ᠶᠢᠨ ᠲᠠᠯᠠᠪᠠᠢ᠂ ᠸᠠᠩ ᠶᠧ ᠳ᠋ᠢᠶᠠᠨ | ᠲᠤᠷᠰᠢᠯᠳᠠ ᠶᠢᠨ ᠤᠢ ᠶᠢᠨ ᠲᠠᠯᠠᠪᠠᠢ ᠨᠢ ︽ᠪᠦᠬᠦ ᠤᠯᠤᠰ ᠤᠨ ᠠᠷᠪᠠᠨ ᠰᠢᠯᠢᠳᠡᠭ ᠤᠢ ᠰᠢᠭᠤᠢ ᠶᠢᠨ ᠲᠠᠯᠠᠪᠠᠢ︾ | ᠶᠢᠨ ᠠᠯᠳᠠᠷ ᠢ ᠬᠦᠷᠳᠡᠪᠡ᠂ ᠯᠧᠢ ᠵᠢᠶᠠ ᠶᠢᠩᠽᠢ᠂ ᠪᠠᠭ᠎ᠠ ᠮᠡᠶᠢᠷᠡᠨ ᠤᠢ ᠰᠢᠭᠤᠢ ᠶᠢᠨ ᠲᠠᠯᠠᠪᠠᠢ ᠵᠡᠷᠭᠡ ᠭᠤᠷᠪᠠᠨ | ᠲᠤᠰᠬᠤᠨ ︽ᠪᠦᠬᠦ ᠤᠯᠤᠰ ᠤᠨ ᠠᠮᠢ ᠠᠬᠤᠢ ᠶᠢᠨ ᠰᠤᠶᠤᠯ ᠤᠨ ᠲᠤᠰᠬᠤᠨ︾ ᠢᠶᠠᠷ ᠨᠡᠷᠡᠶᠢᠳᠦᠭᠳᠡᠪᠡ᠃ ᠯᠠ ᠽᠢ | ᠭᠧᠦ᠂ ᠳ᠋ᠦᠩ ᠵᠢᠦᠢ ᠽᠢ ᠵᠡᠷᠭᠡ ᠲᠠᠪᠤᠨ ᠲᠤᠰᠬᠤᠨ ︽ᠪᠦᠬᠦ ᠤᠯᠤᠰ ᠤᠨ ᠤᠢ ᠰᠢᠭᠤᠢ ᠶᠢᠨ ᠬᠦᠳᠡᠭᠡ ᠲᠤᠰᠬᠤᠨ︾ | ᠢᠶᠠᠷ ᠨᠡᠷᠡᠶᠢᠳᠦᠭᠳᠡᠪᠡ᠃ ᠤᠰᠤᠨ ᠤ ᠡᠬᠢ ᠰᠤᠷᠪᠤᠯᠵᠢ ᠶᠢ ᠠᠷᠪᠢᠯᠠᠨ ᠠᠰᠢᠭᠯᠠᠬᠤ ᠦᠷ᠎ᠡ ᠪᠦᠳᠦᠮᠵᠢ ᠢᠯᠡᠷᠬᠡᠢ | ᠪᠤᠯᠪᠠ᠂ ᠦᠨᠳᠦᠷ ᠠᠰᠢᠭᠯᠠᠮᠵᠢᠳᠤ ᠤᠰᠤ ᠠᠷᠪᠢᠯᠠᠬᠤ ᠲᠠᠯᠠᠪᠠᠢ ᠶᠢ 2.5 ᠲᠦᠮᠡᠨ ᠮᠤ᠋ ᠰᠢᠨ᠎ᠡ ᠪᠠᠷ ᠨᠡᠮᠡᠭᠳᠡᠭᠦᠯᠵᠦ᠂ | 44 ᠺᠢᠯᠤᠮᠧᠲᠷ ᠤᠨ ᠭᠤᠤᠯ ᠤᠨ ᠭᠤᠯᠳᠤᠷᠢᠯ ᠤᠨ ᠦᠶᠡᠷ ᠢ ᠰᠡᠷᠭᠡᠶᠢᠯᠡᠨ ᠤᠷᠤᠰᠬᠠᠯ ᠢ ᠰᠢᠯᠤᠭᠤᠳᠬᠠᠵᠦ᠂ 1.1 | ᠲᠦᠮᠡᠨ ᠮᠤ᠋ ᠶᠢᠨ ᠤᠰᠤ ᠬᠦᠷᠦᠰᠤᠨ ᠤ ᠤᠷᠤᠰᠬᠠᠭᠳᠠᠯ ᠢ ᠬᠠᠮᠠᠭᠠᠯᠠᠬᠤ ᠵᠠᠰᠠᠯᠳᠠ ᠬᠢᠪᠡ᠃ ᠦᠪᠡᠷᠳᠡᠭᠡᠨ ᠵᠠᠰᠠᠬᠤ | ᠤᠷᠤᠨ ᠤ ᠮᠠᠯ ᠵᠢᠭᠦᠷᠳᠡᠨ ᠤ ᠢᠯᠭᠠᠳᠠᠰᠤ ᠶᠢ ᠡᠬᠢ ᠰᠤᠷᠪᠤᠯᠵᠢ ᠪᠤᠯᠭᠠᠨ ᠠᠰᠢᠭᠯᠠᠬᠤ ᠪᠦᠬᠦᠶᠢᠯᠡ ᠰᠢᠶᠠᠨ ᠢᠶᠠᠷ | ᠠᠬᠢᠭᠤᠯᠬᠤ ᠲᠦᠷᠦᠯ ᠵᠦᠢᠯ ᠢ ᠠᠮᠵᠢᠯᠳᠠᠳᠠᠢ ᠲᠡᠮᠡᠴᠡᠨ ᠤᠯᠵᠤ ᠬᠡᠷᠡᠭᠵᠢᠬᠦᠯᠦᠨ᠂ ᠬᠢᠮᠢ ᠶᠢᠨ ᠪᠤᠷᠳᠤᠭᠤᠷ ᠲᠠᠷᠢᠶᠠᠨ | ᠡᠮ ᠤᠨ ᠬᠡᠮᠵᠢᠶ᠎ᠡ ᠶᠢ ᠪᠠᠭᠠᠰᠬᠠᠨ ᠦᠷ᠎ᠡ ᠠᠰᠢᠭ ᠢ ᠨᠡᠮᠡᠭᠳᠡᠬᠦᠯᠬᠦ ᠠᠵᠢᠯᠯᠠᠭ᠎ᠠ ᠶᠢ ᠭᠦᠨᠵᠡᠭᠡᠢ ᠦᠷᠨᠢᠬᠦᠯᠵᠦ᠂ | ᠲᠠᠷᠢᠶᠠᠯᠠᠭ᠎ᠠ ᠶᠢᠨ ᠪᠤᠬᠢᠷᠳᠤᠯ ᠢ ᠵᠠᠰᠠᠬᠤ ᠨᠢ ᠪᠤᠳᠠᠳᠠᠢ ᠦᠷ᠎ᠡ ᠠᠰᠢᠭ ᠤᠯᠪᠠ᠃ ᠪᠦᠬᠦ ᠬᠤᠰᠢᠭᠤᠨ ᠤ ᠠᠮᠢ | ᠠᠬᠤᠢ ᠶᠢᠨ ᠤᠷᠴᠢᠨ ᠲᠤᠭᠤᠷᠢᠨ ᠦᠷᠭᠦᠯᠵᠢᠯᠡᠨ ᠰᠠᠶᠢᠨ ᠡᠷᠭᠢᠯᠳᠡ ᠲᠠᠢ ᠪᠤᠯᠵᠤ᠂ ᠪᠤᠬᠢᠷᠳᠤᠯ ᠦᠭᠡᠢ | ᠬᠦᠭᠵᠢᠯᠳᠡ ᠶᠢᠨ ᠲᠠᠪᠠᠭᠤᠯᠢᠭ ᠴᠢᠨᠠᠷ ᠨᠡᠩ ᠢᠯᠡᠷᠬᠡᠢ ᠪᠤᠯᠵᠤ ᠴᠢᠩᠭᠠᠷᠠᠪᠠ᠃ | | ᠲᠠᠪᠤᠨ ᠵᠢᠯ ᠤᠨ ᠲᠤᠷᠰᠢᠳᠠ᠂ ᠪᠢᠳᠠᠦᠭᠡᠷᠡᠴᠢᠯᠡᠯᠳᠡ ᠬᠢᠵᠦ ᠴᠢᠯᠦᠭᠡᠳᠡᠢ ᠶᠠᠪᠤᠯᠴᠠᠬᠤ ᠶᠢ ᠪᠠᠷᠢᠮᠳᠠᠯᠠᠨ᠂ | ᠬᠦᠭᠵᠢᠯᠳᠡ ᠶᠢᠨ ᠬᠦᠳᠡᠯᠭᠡᠬᠦ ᠬᠦᠴᠦᠨ ᠠᠮᠢᠳᠤᠯᠢᠭ ᠬᠦᠴᠦᠨ ᠢ ᠢᠯᠡᠷᠬᠡᠢ ᠴᠢᠩᠭᠠᠷᠠᠭᠤᠯᠪᠠ᠃ ︽ᠲᠠᠯᠪᠢᠬᠤ | ᠬᠠᠮᠢᠶᠠᠷᠬᠤ ᠦᠢᠯᠡᠴᠢᠯᠡᠬᠦ︾ ᠦᠭᠡᠷᠡᠴᠢᠯᠡᠯᠳᠡ ᠦᠷᠭᠦᠯᠵᠢᠯᠡᠨ ᠭᠦᠨᠵᠡᠭᠡᠶᠢᠷᠡᠭᠦᠯᠵᠦ᠂ ︽ᠨᠢᠭᠡ ᠴᠤᠩᠬᠤᠪᠴᠢ ᠪᠠᠷ | ᠬᠦᠯᠢᠶᠡᠨ ᠠᠪᠴᠤ︾ ︽ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠭᠡᠬᠦ︾ ︽ᠨᠢᠭᠡ ᠯᠠ ᠤᠳᠠᠭ᠎ᠠ ᠳᠤ | ᠭᠦᠢᠴᠡᠳᠭᠡᠬᠦ︾ ᠶᠢ ᠪᠦᠬᠦ ᠲᠠᠯ᠎ᠠ ᠪᠠᠷ ᠠᠬᠢᠭᠤᠯᠪᠠ᠂ ᠵᠠᠰᠠᠭ ᠵᠠᠬᠢᠷᠭᠠᠨ ᠤ ᠬᠢᠨᠠᠨ ᠵᠦᠪᠰᠢᠶᠠᠷᠡᠬᠦ ᠲᠦᠷᠦᠯ | ᠵᠦᠢᠯ ᠤᠨ 62% ᠨᠢ ᠦᠢᠯᠡᠴᠢᠯᠡᠭᠡᠨ ᠤ ᠲᠢᠩᠬᠢᠮ ᠳᠤ ᠤᠷᠤᠵᠤ᠂ ᠰᠦᠯᠵᠢᠶᠡᠨ ᠲᠡᠭᠡᠷ᠎ᠡ ᠭᠦᠢᠴᠡᠳᠭᠡᠵᠦ ᠪᠤᠯᠬᠤ | ᠨᠤᠷᠮ᠎ᠠ 87% ᠪᠤᠯᠵᠤ᠂ ᠡᠯ᠎ᠡ ᠵᠦᠢᠯ ᠤᠨ ᠮᠡᠳᠡᠭᠦᠯᠬᠦ ᠮᠠᠲ᠋ᠧᠷᠢᠶᠠᠯ ᠢ 287 ᠵᠦᠢᠯ᠂ ᠶᠠᠪᠤᠴᠠ ᠶᠢ 321 ᠵᠦᠢᠯ᠂ | ᠴᠠᠭ ᠤᠨ ᠬᠢᠵᠠᠭᠠᠷ ᠢ 234 ᠵᠦᠢᠯ ᠢ ᠬᠠᠰᠤᠨ ᠴᠦᠬᠡᠳᠭᠡᠵᠦ᠂ ᠵᠠᠬ᠎ᠠ ᠲᠡᠯᠭᠡᠭᠦᠷ ᠤᠨ ᠡᠯ᠎ᠡ ᠵᠦᠢᠯ ᠤᠨ ᠭᠤᠤᠯ | ᠴᠤᠭᠴᠠ ᠳᠤ 14.1 ᠳ᠋ᠦᠩᠰᠢᠭᠤᠷ ᠲᠦᠭᠦᠷᠢᠭ ᠢ ᠬᠠᠰᠤᠨ ᠬᠡᠯᠳᠦᠷᠢᠭᠦᠯᠵᠦ᠂ 1.5 ᠲᠦᠮᠡᠨ ᠡᠷᠦᠬᠡ ᠵᠠᠬ᠎ᠠ | ᠲᠡᠯᠭᠡᠭᠦᠷ ᠤᠨ ᠭᠤᠤᠯ ᠴᠤᠭᠴᠠ ᠶᠢ ᠨᠡᠮᠡᠭᠳᠡᠭᠦᠯᠪᠡ᠃ ᠵᠠᠰᠠᠭ ᠤᠨ ᠤᠷᠳᠤᠨ ᠤ ᠪᠠᠶᠢᠭᠤᠯᠤᠮᠵᠢ᠂ ᠤᠯᠤᠰ ᠤᠨ | ᠦᠮᠴᠢᠯᠡᠯᠳᠤ ᠤᠢ ᠰᠢᠭᠤᠢ ᠶᠢᠨ ᠲᠠᠯᠠᠪᠠᠢ ᠵᠡᠷᠭᠡ ᠦᠭᠡᠷᠡᠴᠢᠯᠡᠯᠳᠡ ᠶᠢ ᠪᠦᠬᠦ ᠲᠠᠯ᠎ᠠ ᠪᠠᠷ ᠲᠠᠭᠤᠰᠬᠠᠪᠠ᠂ ᠲᠠᠷᠢᠶᠠᠯᠠᠩ | ᠠᠵᠤ ᠠᠬᠤᠢ ᠬᠦᠳᠡᠭᠡ ᠲᠤᠰᠬᠤᠨ᠂ ᠠᠮᠢ ᠠᠬᠤᠢ ᠶᠢᠨ ᠪᠤᠯᠪᠠᠰᠤᠨ᠂ ᠶᠡᠷᠦᠩᠬᠡᠶᠢᠯᠡᠨ ᠬᠠᠤᠯᠢ ᠬᠡᠷᠡᠭᠵᠢᠭᠦᠯᠬᠦ᠂ ᠡᠮ | ᠡᠮᠨᠡᠯᠭᠡ ᠡᠷᠡᠭᠦᠯ ᠬᠠᠮᠠᠭᠠᠯᠠᠯ᠂ ᠰᠤᠷᠭᠠᠨ ᠬᠦᠮᠦᠵᠢᠯ ᠡᠮᠨᠡᠯᠭᠡ ᠵᠡᠷᠭᠡ ᠭᠤᠤᠯᠳᠠᠯᠭ᠎ᠠ ᠲᠠᠢ ᠬᠦᠷᠢᠶ᠎ᠡ ᠬᠡᠪᠴᠢᠶᠡᠨ ᠳᠠᠬᠢ | ᠦᠭᠡᠷᠡᠴᠢᠯᠡᠯᠳᠡ ᠶᠢ ᠯᠠᠪᠳᠠᠭᠤᠨ ᠢᠶᠠᠷ ᠠᠬᠢᠭᠤᠯᠪᠠ᠃ ᠬᠤᠳᠠᠯᠳᠤᠭᠠᠴᠢᠨ ᠤᠷᠢᠵᠵᠦ ᠪᠡᠯᠡ ᠲᠡᠳᠠᠬᠤ ︽ᠡᠪᠦᠯ ᠤᠨ | ᠤᠯᠠᠷᠢᠯ ᠤᠨ ᠠᠵᠢᠯᠯᠠᠭ᠎ᠠ︾ ᠶᠢ ᠭᠤᠷᠪᠠᠨ ᠵᠢᠯ ᠲᠠᠷᠠᠭᠠᠯᠠᠨ ᠦᠷᠨᠢᠬᠦᠯᠵᠦ᠂ ᠬᠤᠰᠢᠭᠤᠨ ᠤ ᠭᠠᠳᠠᠷ ᠤᠷᠤᠨ ᠠᠴᠠ | 179 ᠳ᠋ᠦᠩᠰᠢᠭᠤᠷ ᠲᠦᠭᠦᠷᠢᠭ ᠤᠨ ᠪᠡᠯᠡ ᠲᠠᠳᠠᠪᠠ᠃ ᠪᠡᠭᠡᠵᠢᠩ ᠬᠤᠳᠠ ᠪᠠᠷᠠᠭᠤᠨ ᠬᠤᠳᠠ ᠲᠤᠭᠤᠷᠢᠭ᠂ ᠪᠤᠤ ᠯᠢ | ᠪᠦᠯᠦᠭᠯᠡᠯ ᠤᠨ 92 ᠵᠦᠢᠯ ᠤᠨ ᠬᠠᠪᠰᠤᠷᠤᠨ ᠲᠡᠳᠬᠦᠬᠦ ᠲᠦᠷᠦᠯ ᠵᠦᠢᠯ ᠨᠢ 1.82 ᠳ᠋ᠦᠩᠰᠢᠭᠤᠷ ᠲᠦᠭᠦᠷᠢᠭ | ᠪᠡᠯᠡ ᠤᠷᠤᠭᠤᠯᠪᠠ᠂ ᠠᠽᠢᠶ᠎ᠠ ᠨᠤᠮᠤᠬᠠᠨ ᠲᠠᠯᠠᠢ ᠶᠢᠨ ᠤᠢ ᠰᠢᠭᠤᠢ ᠶᠢᠨ ᠵᠤᠬᠢᠶᠠᠨ ᠪᠠᠶᠢᠭᠤᠯᠤᠯᠳᠠ ᠶᠢᠨ 3 | ᠳ᠋ᠦᠩᠰᠢᠭᠤᠷ ᠲᠦᠭᠦᠷᠢᠭ ᠤᠨ ᠪᠡᠯᠡ ᠤᠷᠤᠭᠤᠯᠤᠭᠰᠠᠨ ᠸᠠᠩ ᠶᠧ ᠳ᠋ᠢᠶᠠᠨ ᠳᠠᠬᠢ ᠤᠯᠠᠨ ᠴᠢᠳᠠᠮᠵᠢᠳᠤ ᠤᠢ ᠰᠢᠭᠤᠢ | ᠲᠤᠷᠰᠢᠯᠳᠠ ᠶᠢᠨ ᠰᠠᠭᠤᠷᠢᠨ ᠭᠠᠵᠠᠷ ᠢ ᠪᠠᠶᠢᠭᠤᠯᠵᠤ ᠠᠰᠢᠭᠯᠠᠯᠳᠠ ᠳᠤ ᠤᠷᠤᠭᠤᠯᠪᠠ᠃ ︽ᠨᠢᠭᠡ ᠪᠦᠰᠡ ᠨᠢᠭᠡ ᠵᠠᠮ︾ | ᠤᠨ ᠠᠽᠢᠶ᠎ᠠ ᠨᠤᠮᠤᠬᠠᠨ ᠲᠠᠯᠠᠢ ᠶᠢᠨ ᠤᠯᠠᠨ ᠤᠯᠤᠰ ᠤᠨ ᠬᠠᠮᠵᠢᠯᠴᠠᠭᠠᠨ ᠤ ᠰᠤᠳᠤᠯᠤᠨ ᠶᠠᠷᠢᠯᠴᠠᠬᠤ ᠬᠤᠷᠠᠯ ᠢ | ᠴᠢᠨᠠᠷ ᠰᠠᠶᠢᠳᠠᠢ ᠡᠷᠬᠢᠯᠡᠪᠡ᠂ ᠲᠠᠪᠤᠳᠤᠭᠠᠷ ᠬᠤᠭᠤᠴᠠᠭᠠᠨ ᠤ ᠦᠪᠦᠷ ᠮᠤᠩᠭᠤᠯ · ᠬᠠᠷᠠᠴᠢᠨ ᠤ ᠲᠦᠪᠡᠳ | ᠬᠠᠰᠢ ᠶᠢᠨ ᠨᠠᠶᠢᠷ ᠢ ᠲᠡᠭᠡᠳᠦ ᠪᠡᠷᠢᠮᠵᠢᠶ᠎ᠡ ᠪᠠᠷ ᠡᠷᠬᠢᠯᠡᠨ ᠶᠠᠪᠤᠭᠳᠠᠭᠤᠯᠪᠠ᠂ ᠦᠪᠦᠷ ᠮᠤᠩᠭᠤᠯ ᠤᠨ ᠶᠡᠭᠡ ᠰᠤᠷᠭᠠᠭᠤᠯᠢ | ᠂ ᠦᠪᠦᠷ ᠮᠤᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ᠂ ᠪᠡᠭᠡᠵᠢᠩ ᠤᠨ ᠤᠢ ᠰᠢᠭᠤᠢ ᠶᠢᠨ ᠶᠡᠭᠡ ᠰᠤᠷᠭᠠᠭᠤᠯᠢ | ᠂ ᠨᠠᠨᠵᠢᠩ ᠤᠨ ᠤᠢ ᠰᠢᠭᠤᠢ ᠶᠢᠨ ᠶᠡᠭᠡ ᠰᠤᠷᠭᠠᠭᠤᠯᠢ ᠵᠡᠷᠭᠡ ᠲᠡᠭᠡᠳᠦ ᠰᠤᠷᠭᠠᠭᠤᠯᠢ ᠨᠤᠭᠤᠳ ᠲᠠᠢ ᠬᠠᠮᠳᠤᠷᠠᠨ ᠠᠵᠤ | ᠦᠢᠯᠡᠰ ᠰᠤᠳᠤᠯᠭᠠᠨ ᠤ ᠰᠠᠭᠤᠷᠢᠨ ᠭᠠᠵᠠᠷ ᠢ ᠪᠠᠶᠢᠭᠤᠯᠪᠠ᠃ | | ᠲᠠᠪᠤᠨ ᠵᠢᠯ ᠤᠨ ᠲᠤᠷᠰᠢᠳᠠ᠂ ᠪᠢᠳᠠ ᠬᠠᠮᠳᠤᠪᠠᠷ ᠪᠠᠶᠢᠭᠤᠯᠵᠤ ᠬᠠᠮᠳᠤᠪᠠᠷ ᠡᠳ᠋ᠯᠡᠬᠦ ᠶᠢ ᠪᠠᠷᠢᠮᠳᠠᠯᠠᠨ᠂ ᠠᠷᠠᠳ | ᠲᠦᠮᠡᠨ ᠤ ᠵᠤᠯ ᠵᠢᠷᠭᠠᠯᠳᠤ ᠵᠢᠭᠠᠯᠳᠠ ᠲᠤᠭ᠎ᠠ ᠶᠢ ᠦᠷᠭᠦᠯᠵᠢᠯᠡᠨ ᠨᠡᠮᠡᠭᠳᠡᠭᠦᠯᠪᠡ᠃ ᠠᠷᠠᠳ ᠤᠨ ᠠᠮᠢᠳᠤᠷᠠᠯ ᠳᠤ | ᠨᠡᠶᠢᠳᠡ 110 ᠳ᠋ᠦᠩᠰᠢᠭᠤᠷ ᠲᠦᠭᠦᠷᠢᠭ ᠵᠠᠷᠤᠴᠠᠭᠤᠯᠪᠠ᠂ ᠡᠨᠡ ᠨᠢ ︽ᠠᠷᠪᠠᠨ ᠬᠤᠶᠠᠳᠤᠭᠠᠷ ᠲᠠᠪᠤᠨ ᠵᠢᠯ︾ ᠤᠨ | 1.3 ᠲᠠᠬᠢᠨ ᠶᠤᠮ᠃ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠬᠦᠮᠦᠨ ᠪᠦᠷᠢ ᠡᠵᠡᠮᠳᠡᠵᠦ ᠪᠤᠯᠬᠤ ᠤᠷᠤᠯᠭ᠎ᠠ | ᠵᠢᠯ ᠪᠦᠷᠢ ᠲᠡᠭᠰᠢᠳᠭᠡᠭᠡᠳ 6.7 % ᠂ 9.2 % ᠪᠠᠷ ᠨᠡᠮᠡᠭᠳᠡᠪᠡ᠃ ᠤᠳᠤᠬᠠᠨ ᠤ ᠶᠠᠪᠤᠭᠳᠠᠭᠤᠯᠵᠤ ᠪᠠᠶᠢᠭ᠎ᠠ | ᠪᠠᠷᠢᠮᠵᠢᠶ᠎ᠠ ᠪᠠᠷ 26115 ᠨᠡᠷ᠎ᠡ ᠶᠠᠳᠠᠭᠤ ᠬᠦᠴᠢᠷᠳᠡᠢ ᠬᠦᠮᠦᠨ ᠠᠮᠠ ᠶᠢ ᠪᠦᠬᠦᠨ ᠢ ᠶᠠᠳᠠᠭᠤ ᠠᠴᠠ | ᠠᠩᠬᠢᠵᠢᠷᠠᠭᠤᠯᠵᠤ᠂ ᠤᠷᠢᠳᠴᠢᠯᠠᠨ ᠨᠢᠭᠡ ᠵᠢᠯ ᠶᠠᠳᠠᠭᠤ ᠠᠴᠠ ᠠᠩᠬᠢᠵᠢᠷᠠᠭᠤᠯᠬᠤ ᠶᠢ ᠪᠡᠶᠡᠯᠡᠭᠦᠯᠪᠡ᠃ ᠰᠤᠷᠭᠠᠨ | ᠬᠦᠮᠦᠵᠢᠯ ᠲᠡᠭᠡᠷ᠎ᠡ 4.4 ᠳ᠋ᠦᠩᠰᠢᠭᠤᠷ ᠲᠦᠭᠦᠷᠢᠭ ᠤᠷᠤᠭᠤᠯᠵᠤ᠂ ᠾᠧ ᠮᠧᠢ ᠷᠧᠨ ᠳ᠋ᠧ ᠪᠠᠭ᠎ᠠ ᠰᠤᠷᠭᠠᠭᠤᠯᠢ᠂ | ᠵᠢᠨᠱᠠᠨ ᠤ ᠬᠡᠦᠬᠡᠳ ᠤᠨ ᠨᠢᠭᠡᠳᠦᠭᠡᠷ ᠴᠡᠴᠡᠷᠯᠢᠭ ᠪᠠ ᠬᠡᠦᠬᠡᠳ ᠤᠨ ᠭᠤᠷᠪᠠᠳᠤᠭᠠᠷ ᠴᠡᠴᠡᠷᠯᠢᠭ ᠵᠡᠷᠭᠡ ᠡᠯ᠎ᠡ | ᠵᠦᠢᠯ ᠤᠨ 29 ᠰᠤᠷᠭᠠᠭᠤᠯᠢ ᠶᠢ ᠰᠢᠨ᠎ᠡ ᠪᠠᠷ ᠪᠠᠶᠢᠭᠤᠯᠤᠭᠰᠠᠨ ᠪᠠ ᠦᠷᠭᠡᠳᠭᠡᠨ ᠪᠠᠶᠢᠭᠤᠯᠪᠠ᠂ ᠰᠤᠷᠭᠠᠭᠤᠯᠢ ᠶᠢᠨ | ︽ᠶᠡᠭᠡ ᠤᠷᠤ︾᠂ ᠬᠤᠭᠤᠯᠠᠨ ᠭᠡᠷ ᠤᠨ ᠰᠢᠪᠡᠷ ᠵᠤᠤᠬ᠎ᠠ᠂ ᠭᠠᠯ ᠵᠤᠤᠬ᠎ᠠ ᠪᠠᠷ ᠲᠤᠯᠠᠭᠠᠴᠠᠬᠤ ᠵᠡᠷᠭᠡ ᠲᠤᠪᠤᠶᠢᠮ᠎ᠠ | ᠠᠰᠠᠭᠤᠳᠠᠯ ᠢ ᠪᠦᠬᠦᠨ ᠢ ᠰᠢᠢᠳᠪᠦᠷᠢᠯᠡᠪᠡ᠂ ᠠᠯᠪᠠᠨ ᠵᠢᠷᠤᠮ ᠤᠨ ᠰᠤᠷᠭᠠᠨ ᠬᠦᠮᠦᠵᠢᠯ ᠤᠨ ᠲᠡᠩᠴᠡᠭᠦᠷᠢᠳᠡᠢ | ᠬᠦᠭᠵᠢᠯᠳᠡ ᠨᠢ ᠤᠯᠤᠰ ᠤᠨ ᠦᠨᠡᠯᠡᠯᠳᠡ ᠬᠢᠵᠦ ᠰᠢᠯᠭᠠᠨ ᠪᠠᠶᠢᠴᠠᠭᠠᠯᠳᠠ ᠶᠢ ᠢᠯᠭᠤᠮ ᠦᠩᠭᠡᠷᠡᠭᠡᠪᠡ᠃ | ᠦᠨᠳᠦᠰᠦᠨ ᠱᠠᠳᠤᠨ ᠤ ᠡᠮ ᠡᠮᠨᠡᠯᠭᠡ ᠶᠢᠨ 170 ᠪᠠᠶᠢᠭᠤᠯᠤᠮᠵᠢ ᠶᠢ ᠰᠢᠨ᠎ᠡ ᠪᠠᠷ ᠪᠠᠶᠢᠭᠤᠯᠤᠭᠰᠠᠨ ᠪᠠ ᠦᠷᠭᠡᠳᠭᠡᠨ | ᠪᠠᠶᠢᠭᠤᠯᠪᠠ᠂ ᠬᠤᠰᠢᠭᠤᠨ ᠤ ᠡᠮᠨᠡᠯᠭᠡ ᠶᠢᠨ ᠬᠤᠷᠢᠶ᠎ᠠ᠂ ᠬᠢᠳᠡᠳ ᠮᠤᠩᠭᠤᠯ ᠡᠮᠨᠡᠯᠭᠡ ᠶᠢᠨ ᠬᠤᠷᠢᠶ᠎ᠠ ᠨᠢ ᠬᠤᠶᠠᠳᠤᠭᠠᠷ | ᠬᠦᠬᠡ ᠲᠡᠰ ᠤᠨ ᠡᠮᠨᠡᠯᠭᠡ ᠶᠢᠨ ᠬᠤᠷᠢᠶ᠎ᠠ ᠪᠤᠯᠵᠤ ᠲᠡᠪᠰᠢᠨ᠂ ᠡᠮᠨᠡᠯᠭᠡ ᠶᠢᠨ ᠬᠤᠷᠢᠶᠠᠨ ᠤ ᠡᠮᠨᠡᠬᠦᠯᠬᠦ ᠬᠦᠮᠦᠨ | ᠤᠳᠠᠭ᠎ᠠ ᠶᠢᠨ ᠲᠤᠭ᠎ᠠ ᠨᠢ ︽ᠠᠷᠪᠠᠨ ᠬᠤᠶᠠᠳᠤᠭᠠᠷ ᠲᠠᠪᠤᠨ ᠵᠢᠯ︾ ᠤᠨ ᠬᠤᠭᠤᠴᠠᠭᠠᠨ ᠤ ᠬᠢ ᠠᠴᠠ 69% ᠪᠠᠷ | ᠨᠡᠮᠡᠭᠳᠡᠪᠡ᠂ ᠰᠠᠭᠤᠭᠠᠯᠢ ᠠᠷᠠᠳ ᠤᠨ ᠡᠷᠡᠭᠦᠯ ᠴᠢᠬᠢᠷᠠᠭ ᠤᠨ ᠬᠡᠪ ᠪᠤᠯᠪᠠᠰᠤᠷᠠᠯ ᠤᠨ ᠬᠢᠷᠢ ᠬᠡᠮᠵᠢᠶ᠎ᠡ 21.2% ᠳᠤ | ᠬᠦᠷᠴᠦ᠂ ᠪᠦᠬᠦ ᠤᠷᠤᠨ ᠤ ᠬᠢ ᠠᠴᠠ ᠵᠠᠭᠤᠨ ᠤ 1.2 ᠬᠤᠪᠢ ᠦᠨᠳᠦᠷ ᠪᠤᠯᠪᠠ᠃ ᠬᠤᠳᠠ ᠬᠦᠳᠡᠭᠡ ᠶᠢᠨ | ᠲᠤᠤᠷ᠎ᠠ ᠪᠠᠳᠤᠯᠠᠭᠠᠳᠤ ᠪᠠ ᠤᠨᠴᠠ ᠬᠦᠴᠢᠷᠳᠡᠢ ᠬᠦᠮᠦᠨ ᠠᠮᠠ ᠶᠢ ᠬᠠᠷᠠᠭᠠᠯᠵᠠᠬᠤ ᠬᠡᠪᠴᠢᠶ᠎ᠡ ᠶᠢ 5 ᠵᠢᠯ ᠲᠠᠷᠠᠭᠠᠯᠠᠨ | ᠶᠡᠬᠡᠰᠬᠡᠵᠦ᠂ ᠲᠡᠳᠬᠦᠨ ᠲᠡᠵᠢᠭᠡᠬᠦ ᠪᠠᠷᠢᠮᠵᠢᠶ᠎ᠠ ᠶᠢ 64.7% ᠂ 78.6% ᠂47.2% ᠪᠠᠷ ᠲᠤᠰᠪᠤᠷᠢ | ᠲᠡᠭᠡᠭᠰᠢᠯᠡᠭᠦᠯᠪᠡ᠃ ᠵᠢᠨᠱᠠᠨ ᠤ ᠪᠦᠬᠦ ᠠᠷᠠᠳ ᠤᠨ ᠪᠡᠶ᠎ᠡ ᠴᠢᠬᠢᠷᠠᠭᠵᠢᠭᠤᠯᠬᠤ ᠲᠦᠪ᠂ ᠨᠠᠰᠤᠳᠠᠶᠢᠴᠤᠳ ᠤᠨ | ᠡᠷᠡᠭᠦᠯᠵᠢᠯ ᠰᠤᠪᠢᠯᠠᠯ ᠤᠨ ᠬᠦᠷᠢᠶᠡᠯᠡᠩ ᠵᠡᠷᠭᠡ ᠲᠠᠮᠢᠷ ᠤᠨ ᠤᠷᠳᠤᠨ᠂ ᠨᠤᠮ ᠤᠨ ᠰᠠᠩ᠂ ᠰᠤᠶᠤᠯ ᠤᠨ ᠦᠷᠳᠡᠭᠡ᠂ | ᠨᠠᠰᠤᠳᠠᠶᠢᠴᠤᠳ ᠢ ᠠᠰᠠᠷᠠᠬᠤ ᠬᠦᠷᠢᠶᠡᠯᠡᠩ᠂ ᠺᠢᠨᠤ᠋ ᠶᠢᠨ ᠤᠷᠳᠤᠨ ᠢ ᠦᠨᠳᠦᠷ ᠪᠠᠷᠢᠮᠵᠢᠶ᠎ᠠ ᠪᠠᠷ ᠪᠠᠶᠢᠭᠤᠯᠪᠠ᠂ ︽ | ᠠᠷᠪᠠᠨ ᠲᠦᠷᠪᠡᠳᠦᠭᠡᠷ ᠡᠪᠦᠯ︾ ᠤᠨ ᠦᠨᠳᠦᠷ ᠠᠭᠤᠯᠠᠨ ᠤ ᠴᠠᠰᠤᠨ ᠳᠤ ᠭᠤᠯᠭᠤᠬᠤ ᠤᠷᠤᠯᠳᠤᠭᠠᠨ᠂ ᠠᠩᠬᠠᠳᠠᠭᠴᠢ | ᠤᠳᠠᠭᠠᠨ ᠤ ᠪᠦᠬᠦ ᠤᠯᠤᠰ ᠤᠨ ᠬᠦᠳᠡᠭᠡ ᠲᠤᠰᠬᠤᠨ ᠤ ᠴᠠᠭᠠᠨ ᠰᠠᠷ᠎ᠠ ᠶᠢᠨ ᠨᠠᠶᠢᠷ᠂ ᠪᠦᠬᠦ ᠤᠯᠤᠰ ᠤᠨ ᠰᠤᠶᠤᠯ | ᠰᠢᠨᠵᠢᠯᠡᠬᠦ ᠮᠡᠷᠭᠡᠵᠢᠯ ᠡᠷᠡᠭᠦᠯ ᠬᠠᠮᠠᠭᠠᠯᠠᠯ ᠤᠨ ︽ᠭᠤᠷᠪᠠ ᠶᠢ ᠬᠦᠳᠡᠭᠡ ᠬᠦᠷᠭᠡᠬᠦ︾ ᠬᠦᠳᠡᠯᠭᠡᠭᠡᠨ ᠢ ᠦᠨᠳᠦᠷ ᠬᠢᠷᠢ | ᠲᠦᠪᠰᠢᠨ ᠢᠶᠠᠷ ᠡᠷᠬᠢᠯᠡᠨ ᠶᠠᠪᠤᠭᠳᠠᠭᠤᠯᠪᠠ᠃ ᠠᠵᠢᠯ ᠤᠯᠭᠤᠵᠤ ᠦᠢᠯᠡᠰ ᠪᠦᠳᠦᠭᠡᠬᠦ᠂ ᠨᠡᠶᠢᠭᠡᠮ ᠡᠮ ᠡᠮᠨᠡᠯᠭᠡ ᠶᠢᠨ | ᠲᠠᠭᠠᠳᠬᠠᠯ᠂ ᠠᠮᠤᠷ ᠲᠦᠪᠰᠢᠨ ᠦᠢᠯᠡᠳᠪᠦᠷᠢᠯᠡᠯ᠂ ᠢᠳᠡᠭᠡᠨ ᠤᠮᠳᠠᠭᠠᠨ ᠡᠮ ᠤᠨ ᠵᠦᠢᠯ ᠤᠨ ᠠᠮᠤᠷ ᠲᠦᠪᠰᠢᠨ᠂ | ᠵᠠᠬᠢᠳᠠᠯ ᠰᠤᠷᠪᠤᠯᠵᠢᠯᠠᠯ ᠠᠮᠤᠷ ᠲᠤᠭᠳᠠᠭᠤᠨ ᠢ ᠬᠠᠮᠠᠭᠠᠯᠠᠬᠤ᠂ ᠨᠡᠶᠢᠭᠡᠮ ᠤᠨ ᠠᠮᠤᠷ ᠲᠤᠭᠳᠠᠭᠤᠨ ᠵᠡᠷᠭᠡ ᠠᠵᠢᠯ ᠢ | ᠪᠦᠬᠦ ᠲᠠᠯ᠎ᠠ ᠪᠠᠷ ᠴᠢᠩᠭᠠᠳᠬᠠᠵᠤ᠂ ᠦᠨᠳᠦᠰᠦᠳᠡᠨ ᠱᠠᠰᠢᠨ ᠰᠤᠷᠳᠠᠬᠤᠨ᠂ ᠤᠯᠤᠰ ᠤᠨ ᠬᠠᠮᠠᠭᠠᠯᠠᠯᠳᠠ ᠶᠢᠨ | ᠲᠠᠶᠢᠴᠢᠯᠠᠯᠳᠠ᠂ ᠬᠤᠶᠠᠷ ᠢ ᠬᠦᠷᠢᠶᠡᠯᠡᠵᠦ ᠤᠨᠴᠠᠯᠠᠨ ᠬᠠᠯᠠᠮᠵᠢᠯᠠᠬᠤ᠂ ᠠᠷᠠᠳ ᠤᠨ ᠠᠭᠠᠷ ᠤᠨ ᠰᠡᠷᠭᠡᠶᠢᠯᠡᠯᠳᠡ᠂ | ᠬᠢᠨᠠᠨ ᠪᠤᠳᠤᠯᠳᠠ ᠲᠤᠭ᠎ᠠ ᠪᠦᠷᠢᠳᠭᠡᠯ᠂ ᠠᠯᠪᠠᠨ ᠤ ᠪᠠᠶᠢᠭᠤᠯᠭ᠎ᠠ ᠶᠢᠨ ᠶᠠᠪᠤᠳᠠᠯ᠂ ᠠᠮᠤ ᠪᠤᠳᠠᠭ᠎ᠠ ᠬᠠᠩᠭᠠᠨ | ᠪᠤᠷᠤᠯᠠᠭᠤᠯᠭ᠎ᠠ᠂ ᠴᠠᠭ ᠠᠭᠤᠷ ᠭᠠᠵᠠᠷ ᠬᠦᠳᠡᠯᠦᠯᠳᠡ᠂ ᠷᠠᠳᠢᠤ᠋ ᠲᠧᠯᠧᠢᠰ᠂ ᠲᠠᠩᠰᠠ ᠡᠪᠬᠡᠮᠡᠯ ᠲᠡᠦᠭᠡ ᠨᠠᠮᠳᠠᠷ᠂ | ᠡᠮᠡᠭᠳᠡᠶᠢᠴᠦᠳ ᠬᠡᠦᠬᠡᠳ ᠪᠠᠭᠠᠴᠤᠳ᠂ ᠬᠦᠭᠰᠢᠳ ᠨᠠᠰᠤᠳᠠᠶᠢᠴᠤᠳ᠂ ᠡᠪ ᠬᠠᠮᠳᠤ ᠵᠠᠯᠠᠭᠤᠴᠤᠳ᠂ ᠤᠯᠠᠭᠠᠨ | ᠵᠠᠯᠠᠮᠠᠭᠠᠶᠢᠳᠠᠨ᠂ ᠵᠡᠮᠳᠡᠭᠴᠦᠳ ᠵᠡᠷᠭᠡ ᠡᠯ᠎ᠡ ᠵᠦᠢᠯ ᠤᠨ ᠦᠢᠯᠡᠰ ᠰᠢᠨ᠎ᠡ ᠠᠬᠢᠴᠠ ᠲᠠᠢ ᠪᠤᠯᠪᠠ᠃ | | ᠲᠠᠪᠤᠨ ᠵᠢᠯ ᠤᠨ ᠲᠤᠷᠰᠢᠳᠠ᠂ ᠪᠢᠳᠠ ᠨᠠᠮ ᠤᠨ ᠵᠤᠷᠢᠯᠳᠠ ᠶᠢ ᠪᠠᠳᠤ ᠴᠡᠭᠡᠵᠢᠯᠡᠵᠦ᠂ ᠵᠠᠰᠠᠭ ᠤᠨ ᠤᠷᠳᠤᠨ ᠤ | ᠦᠪᠡᠷ ᠤᠨ ᠪᠠᠶᠢᠭᠤᠯᠤᠯᠳᠠ ᠶᠢ ᠲᠠᠰᠤᠷᠠᠯᠳᠠ ᠦᠭᠡᠢ ᠴᠢᠩᠭᠠᠳᠬᠠᠪᠠ᠃ ᠨᠠᠮ ᠤᠨ ᠤᠯᠤᠰ ᠲᠦᠷᠦ ᠶᠢᠨ | ᠪᠠᠶᠢᠭᠤᠯᠤᠯᠳᠠ ᠪᠠᠷ ᠶᠡᠷᠦᠩᠬᠡᠢ ᠵᠢᠯᠤᠭᠤᠳᠤᠯᠭ᠎ᠠ ᠪᠤᠯᠭᠠᠬᠤ ᠶᠢ ᠡᠭᠦᠷᠢᠳᠡ ᠪᠠᠷᠢᠮᠳᠠᠯᠠᠵᠤ᠂ ︽ᠬᠤᠶᠠᠷ ᠢ ᠰᠤᠷᠤᠯᠴᠠᠵᠤ | ᠬᠢᠷᠢ ᠲᠡᠩᠴᠡᠭᠰᠡᠨ ᠨᠠᠮ ᠤᠨ ᠭᠡᠰᠢᠭᠦᠨ ᠪᠤᠯᠬᠤ︾ ᠰᠤᠷᠤᠯᠴᠠᠯᠭ᠎ᠠ ᠬᠦᠮᠦᠵᠢᠯ᠂ ︽ᠤᠭ ᠵᠤᠷᠢᠯᠳᠠ ᠪᠠᠨ ᠮᠠᠷᠳᠠᠬᠤ | ᠦᠭᠡᠢ᠂ ᠡᠭᠦᠷᠭᠡ ᠬᠠᠷᠢᠭᠤᠴᠠᠯᠭ᠎ᠠ ᠪᠠᠨ ᠪᠠᠳᠤ ᠴᠡᠭᠡᠵᠢᠯᠡᠬᠦ︾ ᠭᠤᠤᠯ ᠰᠡᠳᠦᠪᠳᠦ ᠬᠦᠮᠦᠵᠢᠯ ᠢ ᠯᠠᠪᠳᠠᠭᠤᠨ ᠪᠠᠳᠤᠳᠠᠢ | ᠦᠷᠨᠢᠬᠦᠯᠵᠦ᠂ ᠬᠤᠰᠢᠭᠤ ᠨᠠᠮ ᠤᠨ ᠬᠤᠷᠢᠶᠠᠨ ᠤ ᠰᠢᠢᠳᠪᠦᠷᠢᠳᠦ ᠪᠠᠶᠢᠷᠢᠯᠠᠭᠤᠯᠤᠯᠳᠠ ᠶᠢ ᠲᠤᠤᠱᠯᠠᠭᠤᠯᠬᠤ ᠶᠢ | ᠠᠬᠢᠭᠤᠯᠤᠨ᠂ ᠤᠯᠠᠨ ᠲᠦᠮᠡᠨ ᠤ ᠬᠤᠪᠢ ᠪᠡᠶ᠎ᠡ ᠶᠢᠨ ᠠᠰᠢᠭ ᠲᠤᠰᠠ ᠲᠠᠢ ᠬᠤᠯᠪᠤᠭᠳᠠᠭᠰᠠᠠ ᠨᠢᠭᠡ ᠪᠦᠯᠦᠭ ᠬᠦᠴᠢᠷ | ᠠᠰᠠᠭᠤᠳᠠᠯ ᠢ ᠰᠢᠢᠳᠪᠦᠷᠢᠯᠡᠨ᠂ ᠤᠨᠴᠠᠭᠠᠶᠢᠯᠠᠨ ᠭᠡᠷ ᠬᠦᠷᠦᠩᠭᠡ ᠭᠠᠵᠠᠷ ᠰᠢᠷᠦᠢ ᠶᠢᠨ ᠦᠮᠴᠢᠯᠡᠯ ᠤᠨ ᠲᠡᠦᠬᠡᠨ ᠠᠴᠠ | ᠦᠯᠡᠳᠡᠭᠳᠡᠵᠦ ᠢᠷᠡᠭᠰᠡᠨ ᠠᠰᠠᠭᠤᠳᠠᠯ ᠢ ᠡᠷᠴᠢᠮᠳᠠᠢ ᠰᠢᠢᠳᠪᠦᠷᠢᠯᠡᠪᠡ᠃ ᠬᠠᠤᠯᠢ ᠶᠤᠰᠤᠭᠠᠷ ᠵᠠᠰᠠᠭ ᠶᠠᠪᠤᠭᠤᠯᠬᠤ ᠶᠢ | ᠪᠠᠷᠢᠮᠳᠠᠯᠠᠨ᠂ ᠠᠷᠠᠳ ᠤᠨ ᠲᠦᠯᠦᠭᠡᠯᠡᠭᠴᠢᠳ ᠤᠨ ᠬᠠᠤᠯᠢ ᠴᠠᠭᠠᠵᠠ ᠶᠢᠨ ᠬᠢᠨᠠᠯᠳᠠ ᠪᠠ ᠠᠵᠢᠯ ᠤᠨ ᠬᠢᠨᠠᠯᠳᠠ ᠶᠢ | ᠢᠳᠡᠪᠬᠢᠳᠡᠢ ᠬᠦᠯᠢᠶᠡᠨ᠂ ᠤᠯᠤᠰ ᠲᠦᠷᠦ ᠶᠢᠨ ᠵᠦᠪᠯᠡᠯᠭᠡᠨ ᠤ ᠠᠷᠠᠳᠴᠢᠯᠠᠯ ᠤᠨ ᠬᠢᠨᠠᠯᠳᠠ ᠪᠠ ᠨᠡᠶᠢᠭᠡᠮ ᠤᠨ ᠡᠯ᠎ᠡ | ᠡᠳᠡᠭᠡᠳ ᠤᠨ ᠬᠢᠨᠠᠯᠳᠠ ᠶᠢ ᠤᠬᠠᠮᠰᠠᠷ ᠠᠴᠠ ᠪᠠᠨ ᠬᠦᠯᠢᠶᠡᠨ᠂ ᠠᠷᠠᠳ ᠤᠨ ᠲᠦᠯᠦᠭᠡᠯᠡᠭᠴᠢᠳ ᠤᠨ ᠲᠦᠰᠦᠯ | ᠰᠠᠨᠠᠭᠤᠯᠭ᠎ᠠ ᠶᠢ 300 ᠵᠤᠷᠪᠤᠰ᠂ ᠤᠯᠤᠰ ᠲᠦᠷᠦ ᠶᠢᠨ ᠵᠦᠪᠯᠡᠯᠭᠡᠨ ᠤ ᠰᠠᠨᠠᠯ ᠲᠤᠷᠠᠳᠤᠯᠭ᠎ᠠ ᠶᠢ ᠨᠡᠶᠢᠳᠡ 305 | ᠵᠤᠷᠪᠤᠰ ᠭᠦᠢᠴᠡᠳᠭᠡᠪᠡ᠃ ᠵᠠᠰᠠᠭ ᠤᠨ ᠤᠷᠳᠤᠨ ᠤ ᠰᠢᠰᠲ᠋ᠧᠮ ᠤᠨ ᠨᠠᠮ ᠤᠨ ᠰᠤᠷᠳᠠᠯ ᠠᠷᠢᠭᠤᠨ ᠴᠢᠭᠡᠴᠢ | ᠪᠠᠶᠢᠭᠤᠯᠤᠯᠳᠠ ᠶᠢ ᠭᠦᠨᠵᠡᠭᠡᠢ ᠠᠬᠢᠭᠤᠯᠵᠤ᠂ ᠲᠦᠪ ᠬᠤᠷᠢᠶᠠᠨ ᠤ ᠨᠠᠢᠮᠠᠨ ᠵᠤᠷᠪᠤᠰ ᠲᠤᠭᠳᠠᠭᠠᠯ ᠵᠢᠴᠢ | ᠬᠡᠷᠡᠭᠵᠢᠬᠦᠯᠬᠦ ᠨᠡᠷᠢᠨ ᠵᠤᠷᠪᠤᠰ ᠤᠨ ᠵᠤᠷᠢᠭ ᠰᠠᠨᠠᠭ᠎ᠠ ᠶᠢ ᠴᠢᠩᠭ᠎ᠠ ᠬᠡᠷᠡᠭᠵᠢᠬᠦᠯᠵᠦ᠂ ︽ᠲᠦᠷᠪᠡᠨ ᠰᠤᠷᠳᠠᠯ︾ ᠢ | ᠴᠤᠴᠠᠯᠳᠠ ᠦᠭᠡᠢ ᠴᠢᠷᠮᠠᠶᠢᠨ ᠵᠠᠯᠠᠷᠠᠭᠤᠯᠵᠤ᠂ ᠵᠠᠰᠠᠭ ᠤᠨ ᠤᠷᠳᠤᠨ ᠤ ᠰᠢᠰᠲ᠋ᠧᠮ ᠤᠨ ᠤᠪᠤᠷ ᠰᠤᠷᠳᠠᠯ ᠢ ᠤᠯᠠᠮ | ᠨᠢᠭᠡ ᠠᠯᠬᠤᠮ ᠰᠠᠶᠢᠵᠢᠷᠠᠭᠤᠯᠪᠠ᠃ | | ᠦᠩᠭᠡᠷᠡᠭᠰᠡᠨ ᠲᠠᠪᠤᠨ ᠵᠢᠯ ᠤᠨ ᠬᠢᠷᠢ ᠪᠦᠳᠦᠮᠵᠢ ᠶᠢ ᠤᠯᠵᠤ ᠠᠪᠴᠢᠷᠠᠭᠰᠠᠨ ᠨᠢ ᠬᠢᠯᠪᠡᠷ ᠪᠤᠰᠤ᠂ ᠡᠨᠡ ᠪᠤᠯ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠪᠠᠷ ᠰᠢᠨᠵᠢᠯᠡᠬᠦ ᠤᠬᠠᠭᠠᠨᠴᠢ ᠵᠢᠯᠤᠭᠤᠳᠤᠯᠭ᠎ᠠ ᠬᠢᠯᠭᠡᠭᠰᠡᠨ ᠤ ᠦᠷ᠎ᠡ ᠳ᠋ᠦᠩ ᠮᠦᠨ᠂ ᠰᠢ ᠶᠢᠨ ᠫᠢᠩ | ᠶᠡᠷᠦᠩᠬᠡᠢ ᠱᠦᠵᠢ ᠦᠪᠦᠷ ᠮᠤᠩᠭᠤᠯ ᠳᠤ ᠰᠢᠨᠵᠢᠯᠡᠨ ᠪᠠᠶᠢᠴᠠᠭᠠᠭᠰᠠᠨ ᠪᠠ ᠤᠨᠴᠠᠭᠠᠶᠢᠯᠠᠨ ᠮᠠᠨ ᠤ ᠬᠤᠰᠢᠭᠤᠨ | ᠮᠤᠷᠢᠯᠠᠨ ᠰᠠᠭᠠᠳᠠᠵᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠵᠢᠭᠠᠪᠤᠷᠢ ᠶᠢᠨ ᠵᠤᠷᠢᠭ ᠰᠠᠨᠠᠭ᠎ᠠ ᠪᠠᠷ | ᠵᠢᠯᠤᠭᠤᠳᠤᠯᠭ᠎ᠠ ᠪᠤᠯᠭᠠᠭᠰᠠᠨ ᠤ ᠦᠷ᠎ᠡ ᠳ᠋ᠦᠩ ᠮᠦᠨ᠂ ᠬᠤᠰᠢᠭᠤ ᠨᠠᠮ ᠤᠨ ᠬᠤᠷᠢᠶᠠᠨ ᠤ ᠪᠠᠳᠤ ᠴᠢᠩᠭ᠎ᠠ | ᠤᠳᠤᠷᠢᠳᠤᠯᠭ᠎ᠠ᠂ ᠰᠢᠨᠵᠢᠯᠡᠬᠦ ᠤᠬᠠᠭᠠᠨᠴᠢ ᠰᠢᠢᠳᠪᠦᠷᠢᠳᠤ ᠪᠤᠳᠤᠯᠭ᠎ᠠ ᠶᠢᠨ ᠦᠷ᠎ᠡ ᠳ᠋ᠦᠩ ᠮᠦᠨ᠂ ᠬᠤᠰᠢᠭᠤᠨ ᠤ | ᠠᠷᠠᠳ ᠤᠨ ᠲᠦᠯᠦᠭᠡᠯᠡᠭᠴᠢᠳ ᠤᠨ ᠪᠠᠶᠢᠩᠭᠤ ᠶᠢᠨ ᠬᠤᠷᠢᠶ᠎ᠠ᠂ ᠬᠤᠰᠢᠭᠤᠨ ᠤ ᠤᠯᠤᠰ ᠲᠦᠷᠦ ᠶᠢᠨ ᠵᠦᠪᠯᠡᠯᠭᠡᠨ ᠤ | ᠬᠢᠨᠠᠯᠳᠠ ᠶᠢᠨ ᠲᠡᠮᠵᠢᠯᠭᠡ᠂ ᠬᠦᠴᠦᠳᠡᠢ ᠬᠠᠪᠰᠤᠷᠤᠯᠭ᠎ᠠ ᠶᠢᠨ ᠦᠷ᠎ᠡ ᠳ᠋ᠦᠩ ᠮᠦᠨ᠂ ᠪᠦᠬᠦ ᠬᠤᠰᠢᠭᠤ ᠪᠠᠷ ᠢᠶᠠᠨ | ᠬᠦᠴᠢᠷ ᠪᠡᠷᠬᠡ ᠶᠢ ᠢᠯᠡᠨ ᠲᠠᠪᠠᠵᠤ ᠪᠦᠯᠬᠦᠮᠳᠠᠨ ᠲᠡᠮᠡᠴᠡᠭᠰᠡᠨ ᠤ ᠦᠷ᠎ᠡ ᠳ᠋ᠦᠩ ᠮᠦᠨ᠃ ᠠᠳᠡ ᠪᠢ᠂ ᠬᠤᠰᠢᠭᠤᠨ | ᠤ ᠵᠠᠰᠠᠭ ᠤᠨ ᠤᠷᠳᠤᠨ ᠢ ᠲᠦᠯᠦᠭᠡᠯᠡᠵᠦ᠂ ᠪᠦᠬᠦ ᠬᠤᠰᠢᠭᠤᠨ ᠤ ᠡᠯ᠎ᠡ ᠦᠨᠳᠦᠰᠦᠳᠡᠨ ᠤ ᠠᠷᠠᠳ ᠲᠦᠮᠡᠨ᠂ | ᠬᠠᠷᠠᠴᠢᠨ ᠬᠤᠰᠢᠭᠤᠨ ᠤ ᠪᠦᠳᠦᠭᠡᠨ ᠪᠠᠶᠢᠭᠤᠯᠤᠯᠳᠠ ᠪᠠ ᠬᠦᠭᠵᠢᠯᠳᠡ ᠶᠢ ᠲᠡᠮᠵᠢᠭᠰᠡᠨ ᠡᠯ᠎ᠡ ᠡᠳᠡᠭᠡᠳ ᠤᠨ | ᠨᠦᠭᠦᠳ ᠲᠤ ᠡᠷᠬᠢᠮ ᠲᠡᠭᠡᠳᠦ ᠬᠦᠨᠳᠦᠴᠢᠯᠡᠯ ᠪᠠ ᠴᠢᠩ ᠰᠡᠳᠬᠢᠯ ᠤᠨ ᠲᠠᠯᠠᠷᠬᠠᠯ ᠢᠶᠠᠨ ᠲᠡᠪᠰᠢᠭᠦᠯᠦᠶ᠎ᠡ︕ | | ᠠᠮᠵᠢᠯᠳᠠ ᠪᠦᠳᠦᠮᠵᠢ ᠪᠠᠨ ᠤᠯᠵᠤ ᠬᠠᠷᠠᠬᠤ ᠶᠢᠨ ᠬᠠᠮᠳᠤ᠂ ᠠᠵᠤ ᠠᠬᠤᠢ ᠨᠡᠶᠢᠭᠡᠮ ᠤᠨ ᠴᠢᠨᠠᠷ ᠰᠠᠶᠢᠳᠠᠢ | ᠬᠦᠭᠵᠢᠯᠳᠡ ᠳᠤ ᠮᠠᠰᠢ ᠤᠯᠠᠨ ᠠᠰᠠᠭᠤᠳᠠᠯ ᠪᠠ ᠦᠷᠢᠰᠦᠯᠳᠦᠭᠡᠨ ᠲᠤᠯᠭᠠᠷᠠᠵᠤ ᠪᠠᠶᠢᠭ᠎ᠠ ᠶᠢ ᠰᠡᠷᠭᠡᠭ ᠢᠶᠠᠷ ᠤᠯᠵᠤ | ᠲᠠᠨᠢᠬᠤ ᠬᠡᠷᠡᠭᠳᠡᠢ᠃ ᠭᠤᠤᠯᠳᠠᠭᠤ᠄ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ | ᠬᠤᠪᠢᠷᠠᠯᠳᠠ ᠲᠤᠭᠳᠠᠪᠤᠷᠢᠳᠠᠢ ᠪᠢᠰᠢ ᠪᠠᠶᠢᠵᠤ᠂ ᠠᠵᠤ ᠠᠬᠤᠢ ᠶᠢᠨ ᠬᠦᠭᠵᠢᠯᠳᠡ ᠶᠢ ᠨᠦᠯᠦᠭᠡᠯᠡᠬᠦ ᠬᠦᠴᠦᠨ ᠵᠦᠢᠯ | ᠨᠠᠷᠢᠨ ᠪᠤᠳᠤᠯᠢᠶᠠᠨᠳᠠᠢ ᠪᠦᠭᠡᠳ ᠬᠤᠪᠢᠷᠠᠯᠳᠠ ᠶᠡᠬᠡᠳᠡᠢ ᠪᠠᠶᠢᠨ᠎ᠠ᠃ ᠪᠡᠯᠡ ᠤᠷᠤᠭᠤᠯᠬᠤ ᠨᠡᠮᠡᠭᠳᠡᠯ ᠬᠦᠴᠢᠷᠳᠡᠵᠦ᠂ | ᠬᠡᠷᠡᠭᠯᠡᠭᠡᠨ ᠤ ᠨᠡᠮᠡᠭᠳᠡᠯ ᠤᠨ ᠬᠤᠷᠳᠤᠴᠠ ᠤᠳᠠᠭᠠᠰᠢᠷᠠᠪᠠ᠂ ᠪᠤᠳᠠᠳᠤ ᠴᠤᠭᠴᠠ ᠶᠢᠨ ᠠᠵᠤ ᠠᠬᠤᠢ ᠤᠨᠴᠠᠭᠠᠶᠢᠯᠠᠨ | ᠲᠤᠮᠳᠠ ᠪᠠᠭ᠎ᠠ ᠵᠢᠵᠢᠭ ᠠᠵᠤ ᠠᠬᠤᠶᠢᠯᠠᠯ ᠤᠨ ᠡᠵᠡᠩᠨᠡᠯᠳᠡ ᠬᠦᠴᠢᠷᠳᠡᠵᠦ᠂ ᠠᠵᠤ ᠠᠬᠤᠢ ᠶᠢᠨ ᠲᠠᠬᠢᠨᠳᠠ | ᠲᠡᠭᠡᠭᠰᠢᠯᠡᠬᠦ ᠰᠠᠭᠤᠷᠢ ᠪᠠᠳᠤ ᠪᠠᠬᠢ ᠪᠢᠰᠢ ᠪᠠᠶᠢᠨ᠎ᠠ᠃ ᠠᠵᠤ ᠠᠬᠤᠶᠢᠯᠠᠯ ᠤᠨ ᠬᠦᠭᠵᠢᠯᠳᠡ ᠶᠢᠨ ᠲᠡᠰ ᠲᠠᠪᠬᠤᠷᠭ᠎ᠠ | ᠦᠨᠳᠦᠷ ᠪᠢᠰᠢ᠂ ᠪᠦᠳᠦᠴᠡ ᠨᠢ ᠵᠦᠢ ᠵᠤᠬᠢᠰᠳᠠᠢ ᠪᠤᠰᠤ᠂ ᠰᠢᠨᠵᠢᠯᠡᠬᠦ ᠮᠡᠷᠭᠡᠵᠢᠯ ᠤᠨ ᠰᠢᠨ᠎ᠡ ᠶᠢ ᠡᠭᠦᠳᠬᠦ | ᠴᠢᠳᠠᠪᠤᠷᠢ ᠲᠤᠷᠤᠢ᠂ ᠶᠡᠷᠦᠩᠬᠡᠢ ᠬᠡᠮᠵᠢᠶ᠎ᠡ ᠶᠢ ᠦᠷᠭᠡᠳᠭᠡᠬᠦ᠂ ᠪᠦᠳᠦᠴᠡ ᠶᠢ ᠲᠤᠬᠢᠷᠠᠭᠤᠯᠬᠤ᠂ ᠬᠡᠯᠪᠡᠷᠢ ᠶᠢ | ᠬᠤᠪᠢᠷᠠᠭᠠᠬᠤ ᠡᠭᠦᠷᠭᠡ ᠬᠦᠨᠳᠦ ᠪᠠᠶᠢᠨ᠎ᠠ᠃ ︽ᠲᠠᠯᠪᠢᠬᠤ ᠬᠠᠮᠢᠶᠠᠷᠬᠤ ᠦᠢᠯᠡᠴᠢᠯᠡᠬᠦ︾ ᠦᠭᠡᠷᠡᠴᠢᠯᠡᠯᠳᠡ ᠶᠢᠨ | ᠬᠦᠴᠦᠯᠡᠴᠡ ᠶᠢ ᠶᠡᠬᠡᠰᠭᠡᠬᠦ ᠴᠢᠬᠤᠯᠠ ᠲᠠᠢ ᠪᠠᠶᠢᠵᠤ᠂ ᠬᠤᠳᠠᠯᠳᠤᠭ᠎ᠠ ᠡᠷᠬᠢᠯᠡᠬᠦ ᠤᠷᠴᠢᠨ ᠨᠦᠬᠦᠴᠡᠯ ᠢ | ᠰᠠᠶᠢᠵᠢᠷᠠᠭᠤᠯᠬᠤ ᠴᠢᠬᠤᠯᠠ ᠲᠠᠢ᠃ ᠤᠯᠠᠨ ᠨᠡᠶᠢᠳᠠᠮ ᠤᠨ ᠦᠢᠯᠡᠴᠢᠯᠡᠭᠡᠨ ᠤ ᠬᠠᠩᠭᠠᠯᠭ᠎ᠠ ᠲᠡᠩᠴᠡᠭᠦᠷᠢᠳᠡᠢ | ᠭᠦᠢᠴᠡᠳ ᠪᠤᠰᠤ᠂ ᠠᠷᠠᠳ ᠤᠨ ᠠᠮᠢᠳᠤᠷᠠᠯ ᠤᠨ ᠬᠦᠷᠢᠶ᠎ᠡ ᠬᠡᠪᠴᠢᠶᠡᠨ ᠳᠤ ᠮᠦᠨ ᠯᠠ ᠮᠠᠰᠢ ᠤᠯᠠᠨ ᠲᠤᠳᠠᠭᠤᠳᠠᠯ | ᠤᠷᠤᠰᠢᠵᠤ ᠪᠠᠶᠢᠨ᠎ᠠ᠃ ᠬᠦᠳᠡᠭᠡ ᠲᠤᠰᠬᠤᠨ ᠢ ᠵᠠᠰᠠᠬᠤ ᠰᠢᠰᠲ᠋ᠧᠮ ᠢ ᠪᠠᠶᠢᠭᠤᠯᠬᠤ ᠡᠭᠦᠷᠭᠡ ᠬᠦᠨᠳᠦ ᠪᠠᠶᠢᠵᠤ᠂ | ᠲᠦᠷᠢᠮ ᠲᠤᠭᠳᠠᠭᠠᠯ ᠤᠨ ᠪᠠᠶᠢᠭᠤᠯᠤᠯᠳᠠ ᠪᠠ ᠵᠠᠰᠠᠨ ᠴᠡᠭᠴᠡᠯᠡᠬᠦ ᠴᠢᠳᠠᠮᠵᠢ ᠶᠢᠨ ᠪᠠᠶᠢᠭᠤᠯᠤᠯᠳᠠ ᠳᠤ ᠨᠡᠩ ᠶᠡᠭᠡ | ᠬᠦᠴᠦ ᠤᠷᠤᠭᠤᠯᠬᠤ ᠬᠡᠷᠡᠭᠳᠡᠢ ᠪᠠᠶᠢᠨ᠎ᠠ᠃ ᠵᠠᠷᠢᠮ ᠺᠠᠳ᠋ᠷ ᠤᠨ ᠰᠤᠷᠳᠠᠯ ᠪᠠ ᠴᠢᠳᠠᠪᠤᠷᠢ ᠨᠢ ᠴᠢᠨᠠᠷ ᠰᠠᠶᠢᠳᠠᠢ | ᠬᠦᠭᠵᠢᠯᠳᠡ ᠶᠢ ᠠᠬᠢᠭᠤᠯᠬᠤ ᠱᠠᠭᠠᠷᠳᠠᠯᠭ᠎ᠠ ᠲᠠᠢ ᠲᠤᠬᠢᠷᠠᠯᠴᠠᠬᠤ ᠦᠭᠡᠢ ᠪᠠᠶᠢᠵᠤ᠂ ᠵᠠᠰᠠᠭ ᠤᠨ ᠤᠷᠳᠤᠨ ᠤ | ᠰᠢᠰᠲ᠋ᠧᠮ ᠤᠨ ᠰᠤᠷᠳᠠᠯ ᠤᠨ ᠪᠠᠶᠢᠭᠤᠯᠤᠯᠳᠠ ᠶᠢ ᠤᠯᠠᠮ ᠨᠢᠭᠡ ᠠᠯᠬᠤᠮ ᠴᠢᠩᠭᠠᠳᠬᠠᠬᠤ ᠴᠢᠬᠤᠯᠠ ᠲᠠᠢ ᠵᠡᠷᠭᠡ | ᠠᠰᠠᠭᠤᠳᠠᠯ ᠤᠳ ᠪᠤᠢ᠃ ᠪᠢᠳᠠ ᠡᠳᠡᠭᠡᠷ ᠠᠰᠠᠭᠤᠳᠠᠯ ᠤᠳ ᠢ ᠡᠷᠬᠡᠪᠰᠢ ᠲᠡᠭᠡᠳᠦ ᠬᠡᠮᠵᠢᠶ᠎ᠡ ᠪᠠᠷ ᠴᠢᠬᠤᠯᠠᠴᠢᠯᠠᠨ | ᠦᠵᠡᠵᠦ᠂ ᠡᠷᠴᠢᠮᠳᠡᠢ ᠠᠷᠭ᠎ᠠ ᠬᠡᠮᠵᠢᠶ᠎ᠡ ᠠᠪᠴᠦ ᠰᠢᠢᠳᠪᠦᠷᠢᠯᠡᠬᠦ ᠬᠡᠷᠡᠭᠳᠡᠢ᠃ | | ᠲᠦᠯᠦᠭᠡᠯᠡᠭᠴᠢᠳ ᠡ᠂ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠦᠯᠦᠪᠵᠢᠭᠦᠯᠭᠡ ᠶᠢ ᠠᠮᠵᠢᠯᠳᠠᠳᠠᠢ | ᠲᠡᠭᠦᠰᠭᠡᠵᠦ᠂ ᠬᠠᠷᠠᠴᠢᠨ ᠬᠤᠰᠢᠭᠤ ᠨᠢ ᠰᠢᠨ᠎ᠡ ᠲᠡᠦᠬᠡᠨ ᠡᠬᠢᠯᠡᠯᠳᠡ ᠶᠢᠨ ᠴᠡᠭ ᠲᠤ ᠭᠠᠷᠤᠭ᠎ᠠ ᠪᠠᠨ ᠠᠪᠴᠤ ᠪᠠᠶᠢᠨ᠎ᠠ | ᠃ ︽ᠠᠷᠪᠠᠨ ᠲᠦᠷᠪᠡᠳᠦᠭᠡᠷ ᠲᠠᠪᠤᠨ ᠵᠢᠯ︾ ᠤᠨ ᠬᠤᠭᠤᠴᠠᠭ᠎ᠠ ᠪᠤᠯ ᠮᠠᠨ ᠤ ᠤᠯᠤᠰ ᠤᠨ ᠨᠡᠶᠢᠭᠡᠮ ᠵᠢᠷᠤᠮᠳᠤ | ᠤᠳᠤᠬᠢᠴᠢᠯᠠᠭᠰᠠᠨ ᠤᠯᠤᠰ ᠪᠤᠯᠭᠠᠨ ᠪᠦᠳᠦᠭᠡᠨ ᠪᠠᠶᠢᠭᠤᠯᠬᠤ᠂ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠳᠠ | ᠲᠡᠰᠢ ᠤᠷᠤᠭᠰᠢᠯᠠᠬᠤ ᠠᠩᠬᠠᠨ ᠤ ᠲᠠᠪᠤᠨ ᠵᠢᠯ ᠮᠦᠨ᠂ ᠬᠠᠷᠠᠴᠢᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠳᠠᠢ | ᠬᠦᠭᠵᠢᠯᠳᠡ ᠶᠢ ᠠᠬᠢᠭᠤᠯᠬᠤ᠂ ᠪᠤᠬᠢᠷᠳᠤᠯ ᠦᠭᠡᠢ ᠦᠰᠦᠷᠦᠯᠳᠠ ᠶᠢᠨ ᠴᠢᠨᠠᠷᠳᠠᠢ ᠬᠦᠭᠵᠢᠬᠦᠯᠦᠨ ᠮᠠᠨᠳᠤᠭᠤᠯᠬᠤ | ᠵᠠᠩᠬᠢᠯᠠᠭ᠎ᠠ ᠶᠢᠨ ᠬᠤᠭᠤᠴᠠᠭ᠎ᠠ ᠪᠤᠯᠤᠨ᠎ᠠ᠃ ᠬᠤᠰᠢᠭᠤ ᠨᠠᠮ ᠤᠨ ᠬᠤᠷᠢᠶᠠᠨ ᠤ ︽ᠤᠯᠤᠰ ᠠᠷᠠᠳ ᠤᠨ ᠠᠵᠤ | ᠠᠬᠤᠢ ᠪᠠ ᠨᠡᠶᠢᠭᠡᠮ ᠤᠨ ᠬᠦᠭᠵᠢᠯᠳᠡ ᠶᠢᠨ ᠠᠷᠪᠠᠨ ᠲᠦᠷᠪᠡᠳᠦᠭᠡᠷ ᠲᠠᠪᠤᠨ ᠵᠢᠯ ᠤᠨ ᠲᠦᠯᠦᠪᠵᠢᠬᠦᠯᠭᠡ ᠪᠠ 2035 | ᠤᠨ ᠤ ᠠᠯᠤᠰ ᠤᠨ ᠬᠠᠷᠠᠯᠳᠠ ᠶᠢ ᠲᠤᠭᠳᠠᠭᠠᠬᠤ ᠲᠤᠬᠠᠢ ᠰᠠᠨᠠᠯ︾ ᠱᠠᠭᠠᠷᠳᠠᠯᠭ᠎ᠠ ᠶᠢ ᠦᠨᠳᠦᠰᠦᠯᠡᠵᠦ᠂ | ᠢᠷᠡᠭᠡᠳᠦᠢ ᠶᠢᠨ ᠲᠠᠪᠤᠨ ᠵᠢᠯ ᠳᠤ ᠪᠢᠳᠠ ᠲᠤᠤᠷᠠᠬᠢ ᠮᠡᠳᠦ ᠬᠡᠳᠦᠨ ᠲᠠᠯ᠎ᠠ ᠶᠢᠨ ᠠᠵᠢᠯ ᠰᠠᠶᠢᠳᠤᠷ ᠠᠳᠬᠤᠬᠤ | ᠬᠡᠷᠡᠭᠳᠡᠢ᠄ | | ᠨᠢᠭᠡ ᠳᠤ ᠤᠷᠤᠨ ᠵᠠᠢ ᠪᠠᠶᠢᠷᠢᠰᠢᠭᠤᠯᠤᠯᠳᠠ ᠶᠢ ᠰᠢᠯᠢᠳᠡᠭᠵᠢᠬᠦᠯᠵᠦ᠂ ᠤᠷᠤᠨ ᠪᠦᠰᠠ ᠶᠢᠨ ᠵᠤᠬᠢᠴᠠᠩᠭᠤᠢ | ᠬᠦᠭᠵᠢᠯᠳᠡ ᠶᠢ ᠠᠬᠢᠭᠤᠯᠤᠨ᠎ᠠ᠃ ᠤᠷᠤᠨ ᠪᠦᠰᠠ ᠶᠢᠨ ᠬᠦᠭᠵᠢᠯᠳᠡ ᠶᠢᠨ ᠪᠠᠶᠢᠯᠳᠤᠬᠤ ᠪᠤᠳᠤᠯᠭ᠎ᠠ ᠪᠠ ᠭᠤᠤᠯ | ᠴᠤᠭᠴᠠ ᠶᠢᠨ ᠴᠢᠳᠠᠮᠵᠢᠳᠤ ᠤᠷᠤᠨ ᠤ ᠪᠠᠶᠢᠯᠳᠤᠬᠤ ᠪᠤᠳᠤᠯᠭ᠎ᠠ ᠶᠢ ᠴᠢᠩᠭ᠎ᠠ ᠲᠤᠤᠱᠯᠠᠭᠤᠯᠵᠤ᠂ ᠤᠯᠤᠰ ᠤᠨ ᠭᠠᠵᠠᠷ | ᠰᠢᠷᠦᠢ ᠶᠢᠨ ᠤᠷᠤᠨ ᠵᠠᠢ ᠶᠢᠨ ᠬᠠᠮᠠᠭᠠᠯᠠᠯᠳᠠ ᠪᠠ ᠨᠡᠬᠡᠬᠡᠨ ᠠᠰᠢᠭᠯᠠᠬᠤ ᠶᠢ ᠨᠢᠭᠡᠳᠦᠯᠳᠡᠢ ᠲᠦᠯᠦᠪᠵᠢᠬᠦᠯᠵᠦ᠂ ᠠᠮᠢ | ᠠᠬᠤᠢ ᠶᠢᠨ ᠴᠢᠳᠠᠮᠵᠢᠳᠤ ᠤᠷᠤᠨ ᠢ ᠬᠤᠪᠢᠶᠠᠷᠢᠯᠠᠬᠤ ᠶᠢ ᠰᠢᠯᠢᠳᠡᠭᠵᠢᠬᠦᠯᠦᠨ᠂ ︽ᠨᠢᠭᠡ ᠪᠦᠰᠡ ᠲᠦᠷᠪᠡᠨ ᠤᠷᠤᠨ︾ | ᠤ ᠬᠦᠭᠵᠢᠯᠳᠡ ᠶᠢᠨ ᠰᠢᠨ᠎ᠡ ᠪᠠᠶᠢᠷᠢᠰᠢᠭᠤᠯᠤᠯᠳᠠ ᠶᠢ ᠪᠠᠶᠢᠭᠤᠯᠵᠤ᠂ ᠠᠵᠤ ᠦᠢᠯᠡᠰ ᠢ ᠲᠦᠪᠯᠡᠷᠡᠬᠦᠯᠬᠦ | ᠨᠢᠭᠳᠠᠷᠠᠭᠤᠯᠬᠤ ᠪᠦᠭᠡᠮᠨᠡᠷᠡᠬᠦᠯᠬᠦ ᠬᠦᠭᠵᠢᠯᠳᠡ᠂ ᠠᠵᠤ ᠦᠢᠯᠡᠰ ᠬᠤᠳᠠ ᠶᠢ ᠨᠡᠶᠢᠯᠡᠯᠴᠡᠭᠦᠯᠦᠨ ᠬᠦᠭᠵᠢᠬᠦᠯᠬᠦ᠂ | ᠤᠷᠤᠨ ᠪᠦᠰᠡ ᠶᠢ ᠨᠢᠭᠡ ᠴᠤᠭᠴᠠᠵᠢᠭᠤᠯᠤᠨ ᠬᠦᠭᠵᠢᠬᠦᠯᠬᠦ ᠶᠢ ᠠᠬᠢᠭᠤᠯᠤᠨ᠎ᠠ᠃ | | ᠬᠤᠶᠠᠷ ᠲᠤ ᠠᠮᠢ ᠠᠬᠤᠢ ᠪᠠᠷ ᠤᠷᠢᠳᠠᠯ ᠪᠤᠯᠭᠠᠬᠤ ᠶᠢ ᠪᠠᠷᠢᠮᠳᠠᠯᠠᠨ᠂ ᠭᠤᠤᠯᠳᠠᠯᠭ᠎ᠠ ᠲᠠᠢ ᠠᠮᠢ ᠠᠬᠤᠢ ᠶᠢᠨ | ᠠᠮᠤᠷ ᠲᠦᠪᠰᠢᠨ ᠤ ᠬᠠᠯᠬᠠᠪᠴᠢ ᠶᠢ ᠪᠠᠶᠢᠭᠤᠯᠤᠨ᠎ᠠ᠃ ᠬᠦᠬᠡ ᠠᠭᠤᠯᠠ ᠬᠦᠬᠡᠮᠳᠦᠭ ᠤᠰᠤ ᠪᠤᠯ ᠠᠯᠳᠠ ᠮᠦᠩᠭᠦᠨ | ᠠᠭᠤᠯᠠ ᠮᠦᠨ ᠭᠡᠳᠡᠭ ᠤᠶᠢᠯᠠᠭᠠᠭᠳᠠᠬᠤᠨ ᠢ ᠪᠠᠳᠤ ᠪᠤᠢ ᠪᠤᠯᠭᠠᠵᠤ᠂ ᠤᠯᠤᠰ ᠤᠨ ᠭᠠᠵᠠᠷ ᠰᠢᠷᠦᠢ ᠶᠢᠨ ᠤᠷᠤᠨ | ᠵᠠᠢ ᠶᠢᠨ ᠬᠠᠮᠠᠭᠠᠯᠠᠯᠳᠠ ᠶᠢᠨ ᠰᠢᠨ᠎ᠡ ᠪᠠᠶᠢᠷᠢᠰᠢᠭᠤᠯᠤᠯᠳᠠ ᠶᠢ ᠪᠠᠶᠢᠭᠤᠯᠵᠤ᠂ ᠠᠭᠤᠯᠠ ᠤᠰᠤ ᠤᠢ ᠰᠢᠭᠤᠢ ᠲᠠᠷᠢᠶᠠᠨ | ᠭᠠᠵᠠᠷ ᠨᠠᠭᠤᠷ ᠡᠪᠡᠰᠦ ᠶᠢᠨ ᠠᠮᠢ ᠠᠬᠤᠢ ᠶᠢᠨ ᠬᠠᠮᠠᠭᠠᠯᠠᠯᠳᠠ ᠪᠤᠯᠤᠨ ᠰᠡᠷᠭᠦᠡᠭᠡᠨ ᠵᠠᠰᠠᠬᠤ ᠶᠢ ᠨᠢᠭᠡᠳᠦᠯᠵᠢᠬᠦᠯᠦᠨᠡ᠃ | ᠪᠤᠬᠢᠷᠳᠤᠯ ᠢ ᠰᠡᠷᠭᠡᠶᠢᠯᠡᠨ ᠵᠠᠰᠠᠬᠤ ᠰᠢᠪᠳᠤᠯᠤᠯᠳᠠ ᠶᠢ ᠭᠦᠨᠵᠡᠭᠡᠢ ᠦᠷᠨᠢᠬᠦᠯᠵᠦ᠂ ᠤᠰᠤᠨ ᠤ ᠡᠬᠢ ᠰᠤᠷᠪᠤᠯᠵᠢ | ᠪᠤᠯᠤᠨ ᠡᠨᠧᠷᠬᠢ ᠶᠢᠨ ᠠᠭᠤᠷᠬᠠᠢ ᠶᠢᠨ ᠡᠬᠢ ᠰᠤᠷᠪᠤᠯᠵᠢ ᠶᠢ ᠬᠠᠮᠠᠭᠠᠯᠠᠨ ᠠᠰᠢᠭᠯᠠᠬᠤ ᠶᠢ ᠴᠢᠩᠭᠠᠳᠬᠠᠨ᠂ ᠪᠤᠬᠢᠷᠳᠤᠯ | ᠦᠭᠡᠢ ᠦᠢᠯᠡᠳᠪᠦᠷᠢᠯᠡᠯ ᠠᠮᠢᠳᠤᠷᠠᠯ ᠤᠨ ᠬᠡᠯᠪᠡᠷᠢ ᠶᠢ ᠲᠦᠷᠭᠡᠳᠭᠡᠨ ᠪᠠᠶᠢᠭᠤᠯᠵᠤ ᠪᠤᠬᠢᠷᠳᠤᠯ ᠦᠭᠡᠢ ᠲᠤᠤᠷ᠎ᠠ | ᠨᠡᠭᠦᠷᠡᠳᠦ᠋ᠷᠦᠭᠴᠢᠳᠦ ᠬᠦᠭᠵᠢᠯᠳᠡ ᠶᠢ ᠠᠬᠢᠭᠤᠯᠤᠨ᠎ᠠ᠃ | | ᠭᠤᠷᠪᠠ ᠳᠤ ᠪᠤᠬᠢᠷᠳᠤᠯ ᠦᠭᠡᠢ ᠬᠦᠭᠵᠢᠯᠳᠡ ᠶᠢ ᠪᠠᠷᠢᠮᠳᠠᠯᠠᠨ᠂ ᠤᠳᠤ ᠦᠶ᠎ᠡ ᠶᠢᠨ ᠠᠵᠤ ᠦᠢᠯᠡᠰ ᠤᠨ | ᠰᠢᠰᠲ᠋ᠧᠮ ᠢ ᠲᠦᠷᠭᠡᠳᠭᠡᠨ ᠪᠠᠶᠢᠭᠤᠯᠤᠨ᠎ᠠ᠃ ᠠᠮᠢ ᠠᠬᠤᠢ ᠪᠠᠷ ᠤᠷᠢᠳᠠᠯ ᠪᠤᠯᠭᠠᠬᠤ᠂ ᠪᠤᠬᠢᠷᠳᠤᠯ ᠦᠭᠡᠢ | ᠬᠦᠭᠵᠢᠯᠳᠡ ᠶᠢᠨ ᠲᠤᠳᠤᠷᠬᠠᠢ ᠤᠳᠤᠷᠢᠳᠤᠮᠵᠢ ᠶᠢ ᠪᠤᠢ ᠪᠤᠯᠭᠠᠵᠤ᠂ ᠤᠯᠠᠭᠠᠨᠬᠠᠳᠠ ᠭᠠᠵᠠᠷ ᠤᠷᠤᠨ ᠤ ᠭᠤᠤᠯᠳᠠᠯᠭ᠎ᠠ | ᠲᠠᠢ ᠰᠢᠨ᠎ᠡ ᠮᠠᠲ᠋ᠧᠷᠢᠶᠠᠯ ᠤᠨ ᠠᠵᠤ ᠦᠢᠯᠡᠳᠪᠦᠷᠢ ᠶᠢᠨ ᠰᠠᠭᠤᠷᠢᠨ ᠭᠠᠵᠠᠷ᠂ ᠰᠢᠯᠢᠳᠡᠭ ᠴᠢᠨᠠᠷ ᠲᠠᠢ ᠲᠠᠷᠢᠶᠠᠯᠠᠩ | ᠮᠠᠯᠵᠢᠯ ᠤᠨ ᠪᠦᠳᠦᠭᠡᠭᠳᠡᠭᠦᠨ ᠤ ᠦᠢᠯᠡᠳᠪᠦᠷᠢᠯᠡᠯ ᠪᠤᠯᠪᠠᠰᠤᠷᠠᠭᠤᠯᠬᠤ ᠰᠠᠭᠤᠷᠢᠨ ᠭᠠᠵᠠᠷ᠂ ᠨᠡᠷ᠎ᠡ ᠠᠯᠳᠠᠷᠳᠤ | ᠲᠦᠢᠪᠡᠨ ᠤᠯᠠᠷᠢᠯ ᠤᠨ ᠵᠢᠭᠤᠯᠴᠢᠯᠠᠯ ᠡᠷᠡᠭᠦᠯᠵᠢᠯ ᠰᠤᠪᠢᠯᠠᠯ ᠰᠡᠯᠡᠭᠦᠴᠡᠯ ᠤᠨ ᠰᠠᠭᠤᠷᠢᠨ ᠭᠠᠵᠠᠷ᠂ ᠤᠯᠠᠭᠠᠨᠬᠠᠳᠠ ᠶᠢᠨ | ᠤᠳᠤ ᠦᠶ᠎ᠡ ᠶᠢᠨ ᠠᠷᠠᠯᠵᠢᠶ᠎ᠠ ᠬᠤᠳᠠᠯᠳᠤᠭᠠᠨ ᠤ ᠪᠤᠳᠠᠰ ᠤᠨ ᠭᠦᠢᠯᠭᠡᠭᠡᠨ ᠤ ᠭᠤᠤᠯᠳᠠᠯᠭ᠎ᠠ ᠲᠠᠢ ᠰᠠᠭᠤᠷᠢᠨ ᠭᠠᠵᠠᠷ᠂ | ᠤᠯᠠᠨ ᠡᠰᠢᠳᠦ ᠬᠦᠭᠵᠢᠯᠳᠡ᠂ ᠤᠯᠠᠨ ᠲᠤᠶᠢᠯᠳᠤ ᠲᠤᠯᠭᠠᠭᠤᠷᠢᠯᠠᠯ ᠲᠠᠢ ᠤᠳᠤ ᠦᠶ᠎ᠡ ᠶᠢᠨ ᠠᠵᠤ ᠦᠢᠯᠡᠰ ᠤᠨ | ᠰᠢᠰᠲ᠋ᠧᠮ ᠢ ᠪᠠᠶᠢᠭᠤᠯᠤᠨ᠎ᠠ᠃ | | ᠲᠦᠷᠪᠡ ᠳᠤ ᠰᠠᠭᠤᠷᠢ ᠲᠦᠬᠦᠭᠡᠷᠦᠮᠵᠢ ᠶᠢᠨ ᠪᠦᠳᠦᠭᠡᠨ ᠪᠠᠶᠢᠭᠤᠯᠤᠯᠳᠠ ᠶᠢ ᠴᠢᠩᠭᠠᠳᠬᠠᠵᠤ᠂ | ᠦᠷᠭᠦᠯᠵᠢᠯᠡᠬᠦᠶᠢᠴᠡ ᠬᠦᠭᠵᠢᠯᠳᠡ ᠶᠢᠨ ᠰᠠᠭᠤᠷᠢ ᠶᠢ ᠪᠠᠳᠤᠳᠬᠠᠨ᠎ᠠ᠃ ᠬᠤᠳᠠ ᠬᠦᠳᠡᠭᠡ ᠶᠢᠨ ᠰᠠᠭᠤᠷᠢ | ᠲᠦᠬᠦᠭᠡᠷᠦᠮᠵᠢ ᠶᠢᠨ ᠪᠦᠳᠦᠭᠡᠨ ᠪᠠᠶᠢᠭᠤᠯᠤᠯᠳᠠ ᠶᠢ ᠲᠦᠷᠭᠡᠳᠭᠡᠬᠦ ᠪᠠᠷ ᠲᠤᠳᠤᠭᠠᠳᠤ ᠬᠡᠷᠡᠭᠴᠡᠭᠡ ᠶᠢ ᠦᠷᠭᠡᠳᠭᠡᠬᠦ | ᠪᠠᠶᠢᠯᠳᠤᠬᠤ ᠪᠤᠳᠤᠯᠭ᠎ᠠ ᠶᠢᠨ ᠦᠨᠳᠦᠰᠦᠨ ᠴᠡᠭ ᠪᠤᠯᠭᠠᠵᠤ᠂ ᠰᠠᠭᠤᠷᠢ ᠲᠦᠬᠦᠭᠡᠷᠦᠮᠵᠢ ᠶᠢᠨ ᠲᠤᠮᠤ ᠪᠦᠳᠦᠭᠡᠨ | ᠪᠠᠶᠢᠭᠤᠯᠤᠯᠳᠠ ᠶᠢᠨ ᠬᠦᠴᠦᠯᠡᠴᠡ ᠶᠢ ᠶᠡᠬᠡᠰᠬᠡᠵᠦ᠂ ᠬᠤᠳᠠ ᠶᠢᠨ ᠶᠡᠷᠦᠩᠬᠡᠢ ᠲᠦᠬᠦᠷᠵᠢᠭᠦᠯᠦᠭᠰᠡᠨ ᠬᠢᠷᠢ | ᠲᠦᠪᠰᠢᠨ ᠢ ᠲᠡᠭᠦᠯᠳᠡᠷᠵᠢᠬᠦᠯᠵᠦ᠂ ᠰᠢᠨ᠎ᠡ ᠬᠡᠯᠪᠡᠷᠢ ᠶᠢᠨ ᠰᠠᠭᠤᠷᠢ ᠲᠦᠬᠦᠭᠡᠷᠦᠮᠵᠢ ᠶᠢᠨ ᠪᠠᠶᠢᠷᠢᠰᠢᠭᠤᠯᠤᠯᠳᠠ ᠶᠢ | ᠲᠦᠷᠭᠡᠳᠭᠡᠨ᠂ ᠰᠢᠨ᠎ᠡ ᠰᠠᠭᠤᠷᠢ ᠲᠦᠬᠦᠭᠡᠷᠦᠮᠵᠢ ᠪᠠᠷ ᠴᠢᠨᠠᠷ ᠰᠠᠶᠢᠳᠠᠢ ᠬᠦᠭᠵᠢᠯᠳᠡ ᠶᠢᠨ ᠰᠠᠭᠤᠷᠢ ᠶᠢ ᠴᠤᠭᠴᠠᠯᠠᠨ᠎ᠠ | ᠃ | | ᠲᠠᠪᠤ ᠳᠤ ᠰᠢᠨ᠎ᠡ ᠬᠡᠯᠪᠡᠷᠢ ᠶᠢᠨ ᠬᠤᠳᠠ ᠪᠠᠯᠭᠠᠰᠤᠵᠢᠯᠳᠠ ᠶᠢ ᠠᠬᠢᠭᠤᠯᠵᠤ᠂ ᠬᠤᠳᠠ ᠪᠠᠯᠭᠠᠰᠤᠨ ᠤ ᠶᠡᠷᠦᠩᠬᠡᠢ | ᠠᠴᠢᠶᠠᠯᠠᠬᠤ ᠴᠢᠳᠠᠪᠤᠷᠢ ᠶᠢ ᠲᠡᠭᠡᠭᠰᠢᠯᠡᠬᠦᠯᠦᠨ᠎ᠡ᠃ ᠬᠦᠮᠦᠨ ᠢᠶᠠᠷ ᠭᠤᠤᠯ ᠪᠤᠯᠭᠠᠭᠰᠠᠨ ᠰᠢᠨ᠎ᠡ ᠬᠡᠯᠪᠡᠷᠢ ᠶᠢᠨ ᠬᠤᠳᠠ | ᠪᠠᠯᠭᠠᠰᠤᠵᠢᠯᠳᠠ ᠶᠢᠨ ᠪᠦᠳᠦᠬᠡᠨ ᠪᠠᠶᠢᠭᠤᠯᠤᠯᠳᠠ ᠶᠢ ᠲᠦᠷᠭᠡᠳᠭᠡᠨ ᠠᠬᠢᠭᠤᠯᠵᠤ᠂ ᠠᠵᠤ ᠦᠢᠯᠡᠰ ᠪᠠ ᠬᠤᠳᠠ ᠶᠢ | ᠠᠭᠤᠰᠤᠯᠴᠠᠭᠤᠯᠤᠭᠰᠠᠨ ᠵᠢᠱᠢᠶ᠎ᠡ ᠦᠵᠡᠬᠦᠯᠬᠦ ᠤᠷᠤᠨ ᠤ ᠠᠵᠤ ᠦᠢᠯᠡᠰ ᠪᠠ ᠲᠦᠬᠦᠷᠵᠢᠬᠦᠯᠦᠭᠰᠡᠨ | ᠲᠦᠬᠦᠭᠡᠷᠦᠮᠵᠢ ᠶᠢᠨ ᠪᠠᠶᠢᠷᠢᠰᠢᠭᠤᠯᠤᠯᠳᠠ ᠶᠢ ᠰᠢᠯᠢᠳᠡᠭᠵᠢᠭᠦᠯᠵᠦ᠂ ᠠᠵᠤ ᠦᠢᠯᠡᠰ ᠤᠨ ᠠᠴᠢᠶᠠᠯᠠᠬᠤ ᠴᠢᠳᠠᠮᠵᠢ᠂ | ᠬᠤᠳᠠ ᠶᠢᠨ ᠶᠡᠷᠦᠩᠬᠡᠶᠢᠯᠡᠭᠰᠡᠨ ᠴᠢᠳᠠᠪᠬᠢ ᠪᠠ ᠶᠡᠷᠦᠩᠬᠡᠶᠢᠯᠡᠭᠰᠡᠨ ᠬᠠᠮᠢᠶᠠᠷᠤᠯᠳᠠ ᠶᠢᠨ ᠬᠢᠷᠢ ᠲᠦᠪᠰᠢᠨ ᠢ | ᠲᠠᠰᠤᠷᠠᠯᠳᠠ ᠦᠭᠡᠢ ᠲᠡᠭᠡᠰᠢᠯᠡᠭᠦᠯᠦᠨᠡ᠃ ᠵᠢᠨᠱᠠᠨ ᠬᠤᠳᠠ ᠲᠤᠭᠤᠷᠢᠭ ᠪᠠ ᠪᠠᠭ᠎ᠠ ᠬᠤᠳᠠ ᠪᠠᠯᠭᠠᠰᠤᠨ ᠤ ᠪᠤᠬᠢᠷᠳᠤᠯ | ᠦᠭᠡᠢ ᠬᠦᠭᠵᠢᠯᠳᠡ ᠶᠢ ᠲᠦᠷᠭᠡᠳᠭᠡᠨ ᠠᠬᠢᠭᠤᠯᠵᠤ᠂ ᠬᠤᠳᠠ ᠶᠢᠨ ᠨᠠᠷᠢᠯᠢᠭᠵᠢᠭᠤᠯᠤᠭᠰᠠᠨ ᠬᠠᠮᠢᠶᠠᠷᠤᠯᠳᠠ ᠶᠢ | ᠴᠢᠩᠭᠠᠳᠬᠠᠵᠤ᠂ ᠬᠤᠳᠠ ᠬᠦᠳᠡᠭᠡ ᠶᠢᠨ ᠰᠠᠭᠤᠷᠢ ᠪᠠᠳᠤᠯᠠᠭ᠎ᠠ ᠪᠠ ᠦᠢᠯᠡᠴᠢᠯᠡᠭᠡᠨ ᠤ ᠬᠢᠷᠢ ᠲᠦᠪᠰᠢᠨ ᠢ | ᠦᠷᠭᠦᠯᠵᠢᠯᠡᠨ ᠲᠡᠭᠡᠭᠰᠢᠯᠡᠬᠦᠯᠦᠨ᠎ᠡ᠃ | | ᠵᠢᠷᠭᠤᠭ᠎ᠠ ᠳᠤ ᠬᠦᠳᠡᠭᠡ ᠲᠤᠰᠬᠤᠨ ᠢ ᠮᠠᠨᠳᠤᠭᠤᠯᠬᠤ ᠶᠢ ᠭᠦᠨᠵᠡᠭᠡᠢ ᠬᠡᠷᠡᠭᠵᠢᠬᠦᠯᠵᠦ᠂ ᠬᠦᠳᠡᠭᠡ ᠲᠤᠰᠬᠤᠨ ᠤ | ᠤᠳᠤᠬᠢᠴᠢᠯᠠᠯᠳᠠ ᠶᠢ ᠠᠬᠢᠭᠤᠯᠤᠨ᠎ᠠ᠃ ᠬᠦᠳᠡᠭᠡ ᠲᠤᠰᠬᠤᠨ ᠢ ᠮᠠᠨᠳᠤᠭᠤᠯᠬᠤ ᠪᠠᠶᠢᠯᠳᠤᠬᠤ ᠪᠤᠳᠤᠯᠭ᠎ᠠ ᠪᠠᠷ ᠶᠡᠷᠦᠩᠬᠡᠢ | ᠭᠤᠤᠯᠳᠠᠯᠭ᠎ᠠ ᠪᠤᠯᠭᠠᠵᠤ᠂ ᠶᠠᠳᠠᠭᠤ ᠠᠴᠠ ᠠᠩᠬᠢᠵᠢᠷᠠᠭᠤᠯᠤᠭᠰᠠᠨ ᠦᠷ᠎ᠡ ᠪᠦᠳᠦᠭᠡᠯ ᠢ ᠬᠦᠳᠡᠭᠡ ᠲᠤᠰᠬᠤᠨ ᠢ | ᠮᠠᠨᠳᠤᠭᠤᠯᠬᠤ ᠠᠵᠢᠯᠯᠠᠭ᠎ᠠ ᠲᠠᠢ ᠡᠷᠴᠢᠮᠳᠡᠢ ᠵᠤᠯᠭᠠᠭᠤᠯᠵᠤ᠂ ᠬᠦᠳᠡᠭᠡ ᠲᠤᠰᠬᠤᠨ ᠤ ᠪᠦᠳᠦᠭᠡᠨ ᠪᠠᠶᠢᠭᠤᠯᠤᠯᠳᠠ ᠶᠢᠨ | ᠠᠵᠢᠯᠯᠠᠭ᠎ᠠ ᠶᠢ ᠬᠡᠷᠡᠭᠵᠢᠬᠦᠯᠵᠦ᠂ ᠬᠦᠳᠡᠭᠡ ᠲᠤᠰᠬᠤᠨ ᠤ ᠲᠠᠳᠬᠠᠯ ᠪᠤᠯᠪᠠᠰᠤᠨ ᠤ ᠪᠠᠶᠢᠭᠤᠯᠤᠯᠳᠠ ᠶᠢ | ᠭᠦᠨᠵᠡᠭᠡᠶᠢᠷᠡᠬᠦᠯᠵᠦ᠂ ᠬᠦᠳᠡᠭᠡ ᠲᠤᠰᠬᠤᠨ ᠤ ᠨᠡᠶᠢᠭᠡᠮ ᠢ ᠵᠠᠰᠠᠬᠤ ᠬᠢᠷᠢ ᠬᠡᠮᠵᠢᠶ᠎ᠡ ᠶᠢ ᠲᠡᠰ ᠲᠠᠪᠰᠢᠭᠤᠯᠵᠤ᠂ | ᠲᠠᠷᠢᠶᠠᠯᠠᠩ ᠤᠨ ᠴᠢᠨᠠᠷ ᠰᠠᠶᠢᠳᠠᠢ᠂ ᠬᠦᠳᠡᠭᠡ ᠲᠤᠰᠬᠤᠨ ᠤ ᠤᠷᠤᠰᠢᠨ ᠰᠠᠭᠤᠬᠤ ᠳᠤ ᠲᠤᠬᠢᠷᠠᠮᠵᠢᠳᠠᠢ ᠦᠢᠯᠡᠰ | ᠡᠷᠬᠢᠯᠡᠬᠦ ᠳᠤ ᠠᠰᠢᠭᠳᠠᠢ᠂ ᠲᠠᠷᠢᠶᠠᠴᠢᠳ ᠪᠠᠶᠠᠵᠢᠨ ᠴᠢᠨᠡᠭᠡᠯᠢᠭᠵᠢᠬᠦ ᠶᠢ ᠠᠬᠢᠭᠤᠯᠤᠨ᠎ᠠ᠃ | | ᠲᠤᠯᠤᠭ᠎ᠠ ᠳᠤ ᠰᠢᠨᠵᠢᠯᠡᠬᠦ ᠮᠡᠷᠭᠡᠵᠢᠯ ᠤᠨ ᠰᠢᠨ᠎ᠡ ᠶᠢ ᠡᠭᠦᠳᠬᠦ ᠬᠦᠳᠡᠯᠭᠡᠬᠦ ᠬᠦᠴᠦᠨ ᠢ ᠬᠦᠭᠵᠢᠬᠦᠯᠦᠨ᠂ | ᠬᠦᠭᠵᠢᠯᠳᠡ ᠶᠢᠨ ᠲᠤᠳᠤᠭᠠᠳᠤ ᠠᠮᠢᠳᠤᠯᠢᠭ ᠬᠦᠴᠦ ᠶᠢ ᠴᠢᠩᠭᠠᠳᠬᠠᠨ᠎ᠠ᠃ ︽ᠰᠢᠨᠵᠢᠯᠡᠬᠦ ᠮᠡᠷᠭᠡᠵᠢᠯ ᠢᠶᠠᠷ ᠬᠤᠰᠢᠭᠤ | ᠪᠠᠨ ᠮᠠᠨᠳᠤᠭᠤᠯᠬᠤ︾ ᠪᠠᠶᠢᠯᠳᠤᠬᠤ ᠪᠤᠳᠤᠯᠭ᠎ᠠ ᠶᠢ ᠭᠦᠨᠵᠡᠭᠡᠢ ᠬᠡᠷᠡᠭᠵᠢᠬᠦᠯᠵᠦ᠂ ᠰᠢᠨᠵᠢᠯᠡᠬᠦ ᠮᠡᠷᠭᠡᠵᠢᠯ ᠤᠨ ᠰᠢᠨ᠎ᠡ | ᠡᠭᠦᠳᠬᠦ ᠪᠠᠶᠢᠭᠤᠯᠤᠮᠵᠢ ᠶᠢᠨ ᠦᠭᠡᠷᠡᠴᠢᠯᠡᠯᠳᠡ ᠶᠢ ᠭᠦᠨᠵᠡᠭᠡᠶᠢᠷᠡᠭᠦᠯᠵᠦ᠂ ᠰᠢᠨ᠎ᠡ ᠶᠢ ᠡᠭᠦᠳᠬᠦ ᠲᠠᠪᠴᠠᠩ ᠢ | ᠪᠠᠶᠢᠭᠤᠯᠬᠤ ᠶᠢ ᠰᠠᠶᠢᠳᠤᠷ ᠠᠳᠬᠤᠵᠤ᠂ ᠠᠵᠤ ᠠᠬᠤᠶᠢᠯᠠᠯ ᠤᠨ ᠰᠢᠨ᠎ᠡ ᠶᠢ ᠡᠬᠦᠳᠬᠦ ᠭᠤᠤᠯ ᠴᠤᠭᠴᠠ ᠶᠢ | ᠲᠤᠪᠤᠶᠢᠯᠭᠠᠵᠤ᠂ ᠴᠢᠳᠠᠪᠤᠷᠢᠳᠠᠨ ᠤ ᠰᠢᠨ᠎ᠡ ᠶᠢ ᠡᠭᠦᠳᠬᠦ ᠠᠮᠢᠳᠤᠯᠢᠭ ᠬᠦᠴᠦᠨ ᠢ ᠬᠦᠭᠵᠢᠭᠡᠵᠦ᠂ ᠰᠢᠨ᠎ᠡ ᠶᠢ | ᠡᠭᠦᠳᠬᠦ ᠶᠢ ᠬᠦᠨᠳᠦᠳᠭᠡᠬᠦ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠪᠤᠢ ᠪᠤᠯᠭᠠᠵᠤ᠂ ᠴᠢᠨᠠᠷ ᠰᠠᠶᠢᠳᠠᠢ | ᠬᠦᠭᠵᠢᠯᠳᠡ ᠳᠤ ᠴᠢᠩᠭ᠎ᠠ ᠬᠦᠴᠦᠷᠬᠡᠭ ᠬᠦᠳᠡᠯᠭᠡᠬᠦ ᠲᠤᠯᠭᠠᠭᠤᠷᠢᠯᠠᠯ ᠬᠠᠩᠭᠠᠬᠤ ᠶᠢ ᠲᠦᠯᠬᠢᠨ ᠠᠬᠢᠭᠤᠯᠤᠨ᠎ᠠ᠃ | | ᠨᠠᠢᠮᠠ ᠳᠤ ᠰᠤᠶᠤᠯ ᠤᠨ ᠦᠢᠯᠡᠰ ᠢ ᠦᠷᠭᠦᠯᠵᠢᠯᠡᠨ ᠪᠠᠳᠠᠷᠠᠭᠤᠯᠵᠦ᠂ ᠰᠤᠶᠤᠯ ᠤᠨ ᠬᠦᠴᠦᠷᠬᠡᠭ ᠬᠤᠰᠢᠭᠤ ᠪᠠᠨ | ᠪᠦᠬᠦ ᠲᠠᠯ᠎ᠠ ᠪᠠᠷ ᠪᠦᠳᠦᠭᠡᠨ ᠪᠠᠶᠢᠭᠤᠯᠤᠨ᠎ᠠ᠃ ᠨᠡᠶᠢᠭᠡᠮ ᠵᠢᠷᠤᠮᠳᠤ ᠭᠤᠤᠯᠯᠠᠭᠴᠢ ᠦᠷᠳᠡᠭ ᠤᠨ ᠦᠵᠡᠯᠳᠡ ᠪᠠᠷ | ᠤᠳᠤᠷᠢᠳᠤᠮᠵᠢ ᠪᠤᠯᠭᠠᠬᠤ ᠶᠢ ᠪᠠᠷᠢᠮᠳᠠᠯᠠᠵᠤ᠂ ᠨᠡᠶᠢᠭᠡᠮ ᠵᠢᠷᠤᠮᠳᠤ ᠤᠶᠤᠨ ᠤ ᠪᠤᠯᠪᠠᠰᠤᠨ ᠤ ᠪᠠᠶᠢᠭᠤᠯᠤᠯᠳᠠ ᠶᠢ | ᠴᠢᠩᠭᠠᠳᠬᠠᠵᠤ᠂ ᠤᠯᠠᠨ ᠨᠡᠶᠢᠳᠡ ᠶᠢᠨ ᠰᠤᠶᠤᠯ ᠤᠨ ᠦᠢᠯᠡᠰ ᠪᠠ ᠰᠤᠶᠤᠯ ᠤᠨ ᠠᠵᠤ ᠦᠢᠯᠡᠰ ᠢ ᠪᠠᠳᠠᠷᠠᠭᠤᠯᠵᠤ᠂ | ᠤᠯᠠᠨ ᠨᠡᠶᠢᠳᠡ ᠶᠢᠨ ᠰᠤᠶᠤᠯ ᠤᠨ ᠦᠢᠯᠡᠴᠢᠯᠡᠭᠡ ᠶᠢᠨ ᠬᠢᠷᠢ ᠲᠦᠪᠰᠢᠨ ᠢ ᠲᠡᠰ ᠲᠠᠪᠰᠢᠭᠤᠯᠵᠤ᠂ ᠰᠤᠶᠤᠯ ᠤᠨ | ᠲᠤᠷᠠᠰᠬᠠᠯᠳᠤ ᠦᠪ ᠢ ᠬᠠᠮᠠᠭᠠᠯᠠᠬᠤ ᠪᠠ ᠵᠠᠯᠭᠠᠮᠵᠢᠯᠠᠬᠤ ᠶᠢ ᠴᠢᠩᠭᠠᠳᠬᠠᠵᠤ᠂ ᠬᠠᠷᠠᠴᠢᠨ ᠰᠤᠶᠤᠯ ᠤᠨ ᠲᠦᠷᠢ ᠲᠦᠷᠬᠦ | ᠶᠢ ᠦᠷᠭᠦᠯᠵᠢᠯᠡᠨ ᠤᠬᠠᠭᠤᠯᠵᠤ᠂ ᠬᠠᠷᠠᠴᠢᠨ ᠰᠤᠶᠤᠯ ᠵᠦᠭᠡᠯᠡᠨ ᠪᠤᠳᠠᠳᠤ ᠬᠦᠴᠦ ᠪᠠ ᠨᠦᠯᠦᠭᠡᠯᠡᠬᠦ ᠬᠦᠴᠦᠨ ᠢ | ᠲᠠᠰᠤᠷᠠᠯᠳᠠ ᠦᠭᠡᠢ ᠲᠡᠭᠡᠭᠰᠢᠯᠡᠭᠦᠯᠦᠨ᠎ᠡ᠃ | | ᠶᠢᠰᠦ ᠳᠤ ᠠᠷᠠᠳ ᠤᠨ ᠠᠮᠢᠳᠤᠷᠠᠯ ᠳᠤ ᠪᠤᠶᠠᠨ ᠦᠢᠯᠡᠳᠬᠦ ᠦᠨᠡᠨᠬᠦ ᠰᠠᠶᠢᠵᠢᠷᠠᠭᠤᠯᠵᠤ᠂ ᠨᠡᠶᠢᠭᠡᠮ ᠤᠨ | ᠪᠠᠶᠢᠭᠤᠯᠤᠯᠳᠠ ᠶᠢᠨ ᠬᠢᠷᠢ ᠲᠦᠪᠰᠢᠨ ᠢᠶᠠᠨ ᠲᠡᠭᠡᠭᠰᠢᠯᠡᠭᠦᠯᠦᠨ᠎ᠡ᠃ ᠠᠷᠠᠳ ᠲᠦᠮᠡᠨ ᠢᠶᠠᠷ ᠭᠤᠤᠯ ᠪᠤᠯᠭᠠᠬᠤ | ᠬᠦᠭᠵᠢᠯᠳᠡ ᠶᠢᠨ ᠦᠵᠡᠯᠳᠡ ᠶᠢ ᠪᠠᠳᠤᠳᠬᠠᠵᠤ᠂ ᠠᠷᠠᠳ ᠲᠦᠮᠡᠨ ᠤ ᠦᠨᠳᠦᠰᠦᠨ ᠠᠰᠢᠭ ᠲᠤᠰᠠ ᠶᠢ ᠰᠠᠶᠢᠳᠤᠷ | ᠪᠡᠶᠡᠯᠡᠭᠦᠯᠦᠨ ᠰᠠᠶᠢᠳᠤᠷ ᠬᠠᠮᠠᠭᠠᠯᠠᠵᠤ ᠰᠠᠶᠢᠳᠤᠷ ᠬᠦᠭᠵᠢᠬᠦᠯᠬᠦ ᠶᠢ ᠬᠦᠭᠵᠢᠯᠳᠡ ᠶᠢᠨ ᠭᠠᠷᠤᠭ᠎ᠠ ᠪᠠ ᠲᠡᠭᠦᠰᠦᠯᠳᠡ ᠶᠢᠨ | ᠴᠡᠭ ᠪᠤᠯᠭᠠᠵᠤ᠂ ᠠᠷᠠᠳ ᠤᠨ ᠤᠷᠤᠯᠭ᠎ᠠ ᠶᠢᠨ ᠬᠢᠷᠢ ᠲᠦᠪᠰᠢᠨ ᠢ ᠲᠡᠭᠡᠭᠰᠢᠯᠡᠭᠦᠯᠦᠨ᠂ ᠠᠷᠠᠳ ᠤᠨ ᠠᠮᠢᠳᠤᠷᠠᠯ | ᠨᠡᠶᠢᠭᠡᠮ ᠤᠨ ᠦᠢᠯᠡᠰ ᠢ ᠬᠦᠭᠵᠢᠬᠦᠯᠦᠨ᠂ ᠤᠯᠠᠨ ᠲᠡᠰ ᠲᠠᠪᠬᠤᠷᠭᠠᠳᠤ ᠨᠡᠶᠢᠭᠡᠮ ᠤᠨ ᠪᠠᠳᠤᠯᠠᠭᠠᠨ ᠤ ᠰᠢᠰᠲ᠋ᠧᠮ ᠢ | ᠪᠦᠷᠢᠨᠰᠢᠭᠦᠯᠵᠦ᠂ ᠬᠤᠰᠢᠭᠤ ᠤᠷᠤᠨ ᠤ ᠨᠡᠶᠢᠭᠡᠮ ᠢ ᠵᠠᠰᠠᠬᠤ ᠤᠳᠤᠬᠢᠴᠢᠯᠠᠯᠳᠠ ᠶᠢ ᠠᠬᠢᠭᠤᠯᠤᠨ᠂ ᠠᠷᠠᠳ ᠤᠯᠠᠨ ᠢ | ᠨᠡᠩ ᠢᠯᠡᠬᠦᠦ ᠬᠦᠷᠳᠡᠮᠵᠢ ᠶᠢᠨ ᠰᠡᠳᠬᠢᠭᠳᠡᠯ᠂ ᠵᠤᠯ ᠵᠢᠷᠭᠠᠯᠳᠤ ᠰᠡᠳᠬᠢᠭᠳᠡᠯ᠂ ᠠᠮᠤᠷ ᠲᠦᠪᠰᠢᠨ ᠤ ᠰᠡᠳᠬᠢᠭᠳᠡᠯ | ᠲᠠᠢ ᠪᠤᠯᠭᠠᠨ᠎ᠠ᠃ | | ᠠᠷᠪᠠ ᠳᠤ ᠦᠭᠡᠷᠡᠴᠢᠯᠡᠯᠳᠡ ᠨᠡᠭᠡᠬᠡᠯᠳᠡ ᠶᠢᠨ ᠬᠦᠳᠡᠯᠭᠡᠬᠦ ᠬᠦᠴᠦᠨ ᠢ ᠬᠦᠭᠵᠢᠭᠡᠵᠦ᠂ ᠰᠢᠨ᠎ᠡ ᠬᠦᠭᠵᠢᠯᠳᠡ ᠶᠢᠨ | ᠪᠠᠶᠢᠷᠢᠰᠢᠭᠤᠯᠤᠯᠳᠠ ᠳᠤ ᠪᠦᠬᠦ ᠲᠠᠯ᠎ᠠ ᠪᠠᠷ ᠠᠭᠤᠰᠤᠯᠴᠠᠨ ᠤᠷᠤᠨ᠎ᠠ᠃ ᠪᠡᠭᠡᠵᠢᠩ ᠪᠠ ᠲᠠᠯᠠᠢ ᠲᠠᠭᠠᠤ ᠤᠷᠤᠨ ᠲᠠᠢ | ᠤᠶᠢᠷᠠᠯᠴᠠᠭ᠎ᠠ ᠪᠠᠶᠢᠭ᠎ᠠ ᠵᠠᠮ ᠬᠠᠷᠢᠯᠴᠠᠭᠠᠨ ᠤ ᠲᠠᠪᠠᠭᠤᠯᠢᠭ ᠢ ᠭᠦᠢᠴᠡᠳ ᠠᠰᠢᠭᠯᠠᠵᠤ᠂ ᠤᠯᠤᠰ ᠤᠨ ᠲᠤᠳᠤᠭᠠᠳᠤ | ᠪᠠ ᠤᠯᠠᠨ ᠤᠯᠤᠰ ᠤᠨ ᠬᠤᠤᠰ ᠡᠷᠬᠢᠯᠳᠡ ᠳᠤ ᠬᠦᠳᠡᠯᠦᠩᠬᠦᠢ ᠠᠭᠤᠰᠤᠯᠴᠠᠨ ᠤᠷᠤᠬᠤ ᠪᠠ ᠦᠢᠯᠡᠴᠢᠯᠡᠵᠦ᠂ | ᠤᠷᠤᠨ ᠪᠦᠰᠡ ᠶᠢᠨ ᠤᠯᠠᠨ ᠲᠠᠪᠬᠤᠷᠭᠠᠳᠤ ᠨᠡᠭᠡᠬᠡᠯᠳᠡ ᠬᠠᠮᠵᠢᠯᠴᠠᠭ᠎ᠠ ᠶᠢ ᠪᠦᠬᠦ ᠲᠠᠯ᠎ᠠ ᠪᠠᠷ ᠴᠢᠩᠭᠠᠳᠬᠠᠵᠤ᠂ ᠠᠵᠤ | ᠦᠢᠯᠡᠰ ᠤᠨ ᠰᠢᠯᠵᠢᠯᠳᠡ ᠶᠢ ᠪᠦᠬᠦ ᠬᠦᠴᠦᠨ ᠢᠶᠠᠷ ᠢᠶᠠᠨ ᠵᠠᠯᠭᠠᠨ ᠠᠪᠴᠦ᠂ ᠠᠰᠢᠭᠳᠠᠢ ᠪᠡᠯᠡ ᠤᠷᠤᠭᠤᠯᠤᠯᠳᠠ ᠶᠢ | ᠤᠨᠤᠴᠢᠳᠠᠢ ᠦᠷᠭᠡᠳᠭᠡᠨ᠂ ᠬᠤᠳᠠᠯᠳᠤᠭ᠎ᠠ ᠡᠷᠬᠢᠯᠡᠬᠦ ᠤᠷᠴᠢᠨ ᠲᠤᠭᠤᠷᠢᠨ ᠢ ᠦᠷᠭᠦᠯᠵᠢᠯᠡᠨ ᠰᠢᠯᠢᠳᠡᠭᠵᠢᠬᠦᠯᠵᠦ᠂ | ᠦᠨᠳᠦᠷ ᠬᠢᠷᠢ ᠲᠦᠪᠰᠢᠨ ᠲᠠᠢ ᠨᠡᠬᠡᠬᠡᠯᠳᠡ ᠪᠠᠷ ᠠᠵᠤ ᠠᠬᠤᠢ ᠶᠢᠨ ᠴᠢᠨᠠᠷ ᠰᠠᠶᠢᠳᠠᠢ ᠬᠦᠭᠵᠢᠯᠳᠡ ᠶᠢ ᠠᠬᠢᠭᠤᠯᠤᠨ᠎ᠠ | ᠃ | | ᠠᠷᠪᠠᠨ ᠨᠢᠭᠡ ᠳᠤ ᠬᠦᠭᠵᠢᠯᠳᠡ ᠪᠠ ᠠᠮᠤᠷ ᠲᠦᠪᠰᠢᠨ ᠢ ᠨᠢᠭᠡᠳᠦᠯᠵᠢᠭᠦᠯᠵᠦ᠂ ᠠᠮᠤᠷ ᠲᠦᠪᠰᠢᠨ ᠪᠠ | ᠲᠤᠭᠳᠠᠭᠤᠨ ᠤ ᠬᠠᠯᠬᠠᠪᠴᠢ ᠶᠢ ᠦᠨᠡᠨᠬᠦ ᠪᠠᠳᠤᠳᠬᠠᠨ᠎ᠠ᠃ ᠲᠤᠮᠳᠠᠳᠤ ᠶᠢᠨ ᠦᠨᠳᠦᠰᠦᠳᠡᠨ ᠤ ᠬᠠᠮᠳᠤ ᠶᠢᠨ | ᠴᠤᠭᠴᠠ ᠶᠢᠨ ᠤᠬᠠᠮᠰᠠᠷ ᠢᠶᠠᠷ ᠭᠤᠤᠯ ᠱᠤᠭᠤᠮ ᠪᠤᠯᠭᠠᠵᠤ᠂ ᠤᠯᠤᠰ ᠭᠡᠷ ᠤᠨ ᠶᠡᠷᠦᠩᠬᠡᠢ ᠠᠮᠤᠷ ᠲᠦᠪᠰᠢᠨ ᠤ | ᠦᠵᠡᠯᠳᠡ ᠶᠢ ᠭᠦᠨᠵᠡᠭᠡᠢ ᠲᠤᠤᠱᠯᠠᠭᠤᠯᠵᠤ᠂ ᠠᠮᠤᠷ ᠲᠦᠪᠰᠢᠨ ᠬᠦᠭᠵᠢᠯᠳᠡ ᠶᠢᠨ ᠤᠶᠢᠯᠠᠭᠠᠭᠳᠠᠬᠤᠨ ᠢ ᠠᠵᠤ | ᠠᠬᠤᠢ ᠨᠡᠶᠢᠭᠡᠮ ᠤᠨ ᠡᠯ᠎ᠡ ᠬᠦᠷᠢᠶ᠎ᠡ ᠬᠡᠪᠴᠢᠶ᠎ᠡ᠂ ᠪᠦᠬᠦ ᠶᠠᠪᠤᠴᠠ ᠳᠤ ᠨᠡᠪᠳᠡᠷᠡᠭᠦᠯᠵᠦ᠂ ᠬᠦᠨᠳᠤ ᠲᠤᠮᠤ ᠠᠶᠤᠯ | ᠲᠦᠭᠰᠢᠭᠦᠷᠢ ᠶᠢ ᠡᠷᠴᠢᠮᠳᠡᠢ ᠰᠡᠷᠭᠡᠶᠢᠯᠡᠨ᠂ ᠬᠠᠮᠳᠤᠪᠠᠷ ᠪᠠᠶᠢᠭᠤᠯᠤᠨ ᠬᠠᠮᠳᠤᠪᠠᠷ ᠵᠠᠰᠠᠵᠤ ᠬᠠᠮᠳᠤᠪᠠᠷ ᠡᠳ᠋ᠯᠡᠬᠦ | ᠵᠠᠰᠠᠯᠳᠠ ᠶᠢᠨ ᠰᠢᠰᠲ᠋ᠧᠮ ᠢ ᠲᠡᠭᠦᠯᠳᠡᠷᠵᠢᠬᠦᠯᠵᠦ᠂ ᠠᠷᠠᠳ ᠲᠦᠮᠡᠨ ᠤ ᠠᠮᠤᠷ ᠲᠠᠶᠢᠪᠤᠩ ᠠᠵᠤ ᠲᠦᠷᠦᠬᠦ᠂ | ᠦᠨᠳᠦᠰᠦᠳᠡᠨ ᠤ ᠪᠦᠯᠬᠦᠮᠳᠡᠯ ᠲᠠᠪᠰᠢᠯᠳᠠ᠂ ᠨᠡᠶᠢᠭᠡᠮ ᠤᠨ ᠠᠮᠤᠷ ᠲᠤᠭᠳᠠᠭᠤᠨ ᠡᠮᠬᠢ ᠴᠡᠭᠴᠡᠳᠡᠢ ᠪᠠᠶᠢᠬᠤ ᠶᠢ | ᠪᠠᠳᠤᠯᠠᠨ᠎ᠠ᠃ | | ᠭᠤᠷᠪᠠ᠂ 2021 ᠣᠨ ᠤ ᠭᠤᠣᠯ ᠴᠢᠬᠤᠯᠠ ᠠᠵᠢᠯ | | ᠦᠨᠦ ᠵᠢᠯ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ100 ᠵᠢᠯ ᠤᠨ ᠤᠢ᠂ ᠮᠥᠨ | ᠴᠤ ︽ᠠᠷᠪᠠᠨ ᠳᠦᠷᠪᠡᠳᠦᠭᠡᠷ ᠲᠠᠪᠤᠨ ᠵᠢᠯ︾ ᠤᠨ ᠲᠦᠯᠦᠪᠵᠢᠭᠦᠯᠭᠡ ᠶᠢᠨ ᠡᠬᠢᠯᠡᠯᠲᠡ ᠶᠢᠨ ᠵᠢᠯ ᠮᠥᠨ᠂ ᠡᠨᠡ | ᠵᠢᠯ ᠤᠨ ᠡᠯ᠎ᠡ ᠲᠥᠷᠥᠯ ᠤᠨ ᠠᠵᠢᠯ ᠢᠶᠠᠨ ᠰᠠᠶᠢᠲᠤᠷ ᠬᠢᠬᠦ ᠤᠳᠬ᠎ᠠ ᠠᠭᠤᠯᠭ᠎ᠠ ᠲᠤᠩ ᠴᠢᠬᠤᠯᠠ ᠶᠤᠮ᠃ | | ᠦᠨᠦ ᠵᠢᠯ ᠤᠨ ᠵᠠᠰᠠᠭ ᠤᠨ ᠤᠷᠳᠤᠨ ᠤ ᠠᠵᠢᠯ ᠤᠨ ᠶᠡᠷᠥᠩᠬᠡᠢ ᠱᠠᠭᠠᠷᠳᠠᠯᠭ᠎ᠠ ᠪᠤᠯ᠄ ᠰᠢ ᠶᠢᠨ ᠫᠢᠩ ᠶᠡᠷᠥᠩᠬᠡᠢ | ᠱᠦᠵᠢ ᠶᠢᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠥᠮ ᠤᠨ ᠦᠵᠡᠯ | ᠰᠠᠨᠠᠭ᠎ᠠ ᠪᠠᠷ ᠵᠢᠯᠤᠭᠤᠳᠤᠯᠭ᠎ᠠ ᠪᠤᠯᠭᠠᠬᠤ ᠶᠢ ᠪᠠᠷᠢᠮᠲᠠᠯᠠᠨ᠂ ᠨᠠᠮ ᠤᠨ ᠠᠷᠪᠠᠨ ᠶᠢᠰᠦᠳᠦᠭᠡᠷ ᠶᠡᠭᠡ ᠬᠤᠷᠠᠯ ᠪᠤᠯᠤᠨ | ᠠᠷᠪᠠᠨ ᠶᠢᠰᠦᠳᠦᠭᠡᠷ ᠶᠡᠭᠡ ᠬᠤᠷᠠᠯ ᠤᠨ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ ᠪᠦᠭᠦᠳᠡ | ᠬᠤᠷᠠᠯᠳᠤᠭᠠᠨ ᠤ ᠵᠣᠷᠢᠭ ᠰᠠᠨᠠᠭ᠎ᠠ ᠶᠢ ᠭᠦᠨᠵᠡᠭᠡᠢ ᠲᠤᠤᠱᠠᠯᠠᠭᠤᠯᠤᠨ ᠨᠠᠶᠢᠳᠠᠪᠤᠷᠢᠵᠢᠭᠤᠯᠵᠤ᠂ ᠰᠢ ᠶᠢᠨ ᠫᠢᠩ | ᠶᠡᠷᠥᠩᠬᠡᠢ ᠱᠦᠵᠢ ᠶᠢᠨ ᠥᠪᠥᠷ ᠮᠤᠩᠭᠤᠯ ᠳᠤ ᠰᠢᠨᠵᠢᠯᠡᠨ ᠪᠠᠶᠢᠴᠠᠭᠠᠵᠤ ᠤᠨᠴᠠᠭᠠᠶᠢᠯᠠᠨ ᠬᠠᠷᠠᠴᠢᠨ ᠬᠤᠰᠢᠭᠤᠨ ᠳᠤ | ᠮᠤᠷᠢᠯᠠᠨ ᠰᠠᠭᠠᠳᠠᠵᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ | ᠲᠤᠤᠱᠠᠯᠠᠭᠤᠯᠤᠨ ᠨᠠᠶᠢᠳᠠᠪᠤᠷᠢᠵᠢᠭᠤᠯᠵᠤ᠂ ᠬᠤᠰᠢᠭᠤᠨ ᠤ ᠨᠠᠮ ᠤᠨ ᠬᠤᠷᠢᠶ᠎ᠠ ᠶᠢᠨ ᠠᠷᠪᠠᠨ ᠲᠠᠪᠤᠳᠤᠭᠠᠷ | ᠬᠤᠭᠤᠴᠠᠭᠠᠨ ᠤ ᠠᠷᠪᠠᠨ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ | ᠨᠠᠶᠢᠳᠠᠪᠤᠷᠢᠵᠢᠭᠤᠯᠵᠤ᠂ ᠲᠤᠭᠳᠠᠭᠤᠨ ᠤ ᠲᠤᠮᠳᠠ ᠤᠷᠤᠭᠰᠢᠯᠠᠬᠤ ᠠᠵᠢᠯ ᠤᠨ ᠶᠡᠷᠥᠩᠬᠡᠢ ᠬᠦᠭ ᠠᠶᠠᠰ ᠢ ᠪᠠᠷᠢᠮᠲᠠᠯᠠᠨ | ᠂ ᠰᠢᠨ᠎ᠡ ᠬᠦᠭᠵᠢᠯᠲᠡ ᠶᠢᠨ ᠬᠤᠭᠤᠴᠠᠭᠠᠨ ᠳᠤ ᠰᠠᠭᠤᠷᠢᠯᠠᠨ᠂ ᠰᠢᠨ᠎ᠡ ᠬᠥᠭᠵᠢᠯᠲᠡ ᠶᠢᠨ ᠤᠶᠢᠯᠠᠭᠠᠭᠳᠠᠬᠤᠨ ᠢ | ᠪᠠᠷᠢᠮᠲᠠᠯᠠᠨ᠂ ᠰᠢᠨ᠎ᠡ ᠬᠥᠭᠵᠢᠯᠲᠡ ᠶᠢᠨ ᠪᠦᠲᠦᠴᠡ ᠶᠢ ᠴᠤᠭᠴᠠᠯᠠᠨ᠂ ᠠᠮᠢ ᠠᠬᠤᠢ ᠶᠢᠨ ᠬᠥᠭᠵᠢᠯᠲᠡ ᠶᠢ ᠲᠡᠷᠢᠭᠦᠨ | ᠪᠠᠶᠢᠷᠢ ᠳᠤ ᠲᠠᠯᠪᠢᠵᠤ᠂ ᠪᠤᠬᠢᠷᠳᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠤᠯᠭᠠᠨ᠂ ᠴᠢᠨᠠᠷ ᠰᠠᠶᠢᠳᠠᠢ ᠲᠠᠢ | ᠬᠥᠭᠵᠢᠯᠲᠡ ᠶᠢ ᠠᠬᠢᠭᠤᠯᠬᠤ ᠪᠠᠷ ᠭᠤᠣᠯ ᠰᠡᠳᠦᠪ ᠪᠤᠯᠭᠠᠨ᠂ ᠬᠢᠵᠢᠭ ᠢ ᠰᠡᠷᠭᠡᠶᠢᠯᠡᠬᠦ ᠪᠤᠯᠤᠨ ᠠᠵᠤ ᠠᠬᠤᠢ | ᠨᠡᠶᠢᠭᠡᠮ ᠤᠨ ᠬᠥᠭᠵᠢᠯᠲᠡ ᠶᠢᠨ ᠦᠷ᠎ᠡ ᠪᠦᠲᠦᠭᠡᠯ ᠢᠶᠠᠨ ᠪᠠᠲᠤᠵᠢᠭᠤᠯᠤᠨ ᠥᠷᠭᠡᠵᠢᠭᠦᠯᠵᠦ᠂ ᠬᠥᠭᠵᠢᠯᠲᠡ ᠪᠤᠯᠤᠨ | ᠠᠮᠤᠷ ᠲᠦᠪᠰᠢᠨ ᠢ ᠨᠡᠩ ᠰᠠᠶᠢᠨ ᠨᠢᠭᠡᠲᠦᠯᠲᠡᠢ ᠲᠥᠯᠦᠪᠵᠢᠭᠦᠯᠦᠨ᠂ ︽ᠵᠢᠷᠭᠤᠭ᠎ᠠ ᠶᠢ ᠲᠤᠭᠳᠠᠭᠤᠨ ᠪᠠᠶᠢᠯᠭᠠᠬᠤ︾ | ᠠᠵᠢᠯ ᠢ ᠯᠠᠪᠳᠠᠭᠤᠨ ᠬᠢᠵᠦ᠂ ︽ᠵᠢᠷᠭᠤᠭ᠎ᠠ ᠶᠢ ᠪᠠᠲᠤᠯᠠᠬᠤ︾ ᠡᠭᠦᠷᠭᠡ ᠶᠢ ᠪᠦᠬᠦ ᠲᠠᠯ᠎ᠠ ᠪᠠᠷ ᠪᠡᠶᠡᠯᠡᠭᠦᠯᠦᠨ᠂ ᠠᠵᠤ | ᠠᠬᠤᠢ ᠶᠢᠨ ᠡᠷᠡᠭᠦᠯ ᠲᠤᠭᠳᠠᠭᠤᠨ ᠢᠶᠠᠷ ᠬᠦᠭᠵᠢᠬᠦᠯᠬᠦ ᠶᠢ ᠴᠢᠷᠮᠠᠶᠢᠨ ᠪᠠᠲᠤᠯᠠᠵᠤ᠂ ︽ᠠᠷᠪᠠᠨ ᠳᠦᠷᠪᠡᠳᠦᠭᠡᠷ ᠲᠠᠪᠤᠨ | ᠵᠢᠯ︾ ᠤᠨ ᠰᠠᠶᠢᠨ ᠡᠬᠢᠯᠡᠯᠲᠡ ᠲᠠᠢ ᠪᠠᠶᠢᠬᠤ ᠶᠢ ᠪᠠᠲᠤᠯᠠᠨ᠂ ᠨᠢᠭᠡᠳᠦᠭᠡᠷ ᠠᠯᠬᠤᠮ ᠢᠶᠠᠨ ᠰᠠᠶᠢᠲᠤᠷ ᠠᠯᠬᠤᠨ᠂ | ᠰᠢᠯᠢᠳᠡᠭ ᠪᠥᠲᠥᠮᠵᠢ ᠪᠠᠷ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠪᠠᠶᠠᠷᠯᠠᠨ ᠪᠡᠯᠭᠡᠯᠡᠨ᠎ᠡ᠃ | | ᠦᠨᠦ ᠵᠢᠯ ᠤᠨ ᠬᠥᠭᠵᠢᠯᠲᠡ ᠶᠢᠨ ᠭᠤᠣᠯ ᠪᠣᠯᠬᠤ ᠤᠷᠢᠳᠴᠢᠯᠠᠭᠰᠠᠨᠬᠠᠷᠠᠯᠲᠠ ᠪᠣᠯ᠄ ᠭᠠᠵᠠᠷ ᠣᠷᠣᠨ ᠤ | ᠦᠢᠯᠡᠳᠪᠦᠷᠢᠯᠡᠯ ᠤᠨ ᠶᠡᠷᠥᠩᠬᠡᠢ ᠥᠷᠲᠡᠭ ᠢ 6% ᠪᠠᠷ ᠨᠡᠮᠡᠭᠳᠡᠭᠦᠯᠵᠦ᠂ ᠡᠩ ᠤᠨ ᠣᠯᠠᠨ ᠨᠡᠶᠢᠲᠡ ᠶᠢᠨ ᠲᠦᠰᠦᠪ ᠤᠨ | ᠣᠷᠣᠯᠭ᠎ᠠ ᠶᠢ 6% ᠪᠠᠷ ᠨᠡᠮᠡᠭᠳᠡᠭᠦᠯᠦᠨ᠂ ᠬᠡᠪᠴᠢᠶᠡᠨ ᠠᠴᠠ ᠲᠡᠬᠡᠭᠰᠢᠬᠢ ᠲᠤᠭᠲᠠᠮᠠᠯ ᠬᠥᠷᠥᠩᠭᠡ ᠶᠢᠨ ᠪᠡᠯᠡ | ᠣᠷᠣᠭᠤᠯᠤᠯᠲᠠ ᠶᠢ 6% ᠪᠠᠷ ᠨᠡᠮᠡᠭᠳᠡᠭᠦᠯᠦᠨ᠂ ᠨᠡᠶᠢᠭᠡᠮ ᠤᠨ ᠬᠡᠷᠡᠭᠯᠡᠭᠡᠨ ᠤ ᠪᠤᠳᠠᠰ ᠤᠨ ᠵᠢᠵᠢᠭᠯᠡᠨ ᠬᠤᠲᠠᠯᠳᠤᠬᠤ | ᠶᠡᠷᠥᠩᠬᠡᠢ ᠲᠤᠭ᠎ᠠ ᠶᠢ 6% ᠪᠠᠷ ᠨᠡᠮᠡᠭᠳᠡᠭᠦᠯᠦᠨ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠦᠮᠦᠨ | ᠪᠥᠷᠢ ᠶᠢᠨ ᠡᠵᠡᠮᠰᠢᠵᠦ ᠪᠤᠯᠬᠤ ᠣᠷᠣᠯᠭ᠎ᠠ ᠶᠢ ᠲᠣᠰ ᠪᠦᠷᠢ 6.5% ᠪᠤᠯᠤᠨ 7% ᠪᠠᠷ ᠨᠡᠮᠡᠭᠳᠡᠭᠦᠯᠵᠦ᠂ | ᠡᠨᠧᠷᠬᠢ ᠶᠢᠨ ᠬᠤᠷᠤᠭᠳᠠᠯ ᠤᠨ ᠬᠤᠣᠰ ᠡᠵᠡᠮᠰᠢᠯ ᠢ ᠣᠨ ᠤ ᠬᠠᠷᠠᠯᠳᠠᠳᠤ ᠡᠭᠦᠷᠭᠡ ᠶᠢ ᠪᠡᠶᠡᠯᠠᠭᠦᠯᠦᠨᠡ᠃ | | ᠳᠡᠭᠡᠷ᠎ᠡ ᠶᠠᠷᠢᠭᠰᠠᠨ ᠡᠳᠡᠭᠡᠷ ᠬᠠᠷᠠᠯᠲᠠ ᠶᠢᠨ ᠡᠭᠦᠷᠭᠡ ᠶᠢ ᠪᠡᠶᠡᠯᠡᠭᠦᠯᠬᠦ ᠳᠤ ᠳᠣᠣᠷᠠᠬᠢ ᠮᠡᠲᠦ ᠨᠠᠢᠮᠠᠨ | ᠲᠥᠷᠥᠯ ᠤᠨ ᠠᠵᠢᠯ ᠢ ᠭᠤᠣᠯᠳᠠᠯᠭ᠎ᠠ ᠲᠠᠢ ᠰᠠᠶᠢᠲᠤᠷ ᠬᠢᠨ᠎ᠡ᠃ | | ︵ᠨᠢᠭᠡ︶ ᠬᠡᠯᠪᠡᠷᠢ ᠶᠢᠨ ᠬᠤᠪᠢᠷᠠᠭᠠᠨ ᠲᠡᠰ ᠲᠠᠪᠰᠢᠭᠤᠯᠬᠤ ᠪᠠᠷ ᠬᠦᠴᠦ ᠪᠠᠨ ᠲᠥᠪᠯᠡᠷᠡᠭᠦᠯᠵᠦ᠂ | ᠣᠳᠤᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠲᠦᠷᠭᠡᠳᠭᠡᠨ ᠪᠠᠶᠢᠭᠤᠯᠤᠨ᠎ᠠ | | ᠲᠠᠷᠢᠶᠠᠯᠠᠩ ᠤᠨ ᠬᠥᠭᠵᠢᠯᠲᠡ ᠶᠢᠨ ᠶᠠᠰᠤ ᠴᠢᠨᠠᠷ ᠪᠠ ᠦᠷ᠎ᠡ ᠪᠥᠲᠥᠮᠵᠢ ᠶᠢ ᠳᠡᠭᠡᠭᠰᠢᠯᠡᠭᠦᠯᠦᠨ᠎ᠡ᠃ | ᠲᠠᠷᠢᠶᠠᠨ ᠭᠠᠵᠠᠷ ᠢ ᠬᠠᠮᠠᠭᠠᠯᠠᠬᠤ ᠬᠦᠴᠦᠯᠡᠴᠡ ᠪᠠᠨ ᠨᠡᠮᠡᠭᠳᠡᠭᠦᠯᠦᠨ᠂ ᠬᠥᠳᠡᠭᠡ ᠲᠤᠰᠬᠤᠨ ᠤ ᠲᠠᠷᠢᠶᠠᠨ ᠭᠠᠵᠠᠷ ᠲᠤ | ᠳᠤᠷ᠎ᠠ ᠪᠠᠷ ᠢᠶᠠᠨ ᠭᠡᠷ ᠪᠠᠶᠢᠰᠢᠩ ᠪᠠᠷᠢᠬᠤ ᠶᠢ ᠴᠡᠭᠴᠡᠯᠡᠬᠦ ᠲᠤᠰᠬᠠᠢ ᠠᠵᠢᠯᠯᠠᠭ᠎ᠠ ᠶᠢ ᠭᠦᠨᠵᠡᠭᠡᠢ ᠠᠬᠢᠭᠤᠯᠤᠨ᠂ | ᠲᠠᠷᠢᠶᠠᠨ ᠭᠠᠵᠠᠷ ᠢ ︽ᠲᠠᠷᠢᠶᠠᠯᠠᠩ ᠤᠨ ᠪᠤᠰᠤ︾ ᠪᠣᠯᠭᠠᠬᠤ ᠶᠢ ᠡᠷᠡᠰ ᠬᠤᠷᠢᠭᠯᠠᠵᠤ᠂ ︽ᠠᠮᠤ ᠪᠤᠳᠠᠭᠠᠨ ᠤ ᠲᠠᠷᠢᠮᠠᠯ | ᠲᠠᠷᠢᠬᠤ ᠦᠭᠡᠢ︾ ᠦᠵᠡᠭᠳᠡᠯ ᠢ ᠰᠡᠷᠭᠡᠶᠢᠯᠡᠨ᠂ ᠠᠮᠤ ᠪᠤᠳᠠᠭᠠᠨ ᠤ ᠲᠠᠷᠢᠬᠤ ᠲᠠᠯᠠᠪᠠᠢ ᠬᠢᠭᠡᠳ ᠬᠤᠷᠢᠶᠠᠯᠲᠠ ᠶᠢᠨ | ᠲᠤᠭᠲᠠᠮᠠᠯ ᠪᠠᠶᠢᠬᠤ ᠶᠢ ᠪᠠᠲᠤᠯᠠᠨ᠂ ᠲᠠᠷᠢᠶᠠᠯᠠᠩ ᠤᠨ ᠣᠷᠣᠨ ᠪᠦᠰᠡ ᠶᠢᠨ ᠪᠠᠶᠢᠷᠢᠯᠠᠭᠤᠯᠤᠯᠲᠠ ᠶᠢ ᠦᠷᠭᠦᠯᠵᠢᠯᠠᠨ | ᠰᠢᠯᠢᠳᠡᠭᠵᠢᠭᠦᠯᠵᠦ᠂ ᠭᠠᠵᠠᠷ ᠣᠷᠤᠨ ᠤ ᠪᠠᠶᠢᠳᠠᠯ ᠢᠶᠠᠨ ᠠᠰᠢᠭᠯᠠᠨ᠂ ᠤᠨᠴᠠᠯᠢᠭᠳᠤ ᠲᠠᠷᠢᠶᠠᠯᠠᠩ ᠮᠠᠯ ᠠᠵᠤ | ᠠᠬᠤᠢ ᠶᠢᠨ ᠦᠢᠯᠡᠳᠪᠦᠷᠢᠯᠡᠯ ᠤᠨ ᠪᠦᠰᠡ ᠬᠢᠭᠡᠳ ᠲᠥᠪᠯᠡᠷᠡᠭᠦᠯᠦᠭᠰᠡᠨ ᠪᠦᠰᠡ ᠶᠢ ᠪᠦᠲᠦᠭᠡᠨ ᠪᠠᠶᠢᠭᠤᠯᠵᠤ᠂ | ᠳᠦᠬᠦᠭᠡᠷᠥᠮᠵᠢᠳᠤ ᠲᠠᠷᠢᠶᠠᠯᠠᠬᠤ ᠭᠠᠵᠠᠷ ᠢ 1 ᠲᠥᠮᠡᠨ ᠮᠦ᠂ ᠥᠭᠡᠷᠡᠴᠢᠯᠡᠨ ᠪᠠᠶᠢᠭᠤᠯᠤᠭᠰᠠᠨ ᠠᠵᠤ ᠠᠬᠤᠢ ᠶᠢᠨ | ᠤᠢ ᠶᠢ 5000 ᠮᠦ ᠰᠢᠨ᠎ᠡ ᠪᠠᠷ ᠨᠡᠮᠡᠭᠳᠡᠭᠦᠯᠦᠨ᠂ ᠥᠭᠡᠷᠡᠴᠢᠯᠡᠨ ᠪᠠᠶᠢᠭᠤᠯᠤᠭᠰᠠᠨ ᠪᠠᠷᠢᠮᠵᠢᠶᠠᠵᠢᠭᠰᠠᠨ ᠲᠡᠵᠢᠭᠡᠨ | ᠦᠷᠡᠵᠢᠭᠦᠯᠬᠦ ᠵᠢᠵᠢᠭ ᠲᠤᠭᠤᠷᠢᠭ ᠢ 23 ᠲᠥᠮᠡᠨ ᠲᠡᠭᠰᠢ ᠳᠥᠷᠪᠡᠯᠵᠢᠨ ᠮᠧᠲᠷ ᠰᠢᠨ᠎ᠡ ᠪᠠᠷ ᠪᠠᠶᠢᠭᠤᠯᠤᠨ᠎ᠠ᠃ | ᠤᠨᠴᠠᠯᠢᠭᠳᠤ ᠲᠠᠷᠢᠶᠠᠯᠠᠩ ᠤᠨ ᠪᠦᠲᠦᠭᠡᠭᠳᠡᠭᠦᠨ ᠤ ᠠᠩᠬᠠᠨ ᠤ ᠪᠤᠯᠪᠠᠰᠤᠷᠠᠭᠤᠯᠤᠯᠲᠠ ᠬᠢᠭᠡᠳ ᠨᠠᠷᠢᠯᠢᠭ | ᠪᠤᠯᠪᠠᠰᠤᠷᠠᠭᠤᠯᠤᠯᠲᠠ ᠳᠤ ᠰᠠᠭᠤᠷᠢᠯᠠᠵᠤ᠂ ᠬᠢᠲᠠᠳ ᠡᠮ ᠤᠨ ᠮᠠᠲ᠋ᠧᠷᠢᠶᠠᠯ᠂ ᠲᠥᠪᠡᠳ ᠬᠠᠰᠢ᠂ ᠠᠭᠤᠯᠠ ᠶᠢᠨ | ᠦᠵᠦᠮ᠂ ᠮᠢᠬᠠᠨ ᠦᠬᠡᠷ᠂ ᠮᠢᠬᠠᠨ ᠨᠤᠭᠤᠰᠤ ᠵᠡᠷᠭᠡ ᠤᠨᠴᠠᠯᠢᠭᠳᠤ ᠳᠠᠪᠠᠭᠤᠯᠢᠭ ᠠᠵᠤ ᠦᠢᠯᠡᠰ ᠤᠨ ᠪᠦᠬᠦ | ᠬᠡᠯᠬᠢᠶᠡᠵᠢᠯ ᠢ ᠠᠭᠤᠰᠤᠯᠴᠠᠭᠤᠯᠤᠨ ᠬᠦᠭᠵᠢᠬᠦᠯᠬᠦ ᠶᠢ ᠠᠬᠢᠭᠤᠯᠤᠨ᠂ ᠤᠯᠤᠰ ᠤᠨ ᠳᠡᠰ ᠤᠨ ᠬᠢᠳᠡᠳ ᠡᠮ ᠤᠨ | ᠮᠠᠲ᠋ᠧᠷᠢᠶᠠᠯ ᠤᠨ ᠣᠳᠣᠬᠢᠴᠢᠯᠠᠭᠰᠠᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠢ ᠬᠦᠴᠦᠯᠡᠨ ᠪᠠᠶᠢᠭᠤᠯᠵᠦ᠂ | ᠪᠤᠬᠢᠷᠳᠣᠯ ᠦᠭᠡᠢ ᠤᠳᠤᠷᠢᠳᠤᠮᠵᠢ ᠪᠤᠯᠭᠠᠬᠤ᠂ ᠪᠠᠷᠢᠮᠵᠢᠶᠠᠵᠢᠯ ᠢᠶᠠᠷ ᠬᠦᠳᠦᠯᠬᠦ ᠪᠠ ᠴᠢᠨᠠᠷ ᠴᠢᠨᠰᠠᠭ᠎ᠠ ᠶᠢᠨ ᠠᠮᠤᠷ | ᠲᠦᠪᠰᠢᠨ ᠤ ᠬᠢᠨᠠᠯᠳᠠ ᠶᠢ ᠴᠢᠩᠭᠠᠳᠬᠠᠨ᠂ ᠲᠠᠷᠢᠶᠠᠯᠠᠩ ᠤᠨ ᠪᠦᠲᠦᠭᠡᠭᠳᠡᠭᠦᠨ ᠤ ᠪᠠᠷᠢᠮᠵᠢᠶᠠᠵᠢᠭᠤᠯᠬᠤ ᠪᠠ ᠪᠦᠬᠦ | ᠶᠠᠪᠤᠴᠠ ᠶᠢ ᠮᠦᠷᠳᠡᠨ ᠬᠢᠨᠠᠬᠤ ᠰᠢᠰᠲ᠋ᠧᠮ ᠤᠨ ᠪᠠᠶᠢᠭᠤᠯᠤᠯᠳᠠ ᠶᠢ ᠲᠦᠷᠭᠡᠳᠭᠡᠨ᠂ ᠲᠠᠷᠢᠶᠠᠯᠠᠩ ᠤᠨ ᠰᠢᠯᠢᠳᠡᠭ | ᠪᠦᠲᠦᠭᠡᠭᠳᠡᠭᠦᠨ ᠤ ᠬᠠᠩᠭᠠᠯᠲᠠ ᠶᠢ ᠨᠡᠮᠡᠭᠳᠡᠭᠦᠯᠦᠨ᠎ᠡ᠃ ᠣᠷᠣᠨ ᠪᠦᠰᠡ ᠶᠢᠨ ᠣᠯᠠᠨ ᠨᠡᠶᠢᠲᠡ ᠶᠢᠨ ᠨᠡᠷᠡᠳᠦ ᠲᠡᠮᠳᠡᠭ | ᠪᠤᠢ ᠪᠤᠯᠭᠠᠬᠤ ᠶᠢ ᠤᠯᠠᠮ ᠨᠢᠭᠡ ᠠᠯᠬᠤᠮ ᠴᠢᠩᠭᠠᠳᠬᠠᠠᠨ᠂ ᠪᠤᠬᠢᠷᠳᠤᠯ ᠦᠭᠡᠢ ᠤᠨᠴᠠᠯᠢᠭᠳᠤ ᠲᠠᠷᠢᠶᠠᠯᠠᠩ ᠤᠨ | ᠪᠦᠲᠦᠭᠡᠭᠳᠡᠭᠦᠨ ᠤ ᠨᠡᠩ ᠤᠯᠠᠨ ᠨᠡᠷᠡᠳᠦ ᠲᠡᠮᠳᠡᠭ ᠢ ᠪᠤᠶᠢᠵᠢᠭᠤᠯᠤᠨ᠎ᠡ᠂ ᠵᠢᠯ ᠳᠤ ︽ᠭᠤᠷᠪᠠᠨ ᠪᠦᠲᠦᠭᠡᠭᠳᠡᠭᠦᠨ | ᠨᠢᠭᠡ ᠪᠠᠷᠢᠮᠵᠢᠶ᠎ᠠ︾ ᠶᠢᠨ ᠦᠨᠡᠯᠡᠯᠳᠡ ᠪᠦᠬᠦᠢ ᠪᠦᠲᠦᠭᠡᠭᠳᠡᠭᠦᠨ ᠢ 6 ᠶᠢ ᠨᠡᠮᠡᠭᠳᠡᠭᠦᠯᠦᠨ᠎ᠡ᠃ | | | ᠠᠵᠤ ᠦᠢᠯᠡᠳᠪᠦᠷᠢ ᠶᠢᠨ ᠬᠡᠯᠪᠡᠷᠢ ᠬᠤᠪᠢᠷᠠᠭᠠᠨ ᠲᠡᠰ ᠲᠠᠪᠰᠢᠭᠤᠯᠬᠤ ᠶᠢ ᠲᠦᠯᠬᠢᠨ ᠠᠬᠢᠭᠤᠯᠤᠨ᠎ᠠ᠃ | ᠤᠯᠠᠭᠠᠨᠬᠠᠳᠠ ᠬᠤᠲᠠ ᠶᠢᠨ ᠶᠦᠨ ᠲᠥᠩ ᠤᠨ ᠲᠤᠭᠳᠠᠭᠤᠨ ᠢᠶᠠᠷ ᠦᠢᠯᠡᠳᠪᠦᠷᠢᠯᠡᠬᠦ ᠶᠢ ᠪᠦᠬᠦ ᠬᠦᠴᠦ ᠪᠠᠷ ᠪᠠᠲᠤᠯᠠᠨ | ᠂ ᠳ᠋ᠦᠩ ᠶᠤᠸᠠᠢ ᠶᠢᠨ ᠹᠧᠩ ᠤᠨ ᠬᠤᠶᠠᠳᠤᠭᠠᠷ ᠬᠤᠭᠤᠴᠠᠭᠠᠨ ᠤ 3 ᠲᠥᠮᠡᠨ ᠳᠤᠨ ᠹᠯᠣᠷᠲᠤ ᠤᠰᠤᠳᠦᠷᠥᠭᠴᠢ | ᠬᠢᠭᠡᠳ 2 ᠲᠥᠮᠡᠨ ᠳᠤᠨ ᠹᠯᠣᠷᠲᠤ ᠤᠰᠤᠳᠦᠷᠥᠭᠴᠢ ᠠᠮᠮᠤᠨᠢ ᠶᠢᠨ ᠦᠢᠯᠡᠳᠪᠦᠷᠢᠯᠡᠯ ᠤᠨ ᠱᠤᠭᠤᠮ ᠢ ᠲᠤᠰ | ᠵᠢᠯ ᠳᠡᠭᠡᠨ ᠪᠦᠬᠦ ᠲᠠᠯ᠎ᠠ ᠪᠠᠷ ᠪᠡᠯᠡ ᠣᠷᠣᠭᠤᠯᠤᠨ᠎ᠠ᠃ ᠭᠠᠥᠯᠢ ᠵᠡᠰ ᠤᠨ ᠨᠠᠷᠢᠯᠢᠭ ᠪᠤᠯᠪᠠᠰᠤᠷᠠᠭᠤᠯᠤᠯᠲᠠ᠂ ᠬᠦᠬᠦᠷ | ᠬᠦᠴᠢᠯ ᠤᠨ ᠬᠢᠮᠢ ᠶᠢᠨ ᠠᠵᠤ ᠦᠢᠯᠡᠳᠪᠦᠷᠢᠯᠡᠯ᠂ ᠹᠯᠣᠷ ᠤᠨ ᠬᠢᠮᠢ ᠶᠢᠨ ᠠᠵᠤ ᠦᠢᠯᠡᠳᠪᠦᠷᠢᠯᠡᠯ ᠤᠨ ᠦᠢᠯᠡᠳᠭᠦᠨ ᠤ | ᠲᠥᠷᠥᠯ ᠵᠦᠢᠯ ᠢ ᠲᠠᠳᠠᠨ ᠠᠪᠴᠢᠷᠠᠬᠤ ᠳᠤ ᠬᠦᠴᠦ ᠲᠠᠯᠪᠢᠨ᠂ ᠠᠵᠤ ᠦᠢᠯᠡᠰ ᠤᠨ ᠬᠡᠯᠬᠢᠶᠡᠵᠢᠯ ᠤᠨ | ᠦᠷᠭᠦᠯᠵᠢᠯᠡᠬᠦᠯᠬᠦ ᠨᠦᠬᠦᠪᠦᠷᠢᠯᠡᠬᠦ ᠴᠢᠩᠭᠠᠳᠬᠠᠬᠤ ᠶᠢ ᠦᠷᠭᠦᠵᠢᠯᠡᠬᠦᠯᠦᠨ᠂ ᠵᠡᠰ ᠤᠨ ᠦᠢᠯᠡᠳᠪᠦᠷᠢᠯᠡᠯ᠂ ᠹᠯᠣᠷ ᠤᠨ | ᠬᠢᠮᠢ ᠶᠢᠨ ᠦᠢᠯᠡᠳᠪᠦᠷᠢᠯᠡᠯ ᠢ ᠶᠡᠬᠡᠰᠬᠡᠨ ᠰᠢᠯᠢᠳᠡᠭᠵᠢᠬᠦᠯᠦᠨ᠎ᠡ᠃ ᠶᠤᠸᠠᠨ ᠬᠠᠩ ᠱᠦᠢᠨᠢ ᠶᠢᠨ ᠦᠢᠯᠡᠳᠪᠦᠷᠢ ᠶᠢᠨ | ᠡᠳᠦᠷ ᠲᠤ 4500 ᠲᠤᠨ ᠱᠦᠢᠨᠢ ᠶᠢᠨ ᠪᠣᠯᠪᠠᠰᠤᠷᠠᠩᠭᠤᠢ ᠮᠠᠲ᠋ᠧᠷᠢᠶᠠᠯ ᠬᠢᠬᠦ᠂ ᠵᠢᠯ ᠳᠤ 100 ᠲᠦᠮᠡᠨ ᠲᠤᠨ | ᠢᠳᠡᠪᠬᠢ ᠢᠰᠦᠯᠳᠦᠭᠰᠡᠨ ᠺᠠᠯᠼ ᠬᠢᠬᠦ ᠦᠢᠯᠡᠳᠪᠦᠷᠢᠯᠡᠯ ᠤᠨ ᠱᠤᠭᠤᠮ ᠪᠤᠯᠤᠨ ᠵᠥᠩ ᠰᠢᠩ ᠱᠧᠤ ᠴᠤᠸᠠᠩ ᠤᠨ | ᠵᠢᠯ ᠳᠤ 200 ᠲᠥᠮᠡᠨ ᠺᠥᠪ ᠮᠧᠲᠷ ᠤᠭᠰᠠᠷᠠᠬᠤ ᠪᠠᠷᠢᠯᠭ᠎ᠠ ᠶᠢᠨ ᠪᠦᠲᠦᠭᠡᠭᠳᠡᠭᠦᠨ ᠤ ᠲᠥᠷᠥᠯ ᠵᠦᠢᠯ ᠢ ᠡᠬᠢᠯᠡᠨ | ᠪᠠᠶᠢᠭᠤᠯᠵᠤ᠂ ᠵᠥᠩ ᠰᠢᠨ ᠪᠠᠷᠢᠯᠭ᠎ᠠ ᠶᠢᠨ ᠮᠠᠲ᠋ᠧᠷᠢᠶᠠᠯ ᠤᠨ ᠵᠢᠯ ᠳᠤ 300 ᠲᠥᠮᠡᠨ ᠲᠤᠨ ᠨᠡᠭᠦᠷᠡᠰᠦᠳᠦᠷᠥᠭᠴᠢᠲᠦ | ᠺᠠᠯᠼ ᠨᠠᠷᠢᠯᠢᠭ ᠪᠤᠯᠪᠠᠰᠤᠷᠠᠭᠤᠯᠬᠤ ᠲᠥᠷᠥᠯ ᠵᠦᠢᠯ ᠢ ᠪᠠᠶᠢᠭᠤᠯᠬᠤ ᠶᠢ ᠲᠦᠯᠬᠢᠨ ᠠᠬᠢᠭᠤᠯᠵᠤ᠂ ᠶᠤᠸᠠᠨ ᠬᠠᠩ | ᠱᠦᠢᠨᠢ ᠶᠢᠨ ᠵᠢᠯ ᠳᠤ 200 ᠲᠥᠮᠡᠨ ᠺᠥᠪ ᠮᠧᠲᠷ ᠤᠨ ᠪᠠᠷᠢᠯᠭ᠎ᠠ ᠶᠢᠨ ᠮᠠᠲ᠋ᠧᠷᠢᠶᠠᠯ ᠦᠢᠯᠡᠳᠬᠦ ᠲᠥᠷᠥᠯ ᠵᠦᠢᠯ ᠢ | ᠪᠠᠶᠢᠭᠤᠯᠵᠤ ᠠᠰᠢᠭᠯᠠᠯᠳᠠ ᠳᠤ ᠤᠷᠤᠭᠤᠯᠤᠨ᠎ᠠ᠃ ᠨᠢᠦ ᠵᠢᠶᠠ ᠶᠢᠩᠽᠢ ᠶᠢᠨ ᠮᠤᠩᠭᠤᠯ ᠬᠢᠲᠠᠳ ᠡᠮ ᠤᠨ ᠮᠠᠲ᠋ᠧᠷᠢᠶᠠᠯ | ᠪᠤᠯᠪᠠᠰᠤᠷᠠᠭᠤᠯᠬᠤ ᠬᠠᠳᠠᠭᠠᠯᠠᠬᠤ ᠠᠷᠠᠯᠵᠢᠶᠠᠯᠠᠬᠤ ᠲᠥᠪ ᠤᠨ ᠲᠥᠷᠥᠯ ᠵᠦᠢᠯ ᠤᠨ ᠡᠬᠢᠯᠡᠨ ᠶᠠᠪᠤᠭᠳᠠᠭᠤᠯᠵᠤ᠂ ᠵᠢᠦ | ᠮᠦ ᠾᠧ ᠺᠤᠮᠫᠠᠨᠢ ᠶᠢᠨ 2600 ᠲᠥᠮᠡᠨ ᠮᠢᠬᠠᠨ ᠨᠤᠭᠤᠰᠤᠨ ᠤ ᠦᠢᠯᠡᠳᠪᠦᠷᠢᠯᠡᠯ ᠤᠨ ᠬᠤᠶᠠᠲᠤᠭᠠᠷ | ᠬᠤᠭᠤᠴᠠᠭᠠᠨ ᠤ ᠲᠥᠷᠥᠯ ᠵᠦᠢᠯ ᠢ ᠪᠦᠲᠦᠭᠡᠨ ᠪᠠᠶᠢᠭᠤᠯᠵᠤ᠂ ᠲᠠᠷᠢᠶᠠᠯᠠᠩ ᠮᠠᠯ ᠠᠵᠤ ᠠᠬᠤᠢ ᠶᠢᠨ ᠦᠢᠯᠡᠳᠭᠦᠨ ᠤ | ᠨᠠᠷᠢᠯᠢᠭ ᠪᠤᠯᠪᠠᠰᠤᠷᠠᠭᠤᠯᠬᠤ ᠴᠢᠳᠠᠪᠤᠷᠢ ᠶᠢ ᠲᠠᠰᠤᠷᠠᠯᠳᠠ ᠦᠭᠡᠢ ᠳᠡᠭᠡᠭᠰᠢᠯᠡᠭᠦᠯᠦᠨ᠎ᠠ᠂ ᠾᠧ ᠮᠧᠢ ᠲᠤᠭᠤᠷᠢᠭ ᠤᠨ | ᠦᠢᠯᠡᠳᠪᠦᠷᠢᠯᠡᠯ ᠬᠤᠲᠠ ᠶᠢ ᠠᠭᠤᠰᠤᠯᠴᠠᠭᠤᠯᠤᠭᠰᠠᠨ ᠵᠠᠮᠴᠢ ᠲᠤᠭᠤᠷᠢᠭ ᠂ ᠤᠯᠠᠭᠠᠨᠬᠠᠳᠠ ᠶᠢᠨ ᠰᠢᠨ᠎ᠡ | ᠮᠠᠲ᠋ᠧᠷᠢᠶᠠᠯ ᠤᠨ ᠦᠢᠯᠡᠳᠪᠦᠷᠢᠯᠡᠯ ᠤᠨ ᠬᠦᠷᠢᠶᠡᠯᠡᠩ ᠢᠶᠠᠷ ᠲᠥᠰᠢᠴᠡ ᠪᠣᠯᠭᠠᠨ᠂ ᠰᠢᠨ᠎ᠡ ᠬᠡᠯᠪᠡᠷᠢ ᠶᠢᠨ ᠮᠠᠲ᠋ᠧᠷᠢᠶᠠᠯ᠂ | ᠲᠤᠨᠤᠭ ᠳᠥᠬᠦᠭᠡᠷᠥᠮᠵᠢ ᠶᠢᠨ ᠦᠢᠯᠡᠳᠪᠦᠷᠢᠯᠡᠬᠦ ᠵᠡᠷᠭᠡ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ | ᠦᠢᠯᠡᠳᠪᠦᠷᠢᠯᠡᠯ ᠤᠨ ᠲᠥᠷᠥᠯ ᠵᠦᠢᠯ ᠤᠨ ᠠᠷᠠᠯᠵᠢᠶᠠᠴᠢᠨ ᠤᠷᠢᠬᠤ ᠶᠢ ᠴᠢᠩᠭᠠᠳᠬᠠᠠᠨ᠂ ᠠᠵᠤ ᠠᠬᠤᠢ ᠶᠢᠨ ᠰᠢᠨ᠎ᠡ | ᠥᠰᠥᠯᠲᠡ ᠶᠢᠨ ᠲᠤᠶᠢᠯ ᠢ ᠴᠢᠷᠮᠠᠶᠢᠨ ᠪᠤᠢ ᠪᠣᠯᠭᠠᠨ᠎ᠠ᠃ | | ᠲᠡᠭᠦᠯᠳᠡᠷ ᠵᠢᠭᠤᠯᠴᠢᠯᠠᠯ ᠤᠨ ᠦᠢᠯᠡᠰ ᠤᠨ ᠬᠥᠭᠵᠢᠯᠲᠡ ᠶᠢ ᠲᠦᠷᠭᠡᠳᠭᠡᠨ᠎ᠡ᠃ ᠤᠯᠤᠰ ᠤᠨ ᠰᠡᠯᠡᠭᠦᠴᠡᠨ | ᠠᠮᠠᠷᠠᠬᠤ ᠵᠢᠭᠤᠯᠴᠢᠯᠠᠯ ᠤᠨ ᠵᠢᠱᠢᠶ᠎ᠡ ᠦᠵᠡᠭᠦᠯᠬᠦ ᠲᠤᠭᠤᠷᠢᠭ ᠬᠢᠭᠡᠳ ᠥᠪᠡᠷᠲᠡᠭᠡᠨ ᠵᠠᠰᠠᠬᠤ ᠣᠷᠣᠨ ᠤ ᠲᠡᠭᠦᠯᠳᠡᠷ | ᠵᠢᠭᠤᠯᠴᠢᠯᠠᠯ ᠤᠨ ᠵᠢᠱᠢᠶ᠎ᠡ ᠦᠵᠡᠭᠦᠯᠬᠦ ᠬᠤᠰᠢᠭᠤ ᠶᠢ ᠪᠠᠶᠢᠭᠤᠯᠬᠤ ᠬᠠᠷᠠᠯᠲᠠ ᠶᠢᠨ ᠲᠤᠭᠤᠷᠢᠨ ᠳᠤ᠂ ᠪᠦᠬᠦ | ᠬᠤᠰᠢᠭᠤᠨ ᠤ ᠬᠤᠪᠢᠰᠬᠠᠯ ᠤᠨᠵᠢᠭᠤᠯᠴᠢᠯᠠᠯ ᠂ ᠠᠮᠢ ᠠᠬᠤᠢ ᠶᠢᠨ ᠵᠢᠭᠤᠯᠴᠢᠯᠠᠯ᠂ ᠮᠦᠰᠦ ᠴᠠᠰᠤᠨ ᠤ ᠵᠢᠭᠤᠯᠴᠢᠯᠠᠯ᠂ | ᠬᠥᠳᠡᠭᠡ ᠲᠤᠰᠬᠤᠨ ᠤ ᠵᠢᠭᠤᠯᠴᠢᠯᠠᠯ᠂ ᠰᠤᠶᠤᠯ ᠤᠨ ᠵᠢᠭᠤᠯᠴᠢᠯᠠᠯ ᠤᠨ ᠬᠥᠭᠵᠢᠯᠲᠡ ᠶᠢᠨ ᠲᠥᠪᠰᠢᠨ ᠢ ᠪᠦᠬᠦ | ᠲᠠᠯ᠎ᠠ ᠪᠠᠷ ᠲᠡᠰ ᠲᠠᠪᠰᠢᠭᠤᠯᠤᠨ᠎ᠠ᠃ ᠮᠡᠶᠢᠷᠡᠨ ᠬᠠᠪᠴᠢᠯ ᠤᠨ ᠴᠠᠰᠤᠨ ᠳᠤ ᠭᠤᠯᠭᠤᠬᠤ ᠲᠠᠯᠠᠪᠤᠷ ᠤᠨ ᠬᠤᠶᠠᠳᠤᠭᠠᠷ | ᠬᠤᠭᠤᠴᠠᠭᠠᠨ ᠤ 6 ᠵᠤᠷᠪᠤᠰ ᠳᠤᠮᠳᠠ ᠳᠡᠰ ᠤᠨ ᠭᠤᠯᠭᠤᠯᠲᠠ ᠶᠢᠨ ᠵᠠᠮ ᠪᠠ ᠨᠢᠭᠡ 1 ᠳᠠᠲᠠᠯᠭᠠᠨ ᠵᠠᠮ᠂ ᠵᠦᠩ | ᠹᠠᠩ ᠪᠦᠯᠦᠭᠯᠡᠯ ᠤᠨ ᠮᠡᠶᠢᠷᠡᠨ ᠭᠤᠤ ᠳᠠᠬᠢ ᠡᠷᠡᠭᠦᠯᠵᠢᠯ ᠰᠤᠪᠢᠯᠠᠯ ᠤᠨ ᠵᠢᠵᠢᠭ ᠪᠠᠯᠭᠠᠰᠤ ᠶᠢᠨ ᠸᠧᠨ ᠴᠢᠤᠸᠠᠨ | ᠪᠠᠭᠤᠳᠠᠯ ᠬᠢᠭᠡᠳ ᠬᠤᠳᠠᠯᠳᠤᠭᠠᠨ ᠤ ᠵᠡᠭᠡᠯᠢ᠂ ᠸᠠᠩ ᠶᠧ ᠳ᠋ᠢᠶᠠᠨ ᠤ ᠤᠢ ᠰᠢᠭᠤᠢ ᠶᠢᠨ ᠣᠯᠠᠨ ᠴᠢᠳᠠᠮᠵᠢᠳᠦ | ᠪᠡᠶᠡᠴᠢᠯᠡᠨ ᠤᠶᠢᠯᠠᠭᠠᠬᠤ ᠰᠠᠭᠤᠷᠢᠨ ᠭᠠᠵᠠᠷ ᠤᠨ ᠤᠢ ᠰᠢᠭᠤᠢ ᠶᠢᠨ ᠦᠵᠡᠭᠦᠯᠦᠯᠭᠡ ᠶᠢᠨ ᠣᠷᠳᠣᠨ ᠬᠢᠭᠡᠳ ᠬᠡᠭᠡᠷ᠎ᠡ | ᠭᠠᠳᠠᠭ᠎ᠠ ᠶᠢᠨ ᠪᠠᠶᠢᠭᠠᠯᠢ ᠶᠢᠨ ᠰᠤᠷᠭᠠᠨ ᠬᠦᠮᠦᠵᠢᠯ ᠤᠨ ᠵᠤᠰᠠᠭᠠᠯ᠂ ᠱᠠᠨ ᠷᠥᠩ ᠣᠪᠣᠭ ᠠᠶᠢᠮᠠᠭ ᠤᠨ | ᠠᠮᠠᠷᠠᠯᠲᠠ ᠶᠢᠨ ᠭᠠᠵᠠᠷ ᠤᠨ ᠪᠠᠭᠤᠳᠠᠯ ᠵᠡᠷᠭᠡ ᠭᠤᠤᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ | ᠭᠤᠣᠯᠴᠢᠯᠠᠨ ᠠᠳᠬᠤᠵᠤ᠂ ᠤᠯᠣᠰ ᠤᠨ 5A ᠳᠡᠰ ᠤᠨ ᠦᠵᠡᠮᠵᠢ ᠶᠢᠨ ᠣᠷᠣᠨ ᠪᠤᠯᠤᠨ ᠮᠡᠶᠢᠷᠡᠨ ᠭᠤᠤ ᠶᠢᠨ | ᠳᠡᠳ᠋ ᠦᠨᠳᠦᠷᠯᠢᠭ ᠤᠨ ᠤᠷᠤᠨ ᠳᠠᠬᠢ ᠲᠠᠮᠢᠷ ᠤᠨ ᠭᠦᠳᠡᠯᠭᠡᠭᠡᠨ ᠰᠡᠯᠡᠭᠦᠴᠡᠯ ᠤᠨ ᠤᠯᠣᠰ ᠳᠡᠰ ᠤᠨ ᠵᠢᠭᠤᠯᠴᠢᠯᠠᠯ | ᠠᠮᠠᠷᠠᠯᠲᠠ ᠶᠢᠨ ᠲᠤᠭᠤᠷᠢᠭ ᠢ ᠪᠦᠲᠦᠭᠡᠨ ᠪᠠᠶᠢᠭᠤᠯᠬᠤ ᠠᠵᠢᠯ ᠢ ᠰᠠᠶᠢᠳᠤᠷ ᠠᠳᠬᠤᠨ᠎ᠠ᠃ ︽ᠠᠷᠪᠠᠨ | ᠳᠦᠷᠪᠡᠳᠦᠭᠡᠷ ᠡᠪᠦᠯ︾ ᠤᠨ ᠤᠷᠤᠯᠳᠤᠭᠠᠨ ᠤ ᠳᠠᠷᠠᠭᠠᠬᠢ ᠡᠵᠡᠩᠨᠡᠯᠲᠡ ᠪᠤᠯᠤᠨ ᠤᠬᠠᠭᠤᠯᠤᠨ ᠲᠠᠨᠢᠯᠴᠠᠭᠤᠯᠬᠤ | ᠠᠵᠢᠯ ᠢ ᠦᠷᠭᠦᠯᠵᠢᠯᠡᠨ ᠴᠢᠩᠭᠠᠳᠬᠠᠵᠤ᠂ ᠤᠯᠤᠰ ᠤᠨ ᠦᠨᠳᠦᠷ ᠠᠭᠤᠯᠠᠨ ᠤ ᠴᠠᠰᠤᠨ ᠭᠤᠯᠭᠤᠯᠲᠠ ᠶᠢᠨ | ᠠᠩᠭᠢ ᠶᠢᠨ ᠪᠤᠯᠪᠠᠰᠤᠷᠠᠯ ᠤᠨ ᠦᠢᠯᠡᠴᠢᠯᠡᠭᠡᠨ ᠤ ᠪᠠᠲᠤᠯᠠᠭ᠎ᠠ ᠶᠢᠨ ᠠᠵᠢᠯ ᠢ ᠦᠷᠭᠦᠯᠵᠢᠯᠡᠨ ᠰᠠᠶᠢᠲᠤᠷ ᠬᠢᠵᠦ᠂ | 2022 ᠣᠨ ᠤ ᠪᠡᠭᠡᠵᠢᠩ ᠤᠨ ᠡᠪᠦᠯ ᠤᠨ ᠤᠯᠠᠷᠢᠯ ᠤᠨ ᠤᠯᠢᠮᠫᠢᠺ ᠤᠨ ᠬᠠᠮᠢᠶ᠎ᠠ ᠪᠦᠬᠦᠢ ᠣᠷᠣᠯᠳᠤᠭᠠᠨ ᠤ | ᠦᠢᠯᠡᠴᠢᠯᠡᠭᠡᠨ ᠤ ᠪᠠᠲᠤᠯᠠᠭ᠎ᠠ ᠶᠢᠨ ᠶᠡᠭᠡ ᠲᠠᠯ᠎ᠠ ᠲᠠᠢ ᠢᠳᠡᠪᠬᠢᠲᠡᠢ ᠤᠶᠠᠯᠳᠤᠭᠤᠯᠤᠨ᠂ ᠮᠦᠰᠦ ᠴᠠᠰᠤᠨ ᠤ ᠵᠤᠭᠠᠴᠠᠯ | ᠂ ᠮᠦᠰᠦ ᠴᠠᠰᠤᠨ ᠤ ᠬᠦᠳᠡᠯᠭᠡᠭᠡᠨ ᠢ ᠬᠥᠭᠵᠢᠭᠦᠯᠦᠨ ᠪᠤᠵᠠᠭᠠᠶᠢᠷᠠᠭᠤᠯᠵᠤ᠂ ᠮᠦᠰᠦ ᠴᠠᠰᠤᠨ ᠤ ᠠᠵᠤ ᠠᠬᠤᠢ ᠶᠢ | ᠲᠤᠮᠤ ᠬᠦᠴᠦᠷᠬᠡᠭ ᠪᠣᠯᠭᠠᠨ ᠬᠥᠭᠵᠢᠭᠦᠯᠦᠨ᠎ᠡ᠃ ᠯᠥᠩ ᠱᠠᠨ ᠤ ᠷᠠᠰᠢᠶᠠᠨ ᠤ ᠡᠷᠡᠭᠦᠯᠵᠢᠯ ᠰᠤᠪᠢᠯᠠᠯ ᠤᠨ ᠵᠢᠵᠢᠭ | ᠪᠠᠯᠭᠠᠰᠤ ᠶᠢᠨ ᠪᠦᠲᠦᠭᠡᠨ ᠪᠠᠶᠢᠭᠤᠯᠬᠤ ᠠᠵᠢᠯ ᠢ ᠡᠬᠢᠯᠡᠬᠦᠯᠵᠦ᠂ ᠡᠮᠡᠭᠡᠯ ᠠᠭᠤᠯᠠ ᠤᠯᠤᠰ ᠤᠨ ᠤᠢ ᠰᠢᠭᠤᠢ ᠶᠢᠨ | ᠴᠡᠴᠡᠷᠯᠢᠭ ᠢ ᠥᠭᠡᠷᠡᠴᠢᠯᠡᠨ ᠰᠠᠶᠢᠵᠢᠷᠠᠭᠤᠯᠵᠤ᠂ ᠡᠮᠡᠭᠡᠯ ᠠᠭᠤᠯᠠ ᠶᠢᠨ ᠬᠤᠪᠢᠰᠬᠠᠯ ᠤᠨ ᠰᠤᠷᠭᠠᠨ ᠬᠥᠮᠥᠵᠢᠯ ᠤᠨ | ᠰᠠᠭᠤᠷᠢᠨ ᠭᠠᠵᠠᠷ ᠢ ᠪᠠᠶᠢᠭᠤᠯᠵᠤ᠂ ᠬᠦᠳᠡᠭᠡ ᠲᠤᠰᠬᠤᠨ ᠤ ᠵᠤᠭᠠᠴᠠᠯ ᠤᠨ ᠬᠥᠭᠵᠢᠯᠲᠡ ᠶᠢᠨ ᠲᠥᠪᠰᠢᠨ ᠢ ᠤᠯᠠᠮ | ᠨᠢᠭᠡ ᠠᠯᠬᠤᠮ ᠳᠡᠭᠡᠭᠰᠢᠯᠡᠭᠦᠯᠵᠦ᠂ ᠵᠥᠷᠢᠶ᠎ᠡ ᠪᠦᠬᠦᠢ᠂ ᠣᠨᠴᠠᠯᠢᠭ ᠪᠦᠬᠦᠢ ᠪᠡᠶᠡᠴᠢᠯᠡᠨ ᠤᠶᠢᠯᠠᠭᠠᠬᠤ ᠬᠡᠯᠪᠡᠷᠢ ᠶᠢᠨ | ᠰᠢᠨ᠎ᠡ ᠦᠢᠯᠡᠰ ᠢ ᠪᠤᠶᠢᠵᠢᠭᠤᠯᠬᠤ ᠶᠢ ᠴᠢᠬᠤᠯᠠᠴᠢᠯᠠᠨ᠂ ᠬᠥᠳᠡᠭᠡ ᠲᠤᠰᠬᠤᠨ ᠤ ᠵᠤᠭᠠᠴᠠᠯ ᠤᠨ ᠳᠠᠲᠠᠬᠤ ᠬᠦᠴᠦ ᠶᠢ | ᠨᠡᠮᠡᠭᠳᠡᠭᠦᠯᠦᠨ᠎ᠡ᠃ ᠤᠯᠠᠭᠠᠨᠬᠠᠳᠠ ᠶᠢᠨ ᠦᠨᠳᠦᠷ ᠬᠤᠷᠳᠤᠴᠠᠲᠤ ᠭᠠᠯᠲᠤ ᠲᠡᠷᠭᠡ ᠵᠢᠩᠬᠢᠨᠢ ᠪᠠᠷ ᠨᠡᠪᠲᠡᠷᠡᠭᠰᠡᠨ ᠂ | ᠪᠡᠭᠡᠵᠢᠩ ᠤᠨ ᠡᠪᠦᠯ ᠤᠨ ᠤᠯᠠᠷᠢᠯ ᠤᠨ ᠤᠯᠢᠮᠫᠢᠺ ᠤᠨ ᠤᠳᠠᠯ ᠦᠭᠡᠢ ᠶᠠᠪᠤᠭᠳᠠᠬᠤ ᠭᠡᠵᠦ ᠪᠠᠶᠢᠭ᠎ᠠ ᠠᠰᠢᠭᠲᠠᠢ | ᠲᠤᠬᠢᠶᠠᠯ ᠢ ᠠᠰᠢᠭᠯᠠᠨ᠂ ᠵᠤᠭᠠᠴᠠᠯ ᠤᠨ ᠤᠬᠠᠭᠤᠯᠭ᠎ᠠ ᠪᠤᠷᠤᠯᠠᠭᠤᠯᠤᠯᠲᠠ ᠶᠢ ᠴᠢᠩᠭᠠᠳᠬᠠᠠᠨ᠂ ᠨᠡᠩ ᠣᠯᠠᠨ | ᠵᠤᠭᠠᠴᠠᠭᠰᠠᠳ ᠤᠨ ᠬᠠᠷᠠᠴᠢᠨ ᠳᠤ ᠢᠷᠡᠵᠦ ᠵᠤᠭᠤᠰ ᠵᠠᠷᠤᠴᠠᠭᠤᠯᠤᠨ ᠬᠡᠷᠡᠭᠯᠡᠭᠡ ᠬᠢᠭᠦ ᠶᠢ ᠳᠠᠲᠠᠨ᠂ ᠬᠢᠵᠢᠭ ᠤᠨ | ᠪᠠᠶᠢᠳᠠᠯ ᠠᠴᠠ ᠪᠤᠯᠤᠭᠰᠠᠨ ᠨᠥᠯᠥᠭᠡ ᠶᠢ ᠴᠢᠳᠠᠬᠤ ᠶᠢᠨ ᠲᠤᠲᠤᠷ᠎ᠠ ᠪᠠᠭᠠᠰᠬᠠᠨ᠂ ᠵᠤᠭᠠᠴᠠᠭᠰᠠᠳ ᠤᠨ ᠲᠤᠭ᠎ᠠ ᠪᠤᠯᠤᠨ | ᠵᠤᠭᠠᠴᠠᠯ ᠤᠨ ᠣᠷᠣᠯᠭ᠎ᠠ ᠶᠢ ᠨᠡᠮᠡᠭᠳᠡᠯ ᠲᠠᠢ ᠪᠠᠶᠢᠯᠭᠠᠬᠤ ᠪᠠᠷ ᠴᠢᠷᠮᠠᠶᠢᠨ᠎ᠠ᠃ | | ᠠᠷᠠᠯᠵᠢᠶ᠎ᠠ ᠬᠤᠳᠠᠯᠳᠤᠭ᠎ᠠ ᠪᠤᠳᠠᠰ ᠤᠨ ᠭᠦᠢᠯᠭᠡᠭᠡ ᠶᠢᠨ ᠠᠵᠤ ᠦᠢᠯᠡᠰ ᠢ ᠪᠦᠬᠦ ᠬᠦᠴᠦ ᠪᠠᠷ ᠬᠥᠭᠵᠢᠭᠦᠯᠦᠨ᠎ᠡ᠃ | ᠤᠯᠠᠭᠠᠨᠬᠠᠳᠠ ᠬᠤᠲᠠ ᠶᠢᠨ ᠣᠳᠤᠬᠢᠴᠢᠯᠠᠭᠰᠠᠨ ᠪᠤᠳᠠᠰ ᠤᠨ ᠭᠦᠢᠯᠭᠡᠭᠡᠨ ᠤ ᠬᠥᠭᠵᠢᠯᠲᠡ ᠶᠢ ᠲᠦᠷᠭᠡᠳᠭᠡᠬᠦ ︽ | 1+N︾ ᠲᠥᠷᠥ ᠶᠢᠨ ᠪᠣᠳᠣᠯᠭ᠎ᠠ ᠶᠢᠨ ᠰᠢᠰᠲ᠋ᠧᠮ ᠢ ᠨᠠᠷᠢᠨ ᠨᠢᠮᠪᠠᠢ ᠬᠡᠷᠡᠭᠵᠢᠭᠦᠯᠦᠨ᠂ ᠾᠧ ᠮᠧᠢ ᠠᠵᠤ | ᠦᠢᠯᠡᠳᠪᠦᠷᠢ ᠶᠢᠨ ᠬᠦᠷᠢᠶᠡᠯᠡᠩ ᠤᠨ ᠲᠤᠰᠬᠠᠢ ᠵᠠᠬ᠎ᠠ ᠳᠡᠯᠭᠡᠭᠦᠷ ᠤᠨ ᠬᠥᠭᠵᠢᠯᠲᠡ ᠶᠢᠨ ᠶᠡᠷᠥᠩᠬᠡᠢ ᠳᠦᠰᠦᠪ ᠢ | ᠬᠤᠷᠳᠤᠬᠠᠨ ᠲᠥᠯᠥᠪᠵᠢᠭᠦᠯᠵᠦ᠂ ᠨᠢᠭᠡ ᠪᠥᠯᠥᠭ ᠣᠨᠴᠠᠯᠢᠭ ᠨᠢ ᠲᠤᠳᠤᠷᠬᠠᠢ᠂ ᠦᠢᠯᠡᠳᠦᠯ ᠴᠢᠳᠠᠪᠬᠢ ᠨᠢ | ᠬᠠᠷᠢᠯᠴᠠᠨ ᠨᠦᠬᠦᠪᠦᠷᠢᠯᠡᠬᠦ ᠲᠤᠰᠬᠠᠢ ᠵᠠᠬ᠎ᠠ ᠳᠡᠯᠭᠡᠭᠦᠷ ᠢ ᠵᠦᠷᠢᠶᠡᠳᠡᠭᠦᠯᠦᠨ ᠲᠠᠳᠠᠨ ᠠᠪᠴᠢᠷᠠᠵᠤ ᠪᠦᠲᠦᠭᠡᠨ | ᠪᠠᠶᠢᠭᠤᠯᠤᠨ᠎ᠠ᠃ ᠮᠧᠩ ᠳ᠋ᠦᠩ ᠡᠮ ᠡᠮᠨᠡᠯᠭᠡ ᠶᠢᠨ ᠣᠳᠣᠬᠢᠴᠢᠯᠠᠭᠰᠠᠨ ᠪᠤᠳᠠᠰ ᠤᠨ ᠭᠦᠢᠯᠭᠡᠭᠡ ᠶᠢᠨ ᠬᠦᠷᠢᠶᠡᠯᠡᠩ ᠤᠨ | ᠬᠤᠶᠠᠳᠤᠭᠠᠷ ᠬᠤᠭᠤᠴᠠᠭ᠎ᠠ᠂ ᠱᠧᠦ ᠨᠥᠩ ᠪᠥᠯᠥᠭᠯᠡᠯ ᠤᠨ ᠬᠦᠢᠲᠡᠨ ᠬᠡᠯᠬᠢᠶᠡᠵᠢᠯ ᠤᠨ ᠪᠤᠳᠠᠰ ᠤᠨ ᠭᠦᠢᠯᠭᠡᠭᠡᠨ ᠤ | ᠦᠢᠯᠡᠰ ᠤᠨ ᠬᠦᠷᠢᠶᠡᠯᠡᠩ ᠢ ᠠᠯᠢ ᠬᠤᠷᠳᠤᠨ ᠢᠶᠠᠷ ᠨᠤᠳᠤᠭᠰᠢᠭᠤᠯᠤᠨ ᠬᠡᠷᠡᠭᠵᠢᠬᠦᠯᠦᠭᠳᠡᠬᠦ ᠶᠢ ᠢᠳᠡᠪᠬᠢᠲᠡᠢ | ᠠᠬᠢᠭᠤᠯᠵᠤ᠂ ᠨᠢᠰᠭᠡᠯ ᠤᠨ ᠪᠠᠭᠤᠳᠠᠯ ᠤᠨ ᠪᠤᠳᠠᠰ ᠤᠨ ᠭᠦᠢᠯᠭᠡᠭᠡ ᠶᠢᠨ ᠠᠵᠤ ᠦᠢᠯᠡᠰ ᠤᠨ ᠬᠦᠷᠢᠶᠡᠯᠡᠩ ᠤᠨ | ᠲᠦᠯᠦᠪᠵᠢᠭᠦᠯᠭᠡ ᠂ ᠪᠦᠲᠦᠭᠡᠨ ᠪᠠᠶᠢᠭᠤᠯᠤᠯᠲᠠ᠂ ᠠᠷᠠᠯᠵᠢᠶᠠᠴᠢᠨ ᠤᠷᠢᠬᠤ ᠠᠵᠢᠯ ᠢ ᠡᠬᠢᠯᠡᠭᠦᠯᠵᠦ ᠂ ᠾᠧᠩ ᠮᠤᠤ | ᠲᠦᠷᠦᠭᠦᠴᠦᠦᠯ ᠤᠨ ᠬᠤᠷᠠᠯ ᠤᠨ ᠠᠷᠠᠯᠵᠢᠶᠠᠨ ᠤ ᠶᠡᠭᠡ ᠠᠰᠠᠷ᠂ ᠵᠢᠶᠠ ᠾᠧ ᠵᠢᠶᠠ ᠮᠧᠢ ᠠᠷᠠᠯᠵᠢᠶᠠᠨ ᠤ | ᠶᠡᠷᠥᠩᠬᠡᠶᠢᠯᠡᠭᠰᠡᠨ ᠠᠰᠠᠷ ᠵᠡᠷᠭᠡ 5 ᠭᠤᠣᠯᠳᠠᠯᠭ᠎ᠠ ᠲᠠᠢ ᠠᠷᠠᠯᠵᠢᠶᠠᠨ ᠬᠤᠳᠠᠯᠳᠤᠭᠠᠨ ᠤ ᠲᠥᠷᠥᠯ ᠵᠦᠢᠯ ᠢ ᠪᠦᠲᠦᠭᠡᠨ | ᠪᠠᠶᠢᠭᠤᠯᠵᠤ ᠠᠰᠢᠭᠯᠠᠯᠳᠠ ᠳᠤ ᠤᠷᠤᠭᠤᠯᠬᠤ ᠶᠢ ᠪᠠᠲᠤᠯᠠᠵᠤ᠂ ᠠᠷᠠᠯᠵᠢᠶᠠᠨ ᠬᠤᠳᠠᠯᠳᠤᠭᠠᠨ ᠤ ᠪᠤᠳᠠᠰ ᠤᠨ ᠭᠦᠢᠯᠭᠡᠭᠡ | ᠶᠢ ᠠᠵᠤ ᠦᠢᠯᠡᠰᠵᠢᠬᠦᠯᠬᠦ᠂ ᠴᠢᠨᠠᠷᠵᠢᠭᠤᠯᠬᠤ᠂ ᠳᠡᠭᠡᠳᠦ ᠵᠡᠷᠭᠡᠯᠡᠯ ᠲᠡᠰᠢ ᠬᠥᠭᠵᠢᠭᠦᠯᠬᠦ ᠶᠢ ᠠᠬᠢᠭᠤᠯᠤᠨ᠎ᠠ᠃ | ᠤᠯᠤᠰ ᠤᠨ ᠡᠯᠧᠺᠲᠷᠣᠨ ᠬᠤᠳᠠᠯᠳᠤᠭ᠎ᠠ ᠶᠢ ᠬᠥᠳᠡᠭᠡ ᠲᠤᠰᠬᠤᠨ ᠳᠤ ᠤᠷᠤᠭᠤᠯᠬᠤ ᠶᠡᠷᠥᠩᠬᠡᠶᠢᠯᠡᠭᠰᠡᠨ ᠵᠢᠱᠢᠶ᠎ᠡ | ᠦᠵᠡᠭᠦᠯᠬᠦ ᠬᠤᠰᠢᠭᠤ ᠶᠢ ᠪᠦᠲᠦᠭᠡᠨ ᠪᠠᠶᠢᠭᠤᠯᠬᠤ ᠦᠷ᠎ᠡ ᠪᠦᠳᠦᠭᠡᠯ ᠢ ᠰᠠᠶᠢᠲᠤᠷ ᠬᠡᠷᠡᠭᠯᠡᠨ᠂ ᠦᠢᠯᠡᠳᠪᠦᠷᠢᠯᠡᠬᠦ | ᠬᠠᠩᠭᠠᠬᠤ ᠪᠤᠷᠤᠯᠠᠭᠤᠯᠬᠤ ᠶᠢ ᠨᠢᠭᠡ ᠴᠤᠭᠴᠠᠵᠢᠭᠤᠯᠤᠭᠰᠠᠨ ᠡᠯᠧᠺᠲᠷᠣᠨ ᠠᠷᠠᠯᠵᠢᠶ᠎ᠠ ᠶᠢᠨ ᠦᠢᠯᠡᠴᠢᠯᠡᠭᠡᠨ ᠤ | ᠬᠦᠷᠢᠶ᠎ᠡ ᠬᠡᠪᠴᠢᠶ᠎ᠡ ᠶᠢ ᠤᠯᠠᠮ ᠨᠢᠭᠡ ᠠᠯᠬᠤᠮ ᠥᠷᠭᠡᠳᠬᠡᠵᠦ᠂ ᠸᠢᠴᠠᠲ ᠪᠢᠴᠢᠯ ᠠᠷᠠᠯᠵᠢᠶᠠᠨ ᠤ ᠲᠤᠰᠬᠤᠨ ᠢ | ᠪᠠᠶᠢᠭᠤᠯᠵᠤ᠂ ︽ᠡᠯᠧᠺᠲᠷᠣᠨ ᠠᠷᠠᠯᠵᠢᠶ᠎ᠠ ᠶᠢᠨ ᠰᠢᠭᠤᠳ ᠨᠡᠪᠲᠡᠷᠡᠭᠦᠯᠭᠡ ᠶᠢᠨ ᠲᠥᠪ︾ ᠢ ᠪᠠᠶᠢᠭᠤᠯᠤᠨ᠂ | ᠲᠠᠷᠢᠶᠠᠯᠠᠩ ᠤᠨ ᠪᠦᠲᠦᠭᠡᠭᠳᠡᠭᠦᠨ ᠤ ᠪᠤᠷᠤᠯᠠᠭᠤᠯᠬᠤ ᠵᠠᠮ ᠢ ᠥᠷᠭᠡᠳᠬᠡᠬᠦ ᠪᠠᠷ ᠬᠦᠴᠦᠯᠡᠨ᠎ᠡ᠃ | | ︵ᠬᠤᠶᠠᠷ︶ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠳᠤ ᠴᠢᠭᠯᠡᠬᠦᠯᠦᠨ ᠬᠦᠴᠦ ᠪᠠᠨ ᠲᠥᠪᠯᠡᠷᠡᠭᠦᠯᠵᠦ᠂ | ᠠᠵᠤ ᠠᠬᠤᠢ ᠶᠢᠨ ᠬᠥᠭᠵᠢᠯᠲᠡ ᠶᠢᠨ ᠲᠥᠯᠬᠢᠬᠦ ᠬᠦᠴᠦ ᠶᠢ ᠦᠷᠭᠦᠯᠵᠢᠯᠡᠨ ᠨᠡᠮᠡᠭᠳᠡᠭᠦᠯᠦᠨ᠎ᠡ᠃ | | ᠠᠷᠠᠯᠵᠢᠶᠠᠴᠢᠨ ᠤᠷᠢᠵᠤ ᠪᠡᠯᠡ ᠣᠷᠣᠭᠤᠯᠬᠤ ᠶᠢ ᠪᠦᠬᠦ ᠲᠠᠯ᠎ᠠ ᠪᠠᠷ ᠠᠬᠢᠭᠤᠯᠤᠨ᠎ᠠ᠃ ︽ᠲᠥᠷᠥᠯ ᠵᠦᠢᠯ ᠪᠣᠯ | ᠨᠢᠭᠡᠳᠦᠭᠡᠷ︾ ᠭᠡᠳᠡᠭ ᠤᠶᠢᠯᠠᠭᠠᠭᠳᠠᠬᠤᠨ ᠢ ᠪᠠᠳᠤ ᠪᠤᠢ ᠪᠣᠯᠭᠠᠵᠤ᠂ ᠪᠡᠭᠡᠵᠢᠩ ᠲᠢᠶᠠᠨᠵᠢᠨ ᠾᠧᠪᠧᠢ᠂ ᠪᠦᠸᠧᠬᠠᠢ | ᠲᠠᠩᠭᠢᠰ ᠤᠨ ᠡᠷᠭᠢᠨ ᠲᠤᠭᠤᠷᠢᠨ᠂ ᠬᠦᠬᠡᠮᠦ᠋ᠷᠡᠨ ᠤ ᠭᠤᠷᠪᠠᠯᠵᠢᠨ ᠵᠡᠭᠦᠨ ᠡᠮᠦᠨᠡᠲᠦ ᠶᠢᠨ ᠳᠠᠯᠠᠢ ᠳᠠᠭᠠᠤ ᠣᠷᠣᠨ | ᠵᠡᠷᠭᠡ ᠭᠤᠤᠯᠳᠠᠯᠭ᠎ᠠ ᠲᠠᠢ ᠣᠷᠣᠨ ᠨᠤᠭᠤᠳ ᠲᠤ ᠠᠩᠬᠠᠷᠣᠯ ᠲᠥᠪᠯᠡᠷᠡᠭᠦᠯᠦᠨ᠂ ᠭᠤᠣᠯ ᠪᠣᠯᠬᠤ ᠠᠵᠤ ᠦᠢᠯᠡᠰ ᠤᠨ | ᠬᠡᠯᠬᠢᠶ᠎ᠡ ᠶᠢ ᠤᠷᠲᠤᠳᠬᠠᠬᠤ ᠨᠦᠬᠦᠪᠦᠷᠢᠯᠡᠬᠦ ᠴᠢᠩᠭᠠᠳᠬᠠᠬᠤ ᠵᠠᠩᠭᠢᠯᠭ᠎ᠠ ᠶᠢᠨ ᠬᠡᠰᠡᠭ ᠤᠨ ᠲᠤᠭᠤᠷᠢᠨ ᠳᠤ᠂ ᠠᠵᠤ | ᠦᠢᠯᠡᠰ ᠤᠨ ᠬᠡᠯᠬᠢᠶ᠎ᠡ ᠶᠢᠨ ᠵᠢᠷᠤᠭ ᠢ ᠨᠠᠷᠢᠯᠢᠭ ᠲᠤᠭᠲᠠᠭᠠᠵᠤ᠂ ᠠᠷᠠᠯᠵᠢᠶᠠᠴᠢᠨ ᠤᠷᠢᠬᠤ ᠠᠵᠤ ᠦᠢᠯᠡᠰ ᠤᠨ | ᠭᠠᠵᠠᠷ ᠤᠨ ᠵᠢᠷᠤᠭ ᠢ ᠵᠢᠷᠣᠨ ᠲᠤᠭᠳᠠᠭᠠᠵᠤ᠂ ᠢᠳᠡᠪᠬᠢᠲᠡᠢ ᠪᠠᠷ ᠭᠠᠳᠠᠨ᠎ᠠ ᠤᠷᠤᠨ ᠢᠶᠠᠷ ᠬᠦᠷᠴᠦ᠂ ᠭᠠᠳᠠᠨ᠎ᠠ ᠶᠢᠨ | ᠠᠷᠠᠯᠵᠢᠶᠠᠴᠢᠨ ᠢ ᠤᠷᠢᠨ ᠢᠷᠡᠵᠦ᠂ ᠨᠠᠷᠢᠯᠢᠭ ᠣᠨᠤᠪᠴᠢᠲᠠᠢ ᠪᠠᠷ ᠠᠷᠠᠯᠵᠢᠶᠠᠴᠢᠨ ᠤᠷᠢᠬᠤ ᠶᠢ ᠥᠷᠨᠢᠭᠦᠯᠵᠦ᠂ ᠲᠤᠰ | ᠵᠢᠯ ᠳᠡᠭᠡᠨ 5000 ᠲᠥᠮᠡᠨ ᠲᠥᠭᠦᠷᠢᠭ ᠠᠴᠠ ᠳᠡᠭᠡᠭᠰᠢ ᠠᠷᠠᠯᠵᠢᠶᠠᠴᠢᠨ ᠤᠷᠢᠬᠤ ᠲᠥᠷᠥᠯ ᠵᠦᠢᠯ ᠢ 30 ᠠᠴᠠ | ᠳᠡᠭᠡᠭᠰᠢ ᠪᠠᠶᠢᠬᠤ ᠶᠢ ᠪᠠᠲᠤᠯᠠᠨ᠂ ᠪᠠᠷᠢᠮᠵᠢᠶ᠎ᠠ ᠳᠤ ᠨᠡᠶᠢᠴᠡᠭᠰᠡᠨ 20 ᠲᠥᠮᠡᠨ ᠺᠤᠸᠠᠲ ᠮᠧᠲᠷ ᠦᠢᠯᠡᠳᠪᠦᠷᠢ ᠶᠢᠨ | ᠪᠠᠶᠢᠰᠢᠩ ᠢ ᠰᠢᠨ᠎ᠡ ᠪᠠᠷ ᠪᠠᠶᠢᠭᠤᠯᠬᠤ ᠪᠤᠶᠤ ᠰᠡᠷᠭᠦᠭᠡᠨ ᠪᠤᠰᠬᠠᠨ᠎ᠠ᠃ ᠨᠡᠶᠢᠯᠡᠭᠦᠯᠵᠦ ᠳᠠᠬᠢᠨ ᠵᠣᠬᠢᠶᠠᠨ ᠪᠠᠶᠢᠭᠤᠯᠬᠤ᠂ | ᠬᠥᠷᠥᠩᠭᠡ ᠰᠢᠯᠵᠢᠭᠦᠯᠬᠦ ᠵᠡᠷᠭᠡ ᠠᠷᠭ᠎ᠠ ᠪᠠᠷᠢᠯ ᠢ ᠴᠢᠭᠯᠡᠯᠲᠡ ᠶᠢᠨ ᠴᠢᠨᠠᠷᠲᠠᠢ ᠬᠡᠷᠡᠭᠯᠡᠨ᠂ ᠪᠡᠯᠡ ᠣᠷᠣᠭᠤᠯᠤᠯᠲᠠ | ᠬᠢᠭᠴᠢ ᠶᠢ ᠢᠳᠡᠪᠬᠢᠲᠡᠢ ᠪᠠᠷ ᠳᠠᠭᠠᠭᠤᠯᠤᠨ ᠢᠷᠡᠵᠦ᠂ ᠣᠳᠣ ᠪᠠᠶᠢᠭ᠎ᠠ ᠦᠢᠯᠡᠳᠪᠦᠷᠢᠯᠡᠯ ᠢᠶᠠᠨ ᠵᠤᠭᠰᠤᠭᠰᠠᠨ ᠪᠤᠶᠤ | ᠵᠣᠭᠰᠣᠮᠠᠷ ᠪᠠᠶᠢᠭ᠎ᠠ ᠠᠵᠤ ᠠᠬᠤᠶᠢᠯᠠᠯ ᠤᠨ ᠬᠦᠴᠢᠷᠲᠡᠢ ᠪᠠᠶᠢᠳᠠᠯ ᠠᠴᠠ ᠠᠩᠭᠢᠵᠢᠷᠠᠬᠤ ᠶᠢ ᠲᠦᠯᠬᠢᠨ ᠠᠬᠢᠭᠤᠯᠵᠤ᠂ | ᠰᠢᠨ᠎ᠡ ᠠᠮᠢᠵᠢᠷᠠᠯ ᠤᠨ ᠲᠤᠬᠢᠶᠠᠯ ᠪᠤᠯᠤᠨ ᠠᠮᠢᠵᠢᠷᠠᠯ ᠤᠨ ᠬᠦᠴᠦ ᠶᠢ ᠰᠡᠷᠭᠦᠭᠡᠨ᠎ᠡ᠃ | | ᠲᠤᠭᠤᠷᠢᠭ ᠤᠨ ᠲᠠᠪᠴᠠᠩ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃ ᠤᠯᠠᠭᠠᠨᠬᠠᠳᠠ ᠶᠢᠨ ᠰᠢᠨ᠎ᠡ | ᠮᠠᠲ᠋ᠧᠷᠢᠶᠠᠯ ᠤᠨ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠶᠢ ᠬᠦᠴᠦᠲᠡᠢ ᠲᠦᠯᠬᠢᠨ ᠠᠬᠢᠭᠤᠯᠵᠤ᠂ ᠡᠯ᠎ᠡ | ᠲᠥᠷᠥᠯ ᠤᠨ ᠲᠤᠰᠬᠠᠢ ᠰᠡᠳᠦᠪ ᠤᠨ ᠳᠦᠰᠦᠪ ᠬᠢᠭᠡᠳ ᠡᠮᠦᠨᠡᠬᠢ ᠬᠤᠭᠤᠴᠠᠭᠠᠨ ᠤ ᠭᠠᠷ ᠭᠦᠢᠴᠡᠳᠬᠡᠯ ᠢ ᠬᠤᠷᠳᠤᠨ | ᠲᠡᠭᠦᠯᠳᠡᠷᠵᠢᠭᠦᠯᠵᠦ᠂ ᠬᠦᠷᠢᠶᠡᠯᠡᠩ ᠤᠨ ᠰᠠᠭᠤᠷᠢ ᠲᠦᠬᠦᠭᠡᠷᠦᠮᠵᠢ ᠪᠤᠯᠤᠨ ᠪᠠᠷᠢᠮᠵᠢᠶᠠᠵᠢᠭᠰᠠᠨ ᠦᠢᠯᠡᠳᠪᠦᠷᠢ ᠶᠢᠨ | ᠪᠠᠶᠢᠰᠢᠩ ᠤᠨ ᠪᠦᠲᠦᠭᠡᠨ ᠪᠠᠶᠢᠭᠤᠯᠤᠯᠲᠠ ᠶᠢ ᠡᠬᠢᠯᠡᠭᠦᠯᠵᠦ᠂ ᠠᠵᠤ ᠦᠢᠯᠡᠰ ᠤᠨ ᠨᠡᠷᠡᠰ ᠤᠨ ᠵᠢᠭᠰᠠᠭᠠᠯᠲᠠ ᠶᠢ | ᠦᠨᠳᠦᠰᠦᠯᠡᠨ ᠨᠠᠷᠢᠯᠢᠭ ᠣᠨᠣᠪᠴᠢᠲᠠᠢ ᠠᠷᠠᠯᠵᠢᠶᠠᠴᠢᠨ ᠤᠷᠢᠬᠤ ᠪᠤᠯᠤᠨ ᠲᠠᠳᠠᠨ ᠠᠪᠴᠢᠷᠠᠭᠰᠠᠨ ᠲᠥᠷᠥᠯ ᠵᠦᠢᠯ ᠢ | ᠪᠦᠲᠦᠭᠡᠨ ᠪᠠᠶᠢᠭᠤᠯᠬᠤ ᠦᠢᠯᠡᠴᠢᠯᠡᠭᠡ ᠶᠢ ᠪᠠᠳᠤᠯᠠᠨ᠎ᠠ᠃ ᠾᠧ ᠮᠧᠢ ᠠᠵᠤ ᠦᠢᠯᠡᠰ ᠤᠨ ᠬᠦᠷᠢᠶᠡᠯᠡᠩ ᠤᠨ | ᠦᠢᠯᠡᠳᠪᠦᠷᠢᠯᠡᠯ ᠬᠤᠲᠠ ᠠᠭᠤᠰᠤᠯᠴᠠᠭᠤᠯᠬᠤ ᠬᠤᠰᠢᠭᠤᠴᠢ ᠲᠤᠭᠤᠷᠢᠭ ᠤᠨ ᠪᠦᠲᠦᠭᠡᠨ ᠪᠠᠶᠢᠭᠤᠯᠤᠯᠳᠠ ᠶᠢ | ᠬᠦᠴᠦᠲᠡᠢ ᠲᠦᠯᠬᠢᠨ ᠠᠬᠢᠭᠤᠯᠵᠤ᠂ 6 ᠰᠠᠷ᠎ᠠ ᠶᠢᠨ ᠰᠡᠭᠦᠯᠴᠢ ᠠᠴᠠ ᠡᠮᠦᠨ᠎ᠡ ᠠᠵᠢᠯ ᠢᠶᠠᠨ ᠡᠬᠢᠯᠡᠭᠦᠯᠦᠨ ᠪᠦᠲᠦᠭᠡᠨ | ᠪᠠᠶᠢᠭᠤᠯᠬᠤ ᠶᠢ ᠪᠠᠲᠤᠯᠠᠨ᠂ ᠡᠨᠡ ᠵᠢᠯ ᠳᠤ ᠣᠳᠣᠬᠢᠴᠢᠯᠠᠭᠰᠠᠨ 4.0 ᠬᠡᠯᠪᠡᠷᠢ ᠶᠢᠨ ᠪᠠᠷᠢᠮᠵᠢᠶ᠎ᠠ ᠳᠤ ᠨᠡᠶᠢᠴᠡᠭᠰᠡᠨ | ᠦᠢᠯᠡᠳᠪᠦᠷᠢ ᠶᠢᠨ ᠪᠠᠶᠢᠰᠢᠩ ᠢ 10 ᠲᠥᠮᠡᠨ ᠲᠡᠭᠰᠢ ᠳᠥᠷᠪᠡᠯᠵᠢᠨ ᠮᠧᠲᠷ ᠪᠠᠶᠢᠭᠤᠯᠤᠨ᠎ᠠ᠂ ᠠᠷᠠᠯᠵᠢᠶᠠᠴᠢᠨ | ᠤᠷᠢᠵᠤ ᠠᠷᠠᠯᠵᠢᠶᠠᠴᠢᠨ ᠢ ᠰᠤᠩᠭᠤᠵᠤ ᠪᠦᠬᠦ ᠲᠠᠯ᠎ᠠ ᠪᠠᠷ ᠪᠡᠯᠡ ᠣᠷᠣᠭᠤᠯᠵᠤ᠂ ᠬᠤᠰᠢᠭᠤᠴᠢ ᠲᠤᠭᠤᠷᠢᠭ ᠢ ᠨᠡᠬᠡᠭᠡᠨ | ᠠᠰᠢᠭᠯᠠᠵᠤ ᠡᠵᠡᠩᠨᠡᠨ᠎ᠡ᠃ ᠱᠢ ᠵᠢᠶᠠ ᠮᠠᠨᠵᠤ ᠦᠨᠳᠦᠰᠦᠲᠡᠨ ᠤ ᠰᠢᠶᠠᠩ ᠤᠨ ᠰᠢᠨ᠎ᠡ ᠬᠡᠯᠪᠡᠷᠢ ᠶᠢᠨ ᠪᠠᠷᠢᠯᠭ᠎ᠠ ᠶᠢᠨ | ᠮᠠᠲ᠋ᠧᠷᠢᠶᠠᠯ ᠤᠨ ᠠᠵᠤ ᠦᠢᠯᠡᠰ ᠤᠨ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠶᠢ ᠬᠦᠴᠦᠲᠡᠢ ᠠᠬᠢᠭᠤᠯᠤᠨ᠂ | ᠬᠦᠷᠢᠶᠡᠯᠡᠩ ᠲᠤᠭᠤᠷᠢᠭ ᠤᠨ ᠳᠦᠰᠦᠪ ᠬᠢᠭᠡᠳ ᠲᠦᠬᠦᠷᠵᠢᠭᠦᠯᠦᠭᠰᠡᠨ ᠪᠦᠲᠦᠭᠡᠨ ᠪᠠᠶᠢᠭᠤᠯᠤᠯᠲᠠ ᠶᠢ ᠡᠬᠢᠯᠡᠭᠦᠯᠵᠦ᠂ | ᠶᠤᠸᠠᠨ ᠬᠠᠩ ᠱᠦᠢᠨᠢ ᠶᠢᠨ ᠬᠤᠲᠠ ᠲᠤᠭᠤᠷᠢᠭ ᠠᠴᠠ ᠭᠠᠷᠴᠤ ᠬᠦᠷᠢᠶᠡᠯᠡᠩ ᠳᠤ ᠰᠠᠭᠤᠷᠢᠰᠢᠬᠤ ᠲᠥᠷᠥᠯ ᠵᠦᠢᠯ ᠤᠨ | ᠪᠦᠲᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠲᠦᠯᠬᠢᠨ ᠬᠥᠭᠵᠢᠭᠦᠯᠵᠦ᠂ ᠣᠳᠤ ᠦᠶ᠎ᠡ ᠶᠢᠨ ᠪᠠᠷᠢᠯᠭ᠎ᠠ ᠶᠢᠨ | ᠮᠠᠲ᠋ᠧᠷᠢᠶᠠᠯ ᠤᠨ ᠦᠢᠯᠡᠰ ᠢ ᠲᠥᠪᠯᠡᠷᠡᠭᠦᠯᠦᠨ ᠪᠥᠭᠡᠮᠨᠡᠷᠡᠬᠦᠯᠬᠦ ᠬᠦᠭᠵᠢᠯᠲᠡ ᠶᠢ ᠠᠬᠢᠭᠤᠯᠤᠨ᠎ᠠ᠃ | | ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠪᠦᠬᠦ ᠬᠦᠴᠦ ᠪᠠᠷ ᠬᠥᠭᠵᠢᠭᠦᠯᠦᠨ᠎ᠡ᠃ ᠲᠥᠷᠥᠯ ᠵᠦᠢᠯ ᠤᠨ | ᠪᠦᠲᠦᠭᠡᠨ ᠪᠠᠶᠢᠭᠤᠯᠤᠯᠲᠠ ᠶᠢᠨ ᠪᠣᠭᠤᠮᠲᠠ ᠰᠢᠪᠲᠤᠯᠬᠤ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠪᠦᠬᠦ | ᠵᠢᠯ ᠳᠡᠭᠡᠨ5000 ᠲᠥᠮᠡᠨ ᠲᠥᠭᠦᠷᠢᠭ ᠠᠴᠠ ᠳᠡᠭᠡᠭᠰᠢ ᠬᠤᠲᠠ ᠶᠢᠨ ᠳᠡᠰ ᠤᠨ 19 ᠭᠤᠣᠯᠳᠠᠯᠭ᠎ᠠ ᠲᠠᠢ ᠲᠥᠷᠥᠯ | ᠵᠦᠢᠯ ᠳᠤ ᠪᠡᠯᠡ ᠣᠷᠣᠭᠤᠯᠬᠤ ᠪᠠᠷ ᠲᠥᠯᠥᠪᠯᠡᠨ ᠬᠡᠷᠡᠭᠵᠢᠭᠦᠯᠵᠦ᠂ 21 ᠳ᠋ᠦᠩᠰᠢᠭᠤᠷ ᠲᠦᠭᠦᠷᠢᠭ ᠠᠴᠠ ᠳᠡᠭᠡᠭᠰᠢ | ᠪᠡᠯᠡ ᠣᠷᠣᠭᠤᠯᠣᠯᠲᠠ ᠶᠢ ᠪᠡᠶᠡᠯᠡᠭᠦᠯᠦᠨ᠎ᠡ᠃ ᠲᠥᠷᠥᠯ ᠵᠦᠢᠯ ᠤᠨ ᠬᠠᠮᠢᠶᠠᠷᠤᠯᠳᠠ ᠶᠢᠨ ᠲᠥᠷᠢᠮ ᠢ ᠪᠦᠬᠦ ᠲᠠᠯ᠎ᠠ ᠪᠠᠷ | ᠨᠠᠶᠢᠳᠠᠪᠤᠷᠢᠵᠢᠭᠤᠯᠤᠨ᠂ ᠭᠤᠭᠴᠤᠭ᠎ᠠ ᠶᠢ ᠨᠢ ᠬᠠᠭᠠᠬᠤ ᠦᠢᠯᠡᠴᠢᠯᠡᠭᠡ ᠪᠤᠯᠤᠨ ᠲᠤᠰᠬᠠᠢ ᠳᠤᠭᠤᠶᠢᠯᠠᠩ ᠤᠨ | ᠵᠤᠬᠢᠴᠠᠭᠤᠯᠬᠤ ᠶᠢ ᠲᠦᠯᠬᠢᠨ ᠠᠬᠢᠭᠤᠯᠵᠤ᠂ ᠨᠢᠭᠡ ᠪᠥᠯᠥᠭ ᠭᠤᠣᠯᠳᠠᠯᠭ᠎ᠠ ᠲᠠᠢ ᠲᠥᠷᠥᠯ ᠵᠦᠢᠯ ᠤᠨ ᠡᠷᠲᠡ ᠡᠳᠦᠷ | ᠰᠠᠭᠤᠷᠢᠰᠢᠨ ᠪᠥᠲᠥᠮᠵᠢ ᠭᠠᠷᠭᠠᠬᠤ ᠶᠢ ᠲᠦᠯᠬᠢᠨ ᠠᠬᠢᠭᠤᠯᠤᠨ᠎ᠠ᠃ ︽ᠠᠷᠪᠠᠨ ᠳᠥᠷᠪᠡᠳᠦᠭᠡᠷ ᠲᠠᠪᠤᠨ ᠵᠢᠯ︾ ᠤᠨ | ᠲᠦᠯᠦᠪᠵᠢᠭᠦᠯᠭᠡ ᠪᠤᠯᠤᠨ ᠲᠤᠰᠬᠠᠢ ᠲᠥᠷᠥᠯ ᠵᠦᠢᠯ ᠤᠨ ᠳᠦᠰᠦᠪ ᠢ ᠰᠢᠨᠵᠢᠯᠡᠬᠦ ᠤᠬᠠᠭᠠᠨᠴᠢ ᠪᠠᠷ ᠲᠤᠭᠲᠠᠭᠠᠵᠤ᠂ | ︽ᠬᠤᠶᠠᠷ ᠰᠢᠨ᠎ᠡ ᠨᠢᠭᠡ ᠭᠤᠣᠯᠳᠠᠯᠭ᠎ᠠ︾ ᠂ ᠬᠥᠳᠡᠭᠡ ᠲᠤᠰᠬᠤᠨ ᠢ ᠮᠠᠨᠳᠤᠭᠤᠯᠬᠤ᠂ ᠤᠯᠤᠰ ᠮᠤᠵᠢ ᠶᠢᠨ ᠵᠠᠰᠠᠮᠠᠯ | ᠵᠠᠮ᠂ ᠠᠮᠢ ᠠᠬᠤᠢ ᠣᠷᠴᠢᠨ ᠲᠤᠭᠤᠷᠢᠨ ᠤ ᠬᠠᠮᠠᠭᠠᠯᠠᠯᠲᠠ ᠬᠢᠭᠡᠳ ᠨᠡᠶᠢᠭᠡᠮ ᠠᠷᠠᠳ ᠤᠨ ᠠᠮᠢᠳᠤᠷᠠᠯ ᠵᠡᠷᠭᠡ ᠬᠦᠷᠢᠶ᠎ᠡ | ᠬᠡᠪᠴᠢᠶᠡᠨ ᠳᠤ ᠠᠩᠬᠠᠷᠤᠯ ᠢᠶᠠᠨ ᠬᠠᠨᠳᠤᠭᠤᠯᠵᠤ᠂ ᠨᠢᠭᠡ ᠪᠦᠯᠦᠭ ᠭᠤᠤᠯᠳᠠᠯᠭ᠎ᠠ ᠲᠠᠢ ᠲᠦᠷᠦᠯ ᠵᠦᠢᠯ ᠢ ᠨᠠᠷᠢᠯᠢᠭ | ᠲᠦᠰᠦᠪᠯᠡᠨ ᠮᠡᠳᠡᠬᠦᠯᠵᠦ᠂ ᠨᠡᠩ ᠣᠯᠠᠨ ᠲᠥᠷᠥᠯ ᠵᠦᠢᠯ ᠢ ᠤᠯᠤᠰ ᠪᠤᠯᠤᠨ ᠥᠪᠡᠷᠲᠡᠭᠡᠨ ᠵᠠᠰᠠᠬᠤ ᠣᠷᠣᠨ ᠤ ︽ | ᠠᠷᠪᠠᠨ ᠳᠥᠷᠪᠡᠳᠦᠭᠡᠷ ᠲᠠᠪᠤᠨ ᠵᠢᠯ︾ ᠶᠢᠨ ᠲᠦᠯᠦᠪᠵᠢᠭᠦᠯᠭᠡ ᠳᠤ ᠵᠢᠭᠰᠠᠭᠠᠨ ᠣᠷᠣᠭᠤᠯᠬᠤ ᠪᠠᠷ ᠴᠢᠷᠮᠠᠶᠢᠨ | ᠲᠡᠮᠡᠴᠡᠵᠦ ᠲᠡᠭᠡᠳᠦ ᠱᠠᠳᠤᠨ ᠤ ᠪᠡᠯᠡ ᠮᠦᠩᠬᠦ ᠶᠢ ᠲᠡᠮᠡᠴᠡᠨ ᠤᠯᠬᠤ ᠪᠠᠷ ᠪᠦᠬᠦ ᠬᠦᠴᠦᠨ ᠢᠶᠠᠷ ᠢᠶᠠᠨ ᠴᠢᠷᠮᠠᠶᠢᠵᠤ᠂ | ᠠᠯᠬᠤᠮ ᠳᠠᠷᠠᠭ᠎ᠠ ᠲᠠᠢ ᠪᠠᠷ ᠤᠷᠤᠭᠰᠢᠯᠠᠬᠤ ᠂ ᠳᠠᠰᠤᠷᠠᠯᠲᠠ ᠦᠭᠡᠢ ᠬᠥᠭᠵᠢᠯᠲᠡ ᠲᠠᠢ ᠲᠥᠷᠥᠯ ᠵᠦᠢᠯ ᠤᠨ | ᠪᠦᠲᠦᠭᠡᠨ ᠪᠠᠶᠢᠭᠤᠯᠤᠯᠲᠠ ᠶᠢ ᠪᠤᠢ ᠪᠣᠯᠭᠠᠨ᠎ᠠ᠃ | | ︵ᠭᠤᠷᠪᠠ︶ ︽ᠭᠤᠷᠪᠠᠨ ᠲᠠᠷᠢᠶᠠᠯᠠᠩ︾ ᠤᠨ ᠬᠥᠭᠵᠢᠯᠲᠡ ᠳᠤ ᠬᠦᠴᠦ ᠪᠠᠨ ᠲᠥᠪᠯᠡᠷᠡᠭᠦᠯᠦᠨ᠂ ᠬᠥᠳᠡᠭᠡ | ᠲᠤᠰᠬᠤᠨ ᠢ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠤᠨ᠎ᠠ᠃ | | ᠶᠠᠳᠠᠭᠤ ᠠᠴᠠ ᠠᠩᠭᠢᠵᠢᠷᠠᠭᠤᠯᠬᠤ ᠪᠤᠭᠤᠮᠲᠠ ᠰᠢᠪᠲᠤᠯᠬᠤ ᠦᠷ᠎ᠡ ᠪᠦᠳᠦᠭᠡᠯ ᠢ ᠪᠠᠲᠤᠳᠬᠠᠨ ᠥᠷᠭᠡᠵᠢᠭᠦᠯᠦᠨ᠎ᠡ᠃ | ︽ᠳᠥᠷᠪᠡ ᠶᠢ ᠲᠠᠶᠠᠭᠳᠠᠬᠤ ᠦᠭᠡᠢ︾ ᠱᠠᠭᠠᠷᠳᠠᠯᠭ᠎ᠠ ᠶᠢ ᠴᠢᠩᠭ᠎ᠠ ᠬᠡᠷᠡᠭᠵᠢᠭᠦᠯᠦᠨ᠂ ᠭᠤᠣᠯ ᠪᠣᠯᠬᠤ ᠬᠠᠪᠰᠤᠷᠤᠨ | ᠳᠡᠮᠵᠢᠬᠦ ᠲᠥᠷᠥ ᠶᠢᠨ ᠪᠣᠳᠣᠯᠭ᠎ᠠ ᠶᠢᠨ ᠶᠡᠷᠥᠩᠬᠡᠢ ᠲᠤᠭᠲᠠᠮᠠᠯ ᠪᠠᠶᠢᠳᠠᠯ ᠬᠢᠭᠡᠳ ᠲᠥᠷᠥᠯ ᠬᠤᠪᠢᠶᠠᠭᠰᠠᠨ | ᠲᠤᠬᠢᠷᠠᠭᠤᠯᠤᠯᠭ᠎ᠠ ᠶᠢᠨ ᠰᠢᠯᠢᠳᠡᠭ ᠪᠠᠶᠢᠳᠠᠯ ᠢ ᠪᠠᠲᠤᠯᠠᠵᠤ᠂ ᠶᠠᠳᠠᠭᠤ ᠠᠴᠠ ᠠᠩᠭᠢᠵᠢᠷᠠᠭᠤᠯᠤᠨ ᠪᠤᠭᠤᠮᠲᠠ ᠰᠢᠪᠲᠤᠯᠬᠤ | ᠦᠷ᠎ᠡ ᠪᠦᠳᠦᠭᠡᠯ ᠢ ᠪᠠᠲᠤᠳᠬᠠᠨ ᠥᠷᠭᠡᠳᠬᠡᠬᠦ ᠪᠤᠯᠤᠨ ᠬᠥᠳᠡᠭᠡ ᠲᠤᠰᠬᠤᠨ ᠢ ᠮᠠᠨᠳᠤᠭᠤᠯᠬᠤ ᠯᠤᠭ᠎ᠠ ᠵᠤᠯᠭᠠᠭᠤᠯᠬᠤ | ᠶᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠶᠠᠳᠠᠭᠤ ᠠᠴᠠ ᠠᠩᠭᠢᠵᠢᠷᠠᠭᠰᠠᠨ ᠰᠠᠭᠤᠷᠢ ᠶᠢ ᠨᠡᠩ ᠪᠠᠲᠤ ᠪᠠᠬᠢ | ᠪᠣᠯᠭᠠᠵᠤ᠂ ᠦᠷ᠎ᠡ ᠪᠦᠲᠥᠮᠵᠢ ᠶᠢ ᠨᠢ ᠦᠷᠭᠦᠯᠵᠢᠯᠡᠭᠦᠯᠦᠨ᠎ᠡ᠃ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠬᠢᠨᠠᠨ ᠬᠡᠮᠵᠢᠬᠦ | ᠪᠠ ᠬᠠᠪᠰᠤᠷᠤᠨ ᠳᠡᠮᠵᠢᠬᠦ ᠲᠤᠭᠲᠠᠯᠴᠠᠭ᠎ᠠ ᠶᠢ ᠪᠦᠷᠢᠨᠰᠢᠭᠦᠯᠵᠦ᠂ ᠠᠮᠠᠷᠬᠠᠨ ᠳᠠᠬᠢᠨ ᠶᠠᠳᠠᠭᠤᠷᠠᠬᠤ᠂ ᠶᠠᠳᠠᠭᠤᠷᠠᠬᠤ | ᠬᠦᠮᠦᠰ ᠲᠤ ᠦᠷᠭᠦᠯᠵᠢ ᠶᠢᠨ ᠴᠢᠨᠠᠷᠲᠠᠢ ᠬᠢᠨᠠᠯᠲᠠ ᠲᠠᠯᠪᠢᠵᠤ᠂ ᠡᠷᠲᠡᠬᠡᠨ ᠣᠯᠵᠤ ᠢᠯᠡᠷᠡᠭᠦᠯᠬᠦ᠂ ᠡᠷᠲᠡᠬᠡᠨ ᠭᠠᠷ | ᠣᠷᠣᠬᠤ᠂ ᠡᠷᠲᠡᠬᠡᠨ ᠬᠠᠪᠰᠤᠷᠤᠨ ᠳᠡᠮᠵᠢᠬᠦ ᠪᠤᠯᠭᠠᠨ᠎ᠠ᠃ ᠠᠵᠤ ᠦᠢᠯᠡᠰ ᠢᠶᠠᠷ ᠶᠠᠳᠠᠭᠤ ᠶᠢ ᠲᠡᠳᠭᠦᠬᠦ ᠲᠥᠷᠥᠯ | ᠵᠦᠢᠯ ᠢ ᠨᠢᠮᠪᠠᠢ ᠲᠥᠯᠥᠪᠡᠯᠡᠨ ᠬᠡᠷᠡᠭᠵᠢᠭᠦᠯᠵᠦ᠂ ᠶᠠᠳᠠᠭᠤ ᠶᠢ ᠲᠡᠳᠬᠦᠬᠦ ᠠᠵᠤ ᠦᠢᠯᠡᠰ ᠤᠨ ᠬᠦᠷᠢᠶ᠎ᠡ ᠬᠡᠪᠴᠢᠶ᠎ᠡ ᠪᠠᠨ | ᠦᠷᠭᠡᠳᠬᠡᠨ ᠦᠷ᠎ᠡ ᠪᠦᠲᠦᠮᠵᠢ ᠪᠠᠨ ᠨᠡᠮᠡᠭᠳᠡᠭᠦᠯᠬᠦ ᠶᠢ ᠠᠬᠢᠭᠤᠯᠤᠨ᠎ᠠ᠃ ᠪᠤᠰᠤᠳ ᠭᠠᠵᠠᠷ ᠰᠢᠯᠵᠢᠭᠦᠯᠦᠨ ᠶᠠᠳᠠᠭᠤ ᠶᠢ | ᠲᠡᠳᠬᠦᠬᠦ ᠪᠠᠷ ᠨᠡᠭᠦᠯᠭᠡᠭᠰᠡᠨ ᠤᠯᠠᠨ ᠲᠦᠮᠡᠨ ᠤ ᠬᠤᠶᠢᠰᠢᠳᠠ ᠶᠢᠨ ᠦᠷᠬᠦᠯᠵᠢᠯᠡᠬᠦᠶᠢᠴᠡ ᠴᠢᠨᠠᠷ ᠲᠠᠢ ᠬᠠᠪᠰᠤᠷᠤᠨ | ᠳᠡᠮᠵᠢᠬᠦ ᠶᠢ ᠴᠢᠩᠭᠠᠳᠬᠠᠠᠨ᠂ ᠣᠯᠠᠨ ᠠᠷᠭ᠎ᠠ ᠵᠠᠮ ᠢᠶᠠᠷ ᠠᠵᠢᠯ ᠣᠯᠭᠤᠬᠤ ᠶᠢ ᠠᠬᠢᠭᠤᠯᠤᠨ᠂ ᠣᠷᠣᠯᠭ᠎ᠠ ᠶᠢ ᠨᠢ | ᠨᠡᠮᠡᠭᠳᠡᠭᠦᠯᠦᠨ᠂ ᠦᠢᠯᠡᠴᠢᠯᠡᠭᠡᠨ ᠤ ᠬᠠᠮᠢᠶᠠᠷᠤᠯᠲᠠ ᠪᠠᠨ ᠴᠢᠩᠭᠠᠳᠬᠠᠠᠨ᠂ ᠠᠵᠢᠯᠴᠢ ᠬᠥᠳᠡᠯᠮᠦᠷᠢ ᠪᠠᠷ ᠪᠠᠶᠠᠵᠢᠬᠤ᠂ | ᠠᠮᠤᠷ ᠲᠥᠪᠰᠢᠨ ᠠᠵᠤ ᠲᠥᠷᠦᠬᠦ ᠪᠤᠯᠭᠠᠨ᠎ᠠ᠃ ᠶᠠᠳᠠᠭᠤ ᠶᠢ ᠲᠡᠳᠬᠦᠬᠦ ᠲᠥᠷᠥᠯ ᠵᠦᠢᠯ ᠤᠨ ᠬᠥᠷᠥᠩᠭᠡ | ᠮᠥᠩᠭᠦ ᠶᠢᠨ ᠬᠠᠮᠢᠶᠠᠷᠤᠯᠲᠠ ᠪᠤᠯᠤᠨ ᠬᠢᠨᠠᠯᠲᠠ ᠪᠠᠨ ᠴᠢᠩᠭᠠᠳᠬᠠᠠᠨ᠂ ᠬᠦᠳᠡᠯᠥᠩᠭᠦᠢ ᠪᠠᠶᠢᠴᠠᠭᠠᠯᠲᠠ ᠪᠤᠯᠤᠨ | ᠠᠶᠤᠯ ᠠᠴᠠ ᠰᠡᠷᠭᠡᠶᠢᠯᠡᠬᠦ ᠲᠤᠭᠳᠠᠯᠴᠠᠭ᠎ᠠ ᠶᠢ ᠲᠡᠭᠦᠯᠳᠡᠷᠵᠢᠭᠦᠯᠵᠦ᠂ ᠶᠠᠳᠠᠭᠤ ᠠᠴᠠ ᠠᠩᠭᠢᠵᠢᠷᠠᠭᠤᠯᠬᠤ ᠤᠳᠠᠭᠠᠨ | ᠴᠢᠨᠠᠷᠳᠠᠢ ᠦᠢᠯᠡᠳᠦᠯ ᠭᠠᠷᠭᠠᠬᠤ ᠢ ᠨᠢ ᠪᠠᠲᠤᠯᠠᠨ᠎ᠠ᠃ | | ᠬᠥᠳᠡᠭᠡ ᠲᠤᠰᠬᠤᠨ ᠤ ᠪᠦᠲᠦᠭᠡᠨ ᠪᠠᠶᠢᠭᠤᠯᠤᠯᠲᠠ ᠶᠢᠨ ᠠᠵᠢᠯᠯᠠᠭ᠎ᠠ ᠪᠠᠨ ᠲᠦᠷᠭᠡᠳᠭᠡᠨ ᠬᠡᠷᠡᠭᠵᠢᠭᠦᠯᠤᠨ᠎ᠠ᠃ | ︽ᠣᠯᠠᠨ ᠲᠥᠷᠢᠮ ᠢ ᠨᠢᠭᠡ ᠪᠣᠯᠭᠠᠬᠤ︾ ᠠᠶᠢᠯ ᠲᠤᠰᠬᠤᠨ ᠤ ᠲᠦᠯᠦᠪᠵᠢᠭᠦᠯᠭᠡ ᠶᠢ ᠨᠠᠶᠢᠷᠠᠭᠤᠯᠬᠤ ᠠᠵᠢᠯ ᠢ | ᠠᠯᠬᠤᠮ ᠳᠠᠷᠠᠭ᠎ᠠ ᠲᠠᠢ ᠶᠠᠪᠤᠭᠳᠠᠭᠤᠯᠵᠤ᠂ ᠬᠥᠳᠡᠭᠡ ᠲᠤᠰᠬᠤᠨ ᠤ ᠪᠦᠲᠦᠭᠡᠨ ᠪᠠᠶᠢᠭᠤᠯᠤᠯᠲᠠ ᠶᠢ ᠰᠢᠨᠵᠢᠯᠡᠬᠦ | ᠤᠬᠠᠭᠠᠨᠴᠢ ᠪᠠᠷ ᠵᠢᠯᠤᠭᠤᠳᠤᠨ᠎ᠠ᠃ ᠬᠥᠳᠡᠭᠡ ᠲᠤᠰᠬᠤᠨ ᠤ ᠤᠷᠤᠰᠢᠨ ᠰᠠᠭᠤᠬᠤ ᠣᠷᠴᠢᠨ ᠲᠤᠭᠤᠷᠢᠨ ᠴᠡᠭᠴᠡᠯᠡᠨ | ᠲᠡᠰ ᠲᠠᠪᠰᠢᠭᠤᠯᠬᠤ ᠲᠠᠪᠤᠨ ᠵᠢᠯ ᠤᠨ ᠠᠵᠢᠯᠯᠠᠭ᠎ᠠ ᠶᠢ ᠡᠬᠢᠯᠡᠭᠦᠯᠦᠨ᠂ ᠲᠠᠷᠢᠶᠠᠯᠠᠩ ᠤᠨ ᠪᠤᠬᠢᠷᠳᠤᠯ ᠢ ᠵᠠᠰᠠᠬᠤ ᠶᠢ | ᠭᠤᠣᠯ ᠪᠣᠯᠭᠠᠨ ᠠᠳᠬᠤᠵᠤ᠂ ᠭᠠᠵᠠᠷ ᠣᠷᠣᠨ ᠤ ᠣᠨᠴᠠᠯᠢᠭ ᠢ ᠠᠰᠢᠭᠯᠠᠨ ᠬᠥᠳᠡᠭᠡ ᠲᠤᠰᠬᠤᠨ ᠤ ︽ | ︽ᠵᠣᠷᠯᠣᠩ ᠤᠨ ᠬᠤᠪᠢᠰᠬᠠᠯ ︾︾ ᠶᠠᠪᠤᠭᠳᠠᠭᠤᠯᠵᠤ ᠂ ᠪᠠᠶᠢᠰᠢᠩ ᠲᠤᠲᠤᠷᠠᠬᠢ ᠵᠣᠷᠯᠣᠩ ᠲᠠᠢ ᠡᠷᠦᠬᠡ ᠶᠢ 6300 | ᠪᠣᠯᠭᠠᠨ᠎ᠠ᠃ ᠰᠢᠪᠡᠭᠡ ᠭᠤᠣᠯ ᠤᠨ ᠬᠥᠪᠡᠭᠡ ᠳᠠᠭᠠᠤ ᠸᠠᠩ ᠤᠨ ᠣᠷᠳᠣᠨ ᠪᠠᠯᠭᠠᠰᠤ ᠠᠴᠠ ᠨᠢᠦ ᠵᠢᠶᠠᠢᠩᠽᠢ ᠰᠢᠶᠠᠩ | ᠬᠦᠷᠲᠡᠯᠡᠬᠢ 5 ᠪᠠᠯᠭᠠᠰᠤ ᠰᠢᠶᠠᠩ ᠵᠡᠭᠡᠯᠢ ᠭᠤᠳᠤᠮᠵᠢ ᠶᠢᠨ 58 ᠵᠠᠰᠠᠭ ᠵᠠᠬᠢᠷᠭᠠᠨ ᠤ ᠲᠤᠰᠬᠤᠨ ᠤ ᠬᠤᠲᠠ | ᠭᠥᠳᠡᠭᠡ ᠶᠢᠨ ᠠᠮᠢᠳᠤᠷᠠᠯ ᠤᠨ ᠬᠤᠭ ᠨᠤᠪᠰᠢ ᠶᠢ ᠲᠥᠪᠯᠡᠷᠡᠭᠦᠯᠦᠨ ᠵᠥᠭᠡᠭᠡᠬᠦ ᠰᠢᠰᠲ᠋ᠧᠮ ᠢ ᠪᠠᠶᠢᠭᠤᠯᠤᠨ | ᠶᠠᠪᠤᠭᠳᠠᠭᠤᠯᠤᠨ᠎ᠠ᠃ ᠬᠥᠳᠡᠭᠡ ᠲᠤᠰᠬᠤᠨ ᠤ ᠦᠨᠳᠦᠰᠦᠨ ᠲᠤᠨᠤᠭ ᠳᠥᠬᠦᠭᠡᠷᠥᠮᠵᠢ ᠬᠢᠭᠡᠳ ᠣᠯᠠᠨ ᠨᠡᠶᠢᠲᠡ ᠶᠢᠨ | ᠦᠢᠯᠡᠴᠢᠯᠡᠯᠭᠡᠨ ᠤ ᠲᠤᠨᠤᠭ ᠳᠥᠬᠦᠭᠡᠷᠥᠮᠵᠢ ᠶᠢ ᠠᠵᠢᠯᠯᠠᠭᠤᠯᠬᠤ ᠂ᠬᠠᠮᠠᠭᠠᠯᠠᠬᠤ᠂ ᠬᠠᠮᠢᠶᠠᠷᠬᠤ ᠲᠤᠭᠲᠠᠯᠴᠠᠭ᠎ᠠ ᠶᠢ | ᠤᠯᠠᠮ ᠨᠢᠭᠡ ᠠᠯᠬᠤᠮ ᠰᠠᠶᠢᠵᠢᠷᠠᠭᠤᠯᠵᠤ᠂ ᠦᠵᠡᠰᠭᠦᠯᠡᠩᠳᠦ ᠰᠠᠶᠢᠬᠠᠨ ᠬᠥᠳᠡᠭᠡ ᠲᠤᠰᠬᠤᠨ ᠤ ᠪᠦᠲᠦᠭᠡᠨ | ᠪᠠᠶᠢᠭᠤᠯᠤᠯᠲᠠ ᠶᠢᠨ ᠦᠷ᠎ᠡ ᠪᠦᠲᠦᠭᠡᠯ ᠢᠶᠠᠨ ᠬᠠᠮᠠᠭᠠᠯᠠᠨ᠎ᠠ᠃ | | ᠬᠥᠳᠡᠭᠡ ᠲᠤᠰᠬᠤᠨ ᠤ ᠰᠠᠭᠤᠷᠢ ᠳᠥᠬᠦᠭᠡᠷᠥᠮᠵᠢ ᠶᠢ ᠦᠷᠭᠦᠯᠵᠢᠯᠡᠨ ᠲᠡᠭᠦᠯᠳᠡᠷᠵᠢᠬᠦᠯᠦᠨ᠎ᠡ᠃ 206 | ᠮᠤᠵᠢ ᠶᠢᠨ ᠳᠡᠰ ᠤᠨ ᠵᠠᠰᠠᠮᠠᠯ ᠵᠠᠮ ᠤᠨ ᠤᠯᠠᠭᠠᠨᠬᠠᠳᠠ ᠠᠴᠠ ᠵᠢᠨᠱᠠᠨ ᠬᠦᠷᠬᠦ 35 ᠺᠢᠯᠣᠮᠧᠲᠷ ᠨᠢᠭᠡᠳᠦᠭᠡᠷ ᠳᠡᠰ ᠤᠨ | ᠵᠠᠰᠠᠮᠠᠯ ᠵᠠᠮ᠂ ᠵᠢᠨᠱᠠᠨ ᠠᠴᠠ ᠨᠠᠨ ᠲᠠᠢ ᠽᠢ ᠬᠦᠷᠬᠦ 35 ᠺᠢᠯᠣᠮᠧᠲᠷ ᠤᠨ ᠬᠤᠶᠠᠳᠤᠭᠠᠷ ᠳᠡᠰ ᠤᠨ ᠵᠠᠰᠠᠮᠠᠯ ᠵᠠᠮ᠂ | ᠯᠸᠦ ᠽᠢ ᠳ᠋ᠢᠶᠠᠨ ᠠᠴᠠ ᠫᠢᠩ ᠵᠤᠸᠠᠩ ᠬᠦᠷᠬᠦ 10 ᠺᠢᠯᠣᠮᠧᠲᠷ ᠤᠨ ᠨᠢᠭᠡᠳᠦᠭᠡᠷ ᠳᠡᠰ ᠤᠨ ᠵᠠᠰᠠᠮᠠᠯ ᠵᠠᠮ ᠤᠨ | ᠪᠠᠷᠢᠯᠭ᠎ᠠ ᠡᠷᠲᠡ ᠡᠳᠦᠷ ᠠᠵᠢᠯ ᠡᠬᠢᠯᠡᠬᠦ ᠶᠢ ᠢᠳᠡᠪᠬᠢᠲᠡᠢ ᠠᠷᠭ᠎ᠠ ᠰᠦᠪᠡᠭᠴᠢᠯᠡᠨ ᠶᠠᠪᠤᠭᠳᠠᠭᠤᠯᠵᠤ᠂ 111 | ᠤᠯᠤᠰ ᠤᠨ ᠵᠠᠮ ᠤᠨ ᠰᠢᠶᠤᠤ ᠺᠠ ᠯᠠ ᠠᠴᠠ ᠤᠯᠠᠭᠠᠨᠬᠠᠳᠠ ᠬᠦᠷᠬᠦ ᠭᠡᠰᠡᠭ ᠤᠨ ᠬᠤᠶᠠᠳᠤᠭᠠᠷ ᠳᠡᠰ ᠤᠨ ᠵᠠᠰᠠᠮᠠᠯ | ᠵᠠᠮ ᠤᠨ ᠪᠠᠷᠢᠯᠭ᠎ᠠ ᠶᠢ ᠡᠬᠢᠯᠡᠭᠦᠯᠦᠨ ᠪᠠᠶᠢᠭᠤᠯᠵᠤ᠂ 508 ᠤᠯᠤᠰ ᠵᠠᠮ ᠤᠨ ᠰᠢ ᠴᠢᠶᠤᠤ ᠠᠴᠠ ᠫᠢᠩ ᠴᠢᠤᠸᠠᠨ | ᠬᠦᠷᠬᠦ ᠨᠢᠭᠡᠳᠦᠭᠡᠷ ᠳᠡᠰ ᠤᠨ ᠵᠠᠰᠠᠮᠠᠯ ᠵᠠᠮ ᠤᠨ ᠪᠠᠷᠢᠯᠭ᠎ᠠ ᠶᠢᠨ ᠦᠢᠯᠡᠴᠢᠯᠡᠭᠡ ᠶᠢ ᠪᠠᠳᠤᠯᠠᠬᠤ ᠠᠵᠢᠯ ᠢ ᠦᠷᠭᠦᠯᠵᠢᠯᠡᠨ | ᠰᠠᠶᠢᠲᠤᠷ ᠬᠢᠵᠦ᠂ ᠨᠢᠦ ᠵᠢᠶᠠ ᠢᠩᠽᠢ ᠶᠢᠨ ᠦᠨᠳᠦᠷ ᠬᠤᠷᠳᠤᠴᠠᠲᠤ ᠵᠠᠮ ᠢ ᠵᠢᠩᠬᠢᠨᠢ ᠪᠠᠷ ᠠᠰᠢᠭᠯᠠᠯᠲᠠ ᠳᠤ | ᠣᠷᠣᠭᠤᠯᠣᠨ᠎ᠠ᠃ ᠯᠢᠶᠣᠣᠰᠢ ᠶᠢᠨ ᠣᠮᠠᠷᠠᠰᠢ ᠤᠰᠤ ᠳᠠᠲᠠᠬᠤ ᠢᠨᠵᠧᠨᠧᠷᠢᠩ ᠤᠨ ᠬᠠᠷᠠᠴᠢᠨ ᠤ ᠰᠠᠯᠪᠤᠷᠢ | ᠱᠤᠭᠤᠮ ᠤᠨ ᠪᠠᠷᠢᠯᠭ᠎ᠠ ᠶᠢ ᠪᠦᠬᠦ ᠬᠦᠴᠦ ᠪᠠᠷ ᠢᠶᠠᠨ ᠳᠡᠮᠵᠢᠨ ᠪᠠᠲᠤᠯᠠᠵᠤ᠂ ᠬᠥᠳᠡᠭᠡ ᠲᠤᠰᠬᠤᠨ ᠤ 10 | ᠺᠢᠯᠣᠸᠠᠲ ᠠᠴᠠ ᠳᠣᠭᠤᠭᠰᠢᠬᠢ ᠴᠠᠬᠢᠯᠭᠠᠨ ᠬᠠᠩᠭᠠᠬᠤ ᠲᠤᠤᠷ ᠢ 138 ᠺᠢᠯᠣᠮᠧᠲᠷ ᠰᠠᠶᠢᠵᠢᠷᠠᠭᠤᠯᠤᠨ ᠵᠠᠰᠠᠨ᠎ᠠ᠂ | 78 ᠰᠠᠭᠤᠷᠢ ᠴᠠᠬᠢᠯᠭᠠᠨ ᠤ ᠬᠦᠴᠦᠳᠡᠯ ᠬᠤᠪᠢᠷᠠᠭᠤᠯᠤᠭᠴᠢ ᠶᠢ ᠰᠢᠨᠡᠳᠭᠡᠨ ᠰᠤᠯᠢᠵᠦ᠂ ᠴᠠᠬᠢᠯᠭᠠᠨ ᠬᠠᠩᠭᠠᠬᠤ | ᠪᠠᠲᠤᠯᠠᠭ᠎ᠠ ᠶᠢᠨ ᠴᠢᠳᠠᠪᠣᠷᠢ ᠪᠠᠨ ᠳᠡᠭᠡᠭᠰᠢᠯᠡᠭᠦᠯᠦᠨ᠎ᠡ᠃ | | ︵ᠳᠥᠷᠪᠡ︶ ᠦᠢᠯᠡᠳᠪᠦᠷᠢᠯᠡᠯ ᠬᠤᠳᠠᠴᠢᠯᠠᠯᠳᠠ ᠶᠢ ᠠᠭᠤᠰᠤᠯᠴᠠᠭᠤᠯᠬᠤ ᠶᠢ ᠲᠦᠪᠯᠡᠷᠡᠬᠦᠯᠦᠨ ᠬᠦᠴᠦᠯᠡᠵᠦ᠂ | ᠰᠢᠨ᠎ᠡ ᠬᠡᠯᠪᠡᠷᠢ ᠶᠢᠨ ᠬᠤᠳᠠ ᠪᠠᠯᠭᠠᠰᠤᠵᠢᠯᠳᠠ ᠶᠢᠨ ᠠᠬᠢᠴᠠ ᠶᠢ ᠪᠦᠬᠦ ᠬᠦᠴᠦ ᠪᠠᠷ ᠲᠥᠷᠭᠡᠳᠬᠡᠨ᠎ᠡ᠃ | | ᠪᠦᠬᠦ ᠤᠯᠤᠰ ᠤᠨ ᠭᠠᠵᠠᠷ ᠰᠢᠷᠤᠢ ᠶᠢᠨ ᠳᠦᠰᠦᠪ ᠤᠨ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠦᠨ᠎ᠡ᠃ ︽ | ᠣᠯᠠᠨ ᠳᠦᠷᠢᠮ ᠢ ᠨᠢᠭᠡ ᠪᠣᠯᠭᠠᠬᠤ︾ ᠱᠠᠭᠠᠷᠳᠠᠯᠭ᠎ᠠ ᠶᠢᠨ ᠶᠤᠰᠤᠭᠠᠷ᠂ ᠪᠦᠬᠦ ᠬᠤᠰᠢᠭᠤᠨ ᠤ ᠤᠯᠤᠰ ᠤᠨ ᠭᠠᠵᠠᠷ | ᠰᠢᠷᠤᠢ ᠶᠢᠨ ᠣᠷᠣᠨ ᠵᠠᠢ ᠶᠢᠨ ᠶᠡᠷᠥᠩᠬᠡᠢ ᠳᠦᠰᠦᠪ ᠤᠨ ᠬᠤᠷᠳᠤᠬᠠᠨ ᠨᠠᠶᠢᠷᠠᠭᠤᠯᠤᠨ ᠵᠤᠬᠢᠶᠠᠵᠤ᠂ ᠬᠤᠲᠠ ᠶᠢᠨ | ᠶᠡᠷᠥᠩᠬᠡᠢ ᠳᠦᠰᠦᠪ ᠤᠨ ᠵᠠᠰᠠᠨ ᠰᠠᠶᠢᠵᠢᠷᠠᠭᠤᠯᠤᠭᠰᠠᠨ ᠦᠷ᠎ᠡ ᠪᠦᠲᠥᠮᠵᠢ ᠶᠢ ᠲᠡᠭᠦᠯᠳᠡᠷᠵᠢᠭᠦᠯᠦᠨ᠂ ᠵᠢᠨᠱᠠᠨ ᠤ | ᠬᠤᠲᠠ ᠶᠢᠨ ᠲᠤᠭᠤᠷᠢᠭ ᠤᠨ ᠡᠵᠨᠮᠰᠢᠯ ᠤᠨ ᠴᠢᠨᠠᠷᠲᠠᠢ ᠨᠠᠷᠢᠯᠢᠭ ᠳᠦᠰᠦᠪ ᠢ ᠨᠠᠶᠢᠷᠠᠭᠤᠯᠬᠤ ᠶᠢ ᠪᠡᠶᠡᠯᠡᠭᠦᠯᠵᠦ᠂ ᠪᠦᠬᠦ | ᠭᠠᠵᠠᠷ ᠣᠷᠣᠨ ᠤ ᠤᠯᠤᠰ ᠤᠨ ᠥᠮᠴᠢᠯᠡᠯᠲᠦ ᠭᠠᠵᠠᠷ ᠰᠢᠷᠤᠢ ᠶᠢᠨ ᠣᠷᠣᠨ ᠵᠠᠢ ᠶᠢ ᠨᠡᠬᠡᠭᠡᠨ ᠠᠰᠢᠭᠯᠠᠵᠦ | ᠬᠠᠮᠠᠭᠠᠯᠠᠬᠤ ᠳᠤ ︽ᠨᠢᠭᠡ ᠵᠢᠷᠤᠭ︾ ᠶᠢ ᠠᠰᠢᠭᠯᠠᠬᠤ ᠪᠣᠯᠭᠠᠨ᠎ᠠ᠃ ᠬᠤᠲᠠ ᠪᠠᠯᠭᠠᠰᠤ ᠶᠢᠨ ᠣᠷᠣᠨ ᠵᠠᠢ ᠶᠢ | ᠰᠢᠨᠡᠴᠢᠯᠡᠬᠦ ᠲᠤᠰᠬᠠᠢ ᠰᠡᠳᠦᠪ ᠤᠨ ᠰᠤᠳᠤᠯᠭᠠᠨ ᠢ ᠭᠦᠨᠵᠡᠭᠡᠶᠢᠷᠡᠭᠦᠯᠵᠦ᠂ ᠭᠤᠣᠯ ᠪᠣᠯᠬᠤ ᠣᠯᠠᠨ ᠴᠢᠳᠠᠪᠤᠷᠢᠲᠠᠢ | ᠭᠡᠰᠡᠭ ᠭᠠᠵᠠᠷ᠂ ᠭᠤᠣᠯᠳᠠᠯᠭ᠎ᠠ ᠲᠠᠢ ᠬᠡᠰᠡᠭ ᠤᠨ ᠨᠡᠭᠡᠬᠡᠨ ᠠᠰᠢᠭᠯᠠᠬᠤ ᠪᠦᠲᠦᠴᠡ ᠶᠢ ᠠᠳᠬᠤᠵᠤ᠂ ᠣᠨᠴᠠᠯᠢᠭᠳᠤ | ᠠᠵᠤ ᠦᠢᠯᠡᠰ᠂ ᠵᠠᠮ ᠬᠠᠷᠢᠯᠴᠠᠭ᠎ᠠ ᠶᠢᠨ ᠵᠤᠬᠢᠶᠠᠨ ᠪᠠᠶᠢᠭᠤᠯᠤᠯᠲᠠ᠂ ᠴᠠᠬᠢᠯᠭᠠᠨ ᠤ ᠳᠥᠭᠦᠭᠡᠷᠥᠮᠵᠢ᠂ ᠠᠮᠢ | ᠠᠬᠤᠢ ᠶᠢᠨ ᠤᠰᠤᠨ ᠰᠢᠰᠲ᠋ᠧᠮ᠂ ᠣᠯᠠᠨ ᠨᠡᠶᠢᠲᠡ ᠶᠢᠨ ᠦᠢᠯᠡᠴᠢᠯᠡᠭᠡ ᠵᠡᠷᠭᠡ ᠲᠤᠰᠬᠠᠢ ᠲᠥᠷᠥᠯ ᠤᠨ ᠳᠦᠰᠦᠪ ᠢ | ᠨᠠᠶᠢᠷᠠᠭᠤᠯᠬᠤ ᠶᠢ ᠨᠢᠭᠡᠳᠦᠯᠳᠡᠢ ᠠᠬᠢᠭᠤᠯᠤᠨ᠎ᠠ᠃ ᠳᠦᠰᠦᠪ ᠢᠶᠠᠷ ᠳᠠᠭᠠᠭᠤᠯᠬᠤ ᠶᠢ ᠪᠠᠷᠢᠮᠲᠠᠯᠠᠨ᠂ ᠳᠦᠰᠦᠪ ᠤᠨ | ᠶᠤᠰᠤᠭᠠᠷ ᠬᠠᠮᠢᠶᠠᠷᠣᠨ ᠬᠢᠨᠠᠬᠤ ᠶᠢ ᠴᠢᠩᠭᠠᠳᠬᠠᠨ᠂ ᠰᠢᠨᠵᠢᠯᠡᠬᠦ ᠤᠬᠠᠭᠠᠨᠴᠢ᠂ ᠦᠷᠬᠦᠯᠵᠢᠯᠡᠬᠦᠶᠢᠴᠡ᠂ ᠠᠭᠤᠰᠤᠯᠴᠠ᠊ | ᠭᠤᠯᠤᠨ ᠬᠥᠭᠵᠢᠬᠦᠯᠬᠦ ᠶᠢ ᠪᠡᠶᠡᠯᠡᠭᠦᠯᠦᠨ᠎ᠡ᠃ | | ᠵᠢᠨᠱᠠᠨ ᠬᠤᠲᠠ ᠲᠤᠭᠤᠷᠢᠭ ᠤᠨ ᠦᠢᠯᠡᠳᠪᠦᠷᠢᠯᠡᠯ ᠬᠤᠲᠠᠴᠢᠯᠠᠯ ᠤᠨ ᠤᠶᠠᠯᠳᠤᠨ ᠬᠥᠭᠵᠢᠬᠦ ᠶᠢ ᠠᠬᠢᠭᠤᠯᠤᠨ᠎ᠠ᠃ | ᠲᠥᠭᠵᠢᠷᠡᠯ ᠢ ᠰᠢᠯᠤᠭᠤᠳᠬᠠᠨ ᠰᠠᠭᠠᠳ ᠦᠭᠡᠢ ᠨᠡᠪᠳᠡᠷᠡᠬᠦᠯᠬᠦ ᠬᠦᠴᠦᠯᠡᠴᠡ ᠪᠠᠨ ᠶᠡᠬᠡᠰᠬᠡᠨ᠂ ᠭᠠᠳᠠᠨ᠎ᠠ | ᠲᠤᠭᠤᠷᠢᠯᠳᠠ ᠶᠢᠨ ᠵᠠᠮ ᠢ ᠠᠵᠢᠯ ᠡᠬᠢᠯᠡᠭᠦᠯᠦᠨ ᠵᠠᠰᠠᠵᠤ᠂ ᠡᠮᠡᠭᠡᠯ ᠠᠭᠤᠯᠠ ᠭᠤᠣᠯ ᠤᠨ ᠪᠠᠷᠠᠭᠤᠨ ᠡᠷᠭᠢ ᠶᠢᠨ | ᠵᠠᠮ ᠤᠨ ᠶᠡᠷᠥᠩᠬᠡᠢ ᠥᠭᠡᠷᠡᠴᠢᠯᠡᠯᠲᠡ ᠶᠢᠨ ᠪᠠᠷᠢᠯᠭ᠎ᠠ ᠶᠢ ᠡᠬᠢᠯᠡᠨ ᠶᠠᠪᠤᠭᠳᠠᠭᠤᠯᠤᠨ᠎ᠠ᠂ ᠵᠢᠨᠱᠠᠨ ᠤ ᠭᠤᠷᠪᠠᠳᠤᠭᠠᠷ | ᠪᠠᠭ᠎ᠠ ᠰᠤᠷᠭᠠᠭᠤᠯᠢ᠂ ᠵᠢᠨᠱᠠᠨ ᠤ ᠭᠤᠷᠪᠠᠳᠤᠭᠠᠷ ᠳᠤᠮᠳᠠᠳᠤ ᠰᠤᠷᠭᠠᠭᠤᠯᠢ ᠶᠢᠨ ᠵᠡᠭᠡᠯᠢ ᠳᠠᠮᠵᠢᠭᠰᠠᠨ ᠬᠦᠭᠦᠷᠭᠡ ᠶᠢ | ᠪᠠᠶᠢᠭᠤᠯᠵᠤ᠂ ᠬᠤ᠋ ᠪᠢᠨ ᠵᠠᠮ᠂ ᠪᠠᠷᠠᠭᠤᠨ ᠬᠤᠲᠠ ᠶᠢᠨ ᠭᠤᠣᠯ ᠵᠠᠮ ᠤᠨ ᠬᠤᠶᠠᠷ ᠲᠠᠯ᠎ᠠ ᠶᠢᠨ ᠮᠠᠰᠢᠨ ᠤ | ᠵᠤᠭᠰᠤᠭᠠᠯ ᠢ ᠥᠭᠡᠷᠡᠴᠢᠯᠡᠨ ᠪᠠᠶᠢᠭᠤᠯᠬᠤ ᠠᠵᠢᠯ ᠢ ᠲᠡᠭᠦᠰᠭᠡᠨ᠎ᠡ᠃ ᠳᠤᠯᠠᠭᠠᠨ ᠢ ᠬᠠᠩᠭᠠᠬᠤ ᠶᠠᠰᠤ ᠴᠢᠨᠠᠷ ᠤᠨ | ᠰᠢᠯᠭᠠᠯᠲᠠ ᠶᠢᠨ ᠱᠠᠩᠨᠠᠨ ᠲᠣᠷᠭᠠᠬᠤ ᠳᠦᠷᠢᠮ ᠢ ᠲᠡᠭᠦᠯᠳᠡᠷᠵᠢᠭᠦᠯᠵᠦ᠂ ᠳᠤᠯᠠᠭᠠᠨ ᠢ ᠬᠠᠩᠭᠠᠬᠤ ᠳᠥᠬᠦᠭᠡᠷᠥᠮᠵᠢ | ᠬᠢᠭᠡᠳ ᠳᠤᠯᠠᠭᠠᠨ ᠢ ᠬᠠᠩᠭᠠᠬᠤ ᠬᠤᠭᠤᠯᠠᠢ ᠱᠤᠭᠤᠮ ᠤᠨ ᠰᠠᠶᠢᠵᠢᠷᠠᠭᠤᠯᠤᠨ ᠥᠭᠡᠷᠡᠴᠢᠯᠡᠬᠦ ᠢᠨᠵᠧᠨᠧᠷᠢᠩ ᠢ | ᠬᠡᠷᠡᠭᠵᠢᠭᠦᠯᠵᠦ᠂ ᠳᠤᠯᠠᠭᠠᠨ ᠢ ᠬᠠᠩᠭᠠᠬᠤ ᠪᠠᠲᠤᠯᠠᠭ᠎ᠠ ᠶᠢᠨ ᠴᠢᠳᠠᠪᠤᠷᠢ ᠬᠢᠭᠡᠳ ᠦᠢᠯᠡᠴᠢᠯᠡᠭᠡ ᠶᠢᠨ ᠶᠠᠰᠤ ᠴᠢᠨᠠᠷ ᠢ | ᠳᠡᠭᠡᠭᠰᠢᠯᠡᠭᠦᠯᠦᠨ᠎ᠡ᠃ ᠬᠤᠲᠠ ᠶᠢᠨ ᠰᠢᠨᠡᠴᠢᠯᠡᠯ ᠤᠨ ᠬᠥᠳᠡᠯᠭᠡᠭᠡᠨ ᠢ ᠥᠷᠨᠢᠭᠦᠯᠵᠦ᠂ ᠠᠭᠤᠳᠠᠮ ᠲᠠᠯᠠᠪᠠᠢ ᠵᠠᠮ᠂ ᠶᠢᠨ | ᠴᠢᠶᠤᠤ ᠵᠠᠮ᠂ ᠴᠡᠴᠡᠷᠯᠢᠭ ᠵᠠᠮ ᠤᠨ ᠪᠤᠷᠤᠭᠠᠨ ᠤ ᠪᠠ ᠪᠤᠬᠢᠷ ᠤᠰᠤᠨ ᠤ ᠬᠤᠭᠤᠯᠠᠢ ᠱᠤᠭᠤᠮ ᠤᠨ ᠲᠤᠤᠷ ᠢ | ᠥᠭᠡᠷᠡᠴᠢᠯᠡᠨ᠂ ᠢᠩ ᠪᠢᠨ ᠵᠠᠮ᠂ ᠾᠧ ᠪᠢᠨ ᠡᠮᠦᠨ᠎ᠡ ᠵᠡᠭᠡᠯᠢ ᠶᠢᠨ ᠪᠠᠷᠠᠭᠤᠨ ᠬᠡᠰᠡᠭ᠂ ᠶᠢᠨ ᠨᠠᠨ ᠶᠡᠭᠡ | ᠵᠡᠭᠡᠯᠢ ᠶᠢᠨ ᠵᠠᠮ ᠢ ᠨᠤᠭᠤᠭᠠᠷᠠᠭᠤᠯᠵᠤ᠂ 6 ᠬᠠᠭᠤᠴᠢᠨ ᠲᠤᠭᠤᠷᠢᠭ ᠤᠨ ᠶᠡᠷᠦᠩᠬᠡᠶᠢᠯᠡᠭᠰᠡᠨ ᠵᠠᠰᠠᠯᠳᠠ ᠶᠢ | ᠲᠠᠭᠤᠰᠬᠠᠨ᠎ᠠ᠃ ︽ᠦᠨᠡᠮᠯᠡᠯ ᠢ ᠨᠢ ᠭᠦᠢᠴᠡᠳᠭᠡᠬᠦ ᠳᠤ︾ ᠬᠦᠴᠢᠷ ᠪᠠᠶᠢᠳᠠᠭ ᠦᠯᠦ ᠬᠦᠳᠡᠯᠬᠦ ᠬᠥᠷᠥᠩᠭᠡ ᠶᠢᠨ | ᠲᠡᠦᠬᠡᠨ ᠦᠯᠡᠳᠡᠭᠳᠡᠯ ᠠᠰᠠᠭᠤᠳᠠᠯ ᠢ ᠬᠠᠤᠯᠢ ᠶᠤᠰᠤᠭᠠᠷ ᠬᠤᠷᠳᠤᠬᠠᠨ ᠰᠢᠢᠳᠪᠦᠷᠢᠯᠡᠵᠦ᠂ ᠣᠯᠠᠨ ᠲᠥᠮᠡᠨ ᠤ ᠬᠠᠤᠯᠢ | ᠶᠤᠰᠤᠨ ᠤ ᠡᠷᠬᠡ ᠠᠰᠢᠭ ᠢ ᠦᠨᠡᠨᠬᠦ ᠬᠠᠮᠠᠭᠠᠯᠠᠨ᠎ᠠ᠃ ᠠᠳᠠᠯ ᠠᠬᠤᠢ ᠶᠢᠨ ᠦᠢᠯᠡᠴᠢᠯᠡᠭᠡᠨ ᠤ ᠬᠠᠮᠢᠶᠠᠷᠣᠯᠲᠠ ᠶᠢᠨ | ᠲᠤᠭᠳᠠᠯᠴᠠᠭ᠎ᠠ ᠶᠢ ᠲᠡᠭᠦᠯᠳᠡᠷᠵᠢᠭᠦᠯᠵᠦ᠂ ᠢᠳᠡᠭᠡᠮᠵᠢ ᠶᠢᠨ ᠬᠠᠷ᠎ᠠ ᠳᠠᠩᠰᠠᠨ ᠤ ᠳᠦᠷᠢᠮ ᠢ ᠬᠡᠷᠡᠭᠵᠢᠭᠦᠯᠵᠦ᠂ ᠠᠳᠠᠯ | ᠠᠬᠤᠢ ᠶᠢᠨ ᠦᠢᠯᠡᠴᠢᠯᠡᠭᠡᠨ ᠤ ᠶᠠᠰᠤ ᠴᠢᠨᠠᠷ ᠬᠢᠭᠡᠳ ᠬᠢᠷᠢ ᠲᠥᠪᠰᠢᠨ ᠢ ᠳᠡᠭᠡᠭᠰᠢᠯᠡᠭᠦᠯᠦᠨ᠎ᠡ᠃ ᠪᠦᠬᠦ ᠣᠷᠣᠨ ᠤ | ᠬᠤᠲᠠ ᠬᠥᠳᠡᠭᠡ ᠶᠢᠨ ᠨᠠᠷᠢᠯᠢᠭ ᠬᠠᠮᠢᠶᠠᠷᠣᠯᠲᠠ ᠶᠢᠨ ᠲᠤᠷᠰᠢᠯᠲᠠ ᠶᠢᠨ ᠬᠤᠰᠢᠭᠤ ᠪᠤᠯᠤᠭᠰᠠᠨ ᠠᠰᠢᠭᠲᠠᠢ ᠲᠤᠬᠢᠶᠠᠯ ᠢ | ᠠᠰᠢᠭᠯᠠᠨ᠂ ᠬᠤᠲᠠ ᠶᠢᠨ ᠬᠠᠮᠢᠶᠠᠷᠣᠯᠲᠠ ᠶᠢᠨ ᠲᠤᠳᠠᠮᠠᠭ ᠲᠠᠯ᠎ᠠ ᠪᠠᠨ ᠪᠦᠬᠦ ᠲᠠᠯ᠎ᠠ ᠪᠠᠷ ᠨᠥᠬᠦᠪᠦᠷᠢᠯᠡᠨ᠂ ᠵᠢᠨᠱᠠᠨ | ᠬᠤᠲᠠ ᠲᠤᠭᠤᠷᠢᠭ ᠤᠨ ᠦᠢᠯᠡᠳᠪᠦᠷᠢᠯᠡᠯ ᠬᠤᠲᠠᠴᠢᠯᠠᠯ ᠤᠶᠠᠯᠳᠣᠭᠰᠠᠨ ᠬᠥᠭᠵᠢᠯᠲᠡ ᠶᠢᠨ ᠳᠦᠰᠦᠪ ᠢ ᠦᠨᠳᠦᠷ | ᠪᠠᠷᠢᠮᠵᠢᠶ᠎ᠠ ᠪᠠᠷ ᠨᠠᠶᠢᠷᠠᠭᠤᠯᠤᠨ ᠵᠤᠬᠢᠶᠠᠵᠤ᠂ ᠡᠮᠡᠭᠡᠯ ᠠᠭᠤᠯᠠᠨ ᠤ ᠬᠡᠰᠡᠭ ᠭᠠᠵᠠᠷ ᠪᠤᠯᠤᠨ ᠵᠢᠨᠱᠠᠨ ᠤ ᠵᠡᠭᠦᠨ ᠬᠡᠰᠡᠭ | ᠭᠠᠵᠠᠷ ᠤᠨ ᠬᠥᠭᠵᠢᠯᠲᠡ ᠶᠢᠨ ᠳᠦᠰᠦᠪ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠠᠵᠢᠯ ᠦᠢᠯᠡᠰ ᠤᠨ | ᠬᠥᠭᠵᠢᠯᠲᠡ ᠶᠢᠨ ᠪᠦᠲᠦᠴᠡ ᠳᠤ ᠰᠢᠨᠵᠢᠯᠡᠬᠦ ᠤᠬᠠᠭᠠᠨᠴᠢ ᠪᠠᠷ ᠳᠦᠰᠦᠪ ᠬᠢᠵᠦ᠂ ᠪᠤᠬᠢᠷᠳᠤᠯ ᠦᠭᠡᠢ᠂ ᠠᠵᠢᠯ | ᠤᠯᠭᠤᠵᠤ ᠳᠡᠶᠢᠯᠬᠦ ᠬᠤᠲᠠ ᠶᠢᠨ ᠠᠵᠤ ᠠᠬᠤᠶᠢᠯᠠᠯ᠂ ᠣᠳᠣᠬᠢᠴᠢᠯᠠᠭᠰᠠᠨ ᠦᠢᠯᠡᠴᠢᠯᠡᠭᠡᠨ ᠤ ᠠᠵᠤ ᠠᠬᠤᠶᠢᠯᠠᠯ ᠵᠡᠷᠭᠡ | ᠠᠵᠤ ᠦᠢᠯᠡᠰ ᠤᠨ ᠲᠥᠷᠥᠯ ᠵᠦᠢᠯ ᠢ ᠢᠳᠡᠪᠬᠢᠲᠡᠢ ᠪᠠᠷ ᠤᠷᠢᠨ ᠢᠷᠡᠭᠦᠯᠵᠦ᠂ ᠡᠮ ᠡᠮᠨᠡᠯᠭᠡ᠂ ᠰᠣᠶᠣᠯ ᠲᠠᠮᠢᠷ᠂ | ᠣᠨᠴᠠᠯᠢᠭ ᠲᠠᠢ ᠠᠷᠠᠯᠵᠢᠶ᠎ᠠ ᠬᠤᠳᠠᠯᠳᠤᠭ᠎ᠠ᠂ ᠴᠡᠴᠡᠷᠯᠢᠭ ᠵᠦᠯᠭᠡᠲᠦ ᠭᠠᠵᠠᠷ ᠵᠡᠷᠭᠡ ᠣᠯᠠᠨ ᠨᠡᠶᠢᠲᠡ ᠶᠢᠨ | ᠦᠢᠯᠡᠴᠢᠯᠡᠭᠡᠨ ᠤ ᠳᠥᠬᠦᠭᠡᠷᠦᠮᠵᠢ ᠶᠢ ᠵᠦᠢ ᠶᠤᠰᠤᠲᠠᠢ ᠲᠤᠬᠢᠷᠠᠭᠤᠯᠵᠤ᠂ ᠦᠢᠯᠡᠳᠪᠦᠷᠢᠯᠡᠯ ᠬᠤᠲᠠᠴᠢᠯᠠᠯ ᠤᠨ | ᠤᠶᠠᠯᠳᠤᠯ᠂ ᠴᠢᠳᠠᠪᠤᠷᠢ ᠪᠦᠷᠢᠨ᠂ ᠠᠮᠢᠳᠤᠷᠠᠬᠤ ᠳᠤ ᠲᠠᠭᠠᠲᠠᠢ᠂ ᠰᠠᠭᠤᠬᠤ ᠳᠤ ᠲᠤᠬᠢᠷᠠᠮᠵᠢᠲᠠᠢ᠂ ᠵᠤᠭᠠᠴᠠᠬᠤ ᠳᠤ | ᠲᠠᠪᠠ ᠲᠠᠢ ᠠᠮᠢᠵᠢᠷᠠᠯ ᠤᠨ ᠬᠦᠴᠦ ᠪᠦᠬᠦᠢ ᠰᠢᠨ᠎ᠡ ᠬᠤᠲᠠ ᠶᠢ ᠴᠤᠭᠴᠠᠯᠠᠨ ᠪᠠᠶᠢᠭᠤᠯᠤᠨ᠎ᠠ᠃ | | ᠾᠧ ᠮᠧᠢ ᠠᠵᠤ ᠦᠢᠯᠡᠰ ᠤᠨ ᠬᠦᠷᠢᠶᠡᠯᠡᠩ ᠤᠨ ᠦᠢᠯᠡᠳᠪᠦᠷᠢᠯᠡᠯ ᠬᠤᠲᠠᠴᠢᠯᠠᠯ ᠤᠨ ᠤᠶᠠᠯᠳᠣᠭᠰᠠᠨ | ᠬᠥᠭᠵᠢᠯᠲᠡ ᠶᠢ ᠲᠥᠯᠬᠢᠨ ᠠᠬᠢᠭᠤᠯᠤᠨ᠎ᠠ᠃ ᠠᠵᠤ ᠦᠢᠯᠡᠰ ᠢᠶᠠᠷ ᠭᠤᠣᠯ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠂ | ᠲᠤᠰᠬᠠᠶᠢᠵᠢᠭᠤᠯᠬᠤ ᠪᠠᠷ ᠴᠢᠭᠯᠡᠯ ᠪᠣᠯᠭᠠᠵᠤ᠂ ᠣᠳᠣᠬᠢᠴᠢᠯᠠᠭᠰᠠᠨ ᠦᠢᠯᠡᠴᠢᠯᠡᠭᠡᠨ ᠤ ᠦᠢᠯᠡᠰ ᠤᠨ ᠲᠥᠷᠥᠯ ᠢ | ᠲᠦᠷᠭᠡᠨ ᠬᠥᠭᠵᠢᠭᠦᠯᠵᠦ᠂ ᠠᠮᠢᠳᠤᠷᠠᠯ ᠳᠤ ᠬᠠᠮᠢᠶ᠎ᠠ ᠲᠠᠢ ᠦᠢᠯᠡᠴᠢᠯᠡᠭᠡ ᠶᠢ ᠨᠠᠷᠢᠯᠢᠭᠵᠢᠭᠤᠯᠬᠤ ᠪᠠ ᠲᠡᠭᠡᠳᠦ | ᠴᠢᠨᠰᠠᠭ᠎ᠠ ᠲᠠᠢ ᠪᠤᠯᠭᠠᠬᠤ ᠲᠡᠰᠢ ᠬᠤᠪᠢᠷᠠᠭᠠᠬᠤ᠂ ᠦᠢᠯᠡᠳᠪᠦᠷᠢᠯᠡᠯ ᠤᠨ ᠴᠢᠨᠠᠷᠳᠠᠢ ᠦᠢᠯᠡᠴᠢᠯᠡᠭᠡ ᠶᠢ | ᠲᠤᠰᠬᠠᠶᠢᠵᠢᠭᠰᠠᠨ ᠪᠠ ᠳᠤᠮᠳᠠ ᠲᠡᠭᠡᠳᠦ ᠲᠡᠰ ᠲᠡᠰᠢ ᠤᠷᠳᠤᠳᠬᠠᠬᠤ ᠶᠢ ᠠᠬᠢᠭᠤᠯᠦᠨ᠎ᠡ᠃ ᠲᠠᠷᠢᠶᠠᠯᠠᠩ | ᠵᠤᠭᠠᠴᠠᠯ ᠤᠨ ᠬᠤᠣᠰ ᠡᠭᠦᠳᠦᠯᠳᠡ ᠶᠢᠨ ᠡᠯᠧᠺᠲᠷᠤᠨ ᠬᠤᠳᠠᠯᠳᠤᠭ᠎ᠠ ᠶᠢᠨ ᠬᠦᠪᠦᠷᠡᠯᠲᠡ ᠶᠢᠨ ᠠᠵᠤ ᠦᠢᠯᠡᠰ ᠤᠨ | ᠬᠦᠷᠢᠶᠡᠯᠡᠩ᠂ ᠪᠠᠭ᠎ᠠ ᠵᠢᠵᠢᠭ ᠠᠵᠤ ᠠᠬᠤᠶᠢᠯᠠᠯ ᠤᠨ ᠠᠳᠠᠯ ᠪᠤᠰᠬᠠᠬᠤ ᠬᠦᠷᠢᠶᠡᠯᠡᠩ᠂ ᠳ᠋ᠠ ᠵᠧᠦ ᠴᠤᠸᠠᠩ ᠺᠧ | ᠵᠢᠵᠢᠭ ᠪᠠᠯᠭᠠᠰᠤ᠂ ᠮᠧᠩ ᠳ᠋ᠦᠩ ᠤᠨ ᠡᠨᠧᠷᠭᠢ ᠶᠢᠨ ᠶᠡᠷᠥᠩᠬᠡᠢ ᠬᠡᠯᠲᠡᠰ ᠵᠡᠷᠭᠡ ᠲᠥᠷᠥᠯ ᠵᠦᠢᠯ ᠤᠨ ᠪᠦᠲᠦᠭᠡᠨ | ᠪᠠᠶᠢᠭᠤᠯᠤᠯᠲᠠ ᠶᠢ ᠬᠦᠴᠦᠲᠡᠢ ᠲᠦᠯᠬᠢᠨ ᠠᠬᠢᠭᠤᠯᠵᠤ᠂ ᠠᠳᠠᠯ ᠪᠣᠰᠬᠠᠵᠤ ᠪᠤᠶᠢᠵᠢᠭᠤᠯᠬᠤ᠂ ᠰᠤᠷᠠᠭ ᠴᠢᠮᠡᠭᠡᠨ ᠤ | ᠰᠢᠨᠵᠢᠯᠡᠬᠦ ᠮᠡᠷᠭᠡᠵᠢᠯ᠂ ᠡᠯᠧᠺᠲᠷᠤᠨ ᠬᠤᠳᠠᠯᠳᠤᠭ᠎ᠠ᠂ ᠶᠡᠷᠦᠩᠬᠡᠢ ᠬᠡᠯᠳᠡᠰ ᠤᠨ ᠠᠵᠤ ᠠᠬᠤᠢ᠂ ᠠᠰᠠᠷ ᠤᠨ ᠠᠵᠤ | ᠠᠬᠤᠢ ᠵᠡᠷᠭᠡ ᠦᠢᠯᠡᠳᠪᠦᠷᠢᠯᠡᠯ ᠤᠨ ᠴᠢᠨᠠᠷ ᠲᠠᠢ ᠦᠢᠯᠡᠴᠢᠯᠡᠭᠡ ᠶᠢᠨ ᠠᠵᠢᠯ ᠢ ᠭᠤᠣᠯᠳᠠᠯᠭ᠎ᠠ ᠲᠠᠢ ᠬᠥᠭᠵᠢᠭᠦᠯᠦᠨ᠎ᠡ᠃ | ᠰᠤᠷᠭᠠᠨ ᠬᠦᠮᠦᠵᠢᠯ ᠤᠨ ᠪᠤᠯᠪᠠᠰᠤᠷᠠᠯ᠂ ᠪᠡᠶ᠎ᠡ ᠲᠠᠮᠢᠷ ᠡᠷᠡᠭᠦᠯ ᠮᠡᠨᠳᠦ᠂ ᠨᠠᠰᠤᠲᠠᠨ ᠢ ᠠᠰᠠᠷᠠᠬᠤ ᠨᠢᠯᠬᠠᠰ ᠢ ᠬᠠᠷᠠᠬᠤ | ᠂ ᠣᠨᠴᠠᠯᠢᠭ ᠪᠦᠬᠦᠢ ᠢᠳᠡᠭᠡᠨ ᠤᠮᠳᠠᠭᠠᠨ ᠵᠡᠷᠭᠡ ᠨᠢᠭᠡ ᠪᠥᠯᠥᠭ ᠦᠢᠯᠡᠴᠢᠯᠡᠭᠡᠨ ᠤ ᠴᠢᠨᠠᠷ ᠲᠠᠢ ᠲᠥᠷᠥᠯ ᠢ | ᠪᠤᠶᠢᠵᠢᠭᠤᠯᠬᠤ ᠪᠠ ᠲᠠᠳᠠᠨ ᠠᠪᠴᠢᠷᠠᠵᠤ᠂ ᠦᠢᠯᠡᠳᠪᠦᠷᠢᠯᠡᠯ ᠤᠨ ᠴᠢᠨᠠᠷ ᠲᠠᠢ᠂ ᠠᠮᠢᠳᠤᠷᠠᠯ ᠤᠨ ᠴᠢᠨᠠᠷ ᠲᠠᠢ | ᠦᠢᠯᠡᠴᠢᠯᠡᠭᠡᠨ ᠢ ᠲᠥᠷᠥᠯ ᠬᠠᠮᠵᠢᠯᠴᠠᠭᠤᠯᠤᠨ ᠬᠥᠭᠵᠢᠭᠦᠯᠦᠨ᠎ᠡ᠂ ᠾᠧ ᠮᠧᠢ ᠡᠮᠦᠨ᠎ᠡ ᠵᠠᠮ᠂ ᠾᠧ ᠮᠧᠢ ᠨᠢᠭᠡᠳᠦᠭᠡᠷ | ᠵᠠᠮ᠂ ᠰᠠᠯᠠᠭ᠎ᠠ ᠭᠤᠷᠪᠠᠳᠤᠭᠠᠷ ᠵᠡᠭᠡᠯᠢ ᠵᠡᠷᠭᠡ ᠬᠦᠷᠢᠶᠡᠯᠡᠩ ᠲᠤᠭᠤᠷᠢᠭ ᠤᠨ ᠭᠤᠣᠯ ᠰᠠᠯᠠᠭ᠎ᠠ ᠵᠠᠮ ᠢ ᠡᠬᠢᠯᠡᠨ | ᠪᠠᠶᠢᠭᠤᠯᠵᠤ᠂ ᠮᠠᠰᠢᠨ ᠤ ᠬᠤᠳᠠᠯᠳᠣᠭᠠᠨ ᠤ ᠵᠠᠮ ᠢ ᠬᠠᠳᠠᠭᠤᠷᠠᠭᠤᠯᠤᠨ᠂ ᠪᠠᠷᠠᠭᠤᠨᠰᠢ ᠯᠢᠨ ᠬᠤᠸᠠᠩ ᠶᠡᠭᠡ ᠵᠡᠭᠡᠯᠢ | ᠲᠠᠢ ᠨᠡᠪᠲᠡᠷᠡᠭᠦᠯᠦᠨ᠎ᠡ᠃ ᠾᠧ ᠮᠧᠢ ᠵᠠᠮ᠂ ᠬᠤᠲᠠ ᠲᠣᠭᠤᠷᠢᠯ ᠤᠨ ᠪᠠᠷᠠᠭᠤᠨ ᠵᠠᠮ᠂ ᠯᠢᠨ ᠬᠤᠸᠠᠩ ᠶᠡᠭᠡ | ᠵᠡᠭᠡᠯᠢ ᠶᠢᠨ ᠪᠤᠷᠤᠭᠠᠨ ᠤ ᠪᠤᠯᠤᠨ ᠪᠤᠬᠢᠷ ᠤᠰᠤ ᠶᠢ ᠰᠠᠯᠭᠠᠵᠤ ᠤᠷᠤᠰᠬᠠᠬᠤ ᠥᠭᠡᠷᠡᠴᠢᠯᠡᠯᠲᠡ ᠶᠢᠨ ᠪᠠᠷᠢᠯᠤᠭᠠ ᠶᠢ | ᠡᠬᠢᠯᠡᠨ ᠶᠠᠪᠤᠭᠳᠠᠭᠤᠯᠤᠨ᠎ᠠ᠃ ᠹᠦ᠋ ᠾᠧ ᠵᠡᠭᠡᠯᠢ᠂ ᠰᠢᠩ ᠶᠤᠸᠠᠨ ᠵᠠᠮ ᠵᠡᠷᠭᠡ ᠳᠦᠷᠪᠡᠨ ᠵᠣᠷᠪᠣᠰ ᠵᠡᠭᠡᠯᠢ ᠵᠠᠮ ᠳᠤ | ᠨᠤᠭᠤᠭᠠᠷᠠᠭᠤᠯᠤᠯᠲᠠ ᠬᠢᠵᠦ᠂ ᠬᠦᠷᠢᠶᠡᠯᠡᠩ ᠲᠤᠭᠤᠷᠢᠭ ᠤᠨ ᠪᠦᠲᠦᠭᠡᠨ ᠪᠠᠶᠢᠭᠤᠯᠬᠤ ᠪᠤᠯᠤᠨ ᠬᠠᠮᠢᠶᠠᠷᠣᠯᠲᠠ ᠶᠢᠨ | ᠲᠥᠪᠰᠢᠨ ᠢᠶᠠᠨ ᠳᠡᠭᠡᠭᠰᠢᠯᠡᠭᠦᠯᠦᠨ᠎ᠡ ᠃ | | ︵ᠲᠠᠪᠤ︶ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠳᠤ ᠬᠦᠴᠦ ᠲᠦᠪᠯᠡᠷᠡᠬᠦᠯᠵᠦ᠂ ᠴᠢᠨᠠᠷ ᠰᠠᠶᠢᠳᠠᠢ | ᠬᠥᠭᠵᠢᠯᠲᠡ ᠶᠢᠨ ᠠᠮᠢᠳᠤᠯᠢᠭ ᠬᠦᠴᠦᠨ ᠢ ᠳᠠᠰᠤᠷᠠᠯᠲᠠ ᠦᠭᠡᠢ ᠬᠥᠭᠵᠢᠭᠡᠨ᠎ᠡ᠃ | | ᠬᠤᠳᠠᠯᠳᠤᠭ᠎ᠠ ᠡᠷᠬᠢᠯᠡᠬᠦ ᠣᠷᠴᠢᠨ ᠲᠤᠭᠤᠷᠢᠨ ᠢ ᠪᠦᠬᠦ ᠬᠦᠴᠦ ᠪᠠᠷ ᠰᠢᠯᠢᠳᠡᠭᠵᠢᠭᠦᠯᠦᠨ᠎ᠡ᠃ ᠬᠤᠳᠠᠯᠳᠤᠭ᠎ᠠ | ᠡᠷᠬᠢᠯᠡᠬᠦ ᠣᠷᠴᠢᠨ ᠲᠤᠭᠤᠷᠢᠨ ᠢ ᠲᠤᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ | ᠰᠠᠶᠢᠵᠢᠷᠠᠭᠤᠯᠬᠤ ᠶᠢ ᠠᠬᠢᠭᠤᠯᠵᠤ᠂ ᠡᠯ᠎ᠡ ᠲᠥᠷᠥᠯ ᠤᠨ ᠥᠭᠡᠷᠡᠴᠢᠯᠡᠨ ᠰᠠᠶᠢᠵᠢᠷᠠᠭᠤᠯᠬᠤ ᠡᠭᠦᠷᠭᠡ ᠪᠠᠨ ᠦᠨᠳᠦᠷ | ᠪᠠᠷᠢᠮᠵᠢᠶ᠎ᠠ ᠪᠠᠷ ᠪᠡᠶᠡᠯᠡᠭᠦᠯᠦᠨ᠎ᠡ᠃ ︽ᠬᠤᠳᠠᠯᠳᠤᠭ᠎ᠠ ᠡᠷᠬᠢᠯᠡᠬᠦ ᠣᠷᠴᠢᠨ ᠲᠤᠭᠤᠷᠢᠨ ᠢ ᠰᠢᠯᠢᠳᠡᠭᠵᠢᠭᠦᠯᠬᠦ ᠲᠥᠷᠥ ᠶᠢᠨ | ᠪᠣᠳᠤᠯᠭ᠎ᠠ ᠳᠦᠷᠢᠮ ᠲᠤᠭᠳᠠᠭᠠᠯ ᠢ ᠬᠡᠷᠡᠭᠵᠢᠭᠦᠯᠦᠨ ᠨᠠᠶᠢᠳᠠᠪᠤᠷᠢᠵᠢᠭᠤᠯᠬᠤ ᠣᠨ︾ ᠤ ᠲᠤᠰᠬᠠᠢ ᠰᠡᠳᠤᠪᠳᠤ | ᠠᠵᠢᠯᠠᠯᠠᠭᠠ ᠶᠢ ᠦᠷᠨᠢᠬᠦᠯᠦᠨ᠂ ᠡᠯ᠎ᠡ ᠱᠠᠳᠤᠨ ᠠᠴᠠ ᠲᠤᠭᠳᠠᠭᠠᠭᠰᠠᠨ ᠠᠵᠤ ᠠᠬᠤᠶᠢᠯᠠᠯ ᠢ ᠳᠡᠮᠵᠢᠬᠦ ᠲᠥᠷᠥ ᠶᠢᠨ | ᠪᠣᠳᠣᠯᠭ᠎ᠠ ᠶᠢ ᠴᠠᠭ ᠲᠤᠬᠠᠢ ᠳᠠᠭᠠᠨ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ ᠬᠡᠷᠡᠭᠵᠢᠬᠦᠯᠬᠦ ᠶᠢ ᠪᠠᠲᠤᠯᠠᠨ᠎ᠠ᠃ ︽ | ᠲᠠᠯᠪᠢᠬᠤ᠂ ᠬᠠᠮᠢᠶᠠᠷᠬᠤ᠂ ᠦᠢᠯᠡᠴᠢᠯᠡᠬᠦ︾ ᠥᠭᠡᠷᠡᠴᠢᠯᠡᠯᠲᠡ ᠶᠢ ᠲᠠᠰᠤᠷᠠᠯᠳᠠ ᠦᠭᠡᠢ ᠭᠦᠨᠵᠡᠭᠡᠶᠢᠷᠡᠭᠦᠯᠵᠦ᠂ | ᠢᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠢᠨᠠᠨ ᠵᠥᠪᠰᠢᠶᠡᠷᠡᠬᠦ᠂ ᠦᠯᠦ ᠬᠦᠳᠡᠯᠬᠦ | ᠬᠥᠷᠥᠩᠭᠡ ᠶᠢ ᠳᠠᠩᠰᠠᠯᠠᠨ ᠲᠡᠮᠳᠡᠭᠯᠡᠬᠦ ᠵᠡᠷᠭᠡ ᠬᠦᠷᠢᠶ᠎ᠡ ᠬᠡᠪᠴᠢᠶ᠎ᠡ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ | ᠵᠠᠰᠠᠭ ᠵᠠᠬᠢᠷᠭᠠᠨ ᠤ ᠬᠢᠨᠠᠨ ᠵᠦᠪᠰᠢᠶᠡᠷᠡᠯᠳᠡ ᠬᠢᠭᠡᠳ ᠪᠦᠷᠢᠳᠭᠡᠨ ᠲᠡᠮᠳᠡᠭᠯᠡᠬᠦ ᠵᠦᠢᠯ ᠢ ᠴᠡᠪᠡᠷᠯᠡᠬᠦ ᠬᠠᠮᠢᠶᠠᠷᠤᠯᠲᠠ ᠶᠢ | ᠬᠡᠷᠡᠭᠵᠢᠭᠦᠯᠦᠨ᠂ ︽ᠦᠨᠡᠮᠡᠯᠡᠬᠦ ᠭᠡᠷᠡᠴᠢ ᠶᠢ ᠰᠠᠯᠭᠠᠬᠤ︾ ᠥᠭᠡᠷᠡᠴᠢᠯᠡᠯᠲᠡ ᠶᠢ ᠪᠦᠬᠦᠨ ᠢ ᠪᠦᠷᠬᠦᠬᠦᠯᠬᠦ | ᠵᠢᠠᠬᠢᠭᠤᠯᠤᠨᠠ᠃ ᠭᠡᠷᠡᠴᠢᠯᠡᠯᠭᠡ ᠶᠢᠨ ᠵᠦᠢᠯ ᠪᠠ ᠠᠵᠤ ᠠᠬᠤᠶᠢᠯᠠᠯ ᠳᠤ ᠬᠤᠯᠪᠤᠭᠳᠠᠭᠰᠠᠨ ᠡᠵᠡᠩᠨᠡᠯᠳᠡ ᠶᠢᠨ | ᠵᠥᠪᠰᠢᠶᠡᠷᠡᠯ ᠳᠤ ᠮᠡᠳᠡᠭᠦᠯᠬᠦ ᠠᠮᠠᠯᠠᠯᠳᠠ ᠶᠢᠨ ᠳᠦᠷᠢᠮ ᠢ ᠬᠡᠷᠡᠭᠵᠢᠭᠦᠯᠦᠨ᠎ᠡ᠃ ᠲᠤᠭᠠᠴᠢᠯᠠᠭᠰᠠᠨ ᠵᠠᠰᠠᠭ ᠤᠨ | ᠣᠷᠳᠣᠨ ᠤ ᠪᠦᠲᠦᠭᠡᠨ ᠪᠠᠶᠢᠭᠤᠯᠤᠯᠲᠠ ᠶᠢ ᠲᠥᠷᠭᠡᠳᠬᠡᠨ᠂ ᠲᠤᠭ᠎ᠠ ᠪᠠᠷᠢᠮᠲᠠ ᠶᠢᠨ ᠡᠬᠢ ᠪᠠᠶᠠᠯᠢᠭ ᠢ ᠨᠢᠭᠡᠳᠭᠡᠨ | ᠠᠭᠤᠰᠤᠯᠴᠠᠬᠤ ᠶᠢ ᠴᠢᠩᠭᠠᠳᠬᠠᠨ᠂ ᠲᠤᠮᠤ ᠳ᠋ᠠᠶᠢᠲ᠋ᠠ ᠶᠢᠨ ᠦᠢᠯᠡᠴᠢᠯᠡᠭᠡᠨ ᠤ ᠬᠡᠷᠡᠭᠯᠡᠭᠡᠨ ᠤ ᠳᠠᠪᠴᠠᠩ ᠢ ᠪᠠᠶᠢᠭᠤᠯᠵᠤ | ᠂ ᠵᠠᠰᠠᠭ ᠤᠨ ᠶᠠᠪᠤᠳᠠᠯ ᠢ ᠢᠯᠡ ᠪᠣᠯᠭᠠᠬᠤ ᠶᠢ ᠪᠦᠬᠦ ᠲᠠᠯ᠎ᠠ ᠪᠠᠷ ᠠᠬᠢᠭᠤᠯᠵᠤ᠂ ︽ ᠲᠤᠭᠠᠴᠢᠯᠠᠭᠰᠠᠨ ᠲᠤᠨᠤᠭ ᠢ | ᠢᠯᠡᠬᠦᠦ ᠬᠡᠷᠡᠭᠯᠡᠵᠦ᠂ ᠣᠯᠠᠨ ᠲᠥᠮᠡᠨ ᠢ ᠲᠤᠲᠠᠭᠤ ᠵᠠᠮᠨᠠᠭᠤᠯᠬᠤ︾ ᠪᠣᠯᠭᠠᠨ᠎ᠠ᠃ ᠨᠡᠶᠢᠭᠡᠮ ᠤᠨ ᠢᠲᠡᠭᠡᠮᠵᠢ ᠶᠢᠨ | ᠰᠢᠰᠲ᠋ᠧᠮ ᠢ ᠲᠡᠭᠦᠯᠳᠡᠷᠵᠢᠭᠦᠯᠵᠦ᠂ ᠢᠲᠡᠭᠡᠮᠵᠢ ᠮᠠᠭᠤᠲᠠᠢ ᠶᠢ ᠲᠤᠷᠭᠤᠭᠠᠬᠤ ᠡᠷᠴᠢ ᠪᠠᠨ ᠴᠢᠩᠭᠠᠳᠬᠠᠨ᠂ ᠠᠳᠠᠯᠢ | ᠲᠡᠭᠰᠢ ᠪᠠᠷ ᠥᠷᠢᠰᠦᠯᠳᠦᠬᠦ ᠵᠠᠬ᠎ᠠ ᠳᠡᠯᠭᠡᠭᠦᠷ ᠤᠨ ᠣᠷᠴᠢᠨ ᠲᠤᠭᠤᠷᠢᠨ ᠢ ᠬᠠᠮᠠᠭᠠᠯᠠᠨ᠎ᠠ᠃ ᠠᠷᠠᠳ ᠠᠴᠠ | ᠡᠷᠬᠢᠯᠡᠭᠰᠡᠨ ᠠᠵᠤ ᠠᠬᠤᠶᠢᠯᠠᠯ ᠤᠨ ᠬᠥᠷᠥᠩᠭᠡ ᠶᠢᠨ ᠡᠷᠬᠡ ᠪᠤᠯᠤᠨ ᠠᠵᠤ ᠠᠬᠤᠶᠢᠯᠠᠯᠲᠠᠨ ᠤ ᠡᠷᠬᠡ ᠠᠰᠢᠭ ᠢ ᠬᠠᠤᠯᠢ | ᠶᠤᠰᠤᠭᠠᠷ ᠬᠠᠮᠠᠭᠠᠯᠠᠵᠤ᠂ ᠵᠠᠰᠠᠭ ᠬᠤᠳᠠᠯᠳᠤᠭᠠᠴᠢᠨ ᠤ ᠲᠤᠳᠤᠨᠤ ᠦᠨᠡᠨᠴᠢ ᠬᠠᠷᠢᠴᠠᠭ᠎ᠠ ᠶᠢ ᠪᠤᠢ ᠪᠣᠯᠭᠠᠨ᠎ᠠ᠃ | | ᠰᠢᠨ᠎ᠡ ᠶᠢ ᠡᠭᠦᠳᠬᠦ ᠬᠦᠳᠡᠯᠭᠡᠭᠦᠷ ᠤᠨ ᠬᠦᠲᠦᠯᠦᠨ ᠳᠠᠭᠠᠭᠤᠯᠬᠤ ᠶᠢ ᠠᠬᠢᠭᠤᠯᠤᠨ᠎ᠠ᠃ ︽ᠰᠢᠨᠵᠢᠯᠡᠬᠦ | ᠮᠡᠷᠭᠡᠵᠢᠯ ᠢᠶᠠᠷ ᠥᠪᠥᠷ ᠮᠤᠩᠭᠤᠯ ᠢᠶᠠᠨ ᠮᠠᠨᠳᠤᠭᠤᠯᠬᠤ︾ ᠠᠵᠢᠯᠯᠠᠭ᠎ᠠ ᠶᠢ ᠲᠤᠤᠱᠲᠠᠢ ᠬᠡᠷᠡᠭᠵᠢᠭᠦᠯᠦᠨ᠂ ᠡᠨᠡ | ᠵᠢᠯ ᠳᠤ ᠦᠷ᠎ᠡ ᠪᠦᠳᠦᠭᠡᠯ ᠢ ᠠᠵᠤ ᠠᠬᠤᠢ ᠶᠢᠨ ᠦᠷ᠎ᠡ ᠠᠰᠢᠭ ᠪᠤᠯᠭᠠᠨ ᠰᠢᠯᠵᠢᠬᠦᠯᠬᠦ 6 ᠲᠥᠷᠥᠯ ᠵᠦᠢᠯ᠂ ᠳᠡᠭᠡᠳᠦ | ᠰᠢᠨ᠎ᠡ ᠮᠡᠷᠭᠡᠵᠢᠯ ᠤᠨ 2 ᠠᠵᠤ ᠠᠬᠤᠶᠢᠯᠠᠯ ᠢ ᠰᠢᠨ᠎ᠡ ᠪᠠᠷ ᠨᠡᠮᠡᠭᠳᠡᠭᠦᠯᠦᠨ᠎ᠡ᠃ ᠰᠢᠨ᠎ᠡ ᠶᠢ ᠡᠭᠦᠳᠬᠦ | ᠳᠠᠪᠴᠠᠩ ᠤᠨᠠᠴᠢᠶᠠᠯᠠᠯ ᠤᠨ ᠪᠠᠶᠢᠭᠤᠯᠤᠯᠲᠠ ᠶᠢ ᠡᠷᠴᠢᠮᠵᠢᠭᠦᠯᠵᠦ᠂ ᠪᠡᠭᠡᠵᠢᠩ · ᠤᠯᠠᠭᠠᠨᠬᠠᠳᠠ ᠶᠢᠨ ᠠᠵᠤ | ᠦᠢᠯᠡᠰ ᠤᠨ ᠬᠦᠷᠢᠶᠡᠯᠡᠩ ᠤᠨ ᠰᠢᠨᠵᠢᠯᠡᠬᠦ ᠮᠡᠷᠭᠡᠵᠢᠯ ᠢᠶᠠᠷ ᠰᠢᠨ᠎ᠡ ᠶᠢ ᠡᠭᠦᠳᠬᠦ ᠶᠡᠷᠥᠩᠬᠡᠢ ᠬᠡᠯᠲᠡᠰ ᠲᠤ ᠲᠦᠰᠢᠭᠯᠡᠨ᠂ | ᠨᠢᠭᠡ ᠪᠥᠯᠥᠭ ᠰᠢᠨᠵᠢᠯᠡᠬᠦ ᠮᠡᠷᠭᠡᠵᠢᠯ ᠢᠶᠠᠷ ᠰᠢᠨ᠎ᠡ ᠶᠢ ᠡᠭᠦᠳᠬᠦ ᠦᠷ᠎ᠡ ᠪᠦᠲᠦᠮᠵᠢ ᠶᠢ ᠰᠢᠯᠵᠢᠬᠦᠯᠬᠦ ᠲᠥᠷᠥᠯ ᠵᠦᠢᠯ ᠢ | ᠢᠳᠡᠪᠬᠢᠲᠡᠢ ᠣᠷᠣᠭᠤᠯᠵᠤ᠂ ᠰᠢᠨᠵᠢᠯᠡᠬᠦ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ | ᠶᠡᠭᠡ ᠳᠡᠭᠡᠳᠦ ᠰᠤᠷᠭᠠᠭᠤᠯᠢ ᠪᠤᠯᠤᠨ ᠰᠢᠨᠵᠢᠯᠡᠬᠦ ᠮᠡᠷᠭᠡᠵᠢᠯ ᠤᠨ ᠰᠤᠳᠤᠯᠭᠠᠨ ᠤ ᠪᠠᠶᠢᠭᠤᠯᠤᠯᠭ᠎ᠠ ᠲᠠᠢ ᠬᠠᠮᠲᠤᠷᠠᠬᠤ | ᠡᠷᠴᠢ ᠪᠠᠨ ᠴᠢᠩᠭᠠᠷᠠᠭᠤᠯᠵᠤ᠂ ᠤᠯᠠᠭᠠᠨᠬᠠᠳᠠ ᠬᠤᠳᠠ ᠶᠢᠨ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ | ᠮᠡᠷᠭᠡᠵᠢᠯ ᠤᠨ ᠬᠦᠷᠢᠶᠡᠯᠡᠩ ᠤᠨ ᠲᠤᠷᠰᠢᠯᠲᠠ ᠶᠢᠨ ᠰᠠᠭᠤᠷᠢᠨ ᠭᠠᠵᠠᠷ᠂ ᠥᠪᠥᠷ ᠮᠤᠩᠭᠤᠯ ᠤᠨ ᠲᠠᠷᠢᠶᠠᠯᠠᠩ ᠤᠨ ᠶᠡᠭᠡ | ᠰᠤᠷᠭᠠᠭᠤᠯᠢ ᠶᠢᠨ ᠬᠥᠳᠡᠭᠡ ᠲᠤᠰᠬᠤᠨ ᠢ ᠬᠥᠭᠵᠢᠭᠦᠯᠦᠨ ᠮᠠᠨᠳᠤᠭᠤᠯᠬᠤ ᠰᠤᠳᠤᠯᠭᠠᠨ ᠤ ᠬᠦᠷᠢᠶᠡᠯᠡᠩ ᠤᠨ | ᠲᠤᠷᠰᠢᠯᠲᠠ ᠶᠢᠨ ᠥᠷᠲᠡᠭᠡᠨ ᠤ ᠪᠦᠲᠦᠭᠡᠨ ᠪᠠᠶᠢᠭᠤᠯᠤᠯᠲᠠ ᠶᠢ ᠳᠡᠮᠵᠢᠵᠦ᠂ ᠰᠢᠯᠢᠳᠡᠭ ᠲᠠᠷᠢᠶᠠᠯᠠᠩ ᠮᠠᠯ ᠠᠵᠤ | ᠠᠬᠤᠢ ᠶᠢᠨ ᠪᠦᠲᠦᠭᠡᠭᠳᠡᠭᠦᠨ ᠤ ᠲᠦᠷᠦᠯ ᠵᠦᠢᠯ ᠢ ᠪᠤᠶᠢᠵᠢᠭᠤᠯᠵᠤ᠂ ᠦᠢᠯᠡᠳᠪᠦᠷᠢᠯᠡᠯ ᠰᠤᠷᠤᠯᠴᠠᠯᠭ᠎ᠠ ᠰᠤᠳᠤᠯᠭᠠᠨ ᠢ | ᠭᠦᠨᠵᠢᠭᠡᠢ ᠠᠭᠤᠰᠤᠯᠴᠠᠭᠤᠯᠬᠤ ᠶᠢ ᠠᠬᠢᠭᠤᠯᠤᠨ᠎ᠠ᠃ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠭᠤᠣᠯ | ᠴᠤᠭᠴᠠ ᠶᠢᠨ ᠦᠢᠯᠡᠳᠦᠯ ᠢ ᠪᠠᠳᠠᠷᠠᠭᠤᠯᠵᠤ᠂ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠬᠠᠮᠲᠤᠷᠠᠭᠰᠠᠨ | ᠴᠤᠭᠴᠠ ᠶᠢ ᠪᠠᠶᠢᠭᠤᠯᠬᠤ ᠶᠢ ᠳᠡᠮᠵᠢᠵᠦ᠂ ᠮᠡᠷᠭᠡᠵᠢᠯ ᠤᠨ ᠰᠢᠨᠡᠴᠢᠯᠡᠯᠲᠡ ᠬᠢᠭᠡᠳ ᠮᠡᠷᠭᠡᠵᠢᠯ ᠤᠨ ᠲᠡᠰ | ᠲᠠᠪᠰᠢᠭᠤᠯᠬᠤ ᠶᠢ ᠠᠬᠢᠭᠤᠯᠤᠨ᠎ᠠ᠃ ᠰᠢᠨᠵᠢᠯᠡᠬᠦ ᠮᠡᠷᠭᠡᠵᠢᠯ ᠤᠨ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ | ᠲᠦᠷᠭᠡᠳᠭᠡᠨ᠂ ᠴᠢᠳᠠᠪᠤᠷᠢᠲᠠᠨ ᠢ ᠤᠷᠢᠬᠤ ᠪᠤᠯᠤᠨ ᠬᠦᠮᠦᠵᠢᠭᠦᠯᠬᠦ ᠶᠢ ᠡᠷᠴᠢᠮᠵᠢᠭᠦᠯᠵᠦ᠂ ᠤᠯᠠᠭᠠᠨᠬᠠᠳᠠ ᠶᠢᠨ | ᠪᠠᠷᠢᠯᠭ᠎ᠠ ᠶᠢᠨ ᠮᠡᠷᠭᠡᠵᠢᠯ ᠤᠨ ᠰᠤᠷᠭᠠᠭᠤᠯᠢ ᠶᠢᠨ ᠦᠢᠯᠡᠳᠪᠦᠷᠢᠯᠡᠯ ᠰᠤᠷᠭᠠᠯᠲᠠ ᠤᠶᠠᠯᠳᠤᠭᠰᠠᠨ ᠪᠣᠳᠠᠲᠠᠢ | ᠰᠤᠷᠭᠠᠯᠲᠠ ᠶᠢᠨ ᠰᠠᠭᠤᠷᠢᠨ ᠭᠠᠵᠠᠷ ᠤᠨ ᠪᠠᠶᠢᠭᠤᠯᠤᠯᠲᠠ ᠶᠢ ᠡᠬᠢᠯᠡᠭᠦᠯᠵᠦ᠂ ᠨᠢᠭᠡ ᠵᠢᠯ ᠤᠨ ᠲᠤᠲᠤᠷ᠎ᠠ ᠲᠤᠰ | ᠣᠷᠣᠨ ᠤ ᠮᠡᠷᠭᠡᠵᠢᠯᠲᠡᠨ ᠢ1000 ᠬᠦᠮᠦᠨ ᠬᠦᠮᠦᠵᠢᠭᠦᠯᠦᠨ᠎ᠡ᠃ | | ᠭᠤᠣᠯᠳᠠᠯᠭ᠎ᠠ ᠲᠠᠢ ᠬᠦᠷᠢᠶ᠎ᠡ ᠬᠡᠪᠴᠢᠶ᠎ᠡ ᠳᠠᠬᠢ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ᠃ ᠬᠥᠳᠡᠭᠡ | ᠲᠤᠰᠬᠤᠨ ᠤ ᠭᠠᠵᠠᠷ ᠰᠢᠷᠤᠢ ᠶᠢᠨ ᠳᠦᠷᠢᠮ ᠤᠨ ᠥᠭᠡᠷᠡᠴᠢᠯᠡᠯᠲᠡ ᠶᠢ ᠦᠷᠭᠦᠯᠵᠢᠯᠡᠨ ᠡᠷᠴᠢᠮᠵᠢᠭᠦᠯᠵᠦ᠂ ᠭᠠᠵᠠᠷ | ᠰᠢᠷᠤᠢ ᠶᠢᠨ ︽ᠭᠤᠷᠪᠠᠨ ᠡᠷᠬᠡ ᠶᠢᠨ ᠬᠤᠪᠢᠶᠠᠷᠢᠯᠠᠯᠲᠠ︾ ᠶᠢᠨ ᠲᠥᠷᠥ ᠶᠢᠨ ᠪᠣᠳᠠᠯᠠᠭᠠ ᠶᠢ ᠭᠦᠨᠵᠡᠭᠡᠢ | ᠲᠤᠤᠱᠯᠠᠭᠤᠯᠤᠨ᠂ ᠭᠠᠵᠠᠷ ᠰᠢᠷᠤᠢ ᠶᠢᠨ ᠳᠠᠭᠠᠭᠠᠴᠢᠯᠠᠨ ᠡᠵᠡᠩᠨᠡᠬᠦ ᠡᠷᠬᠡ ᠶᠢ ᠲᠦᠷᠢᠮᠵᠢᠯ ᠢ ᠡᠮᠬᠢ ᠴᠡᠭᠴᠡᠳᠡᠢ | ᠰᠢᠯᠵᠢᠬᠦᠯᠬᠦ ᠶᠢ ᠵᠢᠯᠤᠭᠤᠳᠤᠨ᠎ᠠ᠃ ᠬᠥᠳᠡᠭᠡ ᠲᠤᠰᠬᠤᠨ ᠤ ᠥᠮᠴᠢᠯᠡᠬᠦ ᠡᠷᠬᠡ ᠶᠢᠨ ᠳᠦᠷᠢᠮ ᠤᠨ ᠥᠭᠡᠷᠡᠴᠢᠯᠡᠯᠲᠡ ᠶᠢ | ᠲᠥᠷᠭᠡᠳᠬᠡᠨ᠂ ᠰᠢᠨ᠎ᠡ ᠬᠡᠯᠪᠡᠷᠢ ᠶᠢᠨ ᠲᠠᠷᠢᠶᠠᠯᠠᠩ ᠤᠨ ᠡᠵᠡᠩᠨᠡᠯᠲᠡ ᠶᠢᠨ ᠴᠤᠭᠴᠠ ᠬᠢᠭᠡᠳ ᠦᠢᠯᠡᠴᠢᠯᠡᠭᠡ ᠶᠢᠨ | ᠴᠤᠭᠴᠠ ᠶᠢ ᠬᠦᠴᠦ ᠲᠠᠯᠪᠢᠨ ᠬᠦᠮᠦᠵᠢᠭᠦᠯᠦᠨ᠂ ᠬᠥᠳᠡᠭᠡ ᠲᠤᠰᠬᠤᠨ ᠤ ᠨᠡᠶᠢᠲᠡ ᠶᠢᠨ ᠠᠵᠤ ᠠᠬᠤᠢ ᠶᠢ | ᠦᠷᠭᠦᠯᠵᠢᠯᠡᠨ ᠬᠥᠭᠵᠢᠭᠦᠯᠦᠨ ᠪᠤᠵᠠᠭᠠᠶᠢᠷᠠᠭᠤᠯᠤᠨ᠎ᠠ᠂ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ ᠰᠢᠰᠲ᠋ᠧᠮ ᠤᠨ | ᠥᠭᠡᠷᠡᠴᠢᠯᠡᠯᠲᠡ ᠬᠢᠭᠡᠳ ᠡᠮ ᠡᠮᠨᠡᠯᠭᠡ ᠡᠷᠡᠭᠦᠯ ᠮᠡᠨᠳᠦ ᠶᠢᠨ ᠰᠢᠰᠲ᠋ᠧᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ | ᠂ ᠡᠮᠨᠡᠯᠭᠡ ᠶᠢᠨ ᠪᠠᠶᠢᠭᠤᠯᠤᠮᠵᠢ ᠶᠢᠨ ᠬᠥᠭᠵᠢᠯᠲᠡ ᠶᠢᠨ ᠶᠠᠰᠤ ᠴᠢᠨᠠᠷ ᠬᠢᠭᠡᠳ ᠦᠷ᠎ᠡ ᠪᠦᠲᠦᠮᠵᠢ ᠶᠢ ᠴᠢᠩᠭᠠᠳᠬᠠᠨ᠂ | ᠳᠡᠰ ᠬᠤᠪᠢᠶᠠᠭᠰᠠᠨ ᠡᠮᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠲᠥᠷᠭᠡᠳᠬᠡᠨ ᠠᠬᠢᠭᠤᠯᠵᠦ᠂ ᠠᠵᠢᠯ | ᠦᠢᠯᠡᠰ ᠤᠨ ᠨᠢᠭᠡᠴᠡ᠂ ᠭᠠᠶᠢᠯᠢ ᠶᠢᠨ ᠶᠡᠷᠥᠩᠬᠡᠶᠢᠯᠡᠭᠰᠡᠨ ᠵᠠᠰᠠᠯᠲᠠ᠂ ᠬᠠᠤᠯᠢ ᠴᠠᠭᠠᠵᠠ ᠶᠢᠨ ᠪᠠᠶᠢᠭᠤᠯᠤᠮᠵᠢ᠂ | ᠠᠯᠪᠠᠨ ᠳᠤ ᠬᠡᠷᠡᠭᠯᠡᠬᠦ ᠮᠠᠰᠢᠨ ᠪᠤᠯᠤᠨ ᠲᠤᠭ᠎ᠠ ᠪᠦᠷᠢᠳᠬᠡᠯ ᠢ ᠣᠳᠣᠬᠢᠴᠢᠯᠠᠬᠤ ᠵᠡᠷᠭᠡ ᠡᠯ᠎ᠡ ᠲᠥᠷᠥᠯ ᠤᠨ | ᠥᠭᠡᠷᠡᠴᠢᠯᠡᠯᠲᠡ ᠶᠢ ᠨᠢᠭᠡᠲᠦᠯᠲᠡᠢ ᠲᠥᠯᠥᠪᠯᠡᠬᠦ ᠶᠢ ᠰᠠᠶᠢᠳᠤᠷ ᠬᠢᠵᠦ᠂ ᠠᠵᠤ ᠠᠬᠤᠢ ᠶᠢᠨ ᠨᠡᠶᠢᠭᠡᠮ ᠤᠨ | ᠬᠦᠭᠵᠢᠯᠲᠡ ᠶᠢᠨ ᠶᠡᠷᠥᠩᠬᠡᠢ ᠪᠠᠶᠢᠳᠠᠯ ᠳᠤ ᠨᠡᠩ ᠰᠠᠶᠢᠨ ᠦᠢᠯᠡᠴᠢᠯᠡᠨ᠎ᠡ᠃ | | ︵ᠵᠢᠷᠭᠤᠭ᠎ᠠ︶ ᠠᠮᠢ ᠠᠬᠤᠢ ᠶᠢᠨ ᠬᠠᠯᠬᠠᠪᠴᠢ ᠳᠤ ᠬᠦᠴᠦ ᠪᠠᠨ ᠲᠥᠪᠯᠡᠷᠡᠭᠦᠯᠦᠨ᠂ ᠠᠮᠢ ᠠᠬᠤᠢ ᠶᠢᠨ ᠣᠷᠴᠢᠨ | ᠲᠤᠭᠤᠷᠢᠨ ᠢ ᠦᠷᠭᠦᠯᠵᠢᠯᠡᠨ ᠰᠠᠶᠢᠵᠢᠷᠠᠭᠤᠯᠬᠤ ᠶᠢ ᠠᠬᠢᠭᠤᠯᠤᠨ᠎ᠠ᠃ | | ᠪᠤᠬᠢᠷᠳᠤᠯ ᠢ ᠰᠡᠷᠭᠡᠶᠢᠯᠡᠨ ᠵᠠᠰᠠᠭᠰᠠᠨ ᠰᠢᠪᠳᠤᠯᠤᠯᠳᠠ ᠶᠢᠨ ᠦᠷ᠎ᠡ ᠪᠦᠲᠦᠮᠵᠢ ᠶᠢ ᠪᠠᠲᠤᠳᠬᠠᠨ᠎ᠠ᠃ ᠥᠪᠡᠷᠲᠡᠭᠡᠨ | ᠵᠠᠰᠠᠬᠤ ᠣᠷᠣᠨ ᠤ ᠣᠷᠴᠢᠨ ᠠᠬᠤᠢ ᠶᠢᠨ ᠬᠠᠮᠠᠭᠠᠯᠠᠯᠲᠠ ᠶᠢ ᠲᠤᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ | ᠠᠰᠠᠭᠤᠳᠠᠯ ᠢ ᠴᠡᠭᠴᠡᠯᠡᠬᠦ ᠠᠵᠢᠯ ᠢ ᠬᠢᠨᠠᠮᠠᠭᠠᠢ ᠰᠠᠶᠢᠳᠤᠷ ᠬᠢᠵᠦ᠂ ᠲᠥᠪ ᠤᠨ ᠣᠷᠴᠢᠨ ᠠᠬᠤᠢ ᠶᠢᠨ ᠬᠠᠮᠠᠭᠠᠯᠠᠯᠲᠠ | ᠶᠢ ᠲᠤᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠤᠨ ᠳᠠᠬᠢᠨ ᠡᠭᠦᠰᠬᠦ ᠦᠭᠡᠢ ᠪᠠᠶᠢᠬᠤ ᠶᠢ | ᠪᠠᠲᠤᠯᠠᠨ᠎ᠠ᠃ ᠠᠮᠢ ᠠᠬᠤᠢ ᠣᠷᠴᠢᠨ ᠠᠬᠤᠢ ᠶᠢᠨ ᠬᠠᠮᠠᠭᠠᠯᠠᠯᠲᠠ ᠶᠢᠨ ︽4+2︾ ᠲᠤᠰᠬᠠᠢ ᠠᠵᠢᠯᠯᠠᠭ᠎ᠠ ᠶᠢ | ᠦᠷᠭᠦᠯᠵᠢᠯᠡᠨ ᠭᠦᠨᠵᠡᠬᠡᠢ ᠥᠷᠨᠢᠭᠦᠯᠵᠦ᠂ ᠤᠯᠠᠭᠠᠨᠬᠠᠳᠠ ᠶᠢᠨ ᠶᠦᠨ ᠲᠥᠩ ᠤᠨ ᠬᠠᠭᠤᠴᠢᠨ ᠦᠢᠯᠡᠳᠪᠦᠷᠢ ᠶᠢᠨ | ᠪᠠᠶᠢᠷᠢ ᠬᠢᠭᠡᠳ ᠬᠠᠭᠤᠴᠢᠨ ᠠᠭᠤᠷᠬᠠᠢ ᠶᠢᠨ ᠬᠦᠮᠦᠷᠭᠡ ᠶᠢᠨ ᠬᠦᠷᠦᠰᠦ ᠶᠢ ᠨᠥᠬᠦᠨ ᠰᠠᠶᠢᠵᠢᠷᠠᠭᠤᠯᠬᠤ᠂ ᠱᠢ ᠵᠢᠶ᠋ᠨ | ᠮᠠᠨᠵᠤ ᠦᠨᠳᠦᠰᠦᠲᠡᠨ ᠤ ᠰᠢᠶᠠᠩ ᠤᠨ ᠴᠣᠬᠤᠢ ᠶᠢᠨ ᠴᠢᠯᠠᠭᠤ ᠶᠢᠨ ᠠᠭᠤᠷᠬᠠᠢ ᠶᠢᠨ ᠭᠠᠵᠠᠷ ᠰᠢᠨᠵᠢᠯᠡᠭᠡ ᠶᠢᠨ | ᠶᠡᠷᠥᠩᠬᠡᠶᠢᠯᠡᠭᠰᠡᠨ ᠵᠠᠰᠠᠯᠲᠠ ᠶᠢᠨ ᠵᠢᠯ ᠤᠨ ᠡᠭᠦᠷᠭᠡ ᠶᠢ ᠪᠡᠶᠡᠯᠡᠭᠦᠯᠦᠨ᠎ᠡ᠃ ᠤᠯᠤᠰ ᠤᠨ ᠨᠡᠭᠦᠷᠡᠰᠦᠳᠦ᠋ᠷᠦᠭᠴᠢ | ᠢᠯᠭᠠᠷᠠᠭᠤᠯᠬᠤ ᠣᠷᠭᠢᠯ ᠬᠡᠮᠵᠢᠶ᠎ᠡ ᠠᠴᠠ ᠪᠠᠭᠤᠷᠠᠭᠤᠯᠬᠤ᠂ ᠨᠡᠭᠦᠷᠡᠰᠦᠳᠦ᠋ᠷᠦᠭᠴᠢ ᠢᠯᠭᠠᠷᠠᠭᠤᠯᠬᠤ ᠶᠢ ᠪᠦᠬᠦᠨ ᠢ | ᠦᠭᠡᠶᠢᠰᠭᠡᠬᠦ ᠠᠵᠢᠯ ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠡᠨᠧᠷᠭᠢ ᠶᠢ ᠠᠷᠪᠢᠯᠠᠨ ᠪᠤᠬᠢᠷᠳᠤᠯ ᠢ ᠪᠠᠭᠠᠰᠬᠠᠨ | ᠨᠡᠭᠦᠷᠡᠰᠦᠳᠦ᠋ᠷᠦᠭᠴᠢ ᠢᠯᠭᠠᠷᠠᠭᠤᠯᠬᠤ ᠶᠢ ᠲᠤᠷᠤᠭᠰᠢᠯᠠᠭᠤᠯᠬᠤ ᠠᠵᠢᠯ ᠢ ᠬᠠᠮᠳᠤ ᠪᠠᠷ ᠠᠬᠢᠭᠤᠯᠵᠤ᠂ ᠪᠠᠷᠢᠯᠭ᠎ᠠ ᠶᠢᠨ | ᠲᠠᠯᠠᠪᠤᠷ ᠲᠠᠬᠢ ᠲᠣᠭᠤᠰᠣ ᠳᠡᠭᠳᠡᠬᠦ᠂ ᠠᠵᠤ ᠦᠢᠯᠡᠳᠪᠦᠷᠢ ᠶᠢᠨ ᠬᠠᠶᠠᠭᠳᠠᠮᠠᠯ ᠬᠡᠢ᠂ ᠨᠡᠬᠦᠷᠡᠰᠦ ᠰᠢᠳᠠᠭᠠᠬᠤ | ᠪᠤᠬᠢᠷᠳᠣᠯ ᠢ ᠵᠠᠰᠠᠬᠤ ᠠᠵᠢᠯ ᠢ ᠪᠠᠶᠢᠩᠭᠤᠵᠢᠭᠤᠯᠤᠨ᠂ ᠤᠰᠤᠨ ᠤ ᠡᠬᠢ ᠰᠤᠷᠪᠤᠯᠵᠢ ᠢ ᠬᠠᠮᠠᠭᠠᠯᠠᠬᠤ᠂ ᠤᠯᠤᠰ ᠤᠨ | ᠬᠢᠨᠠᠨ ᠰᠢᠯᠭᠠᠯᠲᠠ ᠶᠢᠨ ᠤᠰᠤᠨ ᠤ ᠶᠠᠰᠤ ᠴᠢᠨᠠᠷ ᠤᠨ ᠪᠠᠷᠢᠮᠵᠢᠶ᠎ᠠ ᠳᠤ ᠬᠦᠷᠦᠭᠰᠡᠨ ᠠᠵᠢᠯ ᠢ ᠭᠤᠣᠯᠴᠢᠯᠠᠨ | ᠠᠳᠬᠤᠵᠤ᠂ ᠲᠠᠷᠢᠶᠠᠯᠠᠩ ᠤᠨ ᠪᠤᠬᠢᠷᠲᠣᠯ ᠢ ᠵᠠᠰᠠᠬᠤ ᠪᠤᠯᠤᠨ ᠠᠶᠤᠯ ᠲᠠᠢ ᠬᠠᠶᠠᠭᠳᠠᠮᠠᠯ ᠪᠤᠳᠠᠰ ᠢ ᠴᠤᠭᠯᠠᠭᠤᠯᠤᠨ | ᠰᠢᠢᠳᠪᠦᠷᠢᠯᠡᠬᠦ ᠠᠵᠢᠯ ᠢ ᠪᠦᠬᠦ ᠲᠠᠯ᠎ᠠ ᠪᠠᠷ ᠴᠢᠩᠭᠠᠳᠬᠠᠨ᠂ ᠬᠥᠬᠡ ᠲᠡᠭᠷᠢ᠂ ᠬᠥᠬᠡᠮᠳᠦᠭ ᠤᠰᠤ᠂ ᠪᠤᠬᠢᠷᠲᠤᠯ ᠦᠭᠡᠢ | ᠭᠠᠵᠠᠷ ᠰᠢᠷᠤᠢ ᠢ ᠬᠠᠮᠠᠭᠠᠯᠠᠬᠤ ᠪᠠᠶᠢᠯᠳᠤᠭᠠᠨ ᠤ ᠦᠷ᠎ᠡ ᠪᠦᠲᠦᠭᠡᠯ ᠤᠨ ᠪᠠᠲᠤᠳᠬᠠᠨ ᠥᠷᠭᠡᠵᠢᠭᠦᠯᠦᠨ᠎ᠡ᠃ | | ᠠᠮᠢ ᠠᠬᠤᠢ ᠶᠢᠨ ᠬᠠᠮᠠᠭᠠᠯᠠᠯᠲᠠ ᠬᠢᠭᠡᠳ ᠪᠦᠲᠦᠭᠡᠨ ᠪᠠᠶᠢᠭᠤᠯᠤᠯᠲᠠ ᠶᠢᠨ ᠬᠦᠴᠦᠯᠡᠴᠡ ᠪᠠᠨ ᠨᠡᠮᠡᠭᠳᠡᠭᠦᠯᠦᠨ᠎ᠡ᠃ | ᠠᠭᠤᠯᠠ᠂ ᠤᠰᠤ᠂ ᠤᠢ᠂ ᠲᠠᠷᠢᠶ᠎ᠠ᠂ ᠨᠠᠭᠤᠷ᠂ ᠲᠠᠯ᠎ᠠ ᠶᠢᠨ ᠰᠢᠰᠲ᠋ᠧᠮ ᠤᠨ ᠵᠠᠰᠠᠯᠲᠠ ᠶᠢ ᠨᠢᠭᠡᠲᠦᠯᠲᠡᠢ ᠲᠥᠯᠥᠪᠯᠡᠵᠦ | ᠂ ᠠᠮᠢ ᠠᠬᠤᠢ ᠶᠢᠨ ᠶᠠᠯᠠᠲᠤ ᠠᠵᠢᠯᠯᠠᠭ᠎ᠠ ᠶᠢ ᠴᠢᠩᠭ᠎ᠠ ᠪᠠᠶᠢᠴᠠᠭᠠᠨ ᠴᠢᠩᠭ᠎ᠠ ᠰᠢᠳᠬᠡᠵᠦ᠂ ᠠᠮᠢ ᠠᠬᠤᠢ ᠶᠢᠨ | ᠪᠠᠶᠢᠭᠤᠯᠤᠯᠳᠠ ᠶᠢᠨ ᠦᠷ᠎ᠡ ᠪᠦᠲᠦᠮᠵᠢ ᠶᠢ ᠰᠠᠶᠢᠲᠤᠷ ᠬᠠᠮᠠᠭᠠᠯᠠᠨ᠎ᠠ᠃ ᠭᠤᠣᠯ ᠤᠨ ᠳᠠᠷᠤᠭ᠎ᠠ ᠶᠢᠨ ᠳᠦᠷᠢᠮ ᠢ | ᠴᠢᠩᠭ᠎ᠠ ᠨᠠᠶᠢᠳᠠᠪᠤᠷᠢᠵᠢᠭᠤᠯᠤᠨ᠂ ᠸᠠᠩ ᠤᠨ ᠣᠷᠳᠣᠨ ᠠᠴᠠ ᠳᠦᠴᠢᠨ ᠭᠡᠷ ᠠᠶᠢᠯ ᠬᠦᠷᠲᠡᠯᠡᠬᠢ17 ᠺᠢᠯᠣᠮᠧᠲᠷ᠂ | ᠮᠠ ᠠᠨ ᠱᠠᠨ ᠭᠤᠣᠯ ᠤᠨ ᠬᠤᠶᠠᠳᠤᠭᠠᠷ ᠬᠤᠭᠤᠴᠠᠭ᠎ᠠ ᠶᠢᠨ 4.3 ᠺᠢᠯᠣᠮᠧᠲᠷ ᠭᠤᠣᠯ ᠤᠨ ᠬᠡᠪᠡᠯᠢ ᠶᠢ ᠵᠠᠰᠠᠨ | ᠰᠠᠶᠢᠵᠢᠷᠠᠭᠤᠯᠬᠤ ᠢᠨᠵᠧᠨᠧᠷᠢᠩ ᠢ ᠬᠡᠷᠡᠭᠵᠢᠭᠦᠯᠦᠨ᠂ ᠠᠮᠢ ᠠᠬᠤᠢ ᠶᠢᠨ ᠴᠡᠪᠡᠷ ᠠᠷᠢᠭᠤᠨ ᠵᠢᠵᠢᠭ | ᠤᠷᠤᠰᠬᠠᠯ ᠣᠷᠣᠨ ᠢ 3 ᠲᠥᠮᠡᠨ ᠮᠦ ᠶᠡᠷᠥᠩᠬᠡᠶᠢᠯᠡᠨ ᠵᠠᠰᠠᠨ᠎ᠠ᠃ ᠤᠢ ᠶᠢᠨ ᠳᠠᠷᠤᠭ᠎ᠠ ᠶᠢᠨ ᠳᠦᠷᠢᠮ ᠢ | ᠭᠦᠨᠵᠡᠭᠡᠶᠢᠷᠡᠭᠦᠯᠦᠨ ᠪᠠᠲᠤᠲᠠᠢ ᠪᠠᠶᠢᠯᠭᠠᠵᠤ᠂ ᠲᠠᠯ᠎ᠠ ᠨᠤᠲᠤᠭ ᠤᠶᠢᠲᠤ ᠣᠷᠣᠨ ᠢ ᠡᠪᠳᠡᠭᠰᠡᠨ ᠶᠠᠯᠠᠲᠤ ᠠᠵᠢᠯᠯᠠᠭ᠎ᠠ ᠶᠢ | ᠲᠤᠰᠬᠠᠢ ᠴᠡᠭᠴᠡᠯᠡᠬᠦ ᠠᠵᠢᠯᠯᠠᠭ᠎ᠠ ᠶᠢ ᠯᠠᠪᠳᠠᠭᠤᠨ ᠢᠶᠠᠷ ᠥᠷᠨᠢᠭᠦᠯᠵᠦ᠂ ᠤᠢ ᠱᠢᠭᠤᠢ ᠶᠢᠨ ᠭᠠᠯ ᠰᠡᠷᠭᠡᠶᠢᠯᠡᠬᠦ᠂ | ᠪᠢᠲᠡᠭᠦᠮᠵᠢᠯᠡᠨ ᠪᠤᠶᠢᠵᠢᠭᠤᠯᠵᠤ ᠮᠠᠯᠵᠢᠬᠤ ᠶᠢ ᠬᠤᠷᠢᠭᠯᠠ᠊ ᠬᠤ ᠶᠢ ᠰᠠᠶᠢᠳᠤᠷ ᠠᠳᠬᠤᠨ᠂ ᠨᠡᠶᠢᠲᠡ ᠶᠢᠨ ᠠᠰᠢᠭᠳᠤ | ᠤᠢ ᠶᠢᠨ ᠬᠠᠮᠢᠶᠠᠷᠤᠯᠲᠠ᠂ ᠤᠢ ᠰᠢᠭᠤᠢ ᠶᠢᠨ ᠬᠤᠤᠷᠳᠤ ᠪᠤᠳᠠᠰ ᠢ ᠰᠡᠷᠭᠡᠶᠢᠯᠡᠨ ᠵᠠᠰᠠᠬᠤ ᠶᠢ ᠳᠠᠰᠤᠷᠠᠯᠲᠠ ᠦᠭᠡᠢ | ᠴᠢᠩᠭᠠᠳᠬᠠᠵᠤ᠂ ᠤᠢ ᠰᠢᠭᠤᠢ ᠶᠢᠨ ᠠᠮᠢ ᠠᠬᠤᠢ ᠶᠢᠨ ᠰᠢᠰᠲ᠋ᠧᠮ ᠤᠨ ᠨᠡᠭᠦᠷᠡᠰᠦᠳᠦᠷᠦᠭᠴᠢ ᠬᠤᠷᠠᠮᠳᠤᠭᠤᠯᠬᠤ | ᠴᠢᠳᠠᠪᠤᠷᠢ ᠶᠢ ᠳᠡᠭᠡᠭᠰᠢᠯᠡᠭᠦᠯᠦᠨ᠂ ᠤᠢ ᠰᠢᠭᠤᠢ ᠶᠢᠨ ᠨᠡᠭᠦᠷᠡᠰᠦᠳᠦᠷᠦᠭᠴᠢ ᠪᠣᠯᠭᠠᠬᠤ ᠠᠷᠠᠯᠵᠢᠶ᠎ᠠ ᠶᠢ | ᠡᠷᠴᠢᠮᠵᠢᠭᠦᠯᠤᠨᠠ᠂ ᠦᠨᠦ ᠵᠢᠯ 15000 ᠮᠦ ᠤᠶᠢᠲᠤ ᠭᠠᠵᠠᠷ ᠤᠨ ᠵᠠᠰᠠᠨ ᠰᠡᠯᠪᠢᠵᠦ᠂ 3000 ᠮᠦ ᠶᠢᠨ | ᠤᠷᠭᠤᠮᠠᠯ ᠤᠨ ᠪᠦᠷᠬᠦᠴᠡ ᠶᠢ ᠰᠡᠷᠭᠦᠭᠡᠨ᠎ᠡ᠃ ᠲᠠᠷᠢᠶᠠᠯᠠᠬᠤ ᠭᠠᠵᠠᠷ ᠤᠨ ᠶᠠᠰᠤ ᠴᠢᠨᠠᠷ ᠢ ᠯᠠᠪᠳᠠᠭᠤᠨ ᠢᠶᠠᠷ | ᠳᠡᠭᠡᠭᠰᠢᠯᠡᠭᠦᠯᠵᠦ᠂ ᠥᠨᠳᠦᠷ ᠪᠠᠷᠢᠮᠵᠢᠶ᠎ᠠ ᠲᠠᠢ ᠲᠠᠷᠢᠶᠠᠯᠠᠬᠤ ᠭᠠᠵᠠᠷ ᠢ 9000 ᠮᠦ ᠰᠢᠨ᠎ᠡ ᠪᠠᠷ ᠵᠠᠰᠠᠵᠤ᠂ ᠬᠠᠷ᠎ᠠ | ᠬᠥᠷᠥᠰᠦ ᠶᠢᠨ ᠬᠠᠮᠠᠭᠠᠯᠠᠯᠲᠠ ᠶᠢᠨ ᠴᠢᠨᠠᠷ ᠲᠠᠢ ᠲᠠᠷᠢᠶᠠᠯᠠᠬᠤ ᠭᠠᠵᠠᠷ 15000 ᠮᠦ ᠪᠣᠯᠭᠠᠨ᠂ 14300 ᠮᠦ | ᠬᠥᠲᠥᠯ ᠢ ᠬᠤᠪᠢᠷᠠᠭᠠᠨ ᠱᠠᠲᠤᠨ ᠲᠠᠷᠢᠶ᠎ᠠ ᠪᠣᠯᠭᠠᠨ᠎ᠠ᠃ ᠠᠭᠤᠷᠬᠠᠢ ᠶᠢᠨ ᠠᠭᠤᠯᠠ ᠶᠢ ᠨᠤᠭᠤᠭᠠᠷᠠᠭᠤᠯᠬᠤ ᠪᠦᠲᠦᠭᠡᠨ | ᠪᠠᠶᠢᠭᠤᠯᠤᠯᠲᠠ ᠶᠢᠨ ᠡᠷᠴᠢ ᠬᠦᠴᠦ ᠶᠢ ᠴᠢᠩᠭᠠᠳᠬᠠᠨ᠂ ᠦᠨᠦ ᠵᠢᠯ 1 ᠠᠭᠤᠷᠬᠠᠢ ᠶᠢᠨ ᠠᠭᠤᠯᠠ ᠶᠢ | ᠨᠤᠭᠤᠭᠠᠷᠠᠭᠤᠯᠤᠨ᠎ᠠ᠃ | | ᠪᠤᠬᠢᠷᠳᠤᠯ ᠦᠭᠡᠢ ᠦᠢᠯᠡᠳᠪᠦᠷᠢᠯᠡᠯ ᠬᠢᠭᠡᠳ ᠠᠮᠢᠳᠤᠷᠠᠯ ᠤᠨ ᠬᠡᠯᠪᠡᠷᠢ ᠶᠢ ᠲᠦᠭᠡᠮᠡᠯᠵᠢᠯᠡᠬᠦᠯᠦᠨ ᠳᠡᠯᠭᠡᠷᠡᠭᠦᠯᠦᠨ᠎ᠡ | ᠃ ︽ᠭᠤᠷᠪᠠᠨ ᠱᠤᠭᠤᠮ ᠨᠢᠭᠡ ᠬᠠᠭᠤᠳᠠᠰᠤ︾ ᠶᠢᠨ ᠦᠷ᠎ᠡ ᠪᠦᠲᠦᠭᠡᠯ ᠢ ᠤᠷᠤᠭᠤᠯᠤᠠ ᠬᠡᠷᠡᠭᠯᠡᠬᠦ ᠶᠢ ᠲᠦᠷᠭᠡᠳᠬᠡᠨ | ᠠᠬᠢᠭᠤᠯᠵᠤ᠂ ᠠᠮᠢ ᠠᠬᠤᠢ ᠶᠢᠨ ᠣᠷᠴᠢᠨ ᠲᠤᠭᠤᠷᠢᠨ ᠤ ᠬᠡᠰᠡᠭ ᠬᠤᠪᠢᠶᠠᠨ ᠬᠠᠮᠢᠶᠠᠷᠣᠨ ᠡᠵᠡᠮᠳᠡᠬᠦ | ᠲᠤᠭᠲᠠᠯᠴᠠᠭ᠎ᠠ ᠶᠢ ᠪᠠᠶᠢᠭᠤᠯᠤᠨ᠎ᠠ᠃ ᠤᠰᠤᠨ ᠤ ᠡᠬᠢ ᠰᠣᠷᠪᠣᠯᠵᠢ ᠶᠢᠨ ᠬᠠᠮᠠᠭᠠᠯᠠᠯᠲᠠ ᠪᠤᠯᠤᠨ ᠬᠠᠮᠢᠶᠠᠷᠤᠯᠲᠠ ᠶᠢ | ᠴᠢᠩᠭᠠᠳᠬᠠᠨ᠂ ᠲᠠᠷᠢᠶᠠᠯᠠᠩ ᠤᠨ ᠤᠰᠤ ᠠᠷᠪᠢᠯᠠᠨ ᠦᠷ᠎ᠡ ᠠᠰᠢᠭ ᠢ ᠨᠡᠮᠡᠭᠳᠡᠬᠦᠯᠬᠦ ᠪᠠ ᠠᠵᠤ ᠦᠢᠯᠡᠳᠪᠦᠷᠢ ᠶᠢᠨ | ᠤᠰᠤ ᠠᠷᠪᠢᠯᠠᠨ ᠢᠯᠭᠠᠷᠠᠭᠤᠯᠤᠯ ᠢᠶᠠᠨ ᠪᠠᠭᠠᠰᠬᠠᠬᠤ ᠶᠢ ᠴᠢᠩᠭᠠᠳᠬᠠᠨ᠂ ᠶᠡᠭᠡ ᠬᠡᠮᠵᠢᠶ᠎ᠡ ᠪᠠᠷ ᠤᠰᠤ ᠬᠡᠷᠡᠭᠯᠡᠬᠦ | ᠦᠢᠯᠡᠴᠢᠯᠡᠭᠡᠨ ᠤ ᠦᠢᠯᠡᠰ ᠤᠨ ᠤᠰᠤ ᠬᠡᠷᠡᠭᠯᠡᠬᠦ ᠶᠢ ᠴᠢᠩᠭ᠎ᠠ ᠬᠢᠵᠠᠭᠠᠷᠯᠠᠨ᠂ ᠤᠰᠤ ᠪᠠᠷ ᠬᠤᠳᠠ ᠶᠢ ᠲᠤᠭᠳᠠᠭᠠᠬᠤ᠂ | ᠤᠰᠤ ᠪᠠᠷ ᠠᠵᠤ ᠦᠢᠯᠡᠰ ᠢ ᠲᠤᠭᠳᠠᠭᠠᠬᠤ᠂ ᠤᠰᠤᠨ ᠤ ᠬᠡᠮᠵᠢᠶ᠎ᠡ ᠪᠠᠷ ᠠᠵᠢᠯᠯᠠᠬᠤ ᠵᠡᠷᠭᠡ ᠱᠠᠭᠠᠷᠳᠠᠯᠭ᠎ᠠ ᠶᠢ ᠠᠵᠤ | ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠪᠦᠬᠦ ᠲᠠᠯ᠎ᠠ ᠪᠤᠯᠤᠨ ᠡᠯ᠎ᠡ ᠬᠡᠰᠡᠭ ᠲᠠᠯ᠎ᠠ ᠳᠤᠨᠢ ᠦᠨᠡᠨᠬᠦ | ᠨᠠᠶᠢᠳᠠᠪᠤᠷᠢᠵᠢᠭᠤᠯᠵᠤ᠂ ᠤᠰᠤᠨ ᠤ ᠡᠬᠢ ᠰᠤᠷᠪᠤᠯᠵᠢ ᠶᠢᠨ ᠦᠨᠢᠳᠡ ᠦᠷᠭᠦᠯᠵᠢᠯᠡᠨ ᠬᠡᠷᠡᠭᠯᠡᠬᠦ ᠶᠢ ᠪᠠᠲᠤᠯᠠᠨ᠎ᠠ᠂ | ᠡᠨᠧᠷᠭᠢ ᠶᠢᠨ ᠬᠤᠷᠤᠭᠳᠠᠯ ᠢ ᠬᠤᠣᠰ ᠡᠵᠡᠮᠰᠢᠯ ᠤᠨ ᠬᠠᠮᠢᠶᠠᠷᠤᠯᠲᠠ ᠶᠢ ᠴᠢᠩᠭᠠᠳᠬᠠᠨ᠂ ᠬᠢᠵᠠᠭᠠᠷᠯᠠᠬᠤ ᠲᠦᠷᠦᠯ ᠤᠨ | ᠦᠢᠯᠡᠳᠪᠦᠷᠢᠯᠡᠯ ᠤᠨ ᠴᠢᠳᠠᠪᠬᠢ ᠶᠢ ᠰᠢᠯᠢᠨ ᠲᠠᠶᠠᠭᠳᠠᠬᠤ ᠬᠦᠴᠦᠯᠡᠴᠡ ᠪᠠ ᠭᠤᠣᠯᠳᠠᠯᠭ᠎ᠠ ᠲᠠᠢ ᠠᠵᠢᠯ ᠲᠥᠷᠥᠯ ᠤᠨ | ᠡᠨᠧᠷᠭᠢ ᠠᠷᠪᠢᠯᠠᠬᠤ ᠥᠭᠡᠷᠡᠴᠢᠯᠡᠯᠲᠡ ᠶᠢᠨ ᠠᠬᠢᠴᠠ ᠶᠢ ᠨᠡᠮᠡᠭᠳᠡᠭᠦᠯᠦᠨ᠂ ᠪᠤᠬᠢᠷᠳᠤᠯ ᠦᠭᠡᠢ ᠠᠵᠤ ᠦᠢᠯᠡᠰ ᠢ | ᠵᠦᠪᠰᠢᠶᠡᠷᠡᠨ ᠤᠷᠤᠭᠤᠯᠬᠤ ᠬᠤᠷᠢᠭ᠎ᠠ ᠱᠤᠭᠤᠮ ᠢ ᠳᠡᠭᠡᠭᠰᠢᠯᠡᠭᠦᠯᠵᠦ᠂ ᠦᠨᠳᠦᠷ ᠬᠤᠷᠤᠭᠲᠠᠯ ᠲᠠᠢ ᠲᠥᠷᠥᠯ | ᠵᠦᠢᠯ ᠢ ᠣᠷᠣᠭᠤᠯᠵᠤ ᠢᠷᠡᠬᠦ ᠶᠢ ᠲᠠᠰᠤ ᠬᠤᠷᠢᠭᠯᠠᠨ᠎ᠠ᠂ ᠪᠤᠬᠢᠷᠳᠤᠯ ᠦᠭᠡᠢ ᠠᠷᠪᠢᠯᠠᠨ ᠭᠠᠮᠨᠠᠬᠤ ᠠᠮᠢᠳᠤᠷᠠᠯ ᠤᠨ | ᠳᠠᠳᠬᠠᠯ ᠢ ᠢᠳᠡᠪᠬᠢᠳᠡᠢ ᠰᠠᠨᠠᠭᠠᠴᠢᠯᠠᠵᠤ᠂ ᠪᠦᠬᠦ ᠠᠷᠠᠳ ᠤᠨ ᠪᠤᠬᠢᠷᠳᠤᠯ ᠦᠭᠡᠢ ᠣᠷᠴᠢᠨ ᠠᠬᠤᠢ ᠶᠢᠨ | ᠬᠠᠮᠠᠭᠠᠯᠠᠯᠲᠠ ᠶᠢᠨ ᠤᠬᠠᠮᠰᠠᠷ ᠢ ᠳᠡᠭᠡᠭᠰᠢᠯᠡᠭᠦᠯᠦᠨ᠂ ᠠᠵᠢᠯᠴᠢ ᠠᠷᠪᠢᠴᠢ ᠪᠠᠷ ᠠᠮᠢᠳᠤᠷᠠᠬᠤ᠂ ᠡᠷᠡᠭᠦᠯ ᠮᠡᠨᠳᠦ | ᠪᠤᠯᠪᠠᠰᠤᠨ᠂ ᠪᠤᠬᠢᠷᠳᠤᠯ ᠦᠭᠡᠢ ᠴᠡᠪᠡᠷ ᠨᠡᠶᠢᠭᠡᠮ ᠤᠨ ᠬᠡᠪ ᠰᠤᠷᠳᠠᠯ ᠢ ᠪᠤᠢ ᠪᠣᠯᠭᠠᠬᠤ ᠶᠢ ᠲᠦᠷᠭᠡᠳᠬᠡᠨ᠎ᠡ ᠃ | | ︵ᠳᠣᠯᠤᠭ᠎ᠠ︶ ᠠᠷᠠᠳ ᠤᠨ ᠠᠮᠢᠳᠤᠷᠠᠯ ᠤᠨ ᠪᠠᠲᠤᠯᠠᠭ᠎ᠠ ᠳᠤ ᠬᠦᠴᠦ ᠪᠠᠨ ᠲᠥᠪᠯᠡᠷᠡᠭᠦᠯᠵᠦ᠂ ᠬᠤᠲᠠ | ᠬᠥᠳᠡᠭᠡ ᠶᠢᠨ ᠠᠷᠠᠳ ᠲᠥᠮᠡᠨ ᠤ ᠠᠮᠢᠳᠤᠷᠠᠯ ᠤᠨ ᠲᠥᠪᠰᠢᠨ ᠢ ᠰᠠᠶᠢᠵᠢᠷᠠᠭᠤᠯᠤᠨ ᠲᠡᠰ ᠲᠠᠪᠰᠢᠭᠤᠯᠤᠨ᠎ᠠ᠃ | | ᠨᠡᠶᠢᠭᠡᠮ ᠤᠨ ᠪᠠᠲᠤᠯᠠᠭ᠎ᠠ ᠶᠢᠨ ᠴᠢᠳᠠᠮᠵᠢ ᠶᠢ ᠪᠦᠬᠦ ᠬᠦᠴᠦ ᠪᠠᠷ ᠴᠢᠩᠭᠠᠳᠬᠠᠨ᠎ᠠ᠃ ᠠᠵᠢᠯ ᠣᠯᠭᠤᠬᠤ ᠶᠢ ᠡᠩ | ᠲᠡᠷᠢᠭᠦᠨ ᠳᠤ ᠪᠠᠶᠢᠯᠭᠠᠬᠤ ᠲᠥᠷᠥ ᠶᠢᠨ ᠪᠣᠳᠣᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠶᠡᠭᠡ ᠳᠡᠭᠡᠳᠦ | ᠰᠤᠷᠭᠠᠭᠤᠯᠢ ᠲᠡᠭᠦᠰᠦᠭᠰᠡᠨ ᠣᠶᠤᠲᠠᠨ᠂ ᠴᠡᠷᠢᠭ ᠠᠴᠠ ᠬᠠᠯᠠᠭᠳᠠᠭᠰᠠᠳ᠂ ᠳᠠᠩᠰᠠᠨ ᠳᠤ ᠪᠠᠶᠢᠭ᠎ᠠ ᠠᠵᠢᠯ | ᠠᠯᠳᠠᠭᠰᠠᠳ ᠵᠡᠷᠭᠡ ᠭᠤᠣᠯᠳᠠᠯᠭ᠎ᠠ ᠲᠠᠢ ᠪᠥᠯᠥᠭ ᠬᠦᠮᠦᠰ ᠲᠤ ᠠᠵᠢᠯ ᠣᠯᠭᠤᠨ ᠠᠳᠠᠯ ᠪᠤᠰᠬᠠᠬᠤ ᠳᠤ ᠨᠢ | ᠤᠨᠴᠠᠭᠠᠶᠢᠯᠠᠨ ᠬᠠᠪᠰᠤᠷᠤᠨ᠎ᠠ᠂ ᠠᠵᠤ ᠠᠬᠤᠶᠢᠯᠠᠯ ᠢ ᠲᠤᠰᠠᠯᠠᠨ ᠠᠵᠢᠯ ᠤᠨ ᠪᠠᠶᠢᠷᠢ ᠲᠤᠭᠲᠠᠪᠤᠷᠢᠵᠢᠭᠤᠯᠬᠤ | ᠠᠵᠢᠯᠯᠠᠭ᠎ᠠ ᠶᠢ ᠶᠠᠪᠤᠭᠳᠠᠭᠤᠯᠤᠨ᠂ ᠡᠯ᠎ᠡ ᠵᠦᠢᠯ ᠤᠨ ᠠᠵᠢᠯ ᠤᠨ ᠪᠠᠶᠢᠷᠢ ᠶᠢ ᠲᠤᠭᠲᠠᠪᠤᠷᠢᠵᠢᠭᠤᠯᠵᠤ᠂ ᠠᠵᠢᠯ ᠤᠨ | ᠪᠠᠶᠢᠷᠢ ᠶᠢ ᠦᠷᠭᠡᠳᠬᠡᠬᠦ ᠤᠷᠮᠠᠰᠢᠭᠤᠯᠬᠤ ᠲᠥᠷᠥ ᠶᠢᠨ ᠪᠣᠳᠤᠯᠭ᠎ᠠ ᠶᠢ ᠰᠠᠶᠢᠲᠤᠷ ᠨᠠᠶᠢᠳᠠᠪᠤᠷᠢᠵᠢᠭᠤᠯᠤᠨ᠎ᠠ᠃ ᠦᠨᠦ | ᠵᠢᠯ ᠬᠤᠲᠠ ᠬᠥᠳᠡᠭᠡ ᠶᠢᠨ ᠠᠵᠢᠯ ᠣᠯᠭᠤᠭᠰᠠᠳ ᠢ 1200 ᠬᠦᠮᠦᠨ ᠪᠣᠯᠭᠠᠨ ᠨᠡᠮᠡᠭᠳᠡᠭᠦᠯᠵᠦ᠂ ᠬᠥᠳᠡᠭᠡ | ᠲᠤᠰᠬᠤᠨ ᠤ ᠰᠢᠯᠵᠢᠮᠡᠯ ᠠᠵᠢᠯ ᠣᠯᠣᠭᠰᠠᠳ ᠢ 5.3 ᠲᠥᠮᠡᠨ ᠬᠦᠮᠦᠨ ᠪᠣᠯᠭᠠᠵᠤ᠂ ︽ᠠᠵᠢᠯ ᠦᠭᠡᠢ︾ ᠠᠶᠢᠯ | ᠡᠷᠦᠭᠡ ᠶᠢ ᠬᠦᠳᠡᠯᠦᠩᠭᠦᠢ ᠪᠠᠶᠢᠳᠠᠯ ᠢᠶᠠᠷ ᠦᠭᠡᠢ ᠪᠣᠯᠭᠠᠨ᠎ᠠ᠃ ᠪᠦᠬᠦ ᠠᠷᠠᠳ ᠤᠨ ᠳᠠᠭᠠᠳᠬᠠᠯ ᠳᠤ ᠣᠷᠣᠬᠤ | ᠲᠦᠯᠦᠪᠯᠡᠭᠡ ᠶᠢ ᠬᠦᠨᠵᠡᠭᠡᠶᠢᠷᠡᠭᠦᠯᠦᠨ ᠬᠡᠷᠡᠭᠵᠢᠭᠦᠯᠵᠦ᠂ ᠬᠤᠭᠤᠴᠠᠭ᠎ᠠ ᠬᠤᠪᠢᠶᠠᠨ ᠨᠡᠶᠢᠭᠡᠮ ᠤᠨ ᠳᠠᠭᠠᠳᠬᠠᠯ ᠤᠨ | ᠵᠠᠷᠤᠳᠠᠯ ᠢ ᠪᠠᠭᠠᠰᠬᠠᠨ᠂ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢ ᠦᠨᠡᠨᠬᠦ ᠴᠢᠩᠭᠠᠳᠬᠠᠨ᠂ | ᠳᠠᠭᠠᠳᠬᠠᠯ ᠤᠨ ᠮᠡᠬᠡᠯᠡᠯ ᠳᠤ ᠴᠢᠩᠭ᠎ᠠ ᠴᠣᠬᠢᠯᠲᠠ ᠥᠭᠭᠦᠨ᠎ᠡ᠃ ᠳᠣᠣᠷ᠎ᠠ ᠪᠠᠲᠤᠯᠠᠭ᠎ᠠ ᠶᠢᠨ ᠠᠶᠢᠯ ᠢ ᠨᠠᠷᠢᠯᠢᠭ | ᠤᠨᠤᠪᠴᠢᠲᠠᠢ ᠲᠤᠭᠲᠠᠭᠠᠵᠤ᠂ ᠣᠨᠴᠠ ᠬᠦᠴᠢᠷ ᠲᠠᠢ ᠠᠶᠢᠯ ᠡᠷᠦᠬᠡ᠂ ᠭᠠᠮᠰᠢᠭ ᠲᠤᠬᠢᠶᠠᠯᠳᠣᠭᠰᠠᠨ ᠣᠯᠠᠨ | ᠲᠥᠮᠡᠨ ᠤ ᠡᠯ᠎ᠡ ᠵᠦᠢᠯ ᠤᠨ ᠠᠪᠤᠷᠠᠨ ᠲᠤᠰᠠᠯᠠᠬᠤ ᠳᠦᠷᠢᠮ ᠤᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠨ᠂ | ᠳᠠᠭᠠᠳᠬᠠᠯ ᠳᠤ ᠣᠷᠣᠬᠤ ᠶᠣᠰᠤᠲᠠᠢ ᠨᠢ ᠵᠠᠪᠠᠯ ᠳᠠᠭᠠᠳᠬᠠᠯ ᠳᠤ ᠣᠷᠣᠭᠤᠯᠬᠤ᠂ ᠲᠤᠰᠠᠯᠠᠨ ᠲᠡᠮᠵᠢᠬᠦ ᠶᠣᠰᠤᠲᠠᠢ ᠶᠢ | ᠨᠢ ᠡᠷᠬᠡᠪᠰᠢ ᠲᠤᠰᠠᠯᠠᠨ ᠲᠡᠮᠵᠢᠨ᠎ᠡ᠃ ᠴᠡᠷᠢᠭ ᠠᠴᠠ ᠬᠠᠯᠠᠭᠳᠠᠭᠰᠠᠳ ᠤᠨ ᠦᠢᠯᠡᠴᠢᠯᠡᠭᠡ ᠶᠢᠨ ᠪᠠᠲᠤᠯᠠᠭ᠎ᠠ ᠶᠢᠨ | ᠲᠤᠭᠲᠠᠯᠴᠠᠭ᠎ᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠥᠪᠡᠷᠲᠡᠭᠡᠨ ᠵᠠᠰᠠᠬᠤ ᠣᠷᠣᠨ ᠤ ᠬᠤᠶᠠᠷ ᠢ | ᠬᠦᠷᠢᠶᠡᠯᠡᠬᠦ ᠵᠢᠱᠢᠶᠡᠴᠢ ᠬᠤᠲᠠ ᠶᠢ ᠪᠠᠶᠢᠭᠤᠯᠤᠭᠰᠠᠨ ᠦᠷ᠎ᠡ ᠪᠦᠲᠦᠭᠡᠯ ᠢᠶᠠᠨ ᠪᠠᠲᠤᠳᠬᠠᠨ ᠳᠡᠭᠡᠭᠰᠢᠯᠡᠭᠦᠯᠦᠨ᠎ᠡ᠃ | | ᠨᠡᠶᠢᠭᠡᠮ ᠤᠨ ᠠᠵᠢᠯ ᠦᠢᠯᠡᠰ ᠤᠨ ᠬᠦᠭᠵᠢᠯᠳᠡ ᠶᠢ ᠪᠦᠬᠦ ᠲᠠᠯ᠎ᠠ ᠪᠠᠷ ᠠᠬᠢᠭᠤᠯᠤᠨ᠎ᠠ᠃ ᠰᠤᠷᠭᠠᠨ | ᠬᠥᠮᠦᠵᠢᠯ ᠤᠨ ᠦᠢᠯᠡᠰ ᠶᠢ ᠡᠩ ᠲᠡᠷᠢᠭᠦᠨ ᠳᠤ ᠬᠦᠭᠵᠢᠬᠦᠯᠬᠦ ᠶᠢ ᠪᠠᠷᠢᠮᠲᠠᠯᠠᠨ᠂ ᠨᠠᠷᠢᠨ ᠬᠡᠦᠬᠡᠳ ᠤᠨ ᠴᠡᠴᠡᠷᠯᠢᠭ᠂ | ᠵᠢᠨᠱᠠᠨ ᠲᠠᠪᠤᠳᠤᠭᠠᠷ ᠳᠤᠮᠳᠠᠳᠤ ᠰᠤᠷᠭᠠᠭᠤᠯᠢ ᠶᠢᠨ ᠬᠥᠯ ᠪᠥᠮᠪᠦᠭᠡ ᠶᠢᠨ ᠲᠠᠮᠢᠷ ᠤᠨ ᠣᠷᠳᠣᠨ ᠢ ᠰᠢᠨ᠎ᠡ ᠪᠠᠷ | ᠪᠠᠶᠢᠭᠤᠯᠬᠤ ᠲᠥᠷᠥᠯ ᠵᠦᠢᠯ ᠢ ᠡᠬᠢᠯᠡᠨ ᠶᠠᠪᠤᠭᠳᠠᠭᠤᠯᠤᠨ᠂ ᠵᠢᠨᠱᠠᠨ ᠵᠢᠷᠭᠤᠳᠤᠭᠠᠷ ᠪᠠᠭ᠎ᠠ ᠰᠤᠷᠭᠠᠭᠤᠯᠢ᠂ | ᠳᠥᠷᠪᠡᠳᠦᠭᠡᠷ ᠳᠤᠮᠳᠠᠳᠣ ᠰᠤᠷᠭᠠᠭᠤᠯᠢ ᠶᠢᠨ ᠪᠠᠷᠢᠯᠭ᠎ᠠ ᠶᠢᠨ ᠠᠵᠢᠯ ᠢ ᠡᠬᠢᠯᠡᠭᠦᠯᠬᠦ ᠪᠠᠷ ᠴᠢᠷᠮᠠᠶᠢᠵᠤ᠂ ᠨᠢᠦ ᠵᠢᠶᠠ | ᠢᠩᠽᠢ ᠶᠢᠨ ᠸᠠᠩ ᠶᠢᠩᠽᠢ ᠪᠠᠭ᠎ᠠ ᠰᠤᠷᠭᠠᠭᠤᠯᠢ᠂ ᠰᠢ ᠴᠢᠶᠣᠣ ᠶᠢᠨ ᠧᠨ ᠵᠧᠦ ᠪᠠᠭ᠎ᠠ ᠰᠤᠷᠭᠠᠭᠤᠯᠢ ᠬᠢᠭᠡᠳ | ᠭᠤᠸᠠᠨ ᠶᠢᠩᠽᠢ ᠪᠠᠭ᠎ᠠ ᠰᠤᠷᠭᠠᠭᠤᠯᠢ ᠶᠢᠨ ᠪᠠᠶᠢᠭᠤᠯᠤᠨ ᠠᠰᠢᠭᠯᠠᠯᠲᠠ ᠳᠤ ᠣᠷᠣᠬᠤ ᠶᠢ ᠪᠠᠲᠤᠯᠠᠨ᠎ᠠ᠃ | ᠵᠠᠯᠠᠭᠤᠴᠤᠳ ᠪᠠᠭᠠᠴᠤᠳ ᠤᠨ ᠦᠵᠡᠯ ᠰᠠᠨᠠᠭ᠎ᠠ ᠤᠯᠤᠰ ᠲᠥᠷᠥ ᠶᠢᠨ ᠪᠠᠶᠢᠭᠤᠯᠤᠯᠲᠠ ᠬᠢᠭᠡᠳ ᠪᠡᠶ᠎ᠡ ᠮᠠᠬᠠᠪᠤᠳ ᠤᠨ | ᠴᠢᠨᠠᠷ ᠴᠢᠨᠰᠠᠭ᠎ᠠ ᠰᠡᠳᠬᠢᠯ ᠰᠠᠨᠠᠭᠠᠨ ᠤ ᠡᠷᠡᠭᠦᠯ ᠮᠡᠨᠳᠦ ᠶᠢᠨ ᠬᠦᠮᠦᠵᠢᠯ ᠢ ᠴᠢᠩᠭᠠᠳᠬᠠᠵᠤ᠂ ᠰᠤᠷᠤᠭᠴᠢᠳ ᠤᠨ | ᠡᠷᠡᠭᠦᠯ ᠮᠡᠨᠳᠦ ᠦᠰᠦᠨ ᠪᠤᠶᠢᠵᠢᠬᠤ ᠶᠢ ᠠᠬᠢᠭᠤᠯᠤᠨ᠎ᠠ᠃ ᠪᠠᠭᠰᠢ ᠶᠢᠨ ᠮᠣᠷᠠᠯ ᠪᠠᠭᠰᠢ ᠶᠢᠨ ᠰᠤᠷᠲᠠᠯ ᠤᠨ | ᠪᠠᠶᠢᠭᠤᠯᠤᠯᠲᠠ ᠶᠢ ᠴᠢᠩᠭᠠᠳᠬᠠᠨ᠂ ᠪᠠᠭᠰᠢ ᠶᠢ ᠤᠷᠢᠨ ᠬᠡᠷᠡᠭᠯᠡᠬᠦ ᠬᠦᠮᠦᠵᠢᠭᠦᠯᠬᠦ ᠳᠡᠭᠡᠷ᠎ᠡ ᠬᠦᠴᠦ ᠲᠠᠯᠪᠢᠨ᠂ | ᠪᠠᠭᠰᠢ ᠶᠢᠨ ᠮᠣᠷᠠᠯ ᠤᠨ ᠲᠥᠪᠰᠢᠨ ᠬᠢᠭᠡᠳ ᠵᠢᠭᠠᠬᠤ ᠮᠠᠲ᠋ᠧᠷᠢᠶᠠᠯ ᠤᠨ ᠶᠠᠰᠤ ᠴᠢᠨᠠᠷ ᠢ ᠬᠠᠮᠲᠤ ᠳᠤᠨᠢ | ᠳᠡᠭᠡᠭᠰᠢᠯᠡᠭᠦᠯᠦᠨ᠎ᠡ᠃ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠰᠤᠷᠭᠠᠨ ᠬᠦᠮᠦᠵᠢᠯ ᠢ | ᠴᠢᠩᠭᠠᠳᠬᠠᠨ᠂ ᠤᠯᠤᠰ ᠤᠨ ᠨᠢᠭᠡᠲᠦᠯᠲᠠᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠨᠡᠶᠢᠳᠡᠮ ᠬᠡᠷᠡᠭᠯᠡᠬᠦ ᠠᠵᠢᠯ ᠢ | ᠰᠠᠶᠢᠲᠤᠷ ᠬᠢᠨ᠎ᠡ᠃ ᠡᠷᠡᠭᠦᠯ ᠬᠠᠷᠠᠴᠢᠨ ᠬᠦᠳᠡᠯᠭᠡᠭᠡᠨ ᠢ ᠭᠦᠨᠵᠡᠭᠡᠶᠢᠷᠡᠭᠦᠯᠵᠦ᠂ ᠣᠯᠠᠨ ᠨᠡᠶᠢᠲᠡ ᠶᠢᠨ ᠡᠷᠡᠭᠦᠯ | ᠬᠠᠮᠠᠭᠠᠯᠠᠯ ᠤᠨ ᠪᠠᠴᠢᠮ ᠪᠠᠶᠢᠳᠠᠯ ᠢ ᠠᠷᠭᠠᠴᠠᠬᠤ ᠰᠢᠰᠲ᠋ᠧᠮ ᠢ ᠲᠡᠭᠦᠯᠳᠡᠷᠵᠢᠬᠦᠯᠵᠦ᠂ ᠣᠯᠠᠨ ᠨᠡᠶᠢᠲᠡ ᠶᠢᠨ ᠡᠷᠡᠭᠦᠯ | ᠬᠠᠮᠠᠭᠠᠯᠠᠯ ᠤᠨ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠨ᠂ ᠭᠡᠨᠡᠳᠲᠡ ᠡᠭᠦᠰᠬᠦ ᠤᠯᠠᠨ ᠨᠡᠶᠢᠲᠡ ᠶᠢᠨ ᠡᠷᠡᠭᠦᠯ | ᠬᠠᠮᠠᠭᠠᠯᠠᠯ ᠤᠨ ᠬᠡᠷᠡᠭ ᠢ ᠠᠷᠭᠠᠴᠠᠬᠤ ᠴᠢᠳᠠᠪᠤᠷᠢ ᠪᠠᠨ ᠳᠡᠭᠡᠭᠰᠢᠯᠡᠭᠦᠯᠦᠨ᠎ᠡ᠃ ᠬᠤᠰᠢᠭᠤᠨ ᠤ ᠶᠡᠷᠥᠩᠬᠡᠢ ᠡᠮᠨᠡᠯᠭᠡ ᠶᠢᠨ | ᠬᠤᠷᠢᠶ᠎ᠠ ᠶᠢᠨ ᠭᠡᠷ ᠲᠤᠲᠤᠷᠠᠬᠢ ᠪᠠᠷᠢᠯᠭ᠎ᠠ ᠶᠢ ᠲᠥᠷᠭᠡᠳᠬᠡᠨ᠂ ᠡᠮ ᠡᠮᠨᠡᠯᠭᠡ ᠶᠢᠨ ᠳᠥᠬᠦᠭᠡᠷᠦᠮᠵᠢ᠂ ᠡᠮᠴᠢ | ᠰᠤᠪᠢᠯᠠᠭᠴᠢ ᠶᠢᠨ ᠰᠤᠩᠭᠤᠨ ᠬᠡᠷᠡᠭᠯᠡᠬᠦ ᠪᠤᠯᠤᠨ ᠤᠷᠢᠨ ᠬᠡᠷᠡᠭᠯᠡᠬᠦ᠂ ᠰᠤᠷᠭᠠᠵᠤ ᠪᠡᠯᠡᠳᠬᠡᠬᠦ ᠵᠡᠷᠭᠡ ᠠᠵᠢᠯ ᠢ | ᠬᠠᠮᠲᠤ ᠳᠤ ᠨᠢ ᠥᠷᠨᠢᠭᠦᠯᠵᠦ᠂ ᠲᠣᠰ ᠵᠢᠯ ᠳᠡᠭᠡᠨ ᠠᠰᠢᠭᠯᠠᠯᠲᠠ ᠳᠤ ᠣᠷᠣᠭᠤᠯᠬᠤ ᠶᠢ ᠪᠠᠲᠤᠯᠠᠨ᠎ᠠ᠃ ᠬᠤᠰᠢᠭᠤᠨ ᠤ | ᠬᠠᠯᠳᠠᠪᠤᠷᠢᠲᠤ ᠡᠪᠡᠳᠴᠢᠨ ᠤ ᠠᠪᠤᠷᠠᠯᠲᠠ ᠶᠢᠨ ᠲᠥᠪ ᠤᠨ ᠲᠥᠷᠥᠯ ᠵᠦᠢᠯ ᠢ ᠡᠬᠢᠯᠡᠨ ᠶᠠᠪᠤᠭᠳᠠᠭᠤᠯᠵᠤ᠂ ᠴᠠᠩ | ᠱᠧᠩ ᠶᠤᠸᠠᠨ ᠡᠮᠨᠡᠯᠭᠡ ᠶᠢᠨ ᠬᠤᠷᠢᠶ᠎ᠠ ᠶᠢᠨ ᠪᠠᠶᠢᠭᠤᠯᠤᠨ ᠡᠵᠡᠩᠨᠡᠨ᠎ᠡ᠃ ᠪᠦᠬᠦ ᠠᠷᠠᠳ ᠤᠨ ᠡᠷᠡᠭᠦᠯ ᠮᠡᠨᠳᠦ ᠶᠢᠨ | ᠰᠤᠷᠭᠠᠨ ᠬᠦᠮᠦᠵᠢᠯ ᠂ ᠬᠢᠲᠠᠳ ᠮᠤᠩᠭᠤᠯ ᠡᠮ ᠡᠮᠨᠡᠯᠭᠡ ᠶᠢ ᠬᠥᠭᠵᠢᠭᠦᠯᠦᠬᠦ ᠲᠤᠰᠬᠠᠢ ᠰᠡᠳᠦᠪ ᠤᠨ ᠭᠥᠳᠡᠯᠭᠡᠭᠡᠨ ᠢ | ᠥᠷᠨᠢᠭᠦᠯᠵᠦ ᠂ ᠪᠦᠬᠦ ᠠᠷᠠᠳ ᠤᠨ ᠡᠷᠡᠭᠦᠯ ᠮᠡᠨᠳᠦ ᠶᠢᠨ ᠲᠥᠪᠰᠢᠨ ᠢ ᠳᠡᠭᠡᠭᠰᠢᠯᠡᠭᠦᠯᠦᠨ᠎ᠡ᠃ ᠰᠣᠶᠣᠯ | ᠳᠤᠷᠠᠰᠬᠠᠯ ᠤᠨ ᠵᠦᠢᠯᠡᠰ ᠢ ᠲᠤᠰᠬᠠᠢ ᠬᠦᠮᠦᠨ ᠬᠠᠮᠠᠭᠠᠯᠠᠬᠤ ᠳᠦᠷᠢᠮ ᠢ ᠨᠠᠶᠢᠳᠠᠪᠤᠷᠢᠵᠢᠭᠤᠯᠵᠤ᠂ ᠹᠦ᠋ ᠬᠤᠢ ᠰᠧ ᠶᠢᠨ | ᠬᠤᠶᠠᠳᠤᠭᠠᠷ ᠬᠤᠭᠤᠴᠠᠭ᠎ᠠ ᠪᠤᠯᠤᠨ ᠯᠢᠩ ᠶᠤᠸᠠᠢ ᠰᠧ ᠶᠢᠨ ᠭᠤᠷᠪᠠᠳᠤᠭᠠᠷ ᠬᠤᠭᠤᠴᠠᠭ᠎ᠠ ᠶᠢᠨ ᠵᠠᠰᠠᠯᠲᠠ᠂ ᠰᠢᠶᠠᠨ | ᠶᠢᠩ ᠰᠧ ᠶᠢᠨ ᠬᠠᠮᠠᠭᠠᠯᠠᠯᠲᠠ ᠶᠢᠨ ᠵᠠᠰᠠᠯᠲᠠ᠂ ᠬᠠᠷᠠᠴᠢᠨ ᠴᠢᠨ ᠸᠠᠩ ᠤᠨ ᠣᠷᠳᠣᠨ ᠬᠢᠭᠡᠳ ᠵᠢᠶᠠ ᠽᠢ ᠱᠠᠨ ᠤ | ᠪᠠᠭᠤᠷᠢ ᠶᠢᠨ ᠬᠠᠮᠠᠭᠠᠯᠠᠯᠲᠠ ᠶᠢᠨ ᠳᠦᠰᠦᠪ ᠢ ᠵᠤᠬᠢᠶᠠᠬᠤ ᠵᠡᠷᠭᠡ ᠰᠤᠶᠤᠯ ᠳᠤᠷᠠᠰᠬᠠᠯ ᠤᠨ ᠪᠠᠷᠢᠯᠭ᠎ᠠ ᠶᠢ ᠳᠠᠭᠤᠰᠬᠠᠨ᠂ | ᠰᠣᠶᠣᠯ ᠳᠤᠷᠠᠰᠬᠠᠯ ᠤᠨ ᠠᠮᠤᠷ ᠲᠥᠪᠰᠢᠨ ᠢ ᠴᠡᠭᠴᠡᠯᠡᠬᠦ ᠦᠷ᠎ᠡ ᠪᠦᠲᠦᠭᠡᠯ ᠢ ᠪᠠᠲᠤᠳᠬᠠᠨ ᠥᠷᠭᠡᠳᠬᠡᠨ᠎ᠡ᠃ | ᠨᠡᠶᠢᠭᠡᠮ ᠵᠢᠷᠤᠮ ᠤᠨ ᠭᠤᠤᠯᠯᠠᠭᠴᠢ ᠥᠷᠲᠡᠭ ᠤᠨ ᠦᠵᠡᠯ ᠤᠨ ᠬᠦᠮᠦᠵᠢᠯ ᠪᠠ ᠦᠢᠯᠡᠳᠦᠯᠭᠡᠵᠢᠬᠦᠯᠬᠦ ᠶᠢ ᠴᠢᠩᠭᠠᠳᠬᠠᠨ | ᠂ ︽ᠳᠤᠮᠳᠡᠳᠤ ᠶᠢᠨ ᠦᠨᠳᠦᠰᠦᠲᠡᠨ ᠤ ᠬᠠᠮᠲᠤ ᠶᠢᠨ ᠴᠤᠭᠴᠠ ᠶᠢᠨ ᠤᠬᠠᠮᠰᠠᠷ︾ ᠤᠨᠲ᠋ᠤᠰᠬᠠᠢ ᠰᠡᠳᠦᠪ ᠤᠨ | ᠬᠦᠳᠡᠯᠭᠡᠭᠡᠨ ᠢ ᠪᠦᠬᠦ ᠲᠠᠯ᠎ᠠ ᠪᠠᠷ ᠥᠷᠨᠢᠭᠦᠯᠵᠦ᠂ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ | ᠪᠦᠯᠬᠦᠮᠳᠡᠯ ᠲᠠᠪᠰᠢᠯᠳᠠ ᠶᠢᠨ ᠵᠢᠱᠢᠶᠡᠴᠢ ᠬᠤᠰᠢᠭᠤ ᠶᠢ ᠴᠤᠭᠴᠠᠯᠠᠨ ᠪᠠᠶᠢᠭᠤᠯᠬᠤ ᠠᠵᠢᠯ ᠢ ᠯᠠᠪᠳᠠᠭᠤᠨ ᠪᠠᠲᠤᠲᠠᠢ ᠪᠠᠷ | ᠰᠠᠶᠢᠲᠤᠷ ᠬᠢᠨ᠎ᠡ᠃ ᠤᠯᠠᠭᠠᠨᠮᠦ᠋ᠴᠢᠷ ᠤᠨ ᠠᠵᠢᠯ ᠤᠨ ᠬᠥᠭᠵᠢᠯᠲᠡ ᠶᠢ ᠳᠡᠮᠵᠢᠵᠦ᠂ ᠨᠠᠮ ᠪᠠᠶᠢᠭᠤᠯᠤᠭᠳᠠᠭᠰᠠᠨ 100 | ᠵᠢᠯ ᠤᠨ ᠤᠢ ᠶᠢᠨ ᠪᠡᠯᠭᠡᠯᠡᠬᠦ ᠰᠢᠷᠢᠰ ᠬᠦᠳᠡᠯᠭᠡᠭᠡᠨ ᠢ ᠰᠡᠳᠬᠢᠯ ᠲᠠᠯᠪᠢᠨ ᠵᠣᠬᠢᠶᠠᠨ ᠪᠠᠶᠢᠭᠤᠯᠵᠤ᠂ ᠨᠠᠮ ᠤᠨ | ᠲᠡᠥᠬᠡ ᠶᠢᠨ ᠰᠤᠷᠤᠯᠴᠠᠯᠭ᠎ᠠ ᠬᠦᠮᠦᠵᠢᠯ ᠢ ᠭᠦᠨᠵᠡᠭᠡᠢ ᠥᠷᠨᠢᠭᠦᠯᠵᠦ᠂ ᠭᠤᠣᠯ ᠬᠥᠭ ᠠᠶᠠᠰ ᠢ ᠮᠠᠭᠲᠠᠨ ᠳᠠᠭᠤᠯᠠᠵᠤ᠂ | ᠵᠥᠪ ᠡᠨᠧᠷᠭᠢ ᠶᠢ ᠲᠥᠪᠯᠡᠷᠡᠭᠦᠯᠦᠨ᠎ᠡ᠃ | | ᠠᠷᠠᠳ ᠤᠨ ᠠᠮᠢᠳᠤᠷᠠᠯ ᠤᠨ ᠪᠣᠳᠠᠲᠠᠢ ᠶᠠᠪᠤᠳᠠᠯ ᠬᠢᠵᠦ ᠦᠭᠬᠦ ᠲᠦᠷᠦᠯ ᠵᠦᠢᠯ ᠢ ᠪᠦᠬᠦ ᠬᠦᠴᠦ ᠪᠠᠷ | ᠪᠠᠶᠢᠭᠤᠯᠤᠨ᠎ᠠ᠃ ︽ᠣᠯᠠᠨ ᠲᠥᠮᠡᠨ ᠳᠤᠷᠠᠳᠤᠨ᠂ ᠣᠯᠠᠨ ᠢᠶᠠᠷ ᠢᠶᠠᠨ ᠲᠤᠭᠲᠠᠭᠠᠨ᠂ ᠵᠠᠰᠠᠭ ᠤᠨ ᠣᠷᠳᠣᠨ | ᠭᠦᠢᠴᠡᠳᠬᠡᠬᠦ︾ ᠤᠶᠢᠯᠠᠭᠠᠭᠳᠠᠬᠤᠨ ᠤ ᠶᠤᠰᠤᠭᠠᠷ ᠥᠷᠭᠡᠨ ᠢᠶᠠᠷ ᠰᠠᠨᠠᠯ ᠬᠤᠷᠢᠶᠠᠵᠤ᠂ ᠬᠤᠰᠢᠭᠤᠨ ᠤ ᠠᠷᠠᠳ ᠤᠨ | ᠵᠠᠰᠠᠭ ᠤᠨ ᠣᠷᠳᠣᠨ ᠰᠢᠯᠢᠨ ᠰᠤᠩᠭᠤᠬᠤ ᠪᠠᠷ ᠲᠠᠮᠵᠢᠨ᠂ ᠠᠷᠠᠳ ᠤᠨ ᠠᠮᠢᠳᠤᠷᠠᠯ ᠳᠤ ᠪᠣᠳᠠᠲᠠᠢ ᠤᠴᠢᠷ ᠪᠦᠳᠦᠭᠡᠬᠦ | 6 ᠲᠦᠷᠦᠯ ᠵᠦᠢᠯ ᠢ ᠰᠤᠩᠭᠤᠨ ᠭᠠᠷᠭᠠᠵᠤ᠂ ᠶᠡᠭᠡ ᠬᠤᠷᠠᠯ ᠤᠨ ᠫᠢᠶᠣᠣ ᠶᠢᠨ ᠰᠤᠩᠭᠤᠯᠲᠠ ᠳᠤ ᠲᠤᠰᠢᠶᠠᠪᠠ᠃ | ᠰᠤᠩᠭᠤᠭᠳᠠᠭᠰᠠᠨ ᠲᠥᠷᠥᠯ ᠵᠦᠢᠯ ᠢ ᠪᠢᠳᠡ ᠯᠠᠪᠲᠠᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠴᠢᠩᠭ᠎ᠠ ᠬᠢᠨᠠᠮᠠᠭᠠᠢ | ᠬᠢᠨᠠᠨ ᠪᠠᠶᠢᠴᠠᠭᠠᠵᠤ ᠰᠢᠯᠭᠠᠷᠠᠭᠤᠯᠤᠨ ᠦᠨᠡᠯᠡᠵᠦ᠂ ᠨᠡᠶᠢᠭᠡᠮ ᠤᠨ ᠡᠯ᠎ᠡ ᠡᠲᠡᠭᠡᠳ ᠤᠨ ᠬᠢᠨᠠᠯᠲᠠ ᠶᠢ | ᠰᠠᠨᠠᠭᠠᠴᠢᠯᠠᠭ᠎ᠠ ᠠᠴᠠ ᠪᠠᠨ ᠬᠦᠯᠢᠶᠡᠵᠦ᠂ ᠰᠠᠶᠢᠨ ᠤᠴᠢᠷ ᠢ ᠦᠨᠡᠨᠬᠦ ᠰᠠᠶᠢᠲᠤᠷ ᠬᠢᠵᠦ᠂ ᠪᠣᠳᠠᠲᠠᠢ ᠬᠡᠷᠡᠭ ᠢ ᠪᠤᠳᠠᠲᠠᠢ | ᠬᠢᠬᠦ ᠪᠣᠯᠣᠨ᠎ᠠ᠃ | ︵ᠨᠠᠢᠮᠠ︶ ᠨᠡᠶᠢᠭᠡᠮ ᠤᠨ ᠵᠠᠰᠠᠯᠲᠠ ᠳᠤ ᠬᠦᠴᠦ ᠪᠠᠨ ᠲᠥᠪᠯᠡᠷᠡᠭᠦᠯᠦᠨ᠂ ᠨᠡᠶᠢᠭᠡᠮ ᠤᠨ ᠶᠡᠭᠡ ᠪᠠᠶᠢᠳᠠᠯ ᠪᠠ ᠡᠶ᠎ᠡ | ᠨᠠᠶᠢᠷᠠᠮᠳᠠᠭᠤ ᠲᠤᠭᠳᠠᠭᠤᠨ ᠢ ᠪᠦᠬᠦ ᠬᠦᠴᠦ ᠪᠠᠷ ᠢᠶᠠᠨ ᠬᠠᠮᠠᠭᠠᠯᠠᠨ᠎ᠠ᠃ | | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠤᠤᠯ ᠤᠨ ᠶᠠᠩᠵᠦ ᠪᠠᠷ ᠰᠠᠶᠢᠳᠤᠷ ᠠᠳᠬᠤᠨ᠎ᠠ᠃ ᠨᠠᠷᠢᠯᠢᠭ | ᠣᠨᠣᠪᠴᠢᠲᠠᠢ ᠰᠡᠷᠭᠡᠶᠢᠯᠡᠨ ᠡᠵᠡᠮᠳᠡᠬᠦ ᠶᠢ ᠪᠠᠶᠢᠩᠭᠤᠵᠢᠭᠤᠯᠬᠤ ᠪᠠ ᠬᠡᠰᠡᠭ ᠲᠠᠯ᠎ᠠ ᠶᠢᠨ ᠪᠠᠴᠢᠮ ᠪᠠᠶᠢᠳᠠᠯ ᠢ | ᠠᠷᠭᠠᠴᠠᠬᠤ ᠶᠢ ᠤᠷᠭᠠᠨᠢᠭ ᠢᠶᠠᠷ ᠨᠢᠭᠡᠳᠬᠡᠨ᠂ ︽ᠳᠥᠷᠪᠡᠨ ᠡᠲᠡᠭᠡᠳ ᠤᠨ ᠬᠠᠷᠢᠭᠤᠴᠠᠯᠭ᠎ᠠ︾ ᠶᠢ | ᠪᠣᠳᠠᠲᠠᠶᠢᠵᠢᠭᠤᠯᠤᠨ᠂ ︽ᠲᠦᠷᠪᠡ ᠶᠢ ᠡᠷᠳᠡᠬᠡᠨ ᠪᠠᠶᠢᠯᠭᠠᠬᠤ︾ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ | ᠡᠷᠴᠢᠮᠳᠡᠢ ᠨᠤᠳᠠᠯᠠᠯᠳᠠ ᠶᠢᠨ ᠠᠷᠭ᠎ᠠ ᠬᠡᠮᠵᠢᠶ᠎ᠡ ᠪᠠᠷ ᠨᠤᠳᠠᠯᠠᠬᠤ ᠶᠢᠨ ᠠᠷᠭ᠎ᠠ ᠦᠭᠡᠢ ᠨᠦᠬᠦᠴᠡᠯ ᠪᠠᠶᠢᠳᠠᠯ ᠢ | ᠠᠷᠭᠠᠴᠠᠭᠠᠨᠡ᠃ ᠬᠦᠮᠦᠨ ᠪᠤᠳᠠᠰ ᠢ ᠬᠠᠮᠲᠤ ᠳᠤ ᠨᠢ ᠰᠡᠷᠭᠡᠶᠢᠯᠡᠬᠦ᠂ ᠤᠷᠴᠢᠨ ᠲᠤᠭᠤᠷᠢᠨ ᠢ ᠬᠠᠮᠲᠤ ᠳᠤ ᠨᠢ | ᠪᠠᠶᠢᠴᠠᠭᠠᠬᠤ ᠵᠡᠷᠭᠡ ᠰᠡᠷᠭᠡᠶᠢᠯᠡᠯᠲᠡ ᠶᠢᠨ ᠠᠷᠭ᠎ᠠ ᠪᠣᠳᠣᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠤᠨ᠂ ᠡᠮ | ᠡᠮᠨᠡᠯᠭᠡ ᠶᠢᠨ ᠪᠠᠶᠢᠭᠤᠯᠤᠮᠵᠢ ᠶᠢᠨ ᠤᠷᠢᠳᠴᠢᠯᠠᠨ ᠪᠠᠶᠢᠴᠠᠭᠠᠨ ᠬᠤᠪᠢᠶᠠᠨ ᠡᠮᠨᠡᠬᠦ ᠬᠢᠭᠡᠳ ᠬᠠᠯᠠᠭᠤᠷᠠᠭᠰᠠᠳ ᠢ | ᠡᠮᠴᠢᠯᠡᠬᠦ ᠡᠭᠦᠳᠡᠨ ᠡᠮᠨᠡᠯᠭᠡ ᠶᠢᠨ ᠬᠠᠮᠢᠶᠠᠷᠤᠯᠲᠠ ᠶᠢᠨ ᠡᠯ᠎ᠡ ᠲᠥᠷᠥᠯ ᠤᠨ ᠳᠦᠷᠢᠮ ᠢ ᠴᠢᠩᠭ᠎ᠠ ᠬᠡᠷᠡᠭᠵᠢᠭᠦᠯᠦᠨ᠂ | ᠭᠤᠣᠯᠳᠠᠯᠭ᠎ᠠ ᠲᠠᠢ ᠬᠦᠮᠦᠰ ᠢ ᠪᠥᠭᠡᠮ ᠬᠦᠴᠢᠯ ᠤᠨ ᠰᠢᠯᠭᠠᠨ ᠪᠠᠶᠢᠴᠠᠭᠠᠬᠤ ︽ᠪᠠᠶᠢᠴᠠᠭᠠᠨ ᠰᠢᠯᠭᠠᠬᠤ ᠬᠡᠷᠡᠭᠲᠡᠢ ᠪᠣᠯ | ᠵᠠᠪᠠᠯ ᠰᠢᠯᠭᠠᠨ ᠪᠠᠶᠢᠴᠠᠭᠠᠬᠤ︾ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠸᠠᠺᠽᠢᠨ ᠢ ᠲᠠᠷᠢᠯᠭ᠎ᠠ ᠶᠢᠨ ᠠᠵᠢᠯ ᠢ | ᠳᠡᠰ ᠳᠠᠷᠠᠭ᠎ᠠ ᠲᠠᠢ ᠪᠠᠷ ᠰᠠᠶᠢᠳᠤᠷ ᠬᠢᠵᠦ᠂ ᠬᠢᠵᠢᠭ ᠤᠨ ᠭᠠᠳᠠᠨ᠎ᠠ ᠠᠴᠠ ᠣᠷᠣᠵᠣ ᠢᠷᠡᠬᠦ ᠶᠢ ᠬᠤᠷᠢᠭᠯᠠᠬᠤ᠂ ᠲᠤᠰ | ᠭᠠᠵᠠᠷ ᠠᠴᠠ ᠳᠠᠬᠢᠨ ᠡᠭᠦᠰᠬᠦ ᠶᠢ ᠰᠡᠷᠭᠡᠶᠢᠯᠡᠬᠦ ᠠᠵᠢᠯ ᠢ ᠥᠴᠥᠬᠡᠨ ᠲᠡᠳᠦᠢ ᠴᠤ ᠰᠤᠯᠠᠷᠠᠭᠤᠯᠬᠤ ᠦᠭᠡᠢ ᠪᠠᠷ | ᠠᠳᠬᠤᠵᠤ᠂ ᠬᠢᠵᠢᠭ ᠢ ᠰᠡᠷᠭᠡᠶᠢᠯᠡᠬᠦ ᠬᠤᠷᠢᠭᠯᠠᠯᠲᠠ ᠶᠢᠨ ᠱᠤᠭᠤᠮ ᠢ ᠪᠦᠬᠦ ᠲᠠᠯ᠎ᠠ ᠪᠠᠷ ᠪᠠᠲᠤᠳᠬᠠᠨ᠎ᠠ᠃ | | ᠠᠮᠤᠷ ᠲᠥᠪᠰᠢᠨ ᠬᠥᠭᠵᠢᠯᠲᠡ ᠶᠢᠨ ᠬᠤᠷᠢᠭ᠎ᠠ ᠱᠤᠭᠤᠮ ᠢ ᠪᠠᠳᠤ ᠰᠠᠬᠢᠨ᠎ᠠ᠃ ᠠᠮᠤᠷ ᠲᠥᠪᠰᠢᠨ | ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠤᠨ᠂ ᠠᠮᠤᠷ ᠲᠥᠪᠰᠢᠨ | ᠦᠢᠯᠡᠳᠪᠦᠷᠢᠯᠡᠯ ᠤᠨ ᠲᠤᠰᠬᠠᠶᠢᠯᠠᠨ ᠴᠡᠭᠴᠡᠯᠡᠬᠦ ᠭᠤᠷᠪᠠᠨ ᠵᠢᠯ ᠤᠨ ᠠᠵᠢᠯᠯᠠᠭ᠎ᠠ ᠶᠢ ᠭᠦᠨᠵᠡᠭᠡᠶᠢᠷᠡᠭᠦᠯᠦᠨ | ᠲᠤᠤᠱᠯᠠᠭᠤᠯᠵᠤ᠂ ᠠᠵᠤ ᠠᠬᠤᠶᠢᠯᠠᠯ ᠤᠨ ᠠᠮᠤᠷ ᠲᠥᠪᠰᠢᠨ ᠦᠢᠯᠡᠳᠪᠦᠷᠢᠯᠡᠯ ᠤᠨ ︽ᠬᠤᠶᠠᠷ ᠦᠨᠳᠦᠰᠦᠨ︾ | ᠪᠦᠳᠦᠭᠡᠨ ᠪᠠᠶᠢᠭᠤᠯᠬᠤ ᠤᠨ ᠤ ᠠᠵᠢᠯᠯᠠᠭ᠎ᠠ ᠶᠢ ᠯᠠᠪᠳᠠᠭᠤᠨ ᠢᠶᠠᠷ ᠥᠷᠨᠢᠭᠦᠯᠵᠦ᠂ ᠲᠣᠮᠣ ᠴᠢᠬᠤᠯᠠ ᠠᠮᠤᠷ | ᠲᠥᠪᠰᠢᠨ ᠤ ᠣᠰᠣᠯ ᠠᠳᠡᠯ ᠭᠠᠷᠬᠤ ᠶᠢ ᠡᠷᠡᠰ ᠲᠠᠰᠤ ᠰᠡᠷᠭᠡᠶᠢᠯᠡᠨ ᠵᠣᠭᠰᠣᠭᠠᠵᠤ᠂ ᠡᠩ ᠤᠨ ᠣᠰᠣᠯ ᠠᠳᠡᠯ | ᠡᠭᠦᠰᠬᠦ ᠶᠢ ᠴᠢᠲᠠᠬᠤ ᠶᠢᠨ ᠲᠤᠲᠤᠷ᠎ᠠ ᠪᠠᠭᠠᠰᠬᠠᠨ᠎ᠠ᠃ ᠪᠠᠴᠢᠮ ᠪᠠᠶᠢᠳᠠᠯ ᠳᠤ ᠠᠪᠬᠤ ᠬᠠᠮᠢᠶᠠᠷᠣᠯᠲᠠ ᠬᠢᠭᠡᠳ | ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠪᠠᠶᠢᠭᠤᠯᠤᠮᠵᠢ ᠶᠢᠨ ᠲᠤᠭᠲᠠᠯᠴᠠᠭ᠎ᠠ ᠶᠢ ᠲᠡᠭᠦᠯᠳᠡᠷᠵᠢᠭᠦᠯᠦᠨ᠂ | ᠪᠠᠴᠢᠮ ᠪᠠᠶᠢᠳᠠᠯ ᠤᠨ ᠰᠤᠷᠢᠯᠲᠠ ᠶᠢ ᠵᠤᠷᠰᠢᠯ ᠪᠣᠯᠭᠠᠨ ᠥᠷᠨᠢᠭᠦᠯᠵᠦ᠂ ᠪᠠᠴᠢᠮ ᠪᠠᠶᠢᠳᠠᠯ ᠤᠨ ᠠᠪᠤᠷᠠᠯᠲᠠ ᠶᠢᠨ | ᠴᠢᠳᠠᠪᠤᠷᠢ ᠪᠠᠨ ᠳᠡᠭᠡᠭᠰᠢᠯᠡᠭᠦᠯᠦᠨ᠎ᠡ᠃ ︽ᠳᠦᠷᠪᠡᠨ ᠬᠠᠮᠤᠭ ᠴᠢᠩᠭ᠎ᠠ︾ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ᠂ | ᠣᠯᠠᠨ ᠲᠥᠮᠡᠨ ᠤ ᠢᠳᠡᠭᠡᠨ ᠤᠮᠳᠠᠭᠠᠨ ᠡᠮ ᠲᠠᠩ ᠤᠨ ᠠᠮᠤᠷ ᠲᠥᠪᠰᠢᠨ ᠢ ᠪᠠᠲᠤᠯᠠᠨ᠎ᠠ᠃ ᠮᠥᠩᠭᠦᠨ ᠭᠦᠢᠯᠭᠡᠭᠡᠨ ᠤ | ᠠᠶᠤᠯ ᠲᠦᠭᠰᠢᠭᠦᠷᠢ ᠶᠢᠨ ᠬᠢᠨᠠᠨ ᠰᠢᠯᠭᠠᠬᠤ ᠤᠷᠢᠳᠴᠢᠯᠠᠨ ᠰᠡᠷᠡᠮᠵᠢᠯᠡᠭᠦᠯᠬᠦ ᠳᠦᠷᠢᠮ ᠢ ᠲᠡᠭᠦᠯᠳᠡᠷᠵᠢᠭᠦᠯᠦᠨ᠂ ᠥᠷᠢ | ᠠᠪᠴᠠᠭ᠎ᠠ ᠢ ᠰᠢᠢᠳᠪᠦᠷᠢᠯᠡᠬᠦ ᠠᠵᠢᠯ ᠢ ᠰᠠᠶᠢᠲᠤᠷ ᠬᠢᠵᠦ᠂ ᠵᠢᠯ ᠤᠨ ᠲᠤᠲᠤᠷ᠎ᠠ ᠥᠷᠢ ᠦᠭᠡᠢ ᠪᠣᠯᠭᠠᠬᠤ ᠡᠭᠦᠷᠭᠡ ᠶᠢ | ᠪᠡᠶᠡᠯᠡᠭᠦᠯᠦᠨ᠂ ᠰᠢᠰᠲ᠋ᠧᠮ ᠤᠨ ᠴᠢᠨᠠᠷ ᠲᠠᠢ ᠮᠥᠩᠭᠦᠨ ᠭᠦᠢᠯᠭᠡᠭᠡᠨ ᠤ ᠠᠶᠤᠯ ᠭᠠᠷᠬᠤ ᠦᠭᠡᠢ ᠪᠠᠶᠢᠬᠤ ᠬᠠᠮᠤᠭ | ᠳᠣᠣᠷ᠎ᠠ ᠱᠠᠭᠠᠷᠳᠠᠯᠭ᠎ᠠ ᠶᠢ ᠡᠷᠡᠰ ᠰᠠᠬᠢᠨ᠎ᠠ᠃ | | ᠠᠮᠤᠷ ᠲᠥᠪᠰᠢᠨ ᠬᠠᠷᠠᠴᠢᠨ ᠤ ᠪᠠᠶᠢᠭᠤᠯᠤᠯᠲᠠ ᠶᠢ ᠴᠢᠩᠭᠠᠳᠬᠠᠨ᠎ᠠ᠃ ᠨᠡᠶᠢᠭᠡᠮ ᠤᠨ ᠵᠥᠷᠢᠴᠡᠯ ᠢ | ᠶᠡᠷᠥᠩᠬᠡᠶᠢᠯᠡᠨ ᠵᠠᠰᠠᠬᠤ ᠲᠤᠭᠲᠠᠯᠴᠠᠭ᠎ᠠ ᠶᠢ ᠤᠯᠠᠮ ᠨᠢᠭᠡ ᠠᠯᠬᠤᠮ ᠰᠠᠶᠢᠵᠢᠷᠠᠭᠤᠯᠵᠤ᠂ ᠣᠯᠠᠨ ᠳᠠᠬᠢᠨ ᠵᠠᠬᠢᠳᠠᠯ | ᠰᠤᠷᠪᠤᠯᠵᠢᠯᠠᠯ ᠬᠢᠬᠦ ᠶᠢ ᠴᠡᠭᠴᠡᠯᠡᠬᠦ᠂ ᠵᠠᠬᠢᠳᠠᠯ ᠰᠤᠷᠪᠤᠯᠵᠢᠯᠠᠭ᠎ᠠ ᠶᠢᠨ ᠨᠦᠭᠡᠴᠡ ᠬᠡᠷᠡᠭ ᠢ ᠰᠢᠢᠳᠪᠦᠷᠢᠯᠡᠬᠦ ᠵᠡᠷᠭᠡ | ᠲᠤᠰᠬᠠᠢ ᠠᠵᠢᠯᠯᠠᠭ᠎ᠠ ᠶᠢ ᠭᠦᠨᠵᠡᠭᠡᠶᠢᠷᠡᠭᠦᠯᠦᠨ ᠥᠷᠨᠢᠭᠦᠯᠵᠦ᠂ ᠨᠡᠶᠢᠭᠡᠮ ᠤᠨ ᠵᠥᠷᠢᠴᠡᠯ ᠮᠠᠷᠭᠤᠯᠳᠤᠭᠠᠨ ᠢ ᠡᠷᠴᠢᠮᠳᠠᠢ | ᠨᠠᠮᠳᠠᠭᠤᠯᠵᠤ᠂ ᠣᠯᠠᠨ ᠲᠥᠮᠡᠨ ᠤ ᠵᠦᠢ ᠵᠤᠬᠢᠰᠳᠠᠢ ᠪᠦᠭᠡᠳ ᠬᠠᠤᠯᠢ ᠳᠤ ᠨᠡᠶᠢᠴᠡᠬᠦ ᠭᠤᠮᠣᠳᠠᠯ ᠱᠠᠭᠠᠷᠳᠠᠯᠭ᠎ᠠ ᠶᠢ | ᠰᠢᠢᠳᠪᠦᠷᠢᠯᠡᠨ᠂ ᠶᠣᠰᠣ ᠦᠭᠡᠢ ᠪᠠᠷ ᠵᠠᠬᠢᠳᠠᠯ ᠰᠤᠷᠪᠤᠯᠵᠢᠯᠠᠯ ᠬᠢᠬᠦ᠂ ᠦᠢᠮᠡᠭᠡᠨ ᠲᠦᠢᠪᠡᠭᠡᠬᠦ ᠠᠵᠢᠯᠯᠠᠭ᠎ᠠ ᠳᠤ | ᠴᠢᠩᠭ᠎ᠠ ᠴᠤᠬᠢᠯᠲᠠ ᠥᠭᠭᠦᠨ᠎ᠡ᠃ ᠨᠠᠮ ᠤᠨ ᠱᠠᠰᠢᠨ ᠰᠤᠷᠲᠠᠬᠤᠨ ᠤ ᠠᠵᠢᠯ ᠤᠨ ᠦᠨᠳᠦᠰᠦᠨ ᠴᠢᠭᠯᠡᠯᠳᠡ ᠶᠢ ᠪᠦᠬᠦ | ᠲᠠᠯ᠎ᠠ ᠪᠠᠷ ᠲᠤᠤᠱᠯᠠᠭᠤᠯᠤᠨ᠂ ᠪᠣᠰᠤᠭ᠎ᠠ ᠴᠤᠭᠴᠠᠲᠤ ᠨᠡᠶᠢᠭᠡᠮ ᠤᠨ ᠠᠮᠤᠷ ᠲᠥᠪᠰᠢᠨ ᠤ ᠰᠡᠷᠭᠡᠶᠢᠯᠡᠬᠦ ᠰᠢᠰᠲ᠋ᠧᠮ ᠢ | ᠲᠡᠭᠦᠯᠳᠡᠷᠵᠢᠭᠦᠯᠦᠨ ᠰᠠᠶᠢᠵᠢᠷᠠᠭᠤᠯᠵᠤ᠂ ᠬᠠᠷ᠎ᠠ ᠪᠦᠯᠦᠭᠳᠡᠨ ᠬᠠᠷᠭᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠢ | ᠵᠤᠷᠰᠢᠯ ᠪᠣᠯᠭᠠᠨ ᠶᠠᠪᠤᠭᠳᠠᠭᠤᠯᠵᠤ᠂ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠤᠬᠢᠯᠲᠠ | ᠥᠭᠴᠦ᠂ ᠨᠡᠶᠢᠭᠡᠮ ᠤᠨ ᠶᠡᠷᠥᠩᠬᠡᠢ ᠪᠠᠶᠢᠳᠠᠯ ᠤᠨ ᠨᠠᠶᠢᠷᠠᠮᠳᠠᠭᠤ ᠲᠤᠭᠲᠠᠭᠤᠨ ᠪᠠᠶᠢᠬᠤ ᠶᠢᠨ ᠪᠦᠬᠦ ᠬᠦᠴᠦ ᠪᠠᠷ ᠢᠶᠠᠨ | ᠬᠠᠮᠠᠭᠠᠯᠠᠨ᠎ᠠ᠃ | | ᠳᠥᠷᠪᠡ ᠂ ᠵᠠᠰᠠᠭ ᠤᠨ ᠣᠷᠳᠣᠨ ᠤ ᠬᠤᠪᠢ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠨ᠎ᠠ | | ᠲᠥᠯᠥᠭᠡᠯᠡᠭᠴᠢᠳ ᠡ᠂ ᠨᠡᠶᠢᠭᠡᠮ ᠵᠢᠷᠤᠮ ᠢ ᠪᠦᠳᠦᠭᠡᠨ ᠪᠠᠶᠢᠭᠤᠯᠬᠤ ᠤᠳᠤᠬᠢᠴᠢᠯᠠᠯᠳᠠ ᠶᠢᠨ ᠰᠢᠨ᠎ᠡ ᠠᠶᠠᠨ | ᠵᠠᠮ ᠢ ᠡᠬᠢᠯᠡᠭᠦᠯᠦᠭᠰᠡᠨ ᠡᠨᠡ ᠡᠷᠡᠨ ᠳᠤ᠂ ᠬᠥᠭᠵᠢᠯᠲᠡ ᠶᠢᠨ ᠡᠭᠦᠷᠭᠡ ᠨᠡᠩ ᠬᠦᠨᠳᠦ᠂ ᠲᠤᠯᠭᠠᠷᠠᠵᠤ ᠪᠠᠶᠢᠭ᠎ᠠ | ᠥᠷᠢᠰᠦᠯᠳᠦᠭᠡᠨ ᠨᠡᠩ ᠪᠡᠷᠬᠡᠰᠢᠶᠡᠯᠲᠡᠢ ᠪᠠᠶᠢᠨ᠎ᠠ᠂ ᠪᠢᠳᠡ ᠵᠠᠰᠠᠭ ᠤᠨ ᠣᠷᠳᠣᠨ ᠤ ᠬᠤᠪᠢ ᠪᠡᠶ᠎ᠡ ᠶᠢᠨ ᠪᠠᠶᠢᠭᠤᠯᠤᠯᠲᠠ | ᠪᠠᠨ ᠤᠯᠠᠮ ᠨᠢᠭᠡ ᠠᠯᠬᠤᠮᠴᠢᠩᠭᠠᠳᠬᠠᠨ᠂ ᠵᠠᠰᠠᠭ ᠤᠨ ᠣᠷᠳᠣᠨ ᠤ ᠵᠠᠰᠠᠯᠲᠠ ᠶᠢᠨ ᠰᠢᠰᠲ᠋ᠧᠮ ᠬᠢᠭᠡᠳ | ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠬᠤ ᠶᠢ ᠲᠦᠯᠬᠢᠨ ᠠᠬᠢᠭᠤᠯᠵᠤ᠂ ᠠᠷᠠᠳ ᠲᠥᠮᠡᠨ ᠤ ᠰᠡᠳᠬᠢᠯ | ᠬᠠᠨᠤᠮᠵᠢᠲᠠᠢ ᠵᠠᠰᠠᠭ ᠤᠨ ᠣᠷᠳᠣᠨ ᠢ ᠪᠦᠲᠦᠭᠡᠨ ᠪᠠᠶᠢᠭᠤᠯᠤᠨ᠎ᠠ᠃ | | ︵ᠨᠢᠭᠡ︶ ᠤᠯᠤᠰ ᠲᠥᠷᠥ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠂ ︽ᠬᠤᠶᠠᠷ ᠢ ᠬᠦᠷᠢᠶᠡᠯᠡᠬᠦ︾ | ᠡᠷᠡᠰ ᠭᠦᠢᠴᠡᠳᠬᠡᠨ᠎ᠡ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ | ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠨ᠂ ᠰᠢ ᠶᠢᠨ ᠫᠢᠩ ᠶᠡᠷᠦᠩᠬᠡᠢ | ᠱᠦᠵᠢ ᠶᠢᠨ ᠥᠪᠥᠷ ᠮᠤᠩᠭᠤᠯ ᠤᠨ ᠠᠵᠢᠯ ᠤᠨ ᠲᠤᠬᠠᠢ ᠴᠢᠬᠤᠯᠠ ᠶᠠᠷᠢᠶ᠎ᠠ ᠤᠨᠴᠠᠭᠠᠶᠢᠯᠠᠨ ᠬᠠᠷᠠᠴᠢᠨ | ᠬᠤᠰᠢᠭᠤᠨ ᠳᠤ ᠮᠤᠷᠢᠯᠠᠨ ᠰᠠᠭᠠᠳᠠᠵᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠢᠭᠠᠪᠤᠷᠢ ᠤᠨ | ᠵᠣᠷᠢᠭ ᠰᠠᠨᠠᠭ᠎ᠠ ᠢ ᠭᠦᠨᠵᠡᠭᠡᠢ ᠰᠤᠷᠤᠯᠴᠠᠨ ᠲᠤᠤᠱᠯᠠᠭᠤᠯᠵᠦ᠂ ᠤᠯᠤᠰ ᠲᠥᠷᠥ ᠶᠢᠨ ᠮᠠᠭᠠᠳᠯᠠᠬᠤ ᠴᠢᠳᠠᠪᠤᠷᠢ᠂ | ᠤᠯᠤᠰ ᠲᠥᠷᠥ ᠶᠢᠨ ᠤᠶᠢᠯᠭᠠᠬᠤ ᠴᠢᠳᠠᠪᠤᠷᠢ᠂ ᠤᠯᠤᠰ ᠲᠥᠷᠥ ᠶᠢᠨ ᠭᠦᠢᠴᠡᠳᠬᠡᠬᠦ ᠴᠢᠳᠠᠪᠤᠷᠢ ᠪᠠᠨ ᠦᠨᠡᠨ ᠬᠦ | ᠳᠡᠭᠡᠭᠰᠢᠯᠡᠭᠦᠯᠦᠨ᠂ ᠵᠠᠰᠠᠭ ᠤᠨ ᠣᠷᠳᠣᠨ ᠤ ᠡᠯ᠎ᠡ ᠲᠥᠷᠥᠯ ᠤᠨ ᠠᠵᠢᠯ ᠢᠶᠠᠨ ᠬᠡᠵᠢᠶᠡᠳᠡ ᠵᠥᠪ ᠬᠠᠷᠠᠯᠲᠠ ᠲᠡᠰᠢ | ᠤᠷᠤᠭᠰᠢᠯᠠᠬᠤ ᠶᠢ ᠪᠠᠲᠤᠯᠠᠨ᠂ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠠᠶᠢᠷᠢᠯᠠᠭᠤᠯᠤᠯᠲᠠ ᠶᠢᠨ ᠲᠤᠬᠠᠢ ᠶᠢᠨ | ᠭᠠᠵᠠᠷ ᠲᠤ ᠨᠢ ᠬᠡᠷᠡᠭᠵᠢᠭᠦᠯᠦᠭᠳᠡᠬᠦ ᠶᠢ ᠪᠠᠲᠤᠯᠠᠨ᠂ ᠵᠢᠩᠬᠢᠨᠢ ᠪᠠᠲᠤᠲᠠᠢ ᠠᠵᠢᠯ ᠤᠨ ᠦᠷ᠎ᠡ ᠪᠦᠲᠥᠮᠵᠢ ᠪᠠᠷ ︽ | ᠳᠦᠷᠪᠡᠨ ᠤᠬᠠᠮᠰᠠᠷ︾ ᠢ ᠪᠡᠶᠡᠯᠡᠭᠦᠯᠦᠨ᠂ ︽ᠬᠤᠶᠠᠷ ᠢ ᠬᠦᠷᠢᠶᠡᠯᠡᠬᠦ︾ ᠶᠢ ᠯᠠᠪᠲᠠᠢ ᠭᠦᠢᠴᠡᠳᠬᠡᠨ᠎ᠡ᠃ | | ︵ᠬᠤᠶᠠᠷ︶ ᠬᠠᠤᠯᠢ ᠪᠠᠷ ᠵᠠᠰᠠᠬᠤ ᠰᠡᠳᠬᠢᠬᠦᠢ ᠶᠢ ᠨᠡᠮᠡᠭᠳᠡᠭᠦᠯᠦᠨ᠂ ᠬᠠᠤᠯᠢ ᠪᠠᠷ ᠵᠠᠰᠠᠭ ᠶᠠᠪᠤᠭᠤᠯᠬᠤ ᠶᠢ ᠡᠷᠡᠰ | ᠭᠦᠢᠴᠡᠳᠬᠡᠨ᠎ᠡ᠃ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠶᠢ ᠭᠦᠨᠵᠡᠭᠡᠶᠢᠷᠡᠭᠦᠯᠦᠨ | ᠲᠤᠤᠱᠯᠠᠭᠤᠯᠵᠤ᠂ ᠬᠠᠤᠯᠢ ᠶᠢᠨ ᠵᠠᠰᠠᠬᠤ ᠰᠡᠳᠬᠢᠬᠦᠢ ᠪᠤᠯᠤᠨ ᠬᠠᠤᠯᠢ ᠪᠠᠷ ᠵᠠᠰᠠᠬᠤ ᠠᠷᠭ᠎ᠠ ᠬᠡᠮᠵᠢᠶ᠎ᠡ ᠶᠢ ᠲᠦᠯᠬᠢᠨ | ᠠᠬᠢᠭᠤᠯᠬᠤ ᠠᠵᠢᠯ ᠢ ᠥᠪᠡᠷ ᠤᠨ ᠤᠬᠠᠮᠰᠠᠷ ᠠᠴᠠ ᠪᠠᠨ ᠬᠡᠷᠡᠭᠯᠡᠨ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠢ | ᠪᠠᠶᠢᠭᠤᠯᠤᠨ᠎ᠠ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠪᠠᠶᠢᠩᠭᠤ ᠶᠢᠨ ᠬᠤᠷᠢᠶᠠᠨ ᠤ ᠬᠠᠤᠯᠢ | ᠴᠠᠭᠠᠵᠠ ᠶᠢᠨ ᠬᠢᠨᠠᠯᠲᠠ᠂ ᠠᠵᠢᠯ ᠤᠨ ᠬᠢᠨᠠᠯᠲᠠ ᠶᠢ ᠬᠠᠤᠯᠢ ᠶᠤᠰᠤᠭᠠᠷ ᠬᠦᠯᠢᠶᠡᠵᠦ᠂ ᠤᠯᠤᠰ ᠲᠥᠷᠥ ᠶᠢᠨ | ᠵᠥᠪᠯᠡᠯᠭᠡᠨ ᠤ ᠠᠷᠠᠳᠴᠢᠯᠠᠯ ᠤᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠨᠡᠶᠢᠭᠡᠮ ᠪᠤᠯᠤᠨ ᠬᠡᠪᠯᠡᠯ | ᠮᠡᠳᠡᠭᠡᠯᠡᠯ ᠤᠨ ᠬᠢᠨᠠᠯᠲᠠ ᠶᠢ ᠥᠷᠭᠡᠨ ᠳᠡᠯᠭᠡᠷ ᠬᠦᠯᠢᠶᠡᠵᠦ᠂ ᠠᠷᠠᠳ ᠤᠨ ᠲᠥᠯᠥᠭᠡᠯᠡᠭᠴᠢ ᠶᠢᠨ ᠰᠠᠨᠠᠭᠤᠯᠭ᠎ᠠ ᠪᠤᠯᠤᠨ | ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠤ ᠳᠤᠷᠠᠳᠤᠯᠭ᠎ᠠ ᠶᠢ ᠭᠦᠢᠴᠡᠳᠬᠡᠬᠦ ᠶᠠᠰᠤ ᠴᠢᠨᠠᠷ ᠢᠶᠠᠨ | ᠳᠡᠭᠡᠭᠰᠢᠯᠡᠭᠦᠯᠦᠨ᠎ᠡ᠃ ᠠᠷᠠᠳᠴᠢᠯᠠᠯ ᠲᠥᠪᠯᠡᠷᠡᠯ ᠤᠨ ᠳᠦᠷᠢᠮ ᠢ ᠨᠠᠷᠢᠨ ᠨᠢᠮᠪᠠᠢ ᠬᠡᠷᠡᠭᠵᠢᠭᠦᠯᠵᠦ᠂ ᠭᠤᠣᠯᠳᠠᠯᠭ᠎ᠠ ᠲᠠᠢ | ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠶᠢᠨ ᠠᠯᠬᠤᠮ ᠳᠠᠷᠠᠭ᠎ᠠ ᠶᠢᠨ ᠳᠦᠷᠢᠮ ᠢ ᠴᠢᠩᠭ᠎ᠠ ᠬᠡᠷᠡᠭᠵᠢᠭᠦᠯᠵᠦ᠂ | ᠰᠢᠢᠳᠪᠦᠷᠢᠲᠦ ᠪᠣᠳᠣᠯᠭ᠎ᠠ ᠶᠢᠨ ᠰᠢᠨᠵᠢᠯᠡᠬᠦ ᠤᠬᠠᠭᠠᠨᠴᠢ᠂ ᠠᠷᠠᠳᠴᠢᠯᠠᠯ ᠲᠠᠢ᠂ ᠬᠠᠤᠯᠢ ᠪᠠᠷ ᠵᠠᠰᠠᠬᠤ ᠲᠥᠪᠰᠢᠨ ᠢ | ᠳᠡᠭᠡᠭᠰᠢᠯᠡᠭᠦᠯᠵᠦ᠂ ᠵᠠᠰᠠᠭ ᠤᠨ ᠡᠷᠬᠡ ᠶᠢᠨ ᠢᠯᠡ ᠲᠤᠳᠤ ᠪᠤᠯᠤᠨ ᠬᠠᠤᠯᠢ ᠶᠢᠨ ᠳᠠᠭᠠᠣ ᠶᠠᠪᠤᠭᠳᠠᠭᠤᠯᠤᠨ᠎ᠠ᠃ | | ︵ᠭᠤᠷᠪᠠ︶ ᠰᠢᠨ᠎ᠡ ᠶᠢ ᠡᠭᠦᠳᠦᠨ ᠬᠠᠷᠢᠭᠤᠴᠠᠯᠭ᠎ᠠ ᠡᠭᠦᠷᠭᠡᠯᠡᠬᠦ ᠶᠢ ᠴᠢᠩᠭᠠᠳᠬᠠᠨ᠂ ᠰᠢᠷᠭᠠᠭᠤ ᠠᠵᠢᠯᠯᠠᠨ | ᠠᠵᠢᠯᠴᠢ ᠪᠠᠷ ᠵᠠᠰᠠᠭ ᠪᠠᠷᠢᠬᠤ ᠶᠢ ᠡᠷᠡᠰ ᠪᠡᠶᠡᠯᠡᠭᠦᠯᠦᠨ᠎ᠡ᠃ ᠰᠢᠨ᠎ᠡ ᠶᠢ ᠡᠭᠦᠳᠬᠦ ᠰᠡᠳᠬᠢᠬᠦᠢ ᠶᠢ ᠪᠠᠶᠢᠮᠲᠠᠯᠠᠨ᠂ | ᠠᠰᠠᠭᠤᠳᠠᠯ ᠢᠶᠠᠷ ᠤᠳᠤᠷᠢᠳᠤᠮᠵᠢ ᠪᠣᠯᠭᠠᠵᠤ᠂ ᠬᠡᠪ ᠤᠨ ᠵᠤᠷᠰᠢᠯ ᠢ ᠵᠣᠷᠢᠭᠲᠠᠢ ᠡᠪᠳᠡᠨ᠂ ᠵᠣᠷᠢᠭᠲᠠᠢ ᠪᠠᠷ ᠲᠤᠷᠰᠢᠵᠦ᠂ | ᠰᠢᠨᠡᠴᠢᠯᠡᠯᠲᠡ ᠶᠢᠨ ᠵᠣᠷᠢᠭ ᠰᠠᠨᠠᠭ᠎ᠠ ᠶᠢ ᠠᠵᠢᠯ ᠳᠡᠭᠡᠷ᠎ᠡ ᠬᠡᠵᠢᠶᠡᠳᠡ ᠲᠤᠤᠱᠯᠠᠭᠤᠯᠵᠤ᠂ ᠵᠠᠰᠠᠭ ᠤᠨ ᠤᠷᠳᠤᠨ ᠤ | ᠠᠵᠢᠯ ᠤᠨ ᠨᠡᠬᠡᠭᠡᠯᠲᠡ ᠶᠢᠨ ᠴᠢᠨᠠᠷ ᠪᠤᠯᠤᠨ ᠪᠦᠲᠦᠭᠡᠯᠴᠢ ᠴᠢᠨᠠᠷ ᠢ ᠳᠡᠭᠡᠭᠰᠢᠯᠡᠭᠦᠯᠦᠨ᠎ᠡ᠃ ᠠᠵᠢᠯ ᠢ ᠬᠤᠷᠳᠤᠨ ᠬᠢᠬᠦ | ᠬᠠᠳᠠᠭᠤᠵᠢᠯᠲᠠᠢ ᠬᠢᠬᠦ᠂ᠰᠢᠷᠭᠠᠭᠤ ᠬᠢᠬᠦ ᠰᠤᠷᠲᠠᠯ ᠢ ᠪᠤᠢ ᠪᠣᠯᠭᠠᠵᠤ᠂ ︽ ᠪᠤᠳᠠᠳᠠᠢ︾ ᠪᠠᠷ ᠬᠤᠰᠢᠭᠤᠴᠢ ᠦᠢᠯᠡᠳᠦᠯ | ᠦᠵᠡᠭᠦᠯᠵᠦ᠂ ︽ᠬᠢᠬᠦ︾ ᠪᠠᠷ ᠤᠷᠢᠳᠴᠢᠯᠠᠯ ᠪᠣᠯᠭᠠᠨ᠂ ᠤᠬᠠᠮᠰᠠᠷ ᠠᠴᠠ ᠪᠠᠨ ᠬᠠᠷᠢᠭᠤᠴᠠᠯᠭ᠎ᠠ ᠲᠠᠢ ᠪᠠᠶᠢᠵᠤ᠂ | ᠦᠨᠡᠨᠬᠦ ᠬᠠᠮᠢᠶᠠᠷᠴᠤ ᠰᠢᠷᠭᠠᠭᠤ ᠠᠵᠢᠯᠠᠯᠠᠨ᠂ ᠭᠤᠣᠯᠳᠠᠯᠭ᠎ᠠ ᠲᠠᠢ ᠰᠢᠢᠳᠪᠦᠷᠢᠲᠦ ᠪᠣᠳᠤᠯᠭ᠎ᠠ ᠬᠢᠭᠡᠳ ᠭᠤᠣᠯᠳᠠᠯᠭ᠎ᠠ | ᠲᠠᠢ ᠠᠵᠢᠯ ᠢ ᠰᠢᠢᠳᠦᠭᠰᠡᠨ ᠪᠣᠯ ᠬᠢᠬᠦ᠂ ᠬᠢᠪᠡᠯ ᠬᠤᠷᠳᠤᠨ ᠬᠢᠬᠦ᠂ ᠬᠢᠪᠡᠯ ᠰᠠᠶᠢᠨ ᠬᠢᠬᠦ ᠪᠣᠯᠭᠠᠵᠤ᠂ ᠥᠨᠳᠦᠷ | ᠪᠦᠲᠦᠮᠵᠢ ᠲᠠᠢ ᠂ ᠥᠨᠳᠦᠷ ᠴᠢᠨᠠᠷ ᠴᠢᠨᠰᠠᠭ᠎ᠠ ᠲᠠᠢ ᠪᠠᠷ ᠡᠯ᠎ᠡ ᠲᠥᠷᠥᠯ ᠤᠨ ᠬᠠᠷᠠᠯᠲᠠ ᠡᠭᠦᠷᠭᠡ ᠪᠠᠨ ᠪᠡᠶᠡᠯᠡᠭᠦᠯᠵᠦ᠂ | ᠰᠢᠷᠭᠠᠭᠤ ᠠᠵᠢᠯᠯᠠᠨ ᠪᠤᠳᠠᠲᠠᠢ ᠪᠦᠲᠦᠮᠵᠢ ᠪᠠᠷ ᠢᠲᠡᠭᠡᠯ ᠣᠯᠵᠤ᠂ ᠳᠦᠷᠢ ᠳᠦᠷᠬᠦ ᠢ ᠪᠤᠢ ᠪᠣᠯᠭᠠᠨ᠎ᠠ᠃ | | ︵ᠳᠥᠷᠪᠡ︶ ᠰᠠᠬᠢᠯᠭ᠎ᠠ ᠪᠠᠲᠤ ᠬᠠᠤᠯᠢ ᠳᠦᠷᠢᠮ ᠤᠨ ᠬᠤᠷᠢᠭ᠎ᠠ ᠱᠤᠭᠤᠮ ᠢ ᠪᠠᠲᠤ ᠰᠠᠬᠢᠵᠦ᠂ ᠠᠷᠢᠭᠤᠨ | ᠴᠢᠭᠡᠴᠢ ᠪᠠᠷ ᠵᠠᠰᠠᠭ ᠪᠠᠷᠢᠬᠤ ᠶᠢ ᠡᠷᠡᠰ ᠬᠡᠷᠡᠭᠵᠢᠬᠦᠯᠦᠨ᠎ᠡ᠃ ᠲᠥᠪ ᠤᠨ ᠨᠠᠢᠮᠠᠨ ᠵᠤᠷᠪᠤᠰ ᠲᠤᠭᠳᠠᠭᠠᠯ ᠪᠠ | ᠬᠡᠷᠡᠭᠵᠢᠬᠦᠯᠬᠦ ᠨᠡᠷᠢᠨ ᠳᠦᠷᠢᠮ ᠤᠨ ᠵᠣᠷᠢᠭ ᠰᠠᠨᠠᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ︽ᠳᠥᠷᠪᠡᠨ ᠰᠤᠷᠳᠠᠯ︾ | ᠢ ᠬᠡᠵᠢᠶ᠎ᠡ ᠡᠭᠦᠷᠢᠳᠡ ᠵᠠᠯᠠᠷᠠᠭᠤᠯᠵᠤ᠂ ᠪᠡᠶᠡᠴᠢ ᠦᠵᠡᠯ᠂ ᠨᠤᠶᠠᠨᠴᠢ ᠰᠤᠷᠲᠠᠯ ᠢ ᠬᠦᠴᠦᠲᠡᠢ ᠬᠤᠷᠢᠭᠯᠠᠨ᠎ᠠ᠃ ᠬᠢᠨᠠᠨ | ᠪᠣᠳᠤᠯᠲᠠ ᠶᠢᠨ ᠬᠢᠨᠠᠯᠲᠠ ᠲᠠᠯᠪᠢᠬᠤ ᠶᠢ ᠪᠦᠬᠦ ᠲᠠᠯ᠎ᠠ ᠪᠠᠷ ᠪᠦᠷᠬᠦᠬᠦ ᠶᠢ ᠠᠬᠢᠭᠤᠯᠤᠨ᠎ᠠ᠃ ︽ᠠᠷᠪᠢᠯᠠᠨ ᠭᠠᠮᠨᠠᠬᠤ︾ | ᠦᠵᠡᠯ ᠰᠠᠨᠠᠭ᠎ᠠ ᠶᠢ ᠪᠠᠲᠤ ᠪᠤᠢ ᠪᠣᠯᠭᠠᠨ᠂ ᠬᠢᠵᠠᠭᠠᠷ ᠲᠠᠢ ᠪᠡᠯᠡ ᠮᠦᠩᠬᠦ ᠪᠠ ᠡᠬᠢ ᠪᠠᠶᠠᠯᠢᠭ ᠢ ᠬᠠᠮᠤᠭ ᠬᠡᠷᠡᠭᠴᠡᠭᠡ | ᠲᠠᠢ ᠭᠠᠵᠠᠷ ᠬᠡᠷᠡᠭᠯᠡᠨ᠎ᠡ᠃ ᠵᠠᠰᠠᠭ ᠤᠨ ᠣᠷᠳᠣᠨ ᠤ ᠰᠢᠰᠲ᠋ᠧᠮ ᠤᠨ ᠨᠠᠮ ᠢᠶᠠᠨ ᠴᠢᠩᠭ᠎ᠠ ᠵᠠᠰᠠᠬᠤ ᠭᠤᠣᠯ | ᠴᠤᠭᠴᠠ ᠶᠢᠨ ᠬᠠᠷᠢᠭᠤᠴᠠᠯᠭ᠎ᠠ ᠶᠢ ᠳᠡᠰ ᠳᠡᠰ ᠢᠶᠠᠷ ᠨᠠᠶᠢᠳᠠᠪᠤᠷᠢᠵᠢᠭᠤᠯᠵᠤ᠂ ᠡᠯ᠎ᠡ ᠰᠠᠯᠠᠭ᠎ᠠ ᠮᠥᠴᠢᠷ ᠤᠨ | ᠢᠯᠵᠠᠷᠠᠮᠠᠯ ᠤᠨ ᠠᠰᠠᠭᠤᠳᠠᠯ ᠶᠢ ᠬᠦᠴᠦᠲᠡᠢ ᠰᠢᠳᠭᠡᠨ᠂ ᠺᠠᠳ᠋ᠷ ᠤᠨ ᠲᠥᠪ ᠦᠨᠡᠨᠴᠢ᠂ ᠵᠠᠰᠠᠭ ᠤᠨ ᠣᠷᠳᠣᠨ ᠤ | ᠠᠷᠢᠭᠤᠨ ᠴᠢᠭᠡᠴᠢ ᠰᠠᠶᠢᠨ ᠰᠠᠶᠢᠬᠠᠨ ᠳᠦᠷᠢ ᠳᠦᠷᠬᠦ ᠶᠢ ᠪᠤᠢ ᠪᠣᠯᠭᠠᠨ᠎ᠠ᠃ | | ᠲᠥᠯᠥᠭᠡᠯᠡᠭᠴᠢᠳ ᠡ᠂ ᠠᠶᠠᠨ ᠵᠠᠮ ᠬᠤᠯᠠ ᠪᠦᠭᠡᠳ ᠪᠡᠷᠬᠡᠰᠢᠶᠡᠯᠲᠡᠢ᠂ ᠭᠠᠭᠴᠠ ᠬᠦ ᠴᠢᠷᠮᠠᠶᠢᠨ ᠲᠡᠮᠡᠴᠡᠨᠡᠮ᠃ | ᠴᠢᠷᠮᠠᠶᠢᠯᠲᠠ ᠪᠠᠷ ᠬᠤᠰᠢᠭᠤ ᠪᠠᠨ ᠬᠥᠭᠵᠢᠭᠦᠯᠬᠦ᠂ ᠴᠢᠷᠮᠠᠶᠢᠯᠲᠠ ᠪᠠᠷ ᠠᠷᠠᠳ ᠢᠶᠠᠨ ᠪᠠᠶᠠᠵᠢᠭᠤᠯᠤᠨ᠎ᠠ᠃ ᠪᠢᠳᠠ | ᠪᠦᠭᠦᠳᠡᠭᠡᠷ ᠰᠢ ᠶᠢᠨ ᠫᠢᠩ ᠨᠥᠬᠦᠷ ᠢᠶᠠᠷ ᠲᠥᠪ ᠪᠣᠯᠭᠠᠭᠰᠠᠨ ᠨᠠᠮ ᠤᠨ ᠲᠥᠪ ᠬᠤᠷᠢᠶ᠎ᠡ ᠶᠢᠨ ᠲᠤᠭᠤᠷᠢᠨ ᠳᠤ ᠨᠡᠩ | ᠰᠠᠶᠢᠨ ᠨᠢᠭᠲᠠᠷᠠᠨ ᠪᠦᠯᠬᠦᠮᠳᠡᠨ᠂ ᠬᠤᠲᠠ ᠶᠢᠨ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠬᠢᠭᠡᠳ ᠬᠤᠰᠢᠭᠤᠨ ᠤ | ᠨᠠᠮ ᠤᠨ ᠬᠤᠷᠢᠶ᠎ᠠ ᠶᠢᠨ ᠡᠷᠡᠰ ᠴᠢᠩᠭ᠎ᠠ ᠤᠳᠤᠷᠢᠳᠤᠯᠭ᠎ᠠ ᠶᠢᠨ ᠳᠣᠣᠷ᠎ᠠ᠂ ᠥᠷᠯᠦᠭᠡ ᠦᠳᠡᠰᠢ ᠶᠢ ᠲᠡᠮᠡᠴᠡᠨ᠂ | ᠬᠠᠲᠠᠭᠤᠵᠢᠨ ᠤᠷᠤᠭᠰᠢᠯᠠᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠢ ᠰᠠᠶᠢᠨ ᠰᠠᠶᠢᠬᠠᠨ ᠡᠬᠢᠯᠡᠭᠦᠯᠦᠨ᠂ | ᠰᠢᠯᠢᠳᠡᠭ ᠪᠦᠲᠦᠮᠵᠢ ᠪᠠᠷ ᠳᠤᠮᠳᠠᠳᠤ ᠤᠯᠣᠰ ᠤᠨ ᠡᠪ ᠬᠠᠮᠲᠤ ᠨᠠᠮ ᠪᠠᠶᠢᠭᠤᠯᠤᠭᠳᠠᠭᠰᠠᠨ100 ᠵᠢᠯ ᠤᠨ ᠤᠢ ᠶᠢ | ᠪᠡᠯᠭᠡᠯᠡᠨ᠂ ᠰᠢᠨ᠎ᠡ ᠡᠷᠡᠨ ᠴᠠᠭ ᠤᠨ ᠬᠠᠷᠠᠴᠢᠨ ᠬᠤᠰᠢᠭᠤᠨ ᠤ ᠬᠥᠭᠵᠢᠯᠲᠡ ᠶᠢᠨ ᠰᠢᠨ᠎ᠡ ᠬᠠᠭᠤᠳᠠᠰᠤ ᠶᠢ ᠴᠢᠷᠮᠠᠶᠢᠨ | ᠪᠢᠴᠢᠭᠯᠡᠶ᠎ᠡ︕ | | |