ᠬᠠᠷᠠᠴᠢᠨ ᠬᠤᠰᠢᠭᠤᠨ ᠤ ᠨᠤᠳᠤᠭ ᠲᠠᠭᠠᠨ ᠪᠤᠴᠠᠭᠰᠠᠨ ᠬᠦᠮᠦᠰ ᠲᠤ ᠮᠡᠳᠡᠭᠳᠡᠬᠦ ᠪᠢᠴᠢᠭ
ᠨᠡᠶᠢᠲᠡᠯᠡᠭᠰᠡᠨ ᠴᠠᠭ᠄
2021/3/4
   ᠲᠠ ᠰᠠᠶᠢᠨ ᠪᠠᠶᠢᠨ᠎ᠠ ᠤᠤ︕ ᠴᠠᠭᠠᠨ ᠰᠠᠷ᠎ᠠ ᠬᠦᠷᠴᠦ ᠢᠷᠡᠯ᠎ᠡ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠡᠷᠡᠭᠴᠡᠭᠡ ᠪᠣᠯᠵᠤ᠂ ᠲᠠ ᠪᠤᠯᠤᠨ ᠪᠤᠰᠤᠳ ᠬᠦᠮᠦᠨ ᠵᠢᠴᠢ ᠭᠡᠷ ᠤᠨ ᠬᠦᠮᠦᠰ ᠤᠨ ᠴᠢᠨᠢ ᠡᠷᠡᠭᠦᠯ ᠴᠢᠬᠢᠷᠠᠭ ᠤᠨ ᠲᠦᠯᠦᠭᠡ᠂ ᠲᠠ ᠠᠯᠢ ᠴᠢᠳᠠᠬᠤ ᠪᠠᠷ ᠠᠵᠢᠯᠯᠠᠬᠤ ᠭᠠᠵᠠᠷ ᠲᠠᠭᠠᠨ ᠦᠯᠡᠳᠡᠵᠦ ᠴᠠᠭᠠᠨ ᠰᠠᠷ᠎ᠠ ᠪᠠᠨ ᠦᠩᠭᠡᠷᠡᠭᠡᠬᠦ ᠶᠢ ᠴᠢᠩ ᠰᠡᠳᠬᠢᠯ ᠠᠴᠠ ᠪᠠᠨ ᠰᠠᠨᠠᠭᠤᠯᠵᠤ ᠪᠠᠶᠢᠨ᠎ᠠ᠃ ︽ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠤᠭᠤᠳᠬᠤ ᠬᠡᠯᠳᠡᠰ ᠤᠨ ᠠᠯᠪᠠᠨ ᠵᠡᠷ︾᠂ ︽ᠤᠯᠠᠭᠠᠨᠬᠠᠳᠠ ᠬᠤᠳᠠ ᠶᠢᠨ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠤᠭᠤᠳᠬᠤ ᠬᠡᠯᠳᠡᠰ ᠤᠨ ᠨᠤᠳᠤᠭ ᠲᠠᠭᠠᠨ ᠪᠤᠴᠠᠭᠰᠠᠨ ᠬᠦᠮᠦᠰ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠮᠢᠶᠠᠷᠤᠯᠳᠠ ᠶᠢᠨ ᠮᠡᠳᠡᠭᠡ︾ ᠱᠠᠭᠠᠷᠳᠠᠯᠭ᠎ᠠ ᠶᠢ ᠦᠨᠳᠦᠰᠦᠯᠡᠵᠦ᠂ ᠨᠤᠳᠤᠭ ᠲᠠᠭᠠᠨ ᠪᠤᠴᠠᠭᠰᠠᠳ ᠲᠤ ᠠᠩᠬᠠᠷᠬᠤ ᠤᠴᠢᠷ ᠤᠳ ᠢ ᠲᠤᠤᠷᠠᠬᠢ ᠮᠡᠳᠦ ᠮᠡᠳᠡᠭᠳᠡᠪᠡ᠄    ᠨᠢᠭᠡ᠂ ᠨᠤᠳᠤᠭ ᠲᠠᠭᠠᠨ ᠪᠤᠴᠠᠭᠰᠠᠳ ᠢ ᠬᠠᠮᠢᠶᠠᠷᠤᠨ ᠡᠵᠡᠮᠳᠡᠬᠦ ᠳᠤ ᠬᠤᠶᠠᠷ ᠲᠦᠷᠦᠯ ᠤᠨ ᠬᠦᠮᠦᠰ ᠢ ᠵᠢᠭᠠᠵᠤ ᠪᠤᠢ᠂ ᠨᠢᠭᠡᠳᠦᠭᠡᠷ ᠲᠦᠷᠦᠯ ᠨᠢ᠂ ᠮᠤᠵᠢ ᠤᠷᠤᠨ ᠠᠯᠤᠰᠯᠠᠨ ᠨᠤᠳᠤᠭ ᠲᠠᠭᠠᠨ ᠪᠤᠴᠠᠭᠰᠠᠳ᠃ ᠬᠤᠶᠠᠳᠤᠭᠠᠷ ᠲᠦᠷᠦᠯ ᠨᠢ ᠦᠪᠡᠷᠳᠡᠭᠡᠨ ᠵᠠᠰᠠᠬᠤ ᠤᠷᠤᠨ ᠤ ᠲᠤᠳᠤᠭᠠᠳᠤᠬᠢ ᠬᠦᠢᠳᠡᠨ ᠬᠡᠯᠬᠢᠶᠡᠳᠦ ᠢᠳᠡᠭᠡᠨ ᠢ ᠤᠷᠤᠭᠤᠯᠵᠤ ᠡᠵᠡᠩᠨᠡᠭᠰᠡᠳ᠂ ᠪᠤᠭᠤᠮᠳᠠ ᠠᠴᠠ ᠪᠠᠷᠠᠭ᠎ᠠ ᠤᠷᠤᠭᠤᠯᠤᠭᠰᠠᠳ᠂ ᠲᠤᠰᠠᠭᠠᠷᠯᠠᠬᠤ ᠪᠠᠶᠢᠷᠢ ᠲᠠᠯᠠᠪᠠᠢ ᠶᠢᠨ ᠠᠵᠢᠯᠳᠠᠳ᠂ ᠵᠠᠮ ᠬᠠᠷᠢᠯᠴᠠᠭᠠᠨ ᠤ ᠪᠠᠭᠠᠵᠢ ᠬᠡᠷᠡᠭᠰᠡᠯ ᠡᠵᠡᠩᠨᠡᠭᠴᠢ ᠵᠡᠷᠭᠡ ᠭᠤᠤᠯᠳᠠᠯᠭ᠎ᠠ ᠲᠠᠢ ᠬᠦᠮᠦᠰ᠃ ᠬᠠᠮᠢᠶᠠᠷᠤᠨ ᠡᠵᠡᠮᠳᠡᠬᠦ ᠴᠠᠭ ᠨᠢ 1 ᠰᠠᠷ᠎ᠠ ᠶᠢᠨ23 ᠤ ᠡᠳᠦᠷ ᠠᠴᠠ 3 ᠰᠠᠷ᠎ᠠ ᠶᠢᠨ 8 ᠤ ᠡᠳᠦᠷ ᠪᠤᠯᠳᠠᠯ᠎ᠠ᠃    ᠬᠤᠶᠠᠷ᠂ ᠲᠠ ᠨᠤᠳᠤᠭ ᠲᠠᠭᠠᠨ ᠪᠤᠴᠠᠬᠤ ᠠᠴᠠ ᠡᠮᠦᠨ᠎ᠡ᠂ ᠲᠤᠰᠬᠤᠨ ᠤ ᠵᠦᠪᠯᠡᠯ᠂ ᠨᠡᠶᠢᠭᠡᠮ ᠲᠤᠭᠤᠷᠢᠭ ᠤᠨ ᠰᠠᠭᠤᠭᠠᠯᠢ ᠠᠷᠠᠳ ᠤᠨ ᠵᠦᠪᠯᠡᠯ ᠲᠠᠢ ᠪᠠᠨ ᠤᠷᠢᠳᠠᠪᠠᠷ ᠬᠠᠷᠢᠴᠠᠵᠤ ᠪᠦᠷᠢᠳᠭᠡᠨ ᠲᠡᠮᠳᠡᠭᠯᠡᠭᠦᠯᠦᠭᠡᠳ᠂ ᠪᠦᠭᠡᠮ ᠬᠦᠴᠢᠯ ᠤᠨ ᠪᠠᠶᠢᠴᠠᠭᠠᠯᠳᠠ ᠶᠢᠨ ᠭᠡᠷᠡᠴᠢ ᠪᠠᠨ ᠪᠡᠯᠡᠳᠭᠡᠬᠦ ᠬᠡᠷᠡᠭᠳᠡᠢ᠃    ᠭᠤᠷᠪᠠ᠂ ᠨᠤᠳᠤᠭ ᠲᠠᠭᠠᠨ ᠬᠠᠷᠢᠭᠰᠠᠨ ᠤ ᠲᠠᠷᠠᠭ᠎ᠠ᠂ ᠲᠤᠰᠬᠤᠨ ᠤ ᠵᠦᠪᠯᠡᠯ᠂ ᠨᠡᠶᠢᠭᠡᠮ ᠲᠤᠭᠤᠷᠢᠭ ᠤᠨ ᠰᠠᠭᠤᠭᠠᠯᠢ ᠠᠷᠠᠳ ᠤᠨ ᠵᠦᠪᠯᠡᠯ ᠳᠤ ᠪᠠᠨ ᠬᠦᠷᠴᠦ ᠨᠡᠷ᠎ᠡ ᠪᠠᠨ ᠮᠡᠳᠡᠭᠦᠯᠵᠦ᠂ ᠲᠤᠯᠤᠭᠠᠨ ᠡᠳᠦᠷ ᠤᠨ ᠲᠤᠳᠤᠷᠠᠬᠢ  ᠪᠦᠭᠡᠮ ᠬᠦᠴᠢᠯ ᠤᠨ ᠪᠠᠶᠢᠴᠠᠭᠠᠯᠳᠠ ᠶᠢᠨ ᠲᠠᠯᠳᠠ ᠴᠢᠨᠠᠷ ᠲᠠᠢ ᠰᠤᠷᠠᠭ ᠵᠠᠩᠬᠢ ᠶᠢᠨ ᠡᠷᠡᠭᠦᠯ ᠴᠢᠬᠢᠷᠠᠭ ᠤᠨ ︽ᠮᠡᠷᠭᠡᠨ ᠴᠤᠬᠤᠷ︾ ᠢᠶᠠᠨ ᠢᠳᠡᠪᠬᠢᠳᠡᠢ ᠭᠠᠷᠭᠠᠵᠤ ᠦᠵᠡᠬᠦᠯᠬᠦ ᠬᠡᠷᠡᠭᠳᠡᠢ᠃ ᠪᠠᠶᠢᠴᠠᠭᠠᠯᠳᠠ ᠪᠠᠨ ᠦᠭᠭᠦᠭᠰᠡᠨ ᠤ ᠲᠠᠷᠠᠭ᠎ᠠ ᠭᠡᠷ  ᠲᠡᠭᠡᠨ 14 ᠡᠳᠦᠷ ᠤᠨ ᠡᠷᠡᠭᠦᠯ ᠴᠢᠬᠢᠷᠠᠭ ᠤᠨ ᠬᠢᠨᠠᠯᠳᠠ ᠬᠢᠬᠦ ᠶᠢᠨ ᠬᠠᠮᠳᠤ᠂ 7 ᠪᠠ 14 ᠳ᠋ᠦ᠋ᠭᠡᠷ ᠡᠳᠦᠷ ᠲᠡᠭᠡᠨ ᠲᠤᠰᠪᠤᠷᠢ ᠪᠦᠭᠡᠮ ᠬᠦᠴᠢᠯ ᠤᠨ ᠪᠠᠶᠢᠴᠠᠭᠠᠯᠳᠠ ᠬᠢᠯᠭᠡᠬᠦ ᠬᠡᠷᠡᠭᠳᠡᠢ᠃    ᠲᠦᠷᠪᠡ᠂ ᠲᠠ ᠬᠠᠷᠢᠵᠤ ᠢᠷᠡᠬᠦ ᠦᠶ᠎ᠡ ᠳᠤ ᠪᠠᠨ ᠪᠦᠬᠦ ᠤᠯᠤᠰ ᠤᠨ ᠬᠢᠵᠢᠭ ᠤᠨ ᠪᠠᠶᠢᠳᠠᠯ ᠤᠨ ᠦᠨᠳᠦᠷ ᠲᠦᠭᠰᠢᠭᠦᠷᠢᠳᠦ ᠤᠷᠤᠨ ᠢ ᠵᠢᠭᠰᠠᠭᠠᠭᠰᠠᠨ ᠬᠦᠰᠦᠨᠦᠭ ᠢ ᠬᠢᠨᠠᠮᠠᠭᠠᠢ ᠬᠠᠷᠭᠤᠭᠤᠯᠤᠨ ᠦᠵᠡᠵᠦ᠂ ᠦᠪᠡᠷ ᠤᠨ ᠢᠶᠠᠨ ᠭᠠᠷᠴᠤ ᠢᠷᠡᠬᠦ ᠤᠷᠤᠨ ᠤ ᠲᠦᠭᠰᠬᠦᠷᠢ ᠶᠢᠨ ᠲᠡᠰ ᠢ ᠯᠠᠪᠯᠠᠵᠤ ᠦᠵᠡᠭᠡᠷᠡᠢ᠃ ᠬᠡᠷᠪᠡ ᠴᠢᠨᠦ ᠭᠠᠷᠴᠦ ᠢᠷᠡᠬᠦ ᠤᠷᠤᠨ  ᠨᠢ ᠦᠨᠳᠦᠷ ᠲᠦᠭᠰᠢᠭᠦᠷᠢᠲᠦ ᠤᠷᠤᠨ ᠪᠤᠶᠤ 14 ᠡᠳᠦᠷ ᠤᠨ ᠲᠤᠳᠤᠷ᠎ᠠ ᠦᠨᠳᠦᠷ ᠲᠦᠭᠰᠢᠭᠦᠷᠢᠲᠦ ᠤᠷᠤᠨ ᠳᠤ ᠤᠴᠢᠭᠰᠠᠨ ᠪᠠᠶᠢᠪᠠᠯ ᠲᠠ ︽14 ᠡᠳᠦᠷ ᠲᠦᠪᠯᠡᠷᠡᠭᠦᠯᠦᠨ ᠲᠤᠰᠠᠭᠠᠷᠯᠠᠬᠤ + 2 ᠤᠳᠠᠭᠠᠨ ᠤ ᠪᠦᠭᠡᠮ ᠬᠦᠴᠢᠯ ᠤᠨ ᠪᠠᠶᠢᠴᠠᠭᠠᠯᠳᠠ + 14  ᠭᠡᠷ ᠲᠡᠭᠡᠨ ᠲᠤᠰᠠᠭᠠᠷᠯᠠᠬᠤ + 1ᠤᠳᠠᠭᠠᠨ ᠤ ᠪᠦᠭᠡᠮ ᠬᠦᠴᠢᠯ ᠤᠨ ᠪᠠᠶᠢᠴᠠᠭᠠᠯᠳᠠ︾ ᠶᠢᠨ ᠬᠠᠮᠢᠶᠠᠷᠤᠨ ᠡᠵᠡᠮᠳᠡᠬᠦ ᠠᠷᠭ᠎ᠠ ᠪᠠᠷᠢᠯ ᠢ ᠬᠦᠯᠢᠶᠡᠬᠦ ᠬᠡᠷᠡᠭᠳᠡᠢ᠃    ᠲᠠᠪᠤ᠂ ᠭᠡᠷ ᠲᠡᠭᠡᠨ ᠰᠠᠭᠤᠵᠤ ᠡᠷᠡᠭᠦᠯ ᠴᠢᠬᠢᠷᠠᠭ ᠤᠨ ᠬᠢᠨᠠᠯᠳᠠ ᠬᠢᠬᠦ ᠬᠤᠭᠤᠴᠠᠭᠠᠨ ᠳᠤ᠂ ᠠᠷᠢᠭᠤᠨ ᠴᠡᠪᠡᠷ ᠡᠷᠡᠬᠦᠯ ᠴᠢᠬᠢᠷᠠᠭ ᠠᠮᠢᠳᠤᠷᠠᠯ ᠤᠨ ᠲᠠᠳᠬᠠᠯ ᠢᠶᠠᠨ ᠪᠠᠳᠤᠯᠠᠵᠤ᠂ ᠦᠨᠡᠨᠬᠦ ᠭᠠᠳᠠᠭᠰᠢ ᠭᠠᠷᠬᠤ ᠴᠢᠬᠤᠯᠠ ᠲᠠᠢ ᠪᠤᠯ ᠲᠤᠰᠬᠤᠨ ᠤ ᠵᠦᠪᠯᠡᠯ᠂ ᠨᠡᠶᠢᠭᠡᠮ ᠲᠤᠭᠤᠷᠢᠭ ᠤᠨ ᠰᠠᠭᠤᠭᠠᠯᠢ ᠠᠷᠠᠳ ᠤᠨ ᠵᠦᠪᠯᠡᠯ ᠳᠤ ᠪᠠᠨ ᠤᠷᠢᠳᠴᠢᠯᠠᠨ ᠪᠦᠷᠢᠳᠭᠡᠨ ᠲᠡᠮᠳᠡᠭᠯᠡᠭᠦᠯᠬᠦ ᠬᠡᠷᠡᠭᠳᠡᠢ᠃    ᠵᠢᠷᠭᠤᠭ᠎ᠠ᠂ ᠬᠢᠵᠢᠭ ᠤᠨ ᠬᠤᠭᠤᠴᠠᠭᠠᠨ ᠳᠤ ᠨᠤᠳᠤᠭ ᠲᠠᠭᠠᠨ ᠪᠤᠴᠠᠬᠤ ᠬᠦᠮᠦᠰ ᠰᠢᠶᠠᠩ ᠪᠠᠯᠭᠠᠰᠤ᠂ ᠵᠡᠭᠡᠯᠢ ᠭᠤᠳᠤᠮᠵᠢ ᠪᠠ ᠲᠤᠰᠬᠤᠨ᠂ ᠨᠡᠶᠢᠭᠡᠮ ᠲᠤᠭᠤᠷᠢᠭ ᠤᠨ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠲᠠᠢ ᠢᠳᠡᠪᠬᠢᠳᠡᠢ ᠬᠠᠮᠵᠢᠯᠴᠠᠬᠤ ᠬᠡᠷᠡᠭᠳᠡᠢ᠃    ᠨᠤᠳᠤᠭ ᠲᠠᠭᠠᠨ ᠪᠤᠴᠠᠬᠤ ᠬᠦᠮᠦᠰ ᠮᠢᠨᠢ᠂ ᠡᠷᠡᠭᠦᠯ ᠡᠩᠬᠡ ᠪᠤᠯ ᠰᠠᠶ᠋ᠢ ᠵᠢᠩᠬᠢᠨᠢ ᠵᠤᠯ ᠵᠢᠷᠭᠠᠯ ᠮᠦᠨ︕ ᠪᠢᠳᠠ ᠪᠦᠬᠦᠳᠡᠭᠡᠷ ᠢᠶᠠᠨ ᠰᠡᠳᠬᠢᠯ ᠨᠢᠭᠡᠳᠡᠢ ᠬᠦᠴᠦ ᠬᠠᠮᠳᠤᠷᠠᠵᠤ᠂ ᠪᠤᠳᠠᠳᠤ ᠠᠵᠢᠯᠯᠠᠭ᠎ᠠ ᠪᠠᠷ ᠢᠶᠠᠨ ᠡᠷᠡᠭᠦᠯ ᠴᠢᠬᠢᠷᠠᠭ ᠠᠮᠤᠷ ᠠᠮᠤᠭᠤᠯᠠᠩ ᠬᠠᠷᠠᠴᠢᠨ ᠢᠶᠠᠨ ᠰᠠᠬᠢᠨ ᠬᠠᠮᠠᠭᠠᠯᠠᠶ᠎ᠠ︕     ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠤᠭᠤᠳᠬᠤ ᠲᠦᠪ ᠤᠨ 24 ᠴᠠᠭ ᠵᠢᠵᠢᠭᠦᠷᠯᠡᠬᠦ ᠤᠳᠠᠰᠤ᠄ 0476-3752864    ᠬᠤᠰᠢᠭᠤᠨ ᠤ ᠡᠷᠡᠬᠦᠯ ᠴᠢᠬᠢᠷᠠᠭ ᠡᠷᠡᠭᠦᠯ ᠬᠠᠮᠠᠭᠠᠯᠠᠯ ᠤᠨ ᠵᠦᠪᠯᠡᠯ ᠤᠨ 24 ᠴᠠᠭ ᠵᠢᠵᠢᠭᠦᠷᠯᠡᠬᠦ ᠤᠳᠠᠰᠤ᠄ 0476-3759633    ᠬᠤᠰᠢᠭᠤᠨ ᠤ ᠬᠢᠵᠢᠭ ᠢ ᠰᠡᠷᠭᠡᠶᠢᠯᠡᠨ ᠡᠵᠡᠮᠳᠡᠬᠦ ᠲᠦᠪ ᠤᠨ 24 ᠴᠠᠭ ᠵᠢᠵᠢᠭᠦᠷᠯᠡᠬᠦ ᠤᠳᠠᠰᠤ᠄ 0476-5822305    ᠬᠤᠰᠢᠭᠤᠨ ᠤ ᠡᠮᠨᠡᠯᠭᠡ ᠶᠢᠨ ᠬᠤᠷᠢᠶᠠᠨ ᠤ ᠬᠠᠯᠠᠭᠤᠷᠠᠬᠤ ᠡᠪᠡᠳᠴᠢᠳᠡᠨ ᠡᠮᠨᠡᠬᠦ ᠬᠠᠷᠢᠯᠴᠠᠬᠤ ᠤᠳᠠᠰᠤ᠄ 0476-3758166            ᠬᠠᠷᠠᠴᠢᠨ ᠬᠤᠰᠢᠭᠤᠨ ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠬᠡᠯᠳᠡᠰ                         2021 ᠤᠨ ᠤ 1 ᠰᠠᠷ᠎ᠠ ᠶᠢᠨ 24 ᠤ ᠡᠳᠦᠷ
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号