ᠮᠠᠨᠵᠤ ᠴᠢᠩ ᠤᠨ ᠤᠨᠴᠠᠯᠢᠭᠳᠤ ᠵᠢᠵᠢᠭ ᠪᠠᠯᠭᠠᠰᠤᠨ ᠤ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ
ᠨᠡᠶᠢᠲᠡᠯᠡᠭᠰᠡᠨ ᠴᠠᠭ᠄
2021/4/13

   ᠮᠠᠨᠵᠤ ᠴᠢᠩ ᠤᠨ ᠤᠨᠴᠠᠯᠢᠭᠳᠤ ᠲᠤᠰᠬᠠᠶ ᠦᠢᠯᠡᠰ ᠤᠨ ᠵᠢᠵᠢᠭ ᠪᠠᠯᠭᠠᠰᠤᠨ ᠤ ᠪᠥᠲᠥᠭᠡᠨ ᠪᠠᠶᠢᠭᠤᠯᠤᠯᠲᠠ ᠶᠢᠨ

ᠲᠥᠷᠥᠯ ᠵᠦᠢᠯ ᠬᠠᠷᠠᠴᠢᠨ ᠬᠤᠰᠢᠭᠤᠨ ᠤ ᠱᠢ ᠵᠢᠶ᠋ᠨ ᠮᠠᠨᠵᠤ ᠦᠨᠳᠦᠰᠦᠲᠡᠨ ᠤ ᠰᠢᠶᠠᠩ ᠳᠤ ᠪᠣᠶ᠃

   ᠱᠢ ᠵᠢᠶ᠋ᠨ ᠮᠠᠨᠵᠤ ᠦᠨᠳᠦᠰᠦᠲᠡᠨ ᠤ ᠰᠢᠶᠠᠩ ᠳᠤ ᠤᠳᠤᠬᠠᠨ ᠪᠤᠯᠳᠠᠯ᠎ᠠ ᠦᠯᠡᠳᠡᠭᠳᠡᠵᠦ ᠪᠠᠶᠢᠭ᠎ᠠ ᠮᠠᠨᠵᠤ

ᠴᠢᠩ ᠤᠨ ᠰᠣᠶᠣᠯ ᠨᠢ ᠲᠤᠩ ᠡᠷᠬᠢᠮ ᠨᠠᠨᠳᠢᠨ ᠪᠠᠶᠢᠵᠤ᠂ ᠵᠠᠬ᠎ᠠ ᠳᠡᠯᠭᠡᠭᠦᠷ ᠤᠨ ᠬᠠᠯᠠᠮᠰᠢᠯ ᠨᠢ ᠮᠠᠨᠵᠤ

ᠦᠨᠳᠦᠰᠦᠲᠡᠨ ᠤ  ᠡᠰᠡᠨᠢᠭᠰᠡᠨ ᠭᠠᠵᠠᠷ ᠪᠤᠯᠬᠤ᡺ᠯᠢᠶᠣᠤᠨᠢᠩ ᠮᠤᠵᠢ ᠶᠢᠨ ᠰᠢᠨᠪᠢᠨ ᠮᠠᠨᠵᠤ ᠦᠨᠳᠦᠰᠦᠲᠡᠨ ᠤ

ᠥᠪᠡᠷᠲᠡᠭᠡᠨ ᠵᠠᠰᠠᠬᠤ ᠰᠢᠶᠠᠨ ᠤ ᠶᠦᠩᠯᠢᠩ ᠪᠠᠯᠭᠠᠰᠤ ᠲᠠᠢ ᠠᠳᠠᠯᠢᠳᠬᠠᠵᠦ ᠪᠤᠯᠤᠮᠠᠷ ᠪᠢᠯᠡ᠃

    ᠮᠠᠨᠵᠤ ᠴᠢᠩ ᠤᠨ ᠤᠨᠴᠠᠯᠢᠭᠳᠤ ᠲᠤᠰᠬᠠᠶ ᠦᠢᠯᠡᠰ ᠤᠨ ᠵᠢᠵᠢᠭ ᠪᠠᠯᠭᠠᠰᠤᠨ ᠤ ᠪᠥᠲᠥᠭᠡᠨ ᠪᠠᠶᠢᠭᠤᠯᠤᠯᠲᠠ ᠶᠢᠨ

ᠲᠥᠷᠥᠯ ᠵᠦᠢᠯ ᠤᠨ ᠲᠥᠯᠥᠪᠵᠢᠭᠦᠯᠦᠭᠰᠡᠨ ᠲᠠᠯᠠᠪᠠᠶ ᠨᠢ 3 ᠲᠡᠭᠰᠢ ᠳᠥᠷᠪᠡᠯᠵᠢᠨ ᠺᠢᠯᠣᠮᠧᠲᠷ ᠪᠠᠶᠢᠵᠤ᠂ ᠠᠷᠪᠠᠨ

ᠭᠦᠩᠵᠦ ᠶᠢᠨ ᠣᠩᠭᠤᠨ ᠢ ᠰᠡᠷᠭᠦᠭᠡᠬᠦ ᠲᠥᠷᠥᠯ ᠵᠦᠢᠯ ᠪᠠ ᠴᠡᠷᠢᠭ ᠤᠨ ᠠᠯᠪᠠᠨ ᠤ ᠰᠣᠶᠣᠯ ᠤᠨ ᠦᠵᠡᠭᠦᠯᠦᠯᠭᠡ ᠶᠢᠨ

ᠲᠣᠭᠯᠠᠯᠲᠠ ᠶᠢᠨ ᠲᠥᠷᠥᠯ ᠵᠦᠢᠯ ᠢ ᠦᠷᠭᠦᠯᠵᠢᠯᠡᠨ ᠨᠡᠭᠡᠭᠡᠨ ᠬᠥᠭᠵᠢᠭᠦᠯᠬᠦ ᠶᠢ ᠪᠠᠭᠲᠠᠭᠠᠵᠤ᠂ ᠪᠠᠯᠭᠠᠰᠤᠨ ᠤ

ᠬᠡᠪᠴᠢᠶᠡᠨ ᠳᠠᠬᠢ ᠣᠲᠣ ᠪᠠᠶᠢᠭ᠎ᠠ ᠱᠢ ᠵᠢᠶ᠋ᠨ ᠲᠣᠰᠬᠤᠨ ᠳᠤ ᠲᠦᠰᠢᠭᠯᠡᠨ ᠮᠠᠨᠵᠤ ᠴᠢᠩ ᠤᠨ ᠤᠨᠴᠠᠯᠢᠭᠳᠤ ︽ᠴᠢᠩ

ᠴᠧᠩ︾ ᠵᠢᠵᠢᠭ ᠪᠠᠯᠭᠠᠰᠤ ᠶᠢ ᠪᠥᠲᠥᠭᠡᠨ ᠪᠠᠶᠢᠭᠤᠯᠵᠤ᠂ ᠲᠤᠬᠠᠶ ᠶᠢᠨ ᠭᠠᠵᠠᠷ ᠤᠨ ᠲᠠᠷᠢᠶᠠᠯᠠᠩ ᠮᠠᠯ ᠤᠨ ᠠᠰᠢᠭ

ᠰᠢᠮ᠎ᠡ ᠶᠢᠨ ᠪᠦᠲᠦᠭᠡᠭᠳᠡᠬᠦᠨ ᠳᠤ ᠰᠠᠭᠤᠷᠢᠯᠠᠨ᠂ ᠮᠠᠨᠵᠤ ᠴᠢᠩ ᠤᠨ ᠬᠠᠭᠠᠨ ᠤ ᠣᠷᠳᠣᠨ ᠤ ᠤᠷ᠎ᠠ ᠮᠡᠷᠭᠡᠵᠢᠯ ᠪᠠ

ᠢᠳᠡᠭᠡᠨ ᠤᠮᠳᠠᠭᠠᠨ ᠤ ᠤᠯᠠᠮᠵᠢᠯᠠᠯ ᠤᠨ ᠲᠥᠷᠥᠯ ᠵᠦᠢᠯ ᠢ ᠨᠡᠭᠡᠭᠡᠨ ᠬᠥᠭᠵᠢᠭᠦᠯᠵᠦ ᠪᠥᠲᠥᠭᠡᠨ ᠪᠠᠶᠢᠭᠤᠯᠤᠨ᠎ᠠ᠃

   ᠲᠤᠰ ᠲᠦᠷᠦᠯ ᠵᠦᠢᠯ ᠳᠤ ᠨᠡᠶᠢᠲᠡ 6700 ᠲᠦᠮᠡᠨ ᠲᠥᠭᠦᠷᠢᠭ ᠤᠨ ᠪᠡᠯᠡ ᠣᠷᠣᠭᠤᠯᠬᠤ ᠪᠠᠷ ᠲᠥᠯᠥᠪᠯᠡᠵᠦ

ᠪᠤᠶ᠃ ᠲᠥᠷᠥᠯ ᠵᠦᠢᠯ ᠢ ᠬᠡᠷᠡᠭᠵᠢᠭᠦᠯᠦᠭᠰᠡᠨ ᠤ ᠳᠠᠷᠠᠭ᠎ᠠ᠂ ᠲᠠᠷᠢᠶᠠᠯᠠᠩ ᠮᠠᠯ ᠠᠵᠤ ᠠᠬᠤᠶ ᠶᠢᠨ ᠰᠠᠭᠤᠷᠢ ᠠᠵᠤ  

ᠦᠢᠯᠡᠰ ᠢᠶᠠᠷ ᠲᠦᠰᠢᠭ ᠪᠣᠯᠭᠠᠵᠤ᠂ ᠬᠤᠶᠠᠳᠤᠭᠠᠷ᠂ ᠭᠤᠷᠪᠠᠳᠤᠭᠠᠷ ᠠᠵᠤ ᠦᠢᠯᠡᠰ ᠤᠨ ᠬᠥᠭᠵᠢᠯᠲᠡ ᠶᠢ ᠳᠠᠶᠢᠴᠢᠯᠠᠨ

᠂ ᠵᠢᠯ ᠤᠨ ᠦᠢᠯᠡᠳᠬᠦᠨ ᠤ ᠥᠷᠲᠡᠭ ᠢ 1.8 ᠳ᠋ᠦᠩᠰᠢᠭᠤᠷ ᠲᠥᠭᠦᠷᠢᠭ ᠪᠡᠶᠡᠯᠡᠭᠦᠯᠵᠦ᠂ 1.2 ᠲᠦᠮᠡᠨ ᠬᠥᠮᠦᠨ ᠤ

ᠠᠵᠢᠯ ᠣᠯᠭᠤᠯᠲᠠ ᠶᠢ ᠳᠠᠶᠢᠴᠢᠯᠠᠵᠤ ᠪᠣᠯᠤᠨ᠎ᠠ᠃

 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号