| | | | | | ᠣᠶᠢᠷ᠎ᠠ ᠳᠤ᠂ ᠸᠠᠩ ᠤᠨ ᠬᠤᠷᠢᠶ᠎ᠠ ᠪᠠᠯᠭᠠᠰᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠲᠥᠪᠡᠳ | ᠬᠠᠰᠢ ᠶᠢᠨ ᠠᠵᠤ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠬᠦ᠂ ᠦᠷ᠎ᠡ ᠠᠰᠢᠭ ᠢ ᠨᠡᠮᠡᠭᠳᠡᠭᠦᠯᠬᠦ᠂ ᠥᠪᠡᠷ ᠤᠨ | ᠥᠷᠲᠡᠭ ᠢ ᠪᠠᠭᠤᠷᠠᠭᠤᠯᠬᠤ ᠬᠥᠭᠵᠢᠯᠲᠡ ᠶᠢᠨ ᠣᠶᠢᠯᠠᠭᠠᠭᠳᠠᠬᠤᠨ ᠳᠤ ᠰᠠᠭᠤᠷᠢᠯᠠᠨ᠂ ᠤᠷᠢᠳᠴᠢᠯᠠᠨ ᠠᠷᠭ᠎ᠠ | ᠰᠦᠪᠡᠭᠴᠢᠯᠡᠨ᠂ ᠲᠥᠪᠡᠳ ᠬᠠᠰᠢ ᠶᠢᠨ ᠠᠵᠤ ᠦᠢᠯᠡᠰ ᠤᠨ ᠨᠡᠶᠢᠭᠡᠮᠯᠢᠭ᠂ ᠲᠠᠷᠢᠮᠠᠯ ᠤᠨ ᠲᠣᠮᠣ ᠡᠷᠦᠬᠡ ᠶᠢ ᠵᠣᠬᠢᠶᠠᠨ | ᠪᠠᠶᠢᠭᠤᠯᠵᠤ᠂ ᠪᠡᠭᠡᠵᠢᠩ ᠤᠨ ᠱᠤᠸᠠᠩ ᠲᠦᠩ ᠾᠦᠢ ᠾᠧ ᠲᠠᠷᠢᠶᠠᠯᠠᠩ ᠤᠨ ᠰᠢᠨᠵᠢᠯᠡᠬᠦ ᠮᠡᠷᠭᠡᠵᠢᠯ ᠤᠨ ᠬᠢᠵᠠᠭᠠᠷᠲᠤ | ᠺᠣᠮᠫᠠᠨᠢ ᠶᠢᠨ ᠴᠢᠬᠢ ᠪᠤᠶᠢᠵᠢᠭᠤᠯᠬᠤ ᠲᠠᠯᠠᠪᠠᠶ ᠳᠤ ᠬᠦᠷᠴᠦ ᠲᠣᠭᠤᠷᠢᠨ ᠦᠵᠡᠭᠦᠯᠵᠦ ᠰᠤᠷᠤᠯᠴᠠᠭᠤᠯᠤᠨ᠂ | ᠦᠢᠯᠡᠴᠢᠯᠡᠵᠦ ᠪᠦᠬᠦᠢ ᠠᠵᠤ ᠠᠬᠤᠶᠢᠯᠠᠯ᠂ ᠣᠯᠠᠨ ᠲᠦᠮᠡᠨ ᠳᠤ ᠡᠴᠦᠰ ᠤᠨ ᠵᠠᠩᠬᠢᠯᠠᠭ᠎ᠠ ᠶᠢᠨ ᠭᠤᠭᠴᠤᠭ᠎ᠠ ᠶᠢ | ᠰᠢᠯᠤᠭᠤᠳᠬᠠᠵᠤ ᠦᠭᠪᠡ᠃ | | | | | | 2020 ᠣᠨ ᠳᠤ ᠸᠠᠩ ᠤᠨ ᠬᠤᠷᠢᠶ᠎ᠠ ᠪᠠᠯᠭᠠᠰᠤᠨ ᠤ ᠲᠥᠪᠡᠳ ᠬᠠᠰᠢ ᠶᠢᠨ ᠠᠵᠤ ᠦᠢᠯᠡᠰ ᠰᠢᠯᠢᠳᠡᠭ | ᠠᠮᠵᠢᠯᠲᠠ ᠤᠯᠪᠠ᠃ ᠸᠠᠩ ᠤᠨ ᠬᠤᠷᠢᠶ᠎ᠠ ᠪᠠᠯᠭᠠᠰᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠤᠯᠠᠨ | ᠲᠦᠮᠡᠨ ᠳᠤ ᠦᠨᠡᠨᠬᠦ ᠦᠢᠯᠡᠴᠢᠯᠡᠵᠦ᠂ ᠤᠯᠠᠨ ᠲᠦᠮᠡᠨ ᠤ ᠬᠡᠷᠡᠭᠴᠡᠭᠡ ᠶᠢ ᠬᠠᠩᠭᠠᠵᠤ᠂ ᠤᠯᠠᠨ ᠲᠦᠮᠡᠨ ᠢ | ᠬᠠᠪᠰᠤᠷᠤᠨ ᠠᠵᠤ ᠦᠢᠯᠡᠰ ᠤᠨ ᠲᠡᠰ ᠳᠡᠪᠰᠢᠬᠦ ᠶᠢ ᠲᠥᠯᠥᠪᠵᠢᠭᠦᠯᠪᠡ᠃ ᠲᠣᠰ ᠤᠳᠠᠭ᠎ᠠ ᠠᠵᠤ ᠠᠬᠤᠶᠢᠯᠠᠯ ᠲᠠᠢ | ᠵᠣᠯᠭᠠᠯᠳᠤᠭᠤᠯᠤᠭᠰᠠᠨ ᠢᠶᠠᠷ᠂ ᠥᠩᠭᠡᠷᠡᠭᠰᠡᠨ ᠳᠤ ᠵᠥᠪᠬᠡᠨ ᠱᠠᠨᠳᠦ᠋ᠩ᠂ ᠶᠤᠸᠠᠨ ᠪᠦᠦ ᠱᠠᠨ ᠵᠡᠷᠭᠡ ᠭᠠᠵᠠᠷ ᠲᠤ | ᠴᠢᠬᠢ ᠪᠤᠶᠢᠵᠢᠭᠤᠯᠵᠤ ᠪᠠᠶᠢᠭᠰᠠᠨ ᠲᠡᠤᠬᠡ ᠶᠢ ᠡᠪᠳᠡᠵᠦ᠂ ᠲᠠᠷᠢᠮᠠᠯ ᠤᠨ ᠡᠷᠦᠬᠡ ᠶᠢᠨ ᠬᠡᠷ ᠤᠨ ᠡᠭᠦᠳᠡᠨ ᠠᠴᠠ ᠰᠠᠶᠢᠨ | ᠴᠢᠬᠢ ᠬᠤᠳᠠᠯᠳᠤᠨ ᠠᠪᠬᠤ ᠶᠢᠨ ᠬᠠᠮᠲᠤ ᠬᠡᠷ ᠪᠦᠯᠢ ᠶᠢᠨ ᠰᠢᠯᠢᠳᠡᠭ ᠦᠢᠯᠡᠴᠢᠯᠡᠭᠡ ᠬᠦᠷᠳᠡᠬᠦ ᠪᠤᠯᠭᠠᠵᠠᠢ᠃ | | | | | | | | | | | | | | | | |