ᠬᠠᠷᠠᠴᠢᠨ ᠬᠤᠰᠢᠭᠤᠨ ᠤ ᠰᠤᠷᠭᠠᠨ ᠬᠥᠮᠦᠵᠢᠯ ᠤᠨ ᠰᠢᠰᠲ᠋ᠧᠮ ᠤᠨ ᠬᠢᠨ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠵᠢᠴᠢ ︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠲᠦᠷᠢᠮ﹀ ᠢ ᠰᠤᠷᠤᠯᠴᠠᠨ ᠤᠬᠠᠭᠤᠯᠵᠤ ᠲᠤᠤᠱᠯᠠᠭᠤᠯᠬᠤ︾ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2021/4/13

   ᠦᠨᠳᠦᠰᠦᠲᠡᠨ ᠤ ᠠᠵᠢᠯ ᠤᠨ ᠲᠤᠬᠠᠶ ᠰᠢ ᠶᠢᠨ ᠫᠢᠩ ᠶᠡᠷᠦᠩᠬᠡᠶ ᠱᠦᠵᠢ ᠶᠢᠨ ᠴᠢᠬᠤᠯᠠ ᠥᠭᠦᠯᠡᠯᠲᠡ ᠶᠢ

ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠬᠠᠷᠠᠴᠢᠨ ᠬᠤᠰᠢᠭᠤᠨ ᠤ ᠰᠤᠷᠭᠠᠨ

ᠬᠥᠮᠦᠵᠢᠯ ᠤᠨ ᠰᠢᠰᠲ᠋ᠧᠮ ᠤᠨ ᠬᠢᠨ 2 ᠳ᠋ᠤᠭᠠᠷ ᠰᠠᠷ᠎ᠠ ᠶᠢᠨ 26 ᠤ ᠡᠳᠦᠷ ᠪᠥᠬᠦ ᠬᠤᠲᠠ ᠶᠢᠨ ᠰᠤᠷᠭᠠᠨ

ᠬᠥᠮᠦᠵᠢᠯ ᠤᠨ ᠰᠢᠰᠲ᠋ᠧᠮ ᠤᠨ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ

ᠪᠠᠲᠤᠳᠬᠠᠬᠤ ᠵᠢᠴᠢ ︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ

ᠳᠠᠪᠰᠢᠯᠲᠠ ᠶᠢ ᠠᠬᠢᠭᠤᠯᠬᠤ ᠲᠦᠷᠢᠮ﹀ ᠢ ᠰᠤᠷᠤᠯᠴᠠᠨ ᠤᠬᠠᠭᠤᠯᠵᠤ ᠲᠤᠤᠱᠯᠠᠭᠤᠯᠬᠤ︾ ᠤᠬᠠᠭᠤᠯᠤᠨ

ᠲᠠᠶᠢᠯᠪᠤᠷᠢᠯᠠᠬᠤ ᠠᠵᠢᠯ ᠤᠨ ᠸᠢᠳᠢᠤ᠋ ᠬᠤᠷᠠᠯ ᠳᠤ ᠣᠷᠣᠯᠴᠠᠪᠠ᠃

   ᠬᠤᠷᠠᠯ ᠠᠴᠠ ᠤᠯᠠᠭᠠᠨᠬᠠᠳᠠ ᠬᠤᠲᠠ ᠶᠢᠨ ᠨᠠᠮ ᠤᠨ ᠬᠤᠷᠢᠶᠠᠨ ᠤ ᠯᠧᠺᠲ᠋ᠣᠷ ᠤᠨ ᠪᠦᠯᠬᠦᠮ ᠤᠨ ᠯᠧᠺᠲ᠋ᠣᠷ ᠦ᠋

ᠳ᠋ᠦᠩ ᠹᠧᠩ ᠢ ᠤᠷᠢᠵᠤ ᠲᠤᠰᠬᠠᠶ ᠰᠡᠳᠦᠪ ᠢᠶᠠᠷ ᠬᠢᠴᠢᠶᠡᠯᠯᠡᠪᠡ᠃ ᠦ᠋ ᠳ᠋ᠦᠩ ᠹᠧᠩ ︽ᠥᠪᠥᠷ ᠮᠣᠩᠭᠤᠯ ᠤᠨ

ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠲᠦᠷᠢᠮ︾ ᠢ

ᠨᠡᠶᠢᠲᠡᠯᠡᠭᠰᠡᠨ ᠠᠬᠤᠢ ᠪᠠᠶᠢᠳᠠᠯ᠂ ᠭᠤᠣᠯ ᠠᠭᠤᠯᠭ᠎ᠠ ᠪᠣᠯᠤᠨ ᠴᠢᠬᠤᠯᠠ ᠶᠡᠭᠡ ᠠᠴᠢ ᠬᠤᠯᠪᠣᠭᠳᠠᠯ ᠵᠡᠷᠭᠡ ᠭᠤᠷᠪᠠᠨ

ᠲᠠᠯ᠎ᠠ ᠠᠴᠠ ᠨᠠᠷᠢᠨ ᠲᠠᠶᠢᠯᠪᠤᠷᠢᠯᠠᠯᠲᠠ ᠬᠢᠵᠡᠢ᠃

   ᠲᠣᠰ ᠤᠳᠠᠭᠠᠨ ᠤ ᠪᠥᠬᠦ ᠲᠠᠯ᠎ᠠ ᠶᠢ ᠬᠠᠮᠤᠷᠤᠭᠰᠠᠨ ᠰᠤᠷᠤᠯᠴᠠᠯᠭ᠎ᠠ ᠤᠬᠠᠭᠤᠯᠭ᠎ᠠ ᠨᠢ ᠦᠨᠳᠦᠰᠦᠲᠡᠨ ᠤ

ᠪᠦᠯᠬᠦᠮᠳᠡᠯ ᠳᠠᠪᠰᠢᠯᠲᠠ ᠶᠢ ᠠᠬᠢᠭᠤᠯᠬᠤ ᠠᠵᠢᠯ ᠤᠨ ᠡᠭᠦᠷᠭᠡ ᠬᠠᠷᠢᠭᠤᠴᠠᠯᠭ᠎ᠠ ᠶᠢ ᠬᠤᠷᠠᠯ ᠳᠤ ᠤᠷᠤᠯᠴᠠᠭᠰᠠᠨ

ᠣᠯᠠᠨ ᠳᠤ ᠤᠯᠠᠮ ᠨᠢᠭᠡ ᠠᠯᠬᠤᠮ ᠣᠶᠢᠯᠠᠭᠠᠭᠤᠯᠵᠤ᠂ ᠬᠤᠶᠢᠰᠢᠳᠠ ᠶᠢᠨ ᠦᠨᠳᠦᠰᠦᠲᠡᠨ ᠤ ᠪᠦᠯᠬᠦᠮᠳᠡᠯ ᠤᠨ

ᠰᠤᠷᠤᠯᠴᠠᠯᠭ᠎ᠠ ᠬᠥᠮᠦᠵᠢᠯ ᠢ ᠰᠠᠶᠢᠲᠤᠷ ᠬᠢᠬᠦ ᠳᠤ ᠪᠠᠲᠤ ᠪᠠᠬᠢ ᠰᠠᠭᠤᠷᠢ ᠶᠢ ᠲᠠᠯᠪᠢᠵᠤ ᠥᠭᠭᠦᠭᠰᠡᠨ ᠪᠠᠶᠢᠨ᠎ᠠ᠃

 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号