ᠬᠠᠷᠠᠴᠢᠨ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠠᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/4/13

   ᠣᠶᠢᠷ᠎ᠠ ᠳᠤ᠂ ᠬᠠᠷᠠᠴᠢᠨ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ

ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠪᠦᠬᠦ ᠰᠢᠰᠲ᠋ᠧᠮ ᠤᠨ ᠠᠵᠢᠯ ᠤᠨ ᠬᠤᠷᠠᠯ ᠢ

ᠵᠣᠬᠢᠶᠠᠨ ᠪᠠᠶᠢᠭᠤᠯᠵᠤ ᠬᠤᠷᠠᠯᠳᠤᠭᠤᠯᠪᠠ᠃

   ᠬᠤᠷᠠᠯ ᠳᠡᠭᠡᠷ᠎ᠡ᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠲᠠᠯ᠎ᠠ ᠪᠠᠷ ᠣᠷᠣᠰᠢᠵᠤ

ᠪᠠᠶᠢᠭ᠎ᠠ ᠦᠵᠡᠯ ᠰᠠᠨᠠᠭᠠᠨ ᠤ ᠲᠠᠨᠢᠯᠲᠠ ᠪᠠᠷ ᠳᠤᠲᠠᠮᠠᠭ᠂ ᠰᠠᠨᠠᠭᠠᠴᠢᠯᠠᠭ᠎ᠠ ᠠᠴᠠ ᠪᠠᠨ ᠦᠢᠯᠡᠴᠢᠯᠡᠬᠦ ᠤᠬᠠᠮᠰᠠᠷ

ᠬᠦᠷᠦᠯᠴᠡᠬᠦ ᠦᠭᠡᠢ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠦᠷ᠎ᠡ ᠪᠦᠲᠦᠮᠵᠢ ᠥᠨᠳᠥᠷ ᠪᠢᠰᠢ᠂ ᠬᠢᠨᠠᠨ

ᠬᠠᠮᠢᠶᠠᠷᠬᠤ ᠡᠷᠴᠢᠮ ᠢ ᠴᠢᠩᠭᠠᠳᠬᠠᠬᠤ ᠴᠢᠬᠤᠯᠠᠲᠠᠶ ᠪᠠᠶᠢᠬᠤ ᠵᠡᠷᠭᠡ ᠶᠢ ᠪᠥᠬᠦ ᠲᠠᠯ᠎ᠠ ᠪᠠᠷ ᠥᠪᠡᠷ ᠤᠨ ᠪᠠᠶᠢᠴᠠᠭᠠᠯᠲᠠ

ᠬᠢᠵᠦ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠠᠵᠢᠯ ᠢ ᠰᠠᠶᠢᠲᠤᠷ ᠬᠢᠬᠦ ᠳᠤ ᠪᠣᠳᠠᠲᠠᠶ

ᠱᠠᠭᠠᠷᠳᠠᠯᠭ᠎ᠠ ᠳᠤᠷᠠᠳᠴᠠᠶ᠃

   ᠲᠠᠷᠠᠭᠠᠴᠢ ᠶᠢᠨ ᠠᠯᠬᠤᠮ ᠳᠤ᠂ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠪᠥᠬᠦ ᠺᠠᠳ᠋ᠷ ᠠᠵᠢᠯᠲᠠᠨ

ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠳᠡᠭᠡᠳᠦ ᠱᠠᠲᠤᠨ ᠤ ᠡᠵᠡᠩᠨᠡᠯᠲᠡ ᠶᠢᠨ ᠣᠷᠴᠢᠨ ᠲᠣᠭᠤᠷᠢᠨ ᠢ

ᠰᠢᠯᠢᠳᠡᠭᠵᠢᠭᠦᠯᠬᠦ ᠰᠢᠢᠳᠪᠦᠷᠢᠳᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠤᠬᠠᠮᠰᠠᠷ ᠠᠴᠠ ᠪᠠᠨ ᠳᠠᠭᠠᠬᠤ ᠪᠠ

ᠬᠤᠰᠢᠭᠤᠨ ᠬᠡᠪᠴᠢᠶᠡᠨ ᠤ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠳᠤ ᠰᠠᠨᠠᠭᠠᠴᠢᠯᠠᠭ᠎ᠠ ᠠᠴᠠ ᠪᠠᠨ

ᠦᠢᠯᠡᠴᠢᠯᠡᠬᠦ ᠶᠡᠭᠡ ᠲᠠᠯ᠎ᠠ ᠳᠡᠭᠡᠷ᠎ᠡ ᠨᠢᠭᠡᠳᠬᠡᠵᠦ᠂ ᠤᠳᠠᠭᠠᠨ ᠳᠠᠭᠠᠭᠠᠮᠠᠭᠠᠶ ᠲᠡᠶᠢᠨ ᠢ ᠬᠢᠬᠦ᠂ ᠪᠣᠭᠤᠮᠲᠠ ᠰᠢᠪᠲᠤᠯᠬᠤ

ᠲᠡᠶᠢᠨ ᠤ ᠪᠠᠶᠢᠳᠠᠯ ᠢᠶᠠᠷ ᠪᠥᠬᠦ ᠬᠤᠰᠢᠭᠤᠨ ᠤ ᠡᠵᠡᠩᠨᠡᠯᠲᠡ ᠶᠢᠨ ᠣᠷᠴᠢᠨ ᠲᠣᠭᠤᠷᠢᠨ ᠢ ᠦᠷᠭᠦᠯᠵᠢᠯᠡᠨ

ᠰᠢᠯᠢᠳᠡᠭᠵᠢᠭᠦᠯᠬᠦ ᠳᠤ ᠬᠦᠴᠦᠨ ᠨᠡᠮᠡᠷᠢᠯᠡᠨ᠎ᠡ᠃

 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号