ᠬᠠᠷᠠᠴᠢᠨ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠢᠰᠲ᠋ᠧᠮ ᠤᠨ ᠬᠢᠨ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ︾ ᠵᠢᠴᠢ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ ᠠᠵᠢᠯ ᠤᠨ ᠲᠤᠰᠬᠠᠶ ᠰᠡᠳᠦᠪᠲᠦ ᠰᠤᠷᠤᠯᠴᠠᠯᠭ᠎ᠠ ᠶᠢᠨ ᠬᠤᠷᠠᠯ ᠢ ᠵᠣᠬᠢᠶᠠᠨ ᠪᠠᠶᠢᠭᠤᠯᠵᠤ ᠥᠷᠨᠢᠭᠦᠯᠪᠡ
ᠨᠡᠶᠢᠲᠡᠯᠡᠭᠰᠡᠨ ᠴᠠᠭ᠄
2021/4/13

   ᠣᠶᠢᠷ᠎ᠠ ᠳᠤ᠂ ᠬᠠᠷᠠᠴᠢᠨ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠢᠰᠲ᠋ᠧᠮ ᠤᠨ ᠬᠢᠨ ︽

ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ︾ ᠵᠢᠴᠢ ᠨᠢᠭᠡᠳᠦᠯᠲᠡᠶ

ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ ᠠᠵᠢᠯ ᠤᠨ ᠲᠤᠰᠬᠠᠶ ᠰᠡᠳᠦᠪᠲᠦ ᠰᠤᠷᠤᠯᠴᠠᠯᠭ᠎ᠠ ᠶᠢᠨ ᠬᠤᠷᠠᠯ ᠢ

ᠵᠣᠬᠢᠶᠠᠨ ᠪᠠᠶᠢᠭᠤᠯᠵᠤ ᠥᠷᠨᠢᠭᠦᠯᠪᠡ᠃

   ᠬᠤᠷᠠᠯ ᠳᠡᠭᠡᠷ᠎ᠡ᠂ ᠬᠠᠷᠠᠴᠢᠨ ᠬᠤᠰᠢᠭᠤᠨ ᠤ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠳᠡᠳ᠋

ᠫᠷᠤᠹᠧᠰᠰᠤᠷ ᠰᠢᠤᠢ ᠵᠢᠶᠠᠨ ᠴᠢᠩ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ

ᠤᠨᠤᠯ ᠤᠨ ᠰᠢᠨ᠎ᠡ ᠡᠭᠦᠳᠦᠯᠲᠡ ᠪᠣᠯᠤᠨ ᠭᠤᠣᠯ ᠴᠢᠬᠤᠯᠠ ᠠᠭᠤᠯᠭ᠎ᠠ᠂ ᠲᠡᠦᠬᠡᠲᠦ ᠠᠴᠢ ᠬᠤᠯᠪᠣᠭᠳᠠᠯ ᠪᠣᠯᠤᠨ

ᠪᠣᠳᠠᠲᠤ ᠠᠴᠢ ᠬᠤᠯᠪᠣᠭᠳᠠᠯ᠂ ᠦᠢᠯᠡᠳᠦᠯᠭᠡ ᠶᠢᠨ ᠠᠰᠠᠭᠤᠳᠠᠯ ᠪᠣᠯᠤᠨ ᠦᠢᠯᠡᠳᠦᠯᠭᠡ ᠶᠢᠨ ᠶᠠᠪᠤᠴᠠ ᠵᠡᠷᠭᠡ ᠭᠤᠷᠪᠠᠨ

ᠲᠠᠯ᠎ᠠ ᠠᠴᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ

ᠴᠠᠭ ᠦᠶ᠎ᠡ ᠶᠢᠨ ᠠᠬᠤᠢ ᠪᠠᠶᠢᠳᠠᠯ᠂ ᠦᠨᠳᠦᠰᠦᠨ ᠠᠭᠤᠯᠤᠭᠳᠠᠬᠤᠨ᠂ ᠵᠣᠷᠢᠭ ᠰᠠᠨᠠᠭᠠᠨ ᠤ ᠮᠥᠨ ᠴᠢᠨᠠᠷ ᠪᠠ

ᠴᠢᠬᠤᠯᠠ ᠠᠴᠢ ᠬᠤᠯᠪᠣᠭᠳᠠᠯ ᠢ ᠪᠦᠬᠦ ᠲᠠᠯ᠎ᠠ ᠪᠠᠷ ᠠᠮᠢᠳᠤᠯᠢᠭ ᠲᠠᠶᠢᠯᠪᠤᠷᠢᠯᠠᠬᠤ ᠶᠢᠨ ᠬᠠᠮᠲᠤ ᠥᠪᠡᠷᠲᠡᠭᠡᠨ ᠵᠠᠰᠠᠬᠤ

ᠣᠷᠣᠨ ᠤ ᠭᠤᠷᠪᠠᠨ ᠲᠦᠷᠦᠯ ‍ᠤᠨ‌‍ᠬᠢᠴᠢᠶᠡᠯ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ ᠶᠢ

ᠬᠡᠷᠡᠭᠵᠢᠭᠦᠯᠬᠦ ᠪᠠ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠰᠤᠷᠭᠠᠨ ᠬᠥᠮᠦᠵᠢᠯ ᠤᠨ

ᠵᠢᠭᠠᠨ ᠰᠤᠷᠭᠠᠯᠲᠠ ᠶᠢᠨ ᠠᠵᠢᠯ ᠢ ᠪᠦᠬᠦ ᠲᠠᠯ᠎ᠠ ᠪᠠᠷ ᠴᠢᠩᠭᠠᠳᠬᠠᠬᠤ ᠲᠤᠬᠠᠢ ᠭᠦᠨᠵᠡᠭᠡᠢ ᠪᠥᠭᠡᠳ ᠣᠶᠢᠯᠠᠭᠠᠮᠵᠢᠲᠠᠢ

ᠲᠠᠶᠢᠯᠪᠤᠷᠢᠯᠠᠯᠲᠠ ᠬᠢᠵᠡᠢ᠃

   ᠬᠤᠷᠠᠯ ᠠᠴᠠ᠂ ᠪᠦᠬᠦ ᠺᠠᠳ᠋ᠷᠴᠤᠳ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯ ᠢ ᠰᠠᠶᠢᠲᠤᠷ ᠬᠢᠬᠦ

ᠦᠵᠡᠯ ᠰᠠᠨᠠᠭᠠᠨ ᠤ ᠲᠠᠨᠢᠯᠲᠠ ᠪᠣᠯᠤᠨ ᠤᠯᠤᠰ ᠲᠦᠷᠦ ᠶᠢᠨ ᠵᠣᠭᠰᠣᠴᠠ ᠪᠠᠨ ᠴᠢᠨᠠᠭᠰᠢᠳᠠ ᠴᠢᠩᠭᠠᠳᠬᠠᠵᠤ᠂

ᠦᠨᠳᠦᠰᠦᠲᠡᠨ ᠤ ᠪᠦᠯᠬᠦᠮᠳᠡᠯ ᠢ ᠴᠢᠩᠭᠠᠳᠬᠠᠬᠤ᠂ ᠨᠡᠶᠢᠭᠡᠮ ᠤᠨ ᠲᠣᠭᠲᠠᠭᠤᠨ ᠢ ᠬᠠᠮᠠᠭᠠᠯᠠᠬᠤ ᠲᠠᠯ᠎ᠠ ᠪᠠᠷ ᠦᠯᠢᠭᠡᠷ

ᠳᠠᠭᠤᠷᠢᠶᠠᠯ ᠪᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ᠂

ᠵᠢᠱᠢᠶᠡᠴᠢ ᠥᠪᠡᠷᠲᠡᠭᠡᠨ ᠵᠠᠰᠠᠬᠤ ᠣᠷᠣᠨ ᠤ ᠡᠷᠬᠢᠮ ᠳᠡᠭᠡᠳᠦ ᠢᠷᠠᠭᠤ ᠠᠯᠳᠠᠷ ᠢ ᠬᠠᠮᠠᠭᠠᠯᠠᠬᠤ ᠳᠤ ᠬᠦᠴᠦᠨ

ᠴᠢᠳᠠᠯ ᠢᠶᠠᠨ ᠡᠷᠭᠦᠬᠦ ᠬᠡᠷᠡᠭᠲᠡᠢ ᠭᠡᠵᠦ ᠱᠠᠭᠠᠷᠳᠠᠪᠠ᠃

 

 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号