ᠬᠠᠷᠠᠴᠢᠨ ᠬᠤᠰᠢᠭᠤᠨ ᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠨᠢ ᠵᠡᠭᠡᠯᠢ ᠭᠤᠳᠤᠮᠵᠢ᠂ ᠲᠣᠮᠢᠯᠠᠭᠰᠠᠨ ᠰᠠᠯᠪᠤᠷᠢ ᠲᠠᠢ ᠬᠠᠮᠲᠤᠷᠠᠨ ︽ᠶᠢᠰᠦᠨ ᠪᠠᠭ᠎ᠠ ᠲᠠᠯᠠᠪᠤᠷ︾ ᠲᠤ ᠭᠠᠯ ᠤᠨᠲᠠᠷᠠᠭᠠᠬᠤ ᠠᠮᠤᠷ ᠲᠦᠪᠰᠢᠨ ᠤ ᠪᠠᠶᠢᠴᠠᠭᠠᠯᠲᠠ ᠥᠷᠨᠢᠭᠦᠯᠪᠡ
ᠨᠡᠶᠢᠲᠡᠯᠡᠭᠰᠡᠨ ᠴᠠᠭ᠄
2021/4/13

   ᠣᠶᠢᠷ᠎ᠠ ᠶᠢᠨ ᠡᠳᠦᠷ ᠤᠳ ᠲᠤ᠂ ᠬᠠᠷᠠᠴᠢᠨ ᠬᠤᠰᠢᠭᠤᠨ ᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ

ᠠᠩᠭᠢ ᠶᠢᠨ ᠬᠢᠨ ᠬᠤᠰᠢᠭᠤᠨ ᠤ ᠠᠶᠤᠯᠭᠦᠶ ᠦᠢᠯᠡᠳᠪᠦᠷᠢᠯᠡᠯ ᠤᠨ ᠵᠥᠪᠯᠡᠯ ᠠᠴᠠ ᠲᠠᠷᠬᠠᠭᠠᠭᠰᠠᠨ ︽ᠶᠢᠰᠦᠨ ᠪᠠᠭ᠎ᠠ

ᠲᠠᠯᠠᠪᠤᠷ ᠵᠢᠴᠢ ᠬᠤᠨᠣᠭᠯᠠᠬᠤ ᠪᠠ ᠦᠢᠯᠡᠳᠪᠦᠷᠢᠯᠡᠬᠦ ᠬᠠᠳᠠᠭᠠᠯᠠᠬᠤ ᠶᠢ ᠬᠠᠮᠳᠤᠷᠠᠭᠤᠯᠤᠭᠰᠠᠨ ᠲᠠᠯᠠᠪᠤᠷ ᠤᠨ ᠭᠠᠯ ᠤᠨ

ᠭᠠᠮᠰᠢᠭ ᠢ ᠰᠡᠷᠭᠡᠶᠢᠯᠡᠬᠦ ᠠᠵᠢᠯ ᠢ ᠰᠠᠶᠢᠲᠤᠷ ᠬᠢᠬᠦ ᠲᠤᠬᠠᠶ ᠮᠡᠳᠡᠭᠳᠡᠯ︾ ᠤᠨ ᠵᠣᠷᠢᠭ ᠰᠠᠨᠠᠭ᠎ᠠ ᠶᠣᠰᠣᠭᠠᠷ᠂ ᠭᠠᠯ

ᠤᠨᠲᠠᠷᠠᠭᠠᠬᠤ ᠠᠮᠤᠷ ᠲᠦᠪᠰᠢᠨ ᠤ ᠲᠤᠰᠬᠠᠶ ᠠᠵᠢᠯᠯᠠᠭ᠎ᠠ ᠶᠢ ᠪᠠᠶᠢᠷᠢᠯᠠᠭᠤᠯᠤᠨ ᠥᠷᠨᠢᠭᠦᠯᠪᠡ᠃

   ᠬᠠᠷᠠᠴᠢᠨ ᠬᠤᠰᠢᠭᠤᠨ ᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠬᠢ ᠶᠢᠨ ᠬᠢᠨ ᠾᠧᠨᠠᠨ ᠵᠡᠭᠡᠯᠢ

ᠭᠤᠳᠤᠮᠵᠢ᠂ ᠵᠢᠨᠱᠠᠨ ᠲᠣᠮᠢᠯᠠᠭᠰᠠᠨ ᠰᠠᠯᠪᠤᠷᠢ ᠲᠠᠢ ᠬᠠᠮᠲᠤᠷᠠᠨ ᠬᠠᠷᠢᠶ᠎ᠠ ᠣᠷᠣᠨ ᠤ ᠪᠠᠨ ᠬᠡᠰᠡᠭ ︽ᠶᠢᠰᠦᠨ ᠪᠠᠭ᠎ᠠ

ᠲᠠᠯᠠᠪᠤᠷ︾ ᠵᠢᠴᠢ ᠬᠤᠨᠣᠭᠯᠠᠬᠤ ᠭᠠᠵᠠᠷ ᠪᠣᠯᠤᠨ ᠦᠢᠯᠡᠳᠪᠦᠷᠢᠯᠡᠬᠦ ᠬᠠᠳᠠᠭᠠᠯᠠᠬᠤ ᠶᠢ ᠬᠠᠮᠳᠤᠷᠠᠭᠤᠯᠤᠭᠰᠠᠨ

ᠲᠠᠯᠠᠪᠤᠷ ᠲᠤ ᠭᠦᠨᠵᠡᠭᠡᠶᠢᠷᠡᠵᠦ ᠭᠠᠯ ᠤᠨᠲᠠᠷᠠᠭᠠᠬᠤ ᠠᠮᠤᠷ ᠲᠦᠪᠰᠢᠨ ᠤ ᠪᠠᠶᠢᠴᠠᠭᠠᠯᠲᠠ ᠶᠢ ᠥᠷᠨᠢᠭᠦᠯᠵᠡᠢ᠃

   ᠪᠠᠶᠢᠴᠠᠭᠠᠬᠤ ᠶᠠᠪᠤᠴᠠ ᠳᠤ ᠣᠯᠵᠤ ᠮᠡᠳᠡᠭᠰᠡᠨ ᠠᠰᠠᠭᠤᠳᠠᠯ ᠢ ᠴᠠᠭ ᠲᠤᠬᠠᠶ ᠳᠤᠨᠢ ᠵᠢᠭᠠᠵᠤ ᠭᠠᠷᠭᠠᠭᠰᠠᠨ

ᠪᠥᠭᠡᠳ ᠴᠡᠭᠴᠡᠯᠡᠨ ᠥᠭᠡᠷᠡᠴᠢᠯᠡᠬᠦ ᠱᠠᠭᠠᠷᠳᠠᠯᠭ᠎ᠠ ᠳᠤᠷᠠᠳᠤᠭᠰᠠᠨ ᠪᠠᠶᠢᠨ᠎ᠠ᠃ ᠡᠭᠦᠨ ᠤ ᠬᠠᠮᠲᠤ ᠥᠮᠴᠢᠲᠡᠨ ᠪᠠ

ᠠᠵᠢᠯᠲᠠᠳ ᠲᠤ ᠭᠠᠯ ᠰᠡᠷᠭᠡᠶᠢᠯᠡᠨ ᠤᠨᠲᠠᠷᠠᠭᠠᠬᠤ ᠠᠮᠤᠷ ᠲᠦᠪᠰᠢᠨ ᠤ ᠤᠬᠠᠮᠰᠠᠷ ᠢᠶᠠᠨ ᠳᠡᠭᠡᠭᠰᠢᠯᠡᠭᠦᠯᠵᠦ᠂

ᠦᠪᠡᠷᠳᠡᠭᠡᠨ ᠰᠡᠷᠭᠡᠶᠢᠯᠡᠵᠦ ᠥᠪᠡᠷ ᠢ ᠪᠠᠨ ᠠᠪᠤᠷᠠᠬᠤ ᠴᠢᠳᠠᠪᠤᠷᠢ ᠪᠠᠨ ᠳᠡᠭᠡᠭᠰᠢᠯᠡᠭᠦᠯᠬᠦ ᠬᠡᠷᠡᠭᠲᠡᠶ ᠭᠡᠵᠦ

ᠰᠡᠷᠡᠮᠵᠢᠯᠡᠭᠦᠯᠪᠡ᠃

    ᠡᠭᠦᠨ ᠤ ᠲᠠᠭᠠᠤ᠂ ᠪᠥᠬᠦ ᠬᠤᠰᠢᠭᠤᠨ ᠤ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠢᠨ ᠠᠶᠤᠯᠭᠦᠶ ᠶᠢᠨ

ᠵᠥᠪᠯᠡᠯ ᠤᠨ ᠶᠡᠷᠦᠩᠬᠡᠶ ᠪᠠᠶᠢᠷᠢᠯᠠᠭᠤᠯᠤᠯᠲᠠ ᠶᠣᠰᠣᠭᠠᠷ᠂ ᠭᠠᠯ ᠤᠨ ᠭᠠᠮᠰᠢᠭ ᠤᠨ ᠭᠡᠮ ᠰᠤᠭᠤᠭ ᠢ ᠲᠡᠷᠡ ᠲᠠᠷᠤᠢ ᠳᠤ

 ᠨᠢ ᠦᠭᠡᠶᠢᠰᠭᠡᠵᠦ᠂ ᠪᠥᠬᠦ ᠬᠤᠰᠢᠭᠤᠨ ᠤ ᠭᠠᠯ ᠤᠨᠲᠠᠷᠠᠭᠠᠬᠤ ᠠᠮᠤᠷ ᠲᠦᠪᠰᠢᠨ ᠤ ᠪᠠᠶᠢᠳᠠᠯ ᠦᠷᠭᠦᠯᠵᠢᠯᠡᠨ

ᠰᠠᠶᠢᠵᠢᠷᠠᠬᠤ ᠶᠢ ᠪᠠᠲᠤᠯᠠᠨ᠎ᠠ᠃

 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号