ᠵᠠᠩ ᠭᠦᠸᠧ ᠬᠤᠸᠠ 2021 ᠣᠨ ᠤ ᠬᠤᠶᠠᠳᠤᠭᠠᠷ ᠤᠳᠠᠭᠠᠨ ᠤ ᠬᠤᠰᠢᠭᠤᠨ ᠤ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/4/13

   ᠣᠶᠢᠷ᠎ᠠ ᠳᠤ᠂ ᠬᠤᠰᠢᠭᠤᠨ ᠳᠠᠷᠤᠭ᠎ᠠ ᠵᠠᠩ ᠭᠦᠸᠧ ᠬᠤᠸᠠ 2021 ᠣᠨ ᠤ ᠬᠤᠰᠢᠭᠤᠨ ᠤ ᠵᠠᠰᠠᠭ ᠤᠨ

ᠣᠷᠳᠣᠨ ᠤ ᠬᠤᠶᠠᠳᠤᠭᠠᠷ ᠤᠳᠠᠭᠠᠨ ᠤ  ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃

   ᠬᠤᠷᠠᠯ ᠠᠴᠠ ︽ᠬᠠᠷᠠᠴᠢᠨ ᠬᠤᠰᠢᠭᠤᠨ ᠤ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ

ᠬᠥᠭᠵᠢᠯᠲᠡ ᠶᠢᠨ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠪᠠ 2035 ᠣᠨ ᠤ ᠠᠯᠤᠰ ᠤᠨ

ᠬᠠᠷᠠᠯᠲᠠ ᠶᠢᠨ ᠬᠥᠲᠥᠯᠪᠦᠷᠢ ︵ᠲᠥᠰᠦᠯ︶︾ ︽2021 ᠣᠨ ᠤ ᠬᠤᠰᠢᠭᠤᠨ ᠤ ᠵᠠᠰᠠᠭ ᠤᠨ ᠣᠷᠳᠣᠨ ᠤ

ᠠᠵᠢᠯ ᠤᠨ ᠢᠯᠡᠳᠬᠡᠯ ︵ᠶᠠᠷᠢᠯᠴᠠᠬᠤ ᠨᠣᠤᠷᠠᠭ︶︾ ︽ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ

ᠬᠥᠭᠵᠢᠯᠲᠡ ᠶᠢᠨ ᠲᠥᠯᠥᠪᠯᠡᠭᠡ ︵ᠲᠥᠰᠦᠯ︶︾ ︽ᠡᠳ᠋ ᠤᠨ ᠵᠠᠰᠠᠭ ᠤᠨ ᠲᠥᠰᠦᠪ ︵ᠲᠥᠰᠦᠯ︶ ᠤᠨ

ᠲᠣᠬᠢᠷᠠᠭᠤᠯᠤᠯᠲᠠ ᠶᠢᠨ ᠰᠠᠨᠠᠭᠤᠯᠭ᠎ᠠ︾ ᠶᠢ ᠬᠢᠨᠠᠨ ᠵᠥᠪᠯᠡᠪᠡ᠃ 2021 ᠣᠨ ᠤ ᠠᠷᠠᠳ ᠤᠨ ᠠᠮᠢᠳᠤᠷᠠᠯ ᠤᠨ

ᠪᠣᠳᠠᠲᠤ ᠶᠠᠪᠤᠳᠠᠯ ᠤᠨ ᠵᠦᠢᠯᠡᠰ ᠤᠨ ᠬᠤᠯᠪᠣᠭᠳᠠᠯ ᠪᠦᠬᠦᠢ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠶᠢ

ᠰᠣᠨᠣᠰᠤᠭᠰᠠᠨ ᠪᠥᠭᠡᠳ ᠬᠤᠯᠪᠣᠭᠳᠠᠯ ᠪᠦᠬᠦᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃

   ᠬᠤᠷᠠᠯ ᠠᠴᠠ ᠱᠠᠭᠠᠷᠳᠠᠭᠰᠠᠨ ᠨᠢ᠂ ᠮᠠᠨ ᠤ ᠬᠤᠰᠢᠭᠤᠨ ᠤ ︽ᠠᠷᠪᠠᠨ ᠳᠥᠷᠪᠡᠳᠦᠭᠡᠷ ᠲᠠᠪᠤᠨ ᠵᠢᠯ︾ ᠤᠨ

ᠲᠥᠯᠥᠪᠵᠢᠭᠦᠯᠭᠡ ᠶᠢᠨ ᠬᠥᠲᠥᠯᠪᠦᠷᠢ ᠶᠢ ᠨᠠᠶᠢᠷᠠᠭᠤᠯᠤᠨ ᠲᠣᠭᠲᠠᠭᠠᠵᠤ ᠲᠡᠭᠦᠯᠳᠡᠷᠵᠢᠭᠦᠯᠬᠦ ᠠᠵᠢᠯ ᠢ ᠯᠠᠪᠳᠠᠭᠤᠨ

ᠪᠠᠲᠤᠲᠠᠶ ᠰᠠᠶᠢᠲᠤᠷ ᠬᠢᠵᠦ᠂ ᠰᠢᠨ᠎ᠡ ᠬᠥᠭᠵᠢᠯᠲᠡ ᠶᠢᠨ ᠱᠠᠲᠤᠨ ᠳᠤ ᠰᠠᠭᠤᠷᠢᠯᠠᠵᠤ᠂ ᠰᠢᠨ᠎ᠡ ᠬᠥᠭᠵᠢᠯᠲᠡ ᠶᠢᠨ

ᠣᠶᠢᠯᠠᠭᠠᠭᠳᠠᠬᠤᠨ ᠢ ᠲᠤᠤᠱᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠵᠤ᠂ ᠬᠥᠳᠡᠭᠡ

ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠰᠢᠨ᠎ᠡ ᠮᠠᠲ᠋ᠧᠷᠢᠶᠠᠯ ᠤᠨ ᠠᠵᠤ ᠦᠢᠯᠡᠰ᠂ ᠤᠳᠤ ᠦᠶ᠎ᠡ ᠶᠢᠨ

ᠦᠢᠯᠡᠴᠢᠯᠡᠭᠡᠨ ᠤ ᠦᠢᠯᠡᠰ ᠪᠣᠯᠤᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ‌‍ᠬᠢᠵᠦ ᠦᠭᠬᠦ ᠵᠡᠷᠭᠡ

ᠭᠤᠣᠯᠳᠠᠯᠭ᠎ᠠ ᠲᠠᠢ ᠡᠭᠦᠷᠭᠡ ᠶᠢ ᠨᠠᠷᠢᠯᠢᠬᠵᠢᠭᠤᠯᠬᠤ  ᠠᠵᠢᠯ ᠢ ᠰᠠᠶᠢᠲᠤᠷ ᠬᠢᠵᠦ᠂ ᠡᠯ᠎ᠡ ᠲᠠᠯ᠎ᠠ ᠶᠢᠨ ᠬᠢᠨ ᠤ ᠰᠠᠨᠠᠯ ᠢ

ᠦᠷᠭᠦᠯᠵᠢᠯᠡᠨ ᠥᠷᠭᠡᠨ ᠢᠶᠠᠷ ᠬᠤᠷᠢᠶᠠᠵᠤ᠂ ᠠᠵᠢᠯ ᠤᠨ ᠬᠠᠮᠵᠢᠯᠴᠠᠭ᠎ᠠ ᠶᠢ ᠴᠢᠩᠭᠠᠳᠬᠠᠵᠤ᠂ ᠲᠥᠯᠥᠪᠵᠢᠭᠦᠯᠭᠡ ᠶᠢᠨ

ᠬᠥᠲᠥᠯᠪᠦᠷᠢ ᠶᠢ ᠳᠡᠭᠡᠳᠦ ᠱᠠᠲᠤᠨ ᠤ ᠲᠥᠯᠥᠪᠵᠢᠭᠦᠯᠭᠡ ᠪᠣᠯᠤᠨ ᠣᠨ ᠤ ᠠᠵᠢᠯ ᠲᠠᠢ ᠵᠣᠯᠭᠠᠭᠤᠯᠬᠤ ᠶᠢ ᠪᠠᠲᠤᠯᠠᠵᠤ᠂

ᠤᠨᠢᠨ ᠳᠡᠭᠡᠷ᠎ᠡ ᠨᠢ ᠬᠡᠷᠡᠭᠵᠢᠭᠦᠯᠵᠦ ᠪᠣᠯᠬᠤ ᠪᠥᠭᠡᠳ ᠨᠠᠶᠢᠳᠠᠪᠤᠷᠢᠵᠢᠭᠤᠯᠵᠤ ᠦᠷ᠎ᠡ ᠪᠦᠲᠦᠮᠵᠢ ᠭᠠᠷᠭᠠᠬᠤ ᠶᠢ

ᠪᠠᠲᠤᠯᠠᠬᠤ ᠬᠡᠷᠡᠭᠲᠡᠢ ᠭᠡᠪᠡ᠃

 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号