ᠰᠢ ᠴᠢᠶᠤᠤ ᠰᠤᠷᠭᠠᠭᠤᠯᠢ ᠰᠤᠷᠤᠯᠭ᠎ᠠ ᠡᠬᠢᠯᠡᠬᠦ ᠠᠩᠬᠠᠨ ᠤ ᠬᠢᠴᠢᠶᠡᠯ — ︽ᠨᠠᠮ ᠤᠨ ᠲᠡᠦᠬᠡ ᠶᠢ ᠰᠤᠷᠤᠯᠴᠠᠵᠤ ᠦᠨᠳᠦᠰᠦᠲᠡᠨ ᠤ ᠪᠦᠯᠬᠦᠮᠳᠡᠯ ᠢ ᠬᠠᠮᠠᠭᠠᠯᠠᠶ᠎ᠠ︾ ᠭᠡᠬᠦ ᠤᠬᠠᠭᠤᠯᠭ᠎ᠠ ᠶᠢᠨ ᠬᠥᠮᠦᠵᠢᠯ ᠤᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2021/4/14

   ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠳᠤᠷᠠᠰᠬᠠᠵᠦ᠂ ᠰᠢ

ᠴᠢᠶᠤᠤ ᠰᠤᠷᠭᠠᠭᠤᠯᠢ ᠨᠢ ᠰᠤᠷᠤᠯᠭ᠎ᠠ ᠡᠬᠢᠯᠡᠭᠰᠡᠨ ᠠᠩᠬᠠᠨ ᠤ ᠡᠳᠦᠷ ︽ᠨᠠᠮ ᠤᠨ ᠲᠡᠦᠬᠡ ᠶᠢ ᠰᠤᠷᠤᠯᠴᠠᠵᠤ

ᠦᠨᠳᠦᠰᠦᠲᠡᠨ ᠤ ᠪᠦᠯᠬᠦᠮᠳᠡᠯ ᠢ ᠬᠠᠮᠠᠭᠠᠯᠠᠬᠤ︾ ᠤᠬᠠᠭᠤᠯᠤᠨ ᠲᠠᠶᠢᠯᠪᠤᠷᠢᠯᠠᠬᠤ ᠬᠥᠮᠦᠵᠢᠯ ᠢ ᠭᠦᠨᠵᠡᠭᠡᠢ

ᠥᠷᠨᠢᠭᠦᠯᠵᠡᠢ᠃

    ᠰᠢ ᠴᠢᠶᠤᠤ ᠰᠤᠷᠭᠠᠭᠤᠯᠢ ᠶᠢᠨ ᠠᠩᠬ᠎ᠠ ᠳᠤᠮᠳᠠᠳᠤ ᠶᠢᠨ ᠬᠡᠯᠲᠡᠰ ᠤᠨ ᠵᠠᠬᠢᠷᠤᠯ ᠭᠧᠩ ᠳ᠋ᠢᠶᠠᠨ ᠶᠢᠨ᠂ ᠪᠠᠭ᠎ᠠ

ᠰᠤᠷᠭᠠᠭᠤᠯᠢ ᠶᠢᠨ ᠬᠡᠯᠲᠡᠰ ᠤᠨ ᠵᠠᠬᠢᠷᠤᠯ ᠵᠠᠩ ᠵᠢᠢ ᠸᠧᠢ ︽ᠠᠵᠢᠯ ᠤᠨ ᠠᠮᠵᠢᠯᠲᠠ ᠪᠠᠨ ᠡᠷᠭᠢᠴᠡᠭᠦᠯᠵᠦ ᠨᠠᠮ ᠤᠨ

ᠲᠡᠦᠬᠡ ᠶᠢ ᠮᠠᠭᠳᠠᠨ ᠲᠠᠭᠤᠯᠠᠵᠤ ᠦᠨᠳᠦᠰᠦᠲᠡᠨ ᠤ ᠪᠦᠯᠬᠦᠮᠳᠡᠯ ᠢ ᠬᠠᠮᠠᠭᠠᠯᠠᠶ᠎ᠠ︾ ᠭᠡᠬᠦ ᠰᠡᠳᠤᠪ ᠢᠶᠠᠷ ᠤᠬᠠᠭᠤᠯᠭ᠎ᠠ

ᠬᠢᠵᠡᠢ︔ ᠪᠠᠭᠰᠢ ᠶᠢᠨ ᠲᠥᠯᠥᠭᠡᠯᠡᠭᠴᠢ ᠭᠤᠤ ᠶᠧ ︽ᠭᠠᠯ ᠵᠠᠯᠠᠭᠤ ᠨᠠᠰᠤᠨ ᠠᠴᠠ ᠪᠠᠨ ᠨᠠᠮ ᠳᠠᠭᠠᠨ ᠦᠨᠡᠨᠴᠢ

ᠪᠠᠶᠢᠵᠤ ᠬᠦᠴᠦᠷᠬᠡᠭᠵᠢᠬᠦ ᠪᠠᠷ ᠬᠦᠴᠦᠯᠡᠨ ᠴᠢᠷᠮᠠᠶᠢᠰᠤᠭᠠᠢ︾ ᠭᠡᠬᠦ ᠰᠡᠳᠦᠪ ᠢᠶᠠᠷ ᠳᠤᠮᠳᠠᠳᠤ ᠤᠯᠤᠰ ᠤᠨ ᠡᠪ ᠬᠠᠮᠲᠤ

ᠨᠠᠮ ᠤᠨ ᠲᠡᠦᠬᠡ ᠶᠢ ᠲᠠᠶᠢᠯᠪᠤᠷᠢᠯᠠᠪᠠ︔ ᠯᠢᠦ ᠵᠢᠶᠠ ᠪᠠᠭᠰᠢ ︽ᠪᠠᠳᠠᠷᠠᠨ ᠳᠡᠯᠭᠡᠷᠡᠭᠰᠡᠨ ᠦᠨᠳᠦᠰᠦᠲᠡᠨ ᠤ

ᠪᠦᠯᠬᠦᠮᠳᠡᠯ ᠤᠨ ᠴᠡᠴᠡᠭ︾ ᠭᠡᠬᠦ ᠰᠡᠳᠦᠪ ᠢᠶᠠᠷ ᠦᠨᠳᠦᠰᠦᠲᠡᠨ ᠤ ᠪᠦᠯᠬᠦᠮᠳᠡᠯ ᠤᠨ ᠬᠥᠮᠦᠵᠢᠯ ᠬᠢᠪᠡ︔ ᠰᠤᠷᠤᠭᠴᠢ

ᠮᠠ ᠢ ᠬᠠᠩ ᠪᠦᠬᠦ ᠪᠠᠭᠰᠢ ᠰᠤᠷᠤᠭᠴᠢᠳ ᠢ ᠳᠠᠭᠠᠭᠤᠯᠤᠨ ᠲᠠᠩᠭᠠᠷᠢᠭᠯᠠᠪᠠ︔ ᠪᠦᠬᠦ ᠪᠠᠭᠰᠢ ᠰᠤᠷᠤᠭᠴᠢᠳ ︽ᠡᠪ

ᠬᠠᠮᠲᠤ ᠨᠠᠮ ᠪᠠᠶᠢᠬᠤ ᠦᠭᠡᠢ ᠪᠣᠯ ᠰᠢᠨ᠎ᠡ ᠳᠤᠮᠳᠠᠳᠤ ᠤᠯᠤᠰ ᠪᠠᠶᠢᠵᠤ ᠴᠢᠳᠠᠬᠤ ᠦᠭᠡᠢ︾ ᠭᠡᠬᠦ ᠬᠠᠮᠲᠤ ᠶᠢᠨ

ᠳᠠᠭᠤᠤ ᠶᠢ ᠳᠠᠭᠤᠯᠠᠪᠠ᠃

   ᠲᠣᠰ ᠤᠳᠠᠭᠠᠨ ᠤ ︽ᠨᠠᠮ ᠤᠨ ᠲᠡᠤᠬᠡ ᠶᠢ ᠰᠤᠷᠤᠯᠴᠠᠵᠤ ᠦᠨᠳᠦᠰᠦᠲᠡᠨ ᠤ ᠪᠦᠯᠬᠦᠮᠳᠡᠯ ᠢ ᠬᠠᠮᠠᠭᠠᠯᠠᠬᠤ︾

ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠨᠢ ᠦᠨᠳᠦᠰᠦᠲᠡᠨ ᠤ ᠪᠦᠯᠬᠦᠮᠳᠡᠯ ᠢ ᠬᠠᠮᠠᠭᠠᠯᠠᠬᠤ ᠤᠬᠠᠭᠤᠯᠭ᠎ᠠ ᠬᠥᠮᠦᠵᠢᠯ

 ᠤᠨ ᠲᠡᠤᠬᠡ ᠶᠢᠨ ᠮᠡᠳᠡᠯᠭᠡ ᠶᠢ ᠲᠦᠭᠡᠮᠡᠯᠵᠢᠭᠦᠯᠬᠦ ᠡᠷᠴᠢᠮ ᠢ ᠴᠢᠩᠭᠠᠷᠠᠭᠤᠯᠵᠤ᠂ ᠰᠤᠷᠤᠯᠴᠠᠯᠭ᠎ᠠ ᠬᠥᠮᠦᠵᠢᠯ ᠤᠨ ᠭᠦᠨ

ᠵᠤᠵᠠᠭᠠᠨ ᠠᠭᠤᠷ ᠠᠮᠢᠰᠬᠤᠯ ᠢ ᠪᠣᠶ ᠪᠣᠯᠭᠠᠵᠤ᠂ ᠥᠷᠭᠡᠨ ᠣᠯᠠᠨ ᠨᠠᠮ ᠤᠨ ᠭᠡᠰᠢᠭᠦᠨ ᠪᠠᠭᠰᠢ᠂ ᠰᠤᠷᠤᠭᠴᠢᠳ ᠲᠤ

ᠨᠠᠮ ᠠᠴᠠ ᠠᠷᠠᠳ ᠲᠦᠮᠡᠨ ᠢ ᠤᠳᠤᠷᠢᠳᠤᠭᠰᠠᠨ ᠬᠤᠪᠢᠰᠬᠠᠯ᠂ ᠪᠥᠲᠥᠭᠡᠨ ᠪᠠᠶᠢᠭᠤᠯᠤᠯᠲᠠ᠂ ᠥᠭᠡᠷᠡᠴᠢᠯᠡᠯᠲᠡ ᠶᠢᠨ

ᠲᠡᠤᠬᠡ ᠶᠢ ᠭᠦᠨᠵᠡᠭᠡᠶ ᠣᠶᠢᠯᠠᠭᠠᠭᠤᠯᠪᠠ᠃

 

 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号