ᠵᠢᠨᠱᠠᠨ ᠳᠠᠬᠢ ᠬᠤᠶᠠᠳᠤᠭᠠᠷ ᠪᠠᠭ᠎ᠠ ᠰᠤᠷᠭᠠᠭᠤᠯᠢ ᠶᠢᠨ ᠰᠤᠷᠤᠯᠭ᠎ᠠ ᠡᠬᠢᠯᠡᠬᠦ ᠠᠩᠬᠠᠨ ᠤ ᠬᠢᠴᠢᠶᠡᠯ — ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠤᠢ ᠪᠣᠯᠭᠠᠵᠤ ᠨᠠᠮ ᠢᠶᠠᠨ ᠬᠠᠶᠢᠷᠠᠯᠠᠵᠤ ᠤᠯᠤᠰ ᠢᠶᠠᠨ ᠬᠠᠶᠢᠷᠠᠯᠠᠬᠤ ᠭᠤᠣᠯ ᠰᠡᠳᠦᠪᠲᠦ ᠬᠥᠮᠦᠵᠢᠯ︾
ᠨᠡᠶᠢᠲᠡᠯᠡᠭᠰᠡᠨ ᠴᠠᠭ᠄
2021/4/14

   ᠰᠤᠷᠤᠯᠭ᠎ᠠ ᠡᠬᠢᠯᠡᠭᠰᠡᠨ ᠠᠩᠬᠠᠨ ᠤ ᠡᠳᠦᠷ᠂ ᠵᠢᠨᠱᠠᠨ ᠳᠠᠬᠢ ᠬᠤᠶᠠᠳᠤᠭᠠᠷ ᠪᠠᠭ᠎ᠠ ᠰᠤᠷᠭᠠᠭᠤᠯᠢ ︽

ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ᠂ ᠨᠠᠮ ᠢᠶᠠᠨ ᠬᠠᠶᠢᠷᠠᠯᠠᠵᠤ ᠤᠯᠤᠰ ᠢᠶᠠᠨ

ᠬᠠᠶᠢᠷᠠᠯᠠᠬᠤ ᠭᠤᠤᠯ ᠰᠡᠳᠦᠪᠲᠦ ᠬᠥᠮᠦᠵᠢᠯ ᠢ ᠪᠠᠲᠤ ᠪᠠᠬᠢ ᠪᠣᠶ ᠪᠣᠯᠭᠠᠬᠤ︾ ᠠᠩᠬᠠᠨ ᠤ ᠬᠢᠴᠢᠶᠡᠯ ᠬᠢᠪᠡ᠃

   ᠡᠯ᠎ᠡ ᠠᠩᠬᠢ ᠶᠢᠨ ᠬᠢᠨ ᠨᠢᠭᠡᠳᠦᠭᠡᠷ ᠬᠢᠴᠢᠶᠡᠯ ᠢ ᠠᠰᠢᠭᠯᠠᠨ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ

ᠴᠣᠭᠴᠠ ᠶᠢᠨ ᠤᠬᠠᠮᠰᠠᠷ ᠢ ᠪᠠᠲᠤ ᠪᠤᠢ ᠪᠣᠯᠭᠠᠵᠤ ᠨᠠᠮ ᠢᠶᠠᠨ ᠬᠠᠶᠢᠷᠠᠯᠠᠵᠤ ᠤᠯᠤᠰ ᠢᠶᠠᠨ ᠬᠠᠶᠢᠷᠠᠯᠠᠬᠤ ᠭᠤᠣᠯ

ᠰᠡᠳᠦᠪᠲᠦ ᠬᠥᠮᠦᠵᠢᠯ︾ ᠤᠨ ᠠᠩᠬᠢ ᠶᠢᠨ ᠬᠤᠷᠠᠯ ᠢ ᠬᠤᠷᠠᠯᠳᠤᠭᠤᠯᠵᠠᠢ᠃ ᠪᠦᠬᠦ ᠰᠤᠷᠭᠠᠭᠤᠯᠢ ᠶᠢᠨ ᠪᠠᠭᠰᠢ

ᠰᠤᠷᠤᠭᠴᠢᠳ ᠪᠡᠶ᠎ᠡ ᠶᠢᠨ ᠲᠠᠮᠢᠷ ᠤᠨ ᠲᠠᠯᠠᠪᠠᠢ ᠳᠤ ᠲᠤᠭ ᠮᠠᠨᠳᠤᠭᠤᠯᠬᠤ ᠰᠦᠷ ᠵᠢᠪᠬᠤᠯᠠᠩᠲᠤ ᠶᠣᠰᠣᠯᠠᠯ ᠶᠠᠪᠤᠭᠤᠯᠪᠠ

   ᠤᠯᠤᠰ ᠤᠨ ᠲᠤᠭ ᠮᠠᠨᠳᠤᠭᠤᠯᠬᠤ ᠶᠣᠰᠣᠯᠠᠯ ᠤᠨ ᠳᠠᠷᠠᠭ᠎ᠠ᠂ ᠠᠩᠭᠢ ᠲᠣᠬᠢᠷᠠᠭᠤᠯᠬᠤ ᠪᠠᠭᠰᠢ᠂ ᠠᠩᠭᠢ ᠶᠢᠨ

ᠡᠷᠬᠢᠯᠡᠭᠴᠢ ᠰᠤᠷᠤᠭᠴᠢᠳ ᠢ ᠵᠣᠬᠢᠶᠠᠨ ᠪᠠᠶᠢᠭᠤᠯᠵᠤ᠂ ᠠᠩᠭᠢ ᠶᠢᠨ ᠬᠢᠨ ᠳᠤ ᠤᠯᠠᠭᠠᠨ ᠪᠦᠴᠡᠲᠡᠨ ᠤ ᠲᠧᠯᠸᠢᠰ

ᠬᠤᠷᠢᠶ᠎ᠠ ᠪᠠᠷ ᠳᠠᠮᠵᠢᠭᠤᠯᠤᠨ ︽ᠨᠠᠮ ᠤᠨ ᠲᠡᠤᠬᠡ ᠶᠢ ᠶᠠᠷᠢᠬᠤᠢ︾ ᠪᠢᠴᠢᠯ ᠺᠢᠨᠣ᠋ ᠵᠢᠴᠢ ᠰᠤᠷᠭᠠᠭᠤᠯᠢ ᠶᠢᠨ ᠰᠢᠩᠭᠡᠭᠡᠨ

ᠦᠢᠯᠡᠳᠦᠭᠰᠡᠨ ︽ᠴᠠᠭ ᠦᠶ᠎ᠡ ᠶᠢᠨ ᠬᠥᠭ ᠠᠶᠠᠰ ᠢ ᠬᠠᠩᠭᠢᠨᠠᠭᠤᠯᠵᠤ᠂ ᠤᠯᠤᠰ ᠢᠶᠠᠨ ᠬᠠᠶᠢᠷᠠᠯᠠᠬᠤ ᠰᠡᠳᠬᠢᠯᠭᠡ ᠪᠠᠨ

ᠬᠠᠮᠲᠤ ᠪᠠᠷ ᠤᠶᠠᠩᠭᠠᠯᠠᠶ᠎ᠠ︾ ᠭᠡᠬᠦ ᠰᠣᠩᠭᠤᠳᠠᠭ ᠤᠩᠰᠢᠯᠭ᠎ᠠ ᠶᠢᠨ ᠫᠷᠤᠭ᠍ᠷᠠᠮ ᠢ ᠰᠣᠨᠢᠷᠬᠠᠭᠤᠯᠪᠠ᠃ ᠢᠦᠶ ᠬᠠᠶ ᠶᠠᠨ

 ᠤ ᠠᠩᠭᠢ ᠶᠢᠨ ᠬᠢᠨᠢ ︽ᠤᠯᠤᠰ ᠭᠡᠷ︾᠂ ᠵᠣᠣ ᠮᠧᠶ ᠶᠢᠨ ᠠᠩᠭᠢ ᠶᠢᠨ ᠬᠢᠨᠢ ︽ᠳᠥᠷᠪᠡᠨ ᠤᠯᠠᠷᠢᠯ ᠤᠨ

ᠰᠢᠯᠦᠭ ᠤᠨ ᠡᠭᠡᠰᠢᠭ︾᠂ ᠵᠠᠩ ᠰᠢ ᠴᠦᠨ ᠤ ᠠᠩᠭᠢ ᠶᠢᠨ ᠬᠢᠨᠢ ︽ᠳᠤᠮᠳᠠᠳᠤ ᠶᠢᠨ ᠮᠠᠭᠲᠠᠭᠠᠯ︾ ᠵᠡᠷᠭᠡ ᠨᠢ

ᠰᠤᠷᠤᠭᠴᠢᠳ ᠤᠨ ᠠᠩᠬᠠᠷᠤᠯ ᠢ ᠶᠡᠬᠡᠳᠡ ᠲᠠᠲᠠᠵᠠᠶ᠃

 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号